ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠠᠨ ᠵᠸᠩ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ᠎ᠤᠨ ᠠᠢ᠌ᠯᠴᠢᠯᠠᠬᠤ ᠪᠦᠯᠬᠦᠮ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-27

         
     9 ᠳ᠋ᠤᠭᠡᠷ ᠰᠠᠷ᠎ᠠ ᠵᠢᠨ 29᠎ᠤ ᠠ᠋ᠳᠤᠷ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠠᠨ ᠵᠸᠩ ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ᠎ᠤᠨ ᠠᠢ᠌ᠯᠴᠢᠯᠠᠬᠤ ᠪᠦᠯᠬᠦᠮ᠎ᠲᠠᠢ ᠠᠭᠤᠯᠵᠠᠨ ᠶᠠᠷᠢᠯᠴᠠᠭᠰᠠᠨ ᠪᠦᠭᠡᠳ ᠵᠢᠷᠤᠭ ᠠᠪᠴᠤ ᠳᠤᠷᠠᠰᠬᠠᠯ ᠦᠯᠡᠳᠡᠭᠡᠪᠡ᠃
      ᠬᠠᠨ ᠵᠸᠩ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ ᠪᠠᠢ᠌ᠭᠤᠯᠤᠭᠳᠠᠭᠰᠠᠨ 70 ᠵᠢᠯ᠎ᠤᠨ ᠤᠢ᠎ᠳᠤ ᠪᠠᠶᠠᠷ ᠬᠦᠷᠭᠡᠬᠦ ᠵᠢᠨ ᠬᠠᠮᠳᠤ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ ᠤᠷᠳᠤ ᠬᠤᠭᠤᠴᠠᠭ᠋ᠠᠨ᠎ᠤ ᠳᠤᠷᠰᠢ ᠰᠢᠶᠠᠩᠭ᠋ᠠᠩ᠎ᠤᠨ ᠡᠯ᠎ᠡ ᠠ᠋ᠳᠡᠭᠡᠳ᠎ᠤᠨ ᠤᠯᠠᠨ ᠳᠦᠮᠡᠨ᠎ᠲᠠᠢ ᠪᠦᠯᠬᠦᠮᠳᠡᠨ᠂ ᠬᠦᠳᠡᠯᠮᠦᠷᠢᠴᠢᠨ ᠠᠵᠢᠯᠴᠢᠨ᠎ᠤ ᠬᠠᠤᠯᠢ ᠶᠤᠰᠤᠨ᠎ᠤ ᠠ᠋ᠷᠭᠡ ᠠᠰᠢᠭ᠎ᠢ ᠬᠠᠮᠠᠭ᠋ᠠᠯᠠᠵᠤ᠂ ᠤᠨᠴᠠᠭ᠋ᠠᠢ ᠤᠷᠤᠨ᠎ᠤ ᠵᠠᠰᠠᠭ᠎ᠤᠨ ᠤᠷᠳᠤᠨ᠎ᠤ ᠬᠠᠤᠯᠢ ᠶᠤᠰᠤᠭ᠋ᠠᠷ ᠵᠠᠰᠠᠭ ᠶᠠᠪᠤᠭᠤᠯᠬᠤ ᠵᠢ ᠳᠡᠮᠵᠢᠨ᠂ ᠰᠢᠶᠠᠩᠭ᠋ᠠᠩ᠎ᠤᠨ ᠬᠦᠭᠵᠢᠯ ᠴᠡᠴᠡᠭᠯᠡᠯ ᠪᠤᠯᠤᠨ ᠳᠤᠭᠳᠠᠭᠤᠨ᠎ᠢ ᠠᠬᠢᠭᠤᠯᠬᠤ ᠳᠠᠯ᠎ᠠ᠎ᠪᠠᠷ ᠴᠢᠬᠤᠯᠠ ᠦᠢ᠍ᠯᠡᠳᠤᠯ ᠦᠵᠡᠬᠦᠯᠦᠭᠰᠡᠨ᠎ᠢ ᠬᠦᠢ᠍ᠴᠡᠳ ᠨᠤᠳᠠᠯᠠᠪᠠ᠃ ᠬᠠᠨ ᠵᠸᠩ᠂ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ᠎ᠤᠨ᠎ᠬᠢᠨ ᠴᠤᠴᠠᠯᠳᠠ ᠦᠭᠡᠢ ᠴᠢᠷᠮᠠᠢ᠌ᠵᠤ᠂ ᠠ᠋ᠭᠡ ᠤᠷᠤᠨ ᠵᠶ᠋ᠡᠨ ᠬᠠᠢ᠌ᠷᠠᠯᠠᠬᠤ ᠰᠢᠶᠠᠩᠭ᠋ᠠᠩ᠎ᠢ ᠬᠠᠢ᠌ᠷᠠᠯᠠᠬᠤ ᠤᠯᠠᠮᠵᠢᠯᠠᠯ ᠵᠶ᠋ᠡᠨ ᠪᠠᠳᠠᠷᠠᠭᠤᠯᠤᠨ᠂ 《ᠨᠢᠭᠡ ᠤᠯᠤᠰ ᠬᠤᠶᠠᠷ ᠪᠠᠢ᠌ᠭᠤᠯᠤᠯ》᠎ᠤᠨ ᠳᠦᠷᠢᠮ᠎ᠢ ᠯᠠᠪᠳᠠᠭᠤᠨ ᠵᠶ᠋ᠡᠷ ᠠᠬᠢᠭᠤᠯᠵᠤ᠂ ᠪᠦᠬᠦ ᠳᠠᠯ᠎ᠠ ᠵᠢᠨ ᠤᠬᠠᠮᠰᠠᠷ ᠵᠶ᠋ᠡᠨ ᠨᠡᠮᠡᠭᠳᠡᠬᠦᠯᠦᠨ᠂ ᠤᠨᠴᠠᠭ᠋ᠠᠢ ᠤᠷᠤᠨ᠎ᠤ ᠵᠠᠰᠠᠭ᠎ᠤᠨ ᠤᠷᠳᠤᠨ ᠪᠤᠯᠤᠨ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠬᠠᠤᠯᠢ ᠶᠤᠰᠤᠭ᠋ᠠᠷ ᠵᠠᠰᠠᠭ ᠶᠠᠪᠤᠭᠤᠯᠬᠤ ᠵᠢ ᠳᠡᠮᠵᠢᠵᠤ᠂ ᠢᠳᠡᠪᠬᠢᠳᠡᠢ᠎ᠪᠠᠷ ᠤᠬᠠᠭ᠋ᠠᠨ ᠪᠤᠳᠤᠯᠭ᠎ᠠ ᠭᠠᠷᠭ᠋ᠠᠨ᠂ ᠠ᠋ᠭᠡ ᠬᠠᠭᠤᠷᠠᠢ᠎ᠯᠤᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠭᠤᠸᠠᠩᠳᠦᠢ᠍ᠩ ᠰᠢᠶᠠᠩᠭ᠋ᠠᠩ ᠤᠤᠮᠸᠨ᠎ᠤ ᠶᠡᠭᠡ ᠳᠤᠬᠤᠢ ᠵᠢᠨ ᠤᠷᠤᠨ᠎ᠢ ᠬᠠᠮᠳᠤᠪᠠᠷ ᠪᠦᠳᠦᠭᠡᠨ ᠪᠠᠢ᠌ᠭᠤᠯᠵᠤ᠂ ᠰᠢᠶᠠᠩᠭ᠋ᠠᠩ᠎ᠢ ᠤᠯᠤᠰ᠎ᠤᠨ ᠬᠦᠭᠵᠢᠯᠳᠡ ᠵᠢᠨ ᠶᠡᠭᠡ ᠪᠠᠢ᠌ᠳᠠᠯ᠎ᠳᠤ ᠠᠭᠤᠰᠬᠠᠨ ᠤᠷᠤᠭᠤᠯᠬᠤ ᠵᠢ ᠬᠦᠰᠡᠵᠤ ᠪᠠᠢ᠌ᠨ᠎ᠠ ᠭᠡᠵᠡᠢ᠃
      ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ᠎ᠤᠨ ᠳᠠᠷᠤᠭ᠎ᠠ᠂ ᠪᠦᠬᠦ ᠤᠯᠤᠰ᠎ᠤᠨ ᠠᠷᠠᠳ᠎ᠤᠨ ᠶᠡᠭᠡ ᠬᠤᠷᠠᠯ᠎ᠤᠨ ᠳᠦᠯᠦᠭᠡᠯᠡᠭᠴᠢ ᠡᠤ ᠴᠢᠦ ᠪᠸᠢ᠂ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ᠎ᠤᠨ ᠭᠡᠷᠡᠭ ᠠ᠋ᠷᠬᠢᠯᠡᠭᠴᠢ᠂ ᠪᠦᠬᠦ ᠤᠯᠤᠰ᠎ᠤᠨ ᠤᠯᠤᠰ ᠳᠦᠷᠦ ᠵᠢᠨ ᠵᠦᠪᠯᠡᠯᠭᠡᠨ᠎ᠤ ᠭᠡᠰᠢᠬᠦᠨ ᠬᠤᠸᠠᠩ ᠬᠦᠸᠸ ᠨᠡᠷ ᠳᠤᠰ ᠳᠤᠰ ᠦᠭᠡ ᠶᠡᠷᠢᠪᠡ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠢ ᠳᠠᠯᠠᠨ ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠭᠡ ᠬᠤᠷᠠᠯ᠎ᠤᠨ ᠠ᠋ᠩ᠎ᠤᠨ ᠮᠠᠷᠭᠤᠯᠳᠤᠭ᠋ᠠᠨ᠎ᠳᠤ ᠤᠷᠤᠯᠴᠠᠵᠤ ᠶᠠᠷᠢᠶ᠎ᠠ ᠳᠠᠯᠪᠢᠪᠠ
ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ᠎ᠤᠨ ᠱᠠᠩᠨᠠᠯ ᠤᠯᠭᠤᠬᠤ ᠶᠤᠰᠤᠯᠠᠯ ᠪᠡᠭᠡᠵᠢᠩ᠎ᠳᠤ ᠶᠠᠪᠤᠭᠳᠠᠵᠤ ᠯᠢᠦ ᠠ᠋ᠾᠸ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ
ᠯᠢ ᠺᠸ ᠴᠢᠶᠠᠩ ᠵᠸᠵᠢᠶᠠᠩ᠎ᠳᠤ ᠰᠢᠨᠵᠢᠯᠠᠨ ᠪᠠᠢ᠌ᠴᠠᠭ᠋ᠠᠬᠤ ᠵᠢᠨ ᠬᠠᠮᠳᠤ ᠠᠵᠤ ᠠᠬᠤᠢ᠌ᠯᠠᠯ᠎ᠤᠨ᠎ᠬᠢᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠬᠤᠷᠠᠯᠳᠤᠭᠤᠯᠵᠠᠢ
ᠯᠢ ᠺᠸ ᠴᠢᠶᠠᠩ᠄ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠠᠮᠢᠶᠠᠷᠤᠭᠴᠢ ᠡᠵᠡᠩᠨᠡᠭᠴᠢ ᠪᠤᠯᠤᠨ ᠦᠢ᠍ᠯᠡᠳᠪᠤᠷᠢᠯᠡᠭᠴᠢᠳ ᠪᠤᠯ ᠴᠦᠮ ᠳᠤᠮᠳᠠᠳᠤ ᠤᠯᠤᠰ᠎ᠤᠨ ᠤᠨᠴᠠᠯᠢᠭᠳᠤ ᠨᠡᠢ᠌ᠭᠡᠮ ᠵᠢᠷᠤᠮ᠎ᠤᠨ ᠪᠦᠳᠦᠭᠡᠨ ᠪᠠᠢ᠌ᠭᠤᠯᠤᠭᠴᠢ ᠪᠤᠯᠬᠤ ᠶᠤᠮ
ᠬᠤ᠌ ᠴᠦᠨ ᠬᠤᠸᠠ ᠪᠦᠬᠦ ᠤᠯᠤᠰ᠎ᠤᠨ ᠰᠦ ᠵᠢᠨ ᠦᠢ᠍ᠯᠡᠰ᠎ᠢ ᠬᠦᠭᠵᠢᠬᠦᠯᠦᠨ ᠮᠠᠨᠳᠤᠭᠤᠯᠬᠤ ᠠᠵᠢᠯ᠎ᠢ ᠠᠬᠢᠭᠤᠯᠬᠤ ᠬᠤᠷᠠᠯ᠎ᠳᠤ ᠤᠷᠤᠯᠴᠠᠵᠠᠢ
 
            