ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠵᠢ ᠴᠢᠬᠤᠯᠠᠴᠢᠯᠠᠪᠠ
ᠨᠡᠶᠢᠲᠡᠯᠡᠭᠰᠡᠨ ᠴᠠᠭ᠄ 2018-07-17

    ᠯᠢ ᠺᠸ ᠴᠢᠶᠠᠩ 6 ᠰᠠᠷ᠎ᠠ ᠵᠢᠨ 6᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ 《ᠳᠠᠷᠠᠭ᠋ᠠᠴᠢ᠎ᠪᠠᠷ 〈ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ〉 ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢ ᠪᠦᠬᠦ ᠳᠠᠯ᠎ᠠ᠎ᠪᠠᠷ ᠠᠬᠢᠭᠤᠯᠵᠤ᠂ ᠨᠡᠩ ᠦᠨᠡᠨᠴᠢ ᠭᠤᠤᠯᠴᠢ ᠵᠠᠬ᠎ᠠ ᠳᠡᠯᠭᠡᠬᠦᠷ᠎ᠤᠨ ᠦᠷᠢᠰᠦᠯᠳᠦᠭᠡᠨ᠎ᠤ ᠤᠷᠴᠢᠨ ᠳᠤᠭᠤᠷᠢᠨ ᠪᠤᠯᠤᠨ ᠬᠠᠤᠯᠢᠵᠢᠵᠤ ᠳᠦᠬᠦᠮᠵᠢᠭᠰᠡᠨ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠴᠢᠷᠮᠠᠢ᠌ᠨ ᠪᠤᠢ ᠪᠤᠯᠭ᠋ᠠᠨ᠎ᠠ》 ᠭᠡᠪᠡ᠃
      ᠳᠤᠰ ᠠ᠋ᠳᠤᠷ᠎ᠤᠨ ᠬᠤᠷᠠᠯ ᠳᠡᠭᠡᠷ᠎ᠠ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠬᠦᠷᠢᠶ᠎ᠠ ᠴᠠᠷᠠᠭ᠎ᠠ ᠵᠢᠨ ᠬᠠᠮᠢᠶᠠᠷᠤᠯᠳᠠ ᠵᠢᠨ ᠠᠷᠭ᠎ᠠ ᠭᠡᠯᠪᠡᠷᠢ ᠵᠢᠨ ᠦᠭᠡᠷᠡᠴᠢᠯᠡᠯᠳᠡ ᠪᠤᠯᠤᠨ ᠰᠢᠨᠡᠴᠢᠯᠡᠯᠲᠡ ᠵᠢ ᠠᠬᠢᠭᠤᠯᠵᠤ᠂ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢ ᠪᠦᠬᠦ ᠳᠠᠯ᠎ᠠ᠎ᠪᠠᠷ ᠠᠬᠢᠭᠤᠯᠬᠤ ᠵᠢ ᠪᠠᠢ᠌ᠷᠢᠯᠠᠭᠤᠯᠪᠠ᠃ ᠨᠢᠭᠡ᠎ᠳᠤ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠠ᠋ᠳᠤᠷ ᠳᠤᠳᠤᠮ᠎ᠤᠨ ᠪᠠᠢ᠌ᠴᠠᠭ᠋ᠠᠯᠳᠠ ᠪᠡ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ》 ᠠᠷᠭ᠎ᠠ ᠭᠡᠯᠪᠡᠷᠢ ᠵᠢ ᠨᠡᠢ᠌ᠳᠡᠮ ᠪᠦᠷᠬᠦᠬᠦᠯᠵᠤ᠂ ᠪᠠᠢ᠌ᠴᠠᠭ᠋ᠠᠭᠰᠠᠨ ᠦᠷ᠎ᠡ ᠳ᠋ᠦᠩ ᠪᠦᠬᠦᠨ᠎ᠢ ᠢᠯᠡ ᠨᠡᠢ᠌ᠳᠡᠯᠡᠬᠦ ᠭᠡᠷᠡᠭᠳᠡᠢ; ᠬᠤᠶᠠᠷ᠎ᠲᠤ ᠦᠵᠤ ᠳᠦᠯᠦᠪᠯᠡᠭᠡ᠎ᠪᠠᠨ ᠴᠢᠩᠭ᠋ᠠᠳᠬᠠᠨ᠂ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠳᠦᠷᠢᠮ ᠪᠤᠯᠤᠨ ᠶᠠᠪᠤᠴᠠ ᠵᠢ ᠨᠢᠭᠡᠳᠭᠡᠵᠤ᠂ ᠡᠯ᠎ᠡ ᠳᠦᠷᠦᠯ᠎ᠤᠨ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠳᠠᠪᠴᠠᠩ᠎ᠢ ᠨᠡᠢ᠌ᠳᠭᠡᠬᠦ ᠭᠡᠷᠡᠭᠳᠡᠢ; ᠭᠤᠷᠪᠠ᠎ᠳᠤ ᠰᠠᠯᠠᠭ᠎ᠠ ᠮᠦᠴᠢᠷ ᠠᠯᠤᠰᠯᠠᠭᠰᠠᠨ ᠶᠠᠷᠦᠩᠭᠡᠢ᠌ᠯᠡᠭᠰᠡᠨ ᠬᠠᠤᠯᠢ ᠭᠡᠷᠡᠭᠵᠢᠬᠦᠯᠦᠯᠳᠡ᠂ ᠬᠠᠮᠳᠤᠷᠠᠭᠰᠠᠨ ᠬᠢᠨᠠᠨ ᠬᠠᠮᠢᠶᠠᠷᠤᠯᠳᠠ ᠵᠢ ᠠᠬᠢᠭᠤᠯᠵᠤ᠂ ᠤᠯᠠᠨ ᠳᠠᠯ᠎ᠠ ᠤᠯᠠᠨ ᠳᠠᠪᠬᠤᠷᠭ᠎ᠠ ᠳᠡᠰ ᠵᠶ᠋ᠡᠷ ᠳᠠᠪᠬᠤᠷᠳᠠᠵᠤ ᠬᠠᠤᠯᠢ ᠭᠡᠷᠡᠭᠵᠢᠬᠦᠯᠬᠦ ᠵᠢ ᠪᠠᠭ᠋ᠠᠰᠬᠠᠬᠤ ᠭᠡᠷᠡᠭᠳᠡᠢ; ᠳᠦᠷᠪᠡ᠎ᠳᠤ ᠦᠨᠳᠦᠰᠤᠨ ᠱᠠᠳᠤᠨ᠎ᠤ ᠬᠠᠤᠯᠢ ᠭᠡᠷᠡᠭᠵᠢᠬᠦᠯᠬᠦ ᠴᠢᠳᠠᠪᠤᠷᠢ ᠵᠢ ᠳᠡᠭᠡᠭᠰᠢᠯᠡᠬᠦᠯᠵᠤ᠂ ᠬᠢᠨᠠᠨ ᠰᠢᠯᠭ᠋ᠠᠬᠤ ᠪᠠ ᠬᠠᠷᠢᠭᠤᠴᠠᠯᠭ᠎ᠠ ᠨᠡᠭᠡᠮᠵᠢᠯᠡᠬᠦ᠂ ᠬᠠᠷᠢᠭᠤᠴᠯᠠᠭ᠎ᠠ᠎ᠠᠴᠠ ᠭᠡᠯᠳᠦᠷᠢᠬᠦᠯᠬᠦ ᠠᠷᠭ᠎ᠠ ᠵᠢ ᠳᠡᠬᠦᠯᠳᠡᠷᠵᠢᠬᠦᠯᠬᠦ ᠭᠡᠷᠡᠭᠳᠡᠢ ᠬᠡᠵᠡᠢ᠃
     《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠵᠢ ᠭᠤᠷᠪᠠᠨ ᠵᠢᠯ ᠳᠠᠷᠠᠭ᠋ᠠᠯᠠᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》᠎ᠳᠤ ᠤᠷᠤᠭᠤᠯᠪᠠ
      ᠯᠢ ᠺᠸ ᠴᠢᠶᠠᠩ 2014 ᠤᠨ᠎ᠳᠤ ᠳᠢᠶᠠᠨᠵᠢᠨ᠎ᠤ ᠰᠢᠨ ᠭᠠᠩ ᠭᠠᠷᠠᠮ᠎ᠳᠤ ᠰᠢᠨᠵᠢᠯᠠᠨ ᠪᠠᠢ᠌ᠴᠠᠭ᠋ᠠᠬᠤ ᠦᠶ᠎ᠠ᠎ᠳᠤ᠂ ᠳᠡᠨᠳᠡᠬᠢ ᠵᠢᠨ ᠬᠠᠷᠢᠭᠤᠴᠠᠯᠭ᠋ᠠᠳᠠᠨ᠎ᠠᠴᠠ᠂ ᠪᠢᠳᠠ ᠺᠤᠮᠫᠢᠦᠢ᠍ᠲᠸᠷ ᠵᠶ᠋ᠡᠷ ᠨᠤᠮᠸᠷ ᠠ᠋ᠷᠬᠢᠬᠦᠯᠵᠤ ᠰᠤᠭᠤᠴᠢᠬᠤ ᠠᠷᠭ᠎ᠠ᠎ᠪᠠᠷ ᠪᠠᠢ᠌ᠴᠠᠭ᠋ᠠᠭᠳᠠᠬᠤ ᠨᠢᠭᠡᠴᠢ ᠪᠠ ᠪᠠᠢ᠌ᠴᠠᠭ᠋ᠠᠭᠴᠢ᠎ᠪᠠᠨ ᠰᠤᠭᠤᠴᠢᠨ ᠳᠤᠭᠳᠠᠭ᠋ᠠᠵᠤ᠂ ᠳᠦᠪ ᠪᠤᠰᠤ᠎ᠪᠠᠷ ᠳᠦᠷᠢᠶᠡᠰᠦᠯᠡᠬᠦ ᠠᠵᠢᠯᠯᠠᠭ᠎ᠠ ᠵᠢ ᠠ᠋ᠬᠢᠨ᠎ᠠᠴᠠ᠎ᠨᠢ ᠬᠤᠷᠢᠭᠯᠠᠭᠰᠠᠨ ᠪᠦᠭᠡᠳ ᠪᠤᠭᠤᠮᠳᠠ᠎ᠪᠠᠷ ᠦᠩᠭᠡᠷᠡᠬᠦ ᠴᠠᠭ᠎ᠢ ᠴᠤ᠌ ᠶᠡᠬᠡᠪᠡᠷ ᠠᠷᠪᠢᠯᠠᠪᠠ ᠭᠡᠵᠤ ᠭᠡᠯᠡᠵᠡᠢ᠃ ᠯᠢ ᠺᠸ ᠴᠢᠶᠠᠩ᠂ ᠠ᠋ᠨᠡᠬᠦ ᠠᠷᠭ᠎ᠠ ᠪᠤᠯ 《ᠨᠢᠭᠡ ᠵᠦᠢ᠍ᠯ᠎ᠤᠨ ᠠ᠋ᠬᠦᠳᠦᠯᠳᠡ》 ᠪᠤᠯᠤᠨ᠎ᠠ ᠭᠡᠰᠡᠨ ᠪᠦᠭᠡᠳ ᠳᠠᠷᠤᠢ᠎ᠳᠤ᠎ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠢ ᠠ᠋ᠬᠦᠨ᠎ᠤ ᠨᠡᠢ᠌ᠳᠡᠮ᠎ᠤᠨ ᠴᠢᠨᠠᠷ᠎ᠲᠠᠢ ᠣᠢ᠌ᠯᠠᠭ᠋ᠠᠭᠳᠠᠬᠤᠨ᠎ᠢ ᠳᠡᠯᠭᠡᠷᠡᠬᠦᠯᠬᠦ ᠭᠡᠷᠡᠭᠳᠡᠢ ᠭᠡᠵᠤ ᠱᠠᠭ᠋ᠠᠷᠳᠠᠪᠠ᠃
      ᠳᠠᠷᠠᠭ᠎ᠠ ᠵᠢᠯ᠎ᠨᠢ ᠪᠤᠭᠤᠮᠳᠠ᠎ᠪᠠᠷ ᠭᠠᠷᠭ᠋ᠠᠵᠤ ᠤᠷᠤᠭᠤᠯᠬᠤ ᠪᠠᠷᠠᠭ᠋ᠠᠨ᠎ᠤ ᠬᠢᠨᠠᠨ ᠬᠠᠮᠢᠶᠠᠷᠤᠯᠳᠠ ᠵᠢᠨ ᠬᠦᠷᠢᠶ᠎ᠠ ᠴᠠᠷᠠᠭ᠎ᠠ᠎ᠳᠤ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠰᠤᠭᠤᠴᠢᠨ ᠪᠠᠢ᠌ᠴᠠᠭ᠋ᠠᠬᠤ ᠠᠷᠭ᠎ᠠ ᠭᠡᠯᠪᠡᠷᠢ ᠵᠢ ᠪᠦᠬᠦ ᠳᠠᠯ᠎ᠠ᠎ᠪᠠᠷ ᠭᠡᠷᠡᠭᠵᠢᠬᠦᠯᠵᠤ᠂ ᠰᠤᠭᠤᠴᠢᠨ ᠪᠠᠢ᠌ᠴᠠᠭ᠋ᠠᠭᠰᠠᠨ ᠦᠷ᠎ᠡ ᠳ᠋ᠦᠩ᠎ᠢ ᠳᠠᠷᠤᠢ᠎ᠳᠤ᠎ᠨᠢ ᠢᠯᠡ᠎ᠪᠠᠷ ᠨᠡᠢ᠌ᠳᠡᠯᠡᠳᠡᠭ ᠪᠤᠯᠵᠠᠢ᠃ ᠳᠤᠰ ᠵᠢᠯ᠎ᠤᠨ 7 ᠳ᠋ᠤᠭ᠋ᠠᠷ ᠰᠠᠷ᠎ᠠ᠎ᠳᠤ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ 《ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠵᠢ ᠳᠡᠯᠭᠡᠷᠡᠬᠦᠯᠵᠤ ᠬᠢᠨᠠᠨ ᠬᠠᠮᠢᠶᠠᠷᠤᠯᠳᠠ ᠵᠢᠨ ᠪᠦᠬᠦ ᠶᠠᠪᠤᠴᠠ ᠵᠢ ᠵᠢᠷᠤᠮᠵᠢᠭᠤᠯᠬᠤ ᠳᠤᠬᠠᠢ ᠮᠡᠳᠡᠭᠳᠡᠯ》 ᠪᠠᠭᠤᠯᠭ᠋ᠠᠵᠤ᠂ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠬᠦᠷᠢᠶ᠎ᠠ ᠴᠠᠷᠠᠭ᠎ᠠ᠎ᠳᠤ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠬᠢᠨᠠᠨ ᠬᠠᠮᠢᠶᠠᠷᠤᠯᠳᠠ ᠵᠢ ᠳᠡᠯᠭᠡᠷᠡᠬᠦᠯᠬᠦ᠎ᠪᠠᠷ ᠱᠠᠭ᠋ᠠᠷᠳᠠᠵᠠᠢ᠃
     2016 ᠤᠨ᠎ᠠᠴᠠ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠵᠢ ᠭᠤᠷᠪᠠᠨ ᠵᠢᠯ ᠳᠠᠷᠠᠭ᠋ᠠᠯᠠᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》᠎ᠳᠤ ᠤᠷᠤᠭᠤᠯᠵᠠᠢ᠃ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ》 ᠭᠡᠳᠡᠭ᠎ᠨᠢ ᠪᠠᠢ᠌ᠴᠠᠭ᠋ᠠᠭᠳᠠᠬᠤ ᠨᠢᠭᠡᠴᠢ ᠵᠢ ᠳᠤᠭᠳᠠᠮᠠᠯ ᠪᠤᠰᠤ᠎ᠪᠠᠷ ᠰᠤᠭᠤᠴᠢᠨ ᠳᠤᠭᠳᠠᠭ᠋ᠠᠬᠤ ᠪᠠ ᠬᠠᠤᠯᠢ ᠭᠡᠷᠡᠭᠵᠢᠬᠦᠯᠵᠤ ᠪᠠᠢ᠌ᠴᠠᠭ᠋ᠠᠬᠤ ᠬᠦᠮᠦᠰ᠎ᠢ ᠳᠤᠭᠳᠠᠮᠠᠯ ᠪᠤᠰᠤ᠎ᠪᠠᠷ ᠰᠤᠭᠤᠴᠢᠨ ᠲᠤᠮᠢᠯᠠᠬᠤ ᠵᠢ ᠵᠢᠭ᠋ᠠᠵᠤ᠂ 《ᠨᠢᠭᠡ ᠵᠢ ᠢᠯᠡ ᠪᠤᠯᠭ᠋ᠠᠬᠤ》 ᠭᠡᠳᠡᠭ᠎ᠨᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ ᠪᠤᠯᠤᠨ ᠪᠠᠢ᠌ᠴᠠᠭ᠋ᠠᠨ ᠰᠢᠢ᠍ᠳᠪᠤᠷᠢᠯᠡᠭᠰᠡᠨ ᠦᠷ᠎ᠠ ᠳ᠋ᠦᠩ᠎ᠢ ᠳᠠᠷᠤᠢ᠎ᠳᠤ᠎ᠨᠢ ᠨᠡᠢ᠌ᠭᠡᠮ᠎ᠳᠤ ᠢᠯᠠ ᠨᠡᠢ᠌ᠳᠡᠯᠡᠬᠦ ᠵᠢ ᠵᠢᠭ᠋ᠠᠨ᠎ᠠ᠃
     《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》᠎ᠨᠢ ᠤᠯᠠᠩᠬᠢ ᠬᠦᠮᠦᠰ᠎ᠤᠨ ᠵᠠᠪᠰᠢᠶᠠᠨ ᠵᠶ᠋ᠡᠷ ᠭᠡᠯᠳᠦᠷᠢᠬᠦ ᠭᠤᠷᠢᠳᠠᠯ᠎ᠢ ᠦᠭᠡᠢ᠌ᠰᠭᠡᠪᠡ
      ᠯᠢ ᠺᠸ ᠴᠢᠶᠠᠩ ᠬᠤᠷᠠᠯ ᠳᠡᠭᠡᠷ᠎ᠠ ᠨᠢᠭᠡᠨ ᠪᠤᠳᠠᠳᠤ ᠵᠢᠱ᠌ᠢᠶ᠎ᠠ ᠶᠠᠷᠢᠪᠠ᠄ ᠳᠡᠷᠡ ᠭᠡᠳᠤᠨ ᠵᠢᠯ᠎ᠤᠨ ᠠ᠋ᠮᠤᠨ᠎ᠠ ᠠ᠋ᠸᠦᠢ᠍ᠷᠦᠫᠠ ᠳᠢᠪ᠎ᠤᠨ ᠨᠢᠭᠡᠨ ᠤᠯᠤᠰ᠎ᠤᠨ ᠭᠡᠷ ᠪᠦᠯᠢ ᠵᠢᠨ ᠳᠠᠷᠢᠶᠠᠯᠠᠩ᠎ᠤᠨ ᠳᠠᠯᠠᠪᠠᠢ᠎ᠪᠠᠷ ᠰᠢᠨᠵᠢᠯᠡᠨ ᠪᠠᠢ᠌ᠴᠠᠭ᠋ᠠᠵᠠᠢ᠃ ᠳᠤᠬᠠᠢ ᠵᠢᠨ ᠭᠠᠵᠠᠷ᠎ᠤᠨ ᠬᠠᠷᠢᠭᠤᠴᠠᠯᠭ᠋ᠠᠳᠠᠨ ᠢᠳᠡᠭᠡᠨ᠎ᠤ ᠠᠮᠤᠷ ᠳᠦᠪᠰᠢᠨ᠎ᠢ ᠪᠠᠳᠤᠯᠠᠬᠤ ᠵᠢᠨ ᠳᠦᠯᠦᠭᠡ ᠳᠤᠬᠠᠢ ᠵᠢᠨ ᠭᠠᠵᠠᠷ᠎ᠤᠨ ᠵᠠᠰᠠᠭ᠎ᠤᠨ ᠤᠷᠳᠤᠨ᠎ᠠᠴᠠ ᠳᠠᠷᠢᠶᠠᠯᠠᠩ᠎ᠤᠨ ᠳᠠᠯᠠᠪᠠᠢ ᠵᠢ ᠵᠢᠯ ᠪᠦᠷᠢ ᠬᠤᠶᠠᠷ ᠤᠳᠠᠭ᠎ᠠ ᠪᠠᠢ᠌ᠴᠠᠭ᠋ᠠᠵᠤ᠂ ᠠ᠋ᠬᠦᠨ᠎ᠳᠤ ᠨᠢᠭᠡ ᠤᠳᠠᠭ᠎ᠠ᠎ᠨᠢ ᠳᠤᠭᠳᠠᠮᠠᠯ ᠬᠤᠭᠤᠴᠠᠭ᠎ᠠ᠎ᠲᠠᠢ᠎ᠪᠠᠷ ᠪᠦᠬᠦᠯᠢ ᠳᠠᠷᠢᠶᠠᠯᠠᠩ᠎ᠤᠨ ᠳᠠᠯᠠᠪᠠᠢ ᠵᠢ ᠨᠡᠢ᠌ᠳᠡᠮ ᠪᠠᠢ᠌ᠴᠠᠭ᠋ᠠᠨ᠂ ᠨᠦᠬᠦᠭᠡ ᠨᠢᠭᠡ᠎ᠨᠢ ᠨᠤᠮᠸᠷ ᠠ᠋ᠷᠬᠢᠬᠦᠯᠵᠤ ᠰᠤᠭᠤᠴᠢᠨ ᠪᠠᠢ᠌ᠴᠠᠭ᠋ᠠᠬᠤ ᠠᠷᠭ᠎ᠠ᠎ᠪᠠᠷ ᠪᠠᠢ᠌ᠴᠠᠭ᠋ᠠᠳᠠᠭ᠃ ᠠ᠋ᠨᠡ ᠠᠷᠭ᠎ᠠ᠎ᠨᠢ ᠭᠡᠳᠤᠨ ᠵᠢᠯ᠎ᠳᠤ ᠨᠢᠭᠡ ᠳᠠᠭ᠋ᠠᠷᠠᠯᠳᠤᠬᠤ ᠦᠭᠡᠢ ᠪᠠᠢ᠌ᠵᠤ ᠮᠡᠳᠡᠨ᠎ᠠ᠂ ᠭᠡᠪᠡᠴᠤ ᠰᠤᠭᠤᠴᠢᠨ ᠪᠠᠢ᠌ᠴᠠᠭ᠋ᠠᠬᠤ᠎ᠳᠤ ᠤᠨᠤᠭᠳᠠᠬᠤ ᠮᠦᠷᠳᠡᠭᠡᠨ ᠦᠢ᠍ᠯᠡᠳᠬᠦᠨ᠎ᠨᠢ ᠬᠢᠷᠢ᠎ᠳᠤ ᠳᠡᠩᠴᠠᠬᠦ ᠦᠭᠡᠢ ᠪᠠᠢ᠌ᠪᠠᠯ ᠨᠠᠭ᠋ᠠᠳᠤ ᠵᠠᠬ᠎ᠠ᠎ᠳᠤ᠎ᠪᠠᠨ ᠳᠠᠷᠢᠶᠠᠯᠠᠩ᠎ᠤᠨ ᠨᠦᠬᠦᠪᠤᠷᠢ ᠵᠢ᠎ᠨᠢ ᠬᠠᠰᠤᠵᠤ ᠦᠭᠡᠢ᠌ᠰᠭᠡᠨ᠂ ᠶᠡᠭᠡᠳᠡᠪᠡᠯ ᠲᠠᠷᠢᠶᠠᠯᠠᠩ᠎ᠤᠨ ᠳᠠᠯᠠᠪᠠᠢ᠎ᠠᠴᠠ ᠦᠨᠢᠳᠡ ᠬᠦᠭᠡᠭᠡᠵᠤ ᠭᠠᠷᠭ᠋ᠠᠳᠠᠭ᠃ ᠠ᠋ᠢ᠌ᠮᠤ᠎ᠠᠴᠠ ᠬᠦᠮᠦᠰ ᠵᠠᠪᠰᠢᠶᠠᠨ ᠵᠶ᠋ᠡᠷ ᠭᠡᠯᠳᠦᠷᠢᠬᠦ ᠭᠤᠷᠢᠳᠠᠯ ᠡᠪᠤᠷᠯᠡᠳᠡᠭ ᠦᠭᠡᠢ ᠭᠡᠵᠤ ᠳᠠᠨᠢᠯᠴᠠᠭᠤᠯᠵᠠᠢ᠃
      ᠯᠢ ᠺᠸ ᠴᠢᠶᠠᠩ᠂ ᠤᠳᠤᠬᠠᠨ᠎ᠤ ᠮᠠᠨ᠎ᠤ ᠭᠡᠷᠡᠭᠵᠢᠬᠦᠯᠵᠤ ᠪᠠᠢ᠌ᠭ᠎ᠠ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠠᠷᠭ᠎ᠠ᠎ᠨᠢ ᠳᠠᠷᠤᠢ ᠪᠠᠢ᠌ᠴᠠᠭ᠋ᠠᠭᠳᠠᠬᠤ ᠨᠢᠭᠡᠴᠢ ᠪᠤᠯᠤᠨ ᠪᠠᠢ᠌ᠴᠠᠭ᠋ᠠᠭᠴᠢ᠎ᠳᠤ 《ᠠᠯᠳᠠᠨ ᠴᠠᠭ᠋ᠠᠷᠢᠭ᠎ᠤᠨ ᠠᠮᠠᠨ ᠳᠠᠷᠨᠢ》 ᠵᠡᠬᠦᠯᠭᠡᠵᠤ᠂ ᠤᠯᠠᠩᠬᠢ ᠬᠦᠮᠦᠰ᠎ᠤᠨ ᠵᠠᠪᠰᠢᠶᠠᠨ ᠵᠶ᠋ᠡᠷ ᠭᠡᠯᠳᠦᠷᠢᠬᠦ ᠭᠤᠷᠢᠳᠠᠯ᠎ᠢ ᠦᠭᠡᠢ᠌ᠰᠭᠡᠵᠤ ᠪᠠᠢ᠌ᠭ᠎ᠠ ᠶᠠᠪᠤᠳᠠᠯ ᠪᠤᠯᠬᠤ ᠶᠤᠮ᠃ ᠠ᠋ᠨᠡᠬᠦ ᠠᠷᠭ᠎ᠠ᠎ᠨᠢ ᠨᠠᠢ᠌ᠷ ᠳᠠᠯ᠎ᠠ ᠵᠢᠨ ᠬᠢᠨᠠᠨ ᠬᠠᠮᠢᠶᠠᠷᠤᠯᠳᠠ ᠵᠢ ᠦᠨᠳᠦᠰᠦᠨ᠎ᠳᠤ᠎ᠪᠠᠨ ᠬᠤᠷᠢᠭᠯᠠᠭᠰᠠᠨ ᠵᠶ᠋ᠡᠷ ᠪᠠᠷᠠᠬᠤ ᠦᠭᠡᠢ ᠬᠢᠨᠠᠨ ᠬᠠᠮᠢᠶᠠᠷᠤᠯᠳᠠ ᠵᠢᠨ ᠦᠷ᠎ᠠ ᠪᠦᠳᠦᠮᠵᠢ ᠪᠤᠯᠤᠨ ᠳᠦᠪ ᠭᠤᠤᠯᠴᠢ ᠴᠢᠨᠠᠷ᠎ᠢ ᠳᠡᠭᠡᠭᠰᠢᠯᠡᠬᠦᠯᠵᠡᠢ ᠭᠡᠵᠤ ᠢᠯᠡᠷᠭᠡᠢ᠌ᠯᠡᠪᠡ᠃
      ᠯᠢ ᠺᠸ ᠴᠢᠶᠠᠩ᠂ ᠵᠠᠭ᠋ᠠᠯᠳᠤᠭᠰᠠᠨ ᠢᠯᠡᠴᠢᠯᠡᠨ ᠮᠡᠳᠡᠬᠦᠯᠦᠭᠰᠡᠨ ᠵᠡᠷᠭᠡ ᠠᠰᠠᠭᠤᠳᠠᠯ᠎ᠢ ᠳᠤᠰᠬᠠᠢ ᠳᠦᠷᠦᠯ ᠵᠶ᠋ᠡᠷ ᠪᠤᠶᠤ ᠭᠤᠤᠯᠳᠠᠯᠭ᠎ᠠ᠎ᠲᠠᠢ ᠪᠠᠢ᠌ᠴᠠᠭ᠋ᠠᠵᠤ ᠰᠢᠢ᠍ᠳᠪᠤᠷᠢᠯᠡᠨ᠂ ᠴᠢᠩᠭ᠎ᠠ᠎ᠪᠠᠷ ᠵᠢᠷᠤᠮᠵᠢᠭᠤᠯᠬᠤ ᠭᠡᠷᠡᠭᠳᠡᠢ᠃ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠬᠦᠷᠢᠶ᠎ᠠ ᠬᠡᠪᠴᠢᠶᠠᠨ᠎ᠳᠤ ᠪᠠᠭᠳᠠᠬᠤ ᠦᠭᠡᠢ ᠵᠢ᠎ᠨᠢ ᠵᠠᠬ᠎ᠠ ᠳᠡᠯᠭᠡᠬᠦᠷ᠎ᠲᠤ ᠳᠤᠰᠬᠠᠨ ᠬᠠᠮᠢᠶᠠᠷᠤᠭᠤᠯᠬᠤ ᠭᠡᠷᠡᠭᠳᠡᠢ᠃ ᠭᠡᠬᠦ᠎ᠳᠤ᠎ᠪᠠᠨ ᠠ᠋ᠷᠭᠡᠪᠰᠢ ᠳᠦᠷᠢᠮ ᠳᠤᠭᠳᠠᠭ᠋ᠠᠯ ᠶᠤᠰᠤᠭ᠋ᠠᠷ ᠪᠠᠢ᠌ᠴᠠᠭ᠋ᠠᠵᠤ᠂ ᠭᠡᠨ ᠪᠠᠢ᠌ᠴᠠᠭ᠋ᠠᠬᠤ ᠳᠤᠷ᠎ᠠ᠎ᠲᠠᠢ ᠪᠤᠯ ᠪᠠᠢ᠌ᠴᠠᠭ᠋ᠠᠵᠤ᠂ ᠭᠡᠨ᠎ᠢ ᠪᠠᠢ᠌ᠴᠠᠭ᠋ᠠᠬᠤ ᠳᠤᠷ᠎ᠠ᠎ᠲᠠᠢ ᠪᠤᠯ ᠳᠡᠬᠦᠨ᠎ᠢ ᠪᠠᠢ᠌ᠴᠠᠭ᠋ᠠᠵᠤ ᠪᠤᠯᠬᠤ ᠦᠭᠡᠢ》 ᠭᠡᠵᠤ ᠭᠡᠯᠡᠪᠡ᠃
      ᠯᠢ ᠺᠸ ᠴᠢᠶᠠᠩ᠄ 《ᠠ᠋ᠨᠡ ᠤᠳᠠᠭ᠋ᠠᠨ᠎ᠤ ᠪᠠᠢ᠌ᠭᠤᠯᠤᠮᠵᠢ ᠵᠢᠨ ᠦᠭᠡᠷᠡᠴᠢᠯᠡᠯᠳᠡ ᠵᠢᠨ ᠶᠠᠪᠤᠴᠠ᠎ᠳᠤ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠵᠢᠨ ᠶᠠᠷᠦᠩᠭᠡᠢ ᠳᠤᠪᠴᠢᠶ᠎ᠠ ᠵᠢ ᠪᠠᠢ᠌ᠭᠤᠯᠤᠭᠰᠠᠨ ᠳᠤᠯᠠ ᠠ᠋ᠨᠡᠬᠦ ᠰᠠᠯᠠᠭ᠎ᠠ ᠮᠦᠴᠢᠷ᠎ᠤᠨ ᠳᠠᠭ᠋ᠠᠭᠤᠯᠬᠤ ᠦᠢ᠍ᠯᠡᠳᠤᠯ᠎ᠢ ᠢᠳᠡᠪᠬᠢᠳᠡᠢ ᠪᠠᠳᠠᠷᠠᠭᠤᠯᠬᠤ ᠭᠡᠷᠡᠭᠳᠡᠢ》᠃ 《ᠨᠢᠭᠡ ᠪᠦᠯᠦᠭ᠎ᠨᠢ ᠳᠦᠩᠭᠡᠵᠢ ᠪᠠᠢ᠌ᠴᠠᠭ᠋ᠠᠭ᠋ᠠᠳ ᠪᠠᠷᠠᠬᠤ᠎ᠳᠤ ᠪᠠᠰᠠ ᠨᠢᠭᠡ ᠪᠦᠯᠦᠭ᠎ᠨᠢ ᠪᠠᠢ᠌ᠴᠠᠭ᠋ᠠᠬᠤ᠎ᠪᠠᠷ ᠢᠷᠡᠵᠤ᠂ ᠠᠵᠤ ᠠᠬᠤᠢ᠌ᠯᠠᠯ᠎ᠢ ᠠ᠋ᠳᠤᠷ ᠳᠤᠵᠢ ᠪᠠᠢ᠌ᠴᠠᠭ᠋ᠠᠯᠳᠠ ᠵᠢ ᠠᠷᠭ᠋ᠠᠴᠠᠬᠤ ᠶᠠᠪᠤᠳᠠᠯ᠎ᠳᠤ ᠳᠦᠪᠡᠭᠰᠢᠬᠦᠯᠵᠤ ᠵᠤᠪᠠᠭ᠋ᠠᠵᠤ ᠪᠤᠯᠬᠤ ᠦᠭᠡᠢ》 ᠭᠡᠪᠡ᠃
      ᠯᠢ ᠺᠸ ᠴᠢᠶᠠᠩ ᠬᠠᠮᠤᠭ ᠰᠡᠬᠦᠯ᠎ᠳᠤ᠄ 《ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠵᠠᠬ᠎ᠠ ᠳᠡᠯᠭᠡᠬᠦᠷ᠎ᠤᠨ ᠠ᠋ᠷᠭᠡ ᠳᠡᠭᠰᠢ ᠪᠤᠯᠤᠨ ᠦᠷ᠎ᠡ ᠠᠰᠢᠭᠳᠤ ᠬᠢᠨᠠᠨ ᠬᠠᠮᠢᠶᠠᠷᠤᠯᠳᠠ ᠵᠢᠨ ᠰᠢᠨᠡᠴᠢᠯᠡᠯᠲᠡ᠎ᠳᠤ ᠳᠤᠰᠠᠳᠠᠢ ᠠᠷᠭ᠎ᠠ ᠭᠡᠮᠵᠢᠶ᠎ᠡ ᠳᠤᠷᠠᠳᠤᠨ ᠭᠠᠷᠭ᠋ᠠᠵᠤ᠂ 〈ᠳᠠᠯᠪᠢᠬᠤ ᠬᠠᠮᠢᠶᠠᠷᠬᠤ ᠦᠢ᠍ᠯᠡᠴᠢᠯᠡᠬᠦ〉 ᠦᠭᠡᠷᠡᠴᠢᠯᠡᠯᠳᠡ ᠵᠢ ᠨᠡᠩ ᠤᠯᠠᠨ ᠬᠦᠷᠢᠶ᠎ᠠ ᠴᠠᠷᠠᠭ᠎ᠠ᠂ ᠨᠡᠩ ᠦᠷᠭᠡᠨ ᠭᠡᠪᠴᠢᠶᠠᠨ᠎ᠳᠤ ᠠᠬᠢᠭᠤᠯᠤᠨ᠂ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠰᠢᠯᠢᠳᠡᠭᠵᠢᠬᠦᠯᠵᠤ᠂ ᠠᠵᠤ ᠠᠬᠤᠢ᠌ᠯᠠᠯ᠎ᠤᠨ ᠠᠮᠢᠵᠢᠷᠠᠯ᠎ᠤᠨ ᠬᠦᠴᠦᠨ ᠪᠤᠯᠤᠨ ᠵᠠᠬ᠎ᠠ ᠳᠡᠯᠭᠡᠬᠦᠷ᠎ᠤᠨ ᠦᠷᠢᠰᠦᠯᠳᠦᠬᠦ ᠬᠦᠴᠦᠨ᠎ᠢ ᠤᠯᠠᠮ ᠵᠶ᠋ᠡᠷ ᠳᠡᠭᠡᠭᠰᠢᠯᠡᠬᠦᠯᠬᠦ ᠭᠡᠷᠡᠭᠳᠡᠢ》 ᠭᠡᠵᠤ ᠱᠠᠭ᠋ᠠᠷᠳᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠠᠷᠠᠳ ᠤᠯᠠᠨ᠎ᠢ ᠭᠡᠷᠡᠴᠢᠯᠡᠬᠦ ᠤᠴᠢᠷ᠎ᠲᠤ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ
ᠯᠢ ᠺᠸ ᠴᠢᠶᠠᠩ᠄ ᠢᠳᠡᠭᠡᠮᠵᠢ᠎ᠪᠠᠨ ᠠᠯᠳᠠᠭᠰᠠᠳ᠎ᠢ ᠨᠡᠢ᠌ᠭᠡᠮ ᠳᠡᠭᠡᠷ᠎ᠠ ᠶᠠᠪᠤᠬᠤ ᠵᠢᠨ ᠠᠷᠭ᠎ᠠ ᠦᠭᠡᠢ ᠪᠤᠯᠭ᠋ᠠᠬᠤ ᠭᠡᠷᠡᠭᠳᠡᠢ
ᠵᠤᠭᠤᠰᠤᠨ᠎ᠳᠤ ᠠᠷᠪᠢᠳᠠᠢ ᠴᠠᠭ᠎ᠲᠤ ᠭᠠᠮᠳᠠᠢ ᠬᠦᠴᠦᠨ᠎ᠳᠤ ᠠᠷᠪᠢᠳᠠᠢ ᠠᠷᠠᠳ᠎ᠤᠨ ᠠᠮᠢᠳᠤᠷᠠᠯ᠎ᠳᠤ ᠬᠤᠯᠪᠤᠭᠳᠠᠬᠤ ᠵᠦᠢ᠍ᠯ᠎ᠤᠳ
ᠵᠤᠭᠤᠰᠤᠨ᠎ᠳᠤ ᠠᠷᠪᠢᠳᠠᠢ ᠴᠠᠭ᠎ᠲᠤ ᠭᠠᠮᠳᠠᠢ ᠬᠦᠴᠦᠨ᠎ᠳᠤ ᠠᠷᠪᠢᠳᠠᠢ ᠠᠷᠠᠳ᠎ᠤᠨ ᠠᠮᠢᠳᠤᠷᠠᠯ᠎ᠳᠤ ᠬᠤᠯᠪᠤᠭᠳᠠᠬᠤ ᠵᠦᠢ᠍ᠯ᠎ᠤᠳ
ᠬᠠᠨ ᠵᠸᠩ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠠ᠋ᠷᠬᠢᠯᠡᠨ ᠬᠤᠷᠠᠯᠳᠤᠭᠤᠯᠪᠠ
 
            