2017 ᠤᠨ᠎ᠤ 3 ᠳ᠋ᠤᠭ᠋ᠠᠷ ᠰᠠᠷ᠎ᠠ ᠵᠢᠨ 8᠎ᠤ ᠠ᠋ᠳᠤᠷ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠦᠢ᠍ᠯᠡᠳᠪᠤᠷᠢ ᠬᠤᠳᠠᠯᠳᠤᠭ᠋ᠠᠨ᠎ᠤ ᠬᠠᠮᠢᠶᠠᠷᠤᠯᠳᠠ ᠵᠢᠨ ᠳᠤᠪᠴᠢᠶ᠎ᠠ᠎ᠠᠴᠠ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢᠨ ᠬᠠᠷᠭᠤᠭᠤᠯᠬᠤ ᠠᠷᠭ᠎ᠠ》 ᠵᠢ ᠭᠡᠪᠯᠡᠨ ᠳᠠᠷᠬᠠᠭ᠋ᠠᠭᠰᠠᠨ ᠪᠠᠢ᠌ᠨ᠎ᠠ᠃ 〈〈ᠠᠷᠭ᠎ᠠ〉〉 ᠵᠢᠨ ᠭᠤᠤᠯ ᠠᠭᠤᠯᠭ᠎ᠠ ᠵᠢ ᠳᠣᠣᠷᠠᠬᠢ ᠮᠠᠳᠤ ᠳᠦᠬᠦᠮᠴᠢᠯᠡᠶᠠ᠄
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠪᠤᠯ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠠᠷᠭᠤᠭᠤᠯᠬᠤ ᠠᠵᠢᠯ᠎ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ᠎ᠠ᠂ ᠦᠢ᠍ᠯᠡᠳᠪᠤᠷᠢ ᠬᠤᠳᠠᠯᠳᠤᠭ᠎ᠠ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠳᠤᠪᠴᠢᠶ᠎ᠠ (ᠳᠤᠷᠤᠭᠰᠢ ᠦᠢ᠍ᠯᠡᠳᠪᠤᠷᠢ ᠬᠤᠳᠠᠯᠳᠤᠭ᠋ᠠᠨ᠎ᠤ ᠳᠤᠪᠴᠢᠶ᠎ᠠ ᠭᠡᠵᠤ ᠳᠦᠬᠦᠮᠴᠢᠯᠠᠨᠠ)᠎ᠨᠢ ᠠᠷᠠᠳ᠎ᠤᠨ ᠶᠠᠪᠤᠳᠠᠯ᠎ᠤᠨ ᠳᠢᠩᠬᠢᠮ᠎ᠲᠠᠢ ᠬᠠᠮᠵᠢᠯᠴᠠᠨ ᠬᠤᠯᠪᠤᠭᠳᠠᠯ ᠪᠦᠬᠦᠢ ᠮᠡᠳᠡᠭᠡ ᠵᠠᠩᠬᠢ᠎ᠤᠨ ᠬᠠᠷᠭᠤᠭᠤᠯᠬᠤ ᠠᠵᠢᠯ ᠶᠠᠪᠤᠳᠠᠯ᠎ᠢ ᠬᠦᠢ᠍ᠴᠡᠳᠭᠡᠨ᠎ᠡ᠃
ᠦᠪᠡᠷᠳᠡᠭᠡᠨ ᠵᠠᠰᠠᠬᠤ ᠤᠷᠤᠨ᠎ᠤ ᠦᠢ᠍ᠯᠡᠳᠪᠤᠷᠢ ᠬᠤᠳᠠᠯᠳᠤᠭ᠋ᠠᠨ᠎ᠤ ᠳᠤᠪᠴᠢᠶ᠎ᠠ᠎ᠨᠢ ᠳᠤᠤᠷ ᠰᠦᠯᠵᠢᠶᠡᠨ᠎ᠤ ᠮᠡᠷᠭᠡᠵᠢᠯ᠎ᠢ ᠠᠰᠢᠭᠯᠠᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠪᠦᠬᠦ ᠤᠷᠤᠨ᠎ᠤ ᠭᠡᠪᠴᠢᠶᠠᠨ᠎ᠳᠠᠬᠢ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢᠨ ᠦᠢ᠍ᠯᠡᠴᠢᠯᠡᠭᠡ ᠬᠠᠩᠭ᠋ᠠᠨ᠎ᠠ᠃
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠨᠢ ᠨᠡᠢ᠌ᠭᠡᠮ᠎ᠤᠨ ᠠᠪᠤᠷᠠᠨ ᠳᠤᠰᠠᠯᠠᠬᠤ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢ ᠬᠠᠷᠭᠤᠭᠤᠯᠬᠤ᠎ᠳᠤ᠎ᠪᠠᠨ ᠠ᠋ᠷᠭᠡᠪᠰᠢ ᠬᠠᠷᠭᠤᠭᠤᠯᠠᠭᠤᠯᠬᠤ ᠠ᠋ᠲᠡᠭᠡᠳ ᠪᠤᠶᠤ ᠪᠤᠰᠤᠳ ᠬᠠᠷᠠᠭ᠋ᠠᠯᠵᠠᠨ ᠬᠠᠮᠠᠭ᠋ᠠᠯᠠᠵᠤ ᠪᠠᠢ᠌ᠭ᠎ᠠ ᠬᠦᠮᠤᠰ᠎ᠤᠨ ᠵᠦᠪᠰᠢᠶᠡᠷᠡᠯ᠎ᠢ ᠤᠯᠬᠤ ᠮᠦᠷᠳᠡᠭᠡᠨ ᠪᠢᠴᠢᠭ ᠵᠶ᠋ᠡᠷ ᠠ᠋ᠷᠭᠡ ᠤᠯᠭᠤᠭᠰᠠᠨ ᠪᠠᠢ᠌ᠬᠤ ᠭᠡᠷᠡᠭᠳᠡᠢ᠃
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠨᠢ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠢ ᠵᠢᠯᠣᠭᠣᠳᠤᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠬᠦ ᠪᠦᠷᠢᠯᠳᠦᠬᠦᠨ᠎ᠤ ᠠ᠋ᠷᠭᠡ ᠤᠯᠭᠤᠯᠳᠠ ᠵᠢᠨ ᠪᠠᠢ᠌ᠳᠠᠯ᠎ᠢ ᠬᠢᠨᠠᠨ ᠪᠠᠢ᠌ᠴᠠᠭ᠋ᠠᠵᠤ᠂ ᠬᠠᠷᠭᠤᠭᠤᠯᠬᠤ ᠬᠦᠮᠦᠰ᠎ᠲᠤ ᠠ᠋ᠷᠭᠡ ᠤᠯᠭᠤᠭᠰᠠᠨ ᠶᠠᠪᠤᠳᠠᠯ ᠦᠨᠡᠨ ᠪᠣᠳᠠᠲᠠᠢ ᠠ᠋ᠰᠡᠬᠦ᠂ ᠬᠠᠤᠯᠢ ᠶᠤᠰᠤᠨ᠎ᠳᠤ ᠨᠡᠢ᠌ᠴᠡᠬᠦ ᠠ᠋ᠰᠡᠬᠦ᠂ ᠭᠦᠴᠤᠨ᠎ᠲᠠᠢ ᠠ᠋ᠰᠡᠬᠦ ᠵᠢ ᠬᠠᠷᠢᠭᠤᠴᠠᠬᠤ ᠭᠡᠷᠡᠭᠳᠡᠢ᠃
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠠᠴᠠ ᠦᠪᠡᠷᠳᠡᠭᠡᠨ ᠵᠠᠰᠠᠬᠤ ᠤᠷᠤᠨ᠎ᠤ ᠦᠢ᠍ᠯᠡᠳᠪᠤᠷᠢ ᠬᠤᠳᠠᠯᠳᠤᠭ᠋ᠠᠨ᠎ᠤ ᠳᠤᠪᠴᠢᠶ᠎ᠠ᠎ᠳᠤ ᠭᠠᠷᠭ᠋ᠠᠭᠰᠠᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢᠨ ᠬᠠᠷᠭᠤᠭᠤᠯᠬᠤ ᠭᠤᠶᠤᠴᠢᠯᠠᠯᠳᠠᠳᠤᠪᠠᠨ ᠬᠠᠷᠭᠤᠭᠤᠯᠠᠭᠤᠯᠬᠤ ᠠ᠋ᠲᠡᠭᠡᠳ᠎ᠤᠨ ᠤᠪᠤᠭ ᠨᠡᠷ᠎ᠠ᠂ ᠦᠨᠡᠮᠯᠡᠯ᠎ᠤᠨ ᠳᠦᠷᠦᠯ ᠵᠦᠢ᠍ᠯ᠂ ᠦᠨᠡᠮᠯᠡᠯ᠎ᠤᠨ ᠨᠤᠮᠸᠷ᠂ ᠬᠠᠷᠭᠤᠭᠤᠯᠬᠤ ᠠᠭᠤᠯᠭ᠎ᠠ᠂ ᠬᠠᠷᠭᠤᠭᠤᠯᠬᠤ ᠴᠠᠭ ᠬᠤᠭᠤᠴᠠᠭ᠎ᠠ ᠵᠡᠷᠭᠡ ᠴᠢᠬᠤᠯᠠ ᠳᠤᠭ᠎ᠠ ᠪᠠᠷᠢᠮᠳᠠ ᠵᠢᠨ ᠵᠦᠢ᠍ᠯ᠎ᠢ ᠪᠠᠭᠳᠠᠭ᠋ᠠᠬᠤ ᠭᠡᠷᠡᠭᠳᠡᠢ᠃
ᠦᠪᠡᠷᠳᠡᠭᠡᠨ ᠵᠠᠰᠠᠬᠤ ᠤᠷᠤᠨ᠎ᠤ ᠦᠢ᠍ᠯᠡᠳᠪᠤᠷᠢ ᠬᠤᠳᠠᠯᠳᠤᠭ᠋ᠠᠨ᠎ᠤ ᠳᠤᠪᠴᠢᠶ᠎ᠠ᠎ᠨᠢ ᠠ᠋ᠯᠸᠺᠲᠷᠤᠨ ᠵᠠᠰᠠᠭ᠎ᠤᠨ ᠶᠠᠪᠤᠳᠠᠯ᠎ᠤᠨ ᠭᠠᠳᠠᠭ᠋ᠠᠳᠤ ᠰᠦᠯᠵᠢᠶᠠᠨ᠎ᠤ ᠤᠯᠤᠰ᠎ᠤᠨ ᠠᠵᠤ ᠠᠬᠤᠢ᠌ᠯᠠᠯ᠎ᠤᠨ ᠢᠳᠡᠭᠡᠮᠵᠢᠳᠤ ᠮᠡᠳᠡᠭᠡ ᠵᠠᠩᠬᠢ ᠵᠢᠨ ᠵᠠᠷᠯᠠᠨ ᠨᠡᠢ᠌ᠲᠡᠯᠡᠬᠦ ᠰᠢᠰᠲᠸᠮ (ᠰᠠᠯᠠᠭ᠎ᠠ ᠮᠦᠴᠢᠷ᠎ᠤᠨ ᠬᠠᠮᠵᠢᠯᠴᠠᠭᠰᠠᠨ ᠬᠢᠨᠠᠨ ᠬᠠᠮᠢᠶᠠᠷᠬᠤ ᠳᠠᠪᠴᠠᠩ — ᠦᠪᠦᠷ ᠮᠤᠩᠭᠤᠯ) ᠪᠤᠶᠤ ᠳᠤᠰᠬᠠᠢ ᠱᠤᠭᠤᠮ ᠵᠶ᠋ᠠᠷ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠳᠤ ᠳᠤᠭ᠎ᠠ ᠪᠠᠷᠢᠮᠳᠠ ᠪᠠᠢ᠌ᠴᠠᠭ᠋ᠠᠨ ᠯᠠᠪᠯᠠᠬᠤ ᠵᠠᠯᠭ᠋ᠠᠭ᠋ᠠᠰᠤ ᠵᠢ ᠨᠡᠭᠡᠭᠡᠨ ᠦᠭᠴᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠠᠴᠠ ᠳᠤᠭ᠎ᠠ ᠪᠠᠷᠢᠮᠳᠠ ᠵᠢ ᠪᠠᠢ᠌ᠴᠠᠭ᠋ᠠᠨ ᠯᠠᠪᠯᠠᠬᠤ ᠵᠠᠯᠭ᠋ᠠᠭ᠋ᠠᠰᠤ᠎ᠪᠠᠷ ᠳᠣᠣᠷᠠᠬᠢ ᠮᠡᠳᠡᠭᠡ ᠵᠠᠩᠭᠢ ᠵᠢ ᠮᠡᠳᠡᠵᠤ ᠠᠪᠴᠤ ᠪᠣᠯᠤᠨ᠎ᠠ᠄
1. ᠬᠠᠷᠭᠤᠭᠤᠯᠠᠭᠤᠯᠬᠤ ᠠ᠋ᠳᠡᠭᠡᠳ᠎ᠨᠢ ᠠᠵᠤ ᠠᠬᠤᠢ᠌ᠯᠠᠯ᠎ᠤᠨ ᠬᠠᠤᠯᠢ ᠶᠤᠰᠤᠨ᠎ᠤ ᠳᠦᠯᠦᠭᠡᠯᠡᠭᠴᠢ᠂ ᠭᠡᠷᠡᠭ ᠮᠡᠳᠡᠭᠴᠢ᠂ ᠬᠢᠨᠠᠯᠳᠠ ᠳᠠᠯᠪᠢᠭᠴᠢ᠂ ᠳᠡᠭᠡᠳᠤ ᠳᠡᠰ᠎ᠤᠨ ᠬᠠᠮᠢᠶᠠᠷᠤᠭᠴᠢ ᠪᠤᠯ ᠳᠡᠬᠦᠨ᠎ᠤ ᠪᠠᠢ᠌ᠭ᠎ᠠ ᠠᠵᠤ ᠠᠬᠤᠢ᠌ᠯᠠᠯ᠎ᠤᠨ ᠪᠠᠢ᠌ᠳᠠᠯ᠎ᠳᠤ ᠨᠢᠭᠡᠳᠦᠯᠳᠡᠢ ᠨᠡᠢ᠌ᠭᠡᠮ᠎ᠤᠨ ᠢᠳᠡᠭᠡᠮᠵᠢ ᠵᠢᠨ ᠳᠦᠯᠦᠭᠡᠨᠤ ᠳ᠋ᠤᠭ᠋ᠠᠷ ᠪᠤᠶᠤ ᠳᠠᠩᠰᠠᠯᠠᠭᠤᠯᠤᠭᠰᠠᠨ ᠨᠤᠮᠸᠷ᠂ ᠠᠵᠤ ᠠᠬᠤᠢ᠌ᠯᠠᠯ᠎ᠤᠨ ᠨᠡᠷ᠎ᠠ᠂ ᠬᠠᠷᠭᠤᠭᠤᠯᠠᠭᠤᠯᠬᠤ ᠠ᠋ᠳᠡᠭᠡᠳ᠎ᠤᠨ ᠤᠪᠤᠭ ᠨᠡᠷ᠎ᠠ᠂ ᠦᠨᠡᠮᠯᠡᠯ᠎ᠤᠨ ᠨᠤᠮᠸᠷ᠂ ᠳᠤᠰᠢᠶᠠᠯ ᠵᠡᠷᠭᠡ ᠪᠠᠭᠳᠠᠨ᠎ᠠ;
2. ᠬᠠᠷᠭᠤᠭᠤᠯᠠᠭᠤᠯᠬᠤ ᠠ᠋ᠳᠡᠭᠡᠳ᠎ᠨᠢ ᠠᠵᠤ ᠠᠬᠤᠢ᠌ᠯᠠᠯ᠎ᠤᠨ ᠪᠡᠯᠡ ᠤᠷᠤᠭᠤᠯᠤᠭᠴᠢ ᠪᠤᠯ ᠳᠡᠬᠦᠨ᠎ᠤ ᠪᠠᠢ᠌ᠭ᠎ᠠ ᠠᠵᠤ ᠠᠬᠤᠢ᠌ᠯᠠᠯ᠎ᠤᠨ ᠪᠠᠢ᠌ᠳᠠᠯ᠎ᠳᠤ ᠨᠢᠭᠡᠳᠤᠯᠳᠠᠢ ᠨᠡᠢ᠌ᠭᠡᠮ᠎ᠤᠨ ᠢᠳᠡᠭᠡᠮᠵᠢ ᠵᠢᠨ ᠳᠦᠯᠦᠭᠡᠨᠤ ᠳ᠋ᠤᠭ᠋ᠠᠷ ᠪᠤᠶᠤ ᠳᠠᠩᠰᠠᠯᠠᠭᠤᠯᠤᠭᠰᠠᠨ ᠨᠤᠮᠸᠷ᠂ ᠠᠵᠤ ᠠᠬᠤᠢ᠌ᠯᠠᠯ᠎ᠤᠨ ᠨᠡᠷ᠎ᠠ᠂ ᠪᠡᠯᠡ ᠤᠷᠤᠭᠤᠯᠤᠭᠴᠢ ᠵᠢᠨ ᠤᠪᠤᠭ ᠨᠡᠷ᠎ᠠ᠂ ᠦᠨᠡᠮᠯᠡᠯ᠎ᠤᠨ ᠨᠤᠮᠸᠷ᠂ ᠪᠡᠯᠡ ᠤᠷᠤᠭᠤᠯᠤᠭᠰᠠᠨ ᠳᠤᠭ᠎ᠠ ᠵᠡᠷᠭᠡ ᠪᠠᠭᠳᠠᠨ᠎ᠠ;
3. ᠬᠠᠷᠭᠤᠭᠤᠯᠠᠭᠤᠯᠬᠤ ᠠ᠋ᠳᠡᠭᠡᠳ᠎ᠨᠢ ᠬᠤᠪᠢ ᠵᠢᠨ ᠡᠵᠡᠩᠨᠡᠭᠴᠢ ᠪᠤᠯ ᠳᠡᠬᠦᠨ᠎ᠤ ᠬᠤᠯᠪᠤᠭᠳᠠᠯ ᠪᠦᠬᠦᠢ ᠮᠡᠳᠡᠭᠡ ᠵᠠᠩᠬᠢ᠎ᠳᠤ ᠨᠢᠭᠡᠳᠦᠯᠳᠡᠢ ᠨᠡᠢ᠌ᠭᠡᠮ᠎ᠤᠨ ᠢᠳᠡᠭᠡᠮᠵᠢ ᠵᠢᠨ ᠳᠦᠯᠦᠭᠡᠨᠤ ᠳ᠋ᠤᠭ᠋ᠠᠷ ᠪᠤᠶᠤ ᠳᠠᠩᠰᠠᠯᠠᠭᠤᠯᠤᠭᠰᠠᠨ ᠨᠤᠮᠸᠷ᠂ ᠡᠵᠡᠩᠨᠡᠭᠴᠢ ᠵᠢᠨ ᠤᠪᠤᠭ ᠨᠡᠷ᠎ᠡ᠂ ᠡᠵᠡᠩᠨᠡᠭᠴᠢ ᠵᠢᠨ ᠦᠨᠡᠮᠯᠡᠯ᠎ᠤᠨ ᠨᠤᠮᠸᠷ᠂ ᠪᠡᠯᠡ ᠮᠦᠩᠬᠦᠨ᠎ᠤ ᠳᠤᠭ᠎ᠠ ᠵᠡᠷᠭᠡ ᠪᠠᠭᠳᠠᠨ᠎ᠠ;
4. ᠬᠠᠷᠭᠤᠭᠤᠯᠠᠭᠤᠯᠬᠤ ᠠ᠋ᠳᠡᠭᠡᠳ᠎ᠨᠢ ᠪᠠᠢ᠌ᠭᠤᠯᠤᠮᠵᠢ ᠵᠢᠨ ᠳᠦᠷᠦᠬᠦᠤ ᠪᠤᠶᠤ ᠳᠦᠯᠦᠭᠡᠯᠡᠭᠴᠢ ᠪᠤᠯ ᠳᠡᠬᠦᠨ᠎ᠤ ᠪᠠᠢ᠌ᠭ᠎ᠠ ᠳᠦᠯᠦᠭᠡᠯᠡᠬᠦ ᠪᠠᠢ᠌ᠭᠤᠯᠤᠮᠵᠢ ᠵᠢᠨ ᠪᠠᠢ᠌ᠳᠠᠯ᠎ᠳᠤ ᠨᠢᠭᠡᠳᠤᠯᠳᠡᠢ ᠨᠡᠢ᠌ᠭᠡᠮ᠎ᠤᠨ ᠢᠳᠡᠭᠡᠮᠵᠢ ᠵᠢᠨ ᠳᠦᠯᠦᠭᠡᠨᠤ ᠳ᠋ᠤᠭ᠋ᠠᠷ ᠪᠤᠶᠤ ᠳᠠᠩᠰᠠᠯᠠᠭᠤᠯᠤᠭᠰᠠᠨ ᠨᠤᠮᠸᠷ᠂ ᠳᠦᠯᠦᠭᠡᠯᠡᠬᠦ ᠪᠠᠢ᠌ᠭᠤᠯᠤᠮᠵᠢ ᠵᠢᠨ ᠨᠡᠷ᠎ᠠ᠂ ᠳᠤᠰ ᠬᠦᠮᠦᠨ᠎ᠤ ᠤᠪᠤᠭ ᠨᠡᠷ᠎ᠡ᠂ ᠦᠨᠡᠮᠯᠡᠯ᠎ᠤᠨ ᠨᠤᠮᠸᠷ᠂ ᠳᠤᠰᠢᠶᠠᠯ ᠵᠡᠷᠭᠡ ᠪᠠᠭᠳᠠᠨ᠎ᠠ᠃
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠦᠢ᠍ᠯᠡᠳᠪᠤᠷᠢ ᠬᠤᠳᠠᠯᠳᠤᠭ᠋ᠠᠨ᠎ᠤ ᠳᠤᠪᠴᠢᠶᠠᠨ᠎ᠤ ᠠᠵᠢᠯᠳᠠᠨ ᠨᠡᠷ ᠠ᠋ᠷᠬᠡᠪᠰᠢ ᠬᠤᠯᠪᠤᠭᠳᠠᠯ ᠪᠦᠬᠦᠢ ᠳᠤᠭᠳᠠᠭ᠋ᠠᠯ ᠶᠤᠰᠤᠭ᠋ᠠᠷ ᠬᠠᠷᠭᠤᠭᠤᠯᠠᠭᠤᠯᠬᠤ ᠠ᠋ᠳᠡᠭᠡᠳ᠎ᠤᠨ ᠮᠡᠳᠡᠭᠡ ᠵᠠᠩᠬᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠠᠢ᠂ ᠦᠭᠡᠷ᠎ᠠ ᠵᠤᠬᠢᠶᠠᠨ ᠪᠠᠢ᠌ᠭᠤᠯᠤᠯᠳᠠ ᠪᠤᠶᠤ ᠬᠤᠪᠢ ᠬᠦᠮᠦᠨ᠎ᠳᠤ ᠵᠠᠳᠠᠷᠠᠭᠤᠯᠵᠤ ᠪᠤᠯᠬᠤ ᠦᠭᠡᠢ᠃
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠦᠢ᠍ᠯᠡᠳᠪᠤᠷᠢ ᠬᠤᠳᠠᠯᠳᠤᠭ᠋ᠠᠨ᠎ᠤ ᠳᠤᠪᠴᠢᠶ᠎ᠠ ᠬᠠᠷᠭᠤᠭᠤᠯᠠᠭᠤᠯᠬᠤ ᠠ᠋ᠳᠡᠭᠡᠳ᠎ᠤᠨ ᠮᠡᠳᠡᠭᠡ ᠵᠠᠩᠬᠢ ᠵᠢ ᠬᠡᠷᠡᠭᠯᠡᠵᠤ ᠠᠰᠢᠭᠯᠠᠬᠤ᠎ᠳᠤ᠎ᠪᠠᠨ ᠳᠠᠩᠰᠠᠯᠠᠵᠤ ᠳᠡᠮᠳᠡᠭᠯᠡᠬᠦ ᠪᠡ ᠨᠢᠭᠤᠴᠠ ᠵᠢ ᠬᠠᠮᠠᠭ᠋ᠠᠯᠠᠬᠤ ᠳᠦᠷᠢᠮ ᠳᠤᠭᠳᠠᠭ᠋ᠠᠯ᠎ᠢ ᠴᠢᠩᠭ᠎ᠠ ᠭᠡᠷᠡᠭᠵᠢᠬᠦᠯᠬᠦ ᠭᠡᠷᠡᠭᠳᠡᠢ᠃
ᠠᠢ᠌ᠮᠠᠭ ᠬᠤᠳᠠ᠂ ᠬᠤᠰᠢᠭᠤ ᠰᠢᠶᠠᠨ (ᠬᠤᠳᠠ ᠳᠤᠭᠤᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠳᠤᠰ ᠭᠠᠵᠠᠷ᠎ᠤᠨ ᠬᠠᠷᠢᠶ᠎ᠠ ᠤᠷᠤᠨ ᠳᠤᠭᠤᠷᠢᠭᠲᠠᠬᠢ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢ ᠬᠠᠷᠭᠤᠭᠤᠯᠬᠤ᠎ᠳᠤ᠎ᠪᠠᠨ ᠳᠤᠰ ᠱᠠᠳᠤᠨ᠎ᠤ ᠦᠢ᠍ᠯᠡᠳᠪᠤᠷᠢ ᠬᠤᠳᠠᠯᠳᠤᠭ᠎ᠠ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠠᠢ ᠬᠠᠮᠳᠤᠷᠠᠵᠤ᠂ ᠳᠡᠭᠡᠷ᠎ᠠ ᠳᠤᠭᠳᠠᠭ᠋ᠠᠭᠰᠠᠨ ᠬᠠᠷᠭᠤᠭᠤᠯᠬᠤ ᠠᠷᠭ᠎ᠠ ᠵᠢ ᠦᠨᠳᠦᠰᠦᠯᠡᠨ᠂ ᠪᠤᠳᠠᠳᠠᠢ ᠬᠠᠷᠭᠤᠭᠤᠯᠬᠤ ᠳᠦᠷᠢᠮ ᠳᠤᠭᠳᠠᠭ᠋ᠠᠯ ᠪᠠ ᠬᠠᠮᠢᠶ᠎ᠠ ᠪᠦᠬᠦᠢ ᠭᠡᠷᠡᠭ ᠶᠠᠪᠤᠳᠠᠯ᠎ᠢ ᠳᠣᠳᠣᠷᠬᠠᠢ ᠳᠤᠭᠳᠠᠭ᠋ᠠᠵᠤ ᠪᠤᠯᠤᠨ᠎ᠠ᠃
ᠤᠷᠤᠨ ᠪᠦᠰᠡ ᠠᠯᠤᠰᠯᠠᠭᠰᠠᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠎ᠠ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠮᠡᠳᠡᠭᠡ ᠵᠠᠩᠬᠢ ᠵᠢ ᠬᠠᠷᠭᠤᠭᠤᠯᠬᠤ᠎ᠳᠤ᠎ᠪᠠᠨ ᠳᠡᠭᠡᠳᠤ ᠨᠢᠭᠡ ᠱᠠᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠦᠢ᠍ᠯᠡᠳᠪᠤᠷᠢ ᠬᠤᠳᠠᠯᠳᠤᠭ᠎ᠠ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ ᠵᠶ᠋ᠡᠷ ᠳᠠᠮᠵᠢᠭᠤᠯᠤᠨ ᠬᠠᠷᠭᠤᠭᠤᠯᠵᠤ ᠪᠤᠯᠤᠨ᠎ᠠ᠃
ᠳᠤᠰ ᠠᠷᠭ᠎ᠠ ᠵᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠦᠢ᠍ᠯᠡᠳᠪᠤᠷᠢ ᠬᠤᠳᠠᠯᠳᠤᠭ᠋ᠠᠨ᠎ᠤ ᠳᠤᠪᠴᠢᠶ᠎ᠠ᠎ᠠᠴᠠ ᠬᠠᠷᠢᠭᠤᠴᠠᠨ ᠳᠠᠢ᠌ᠯᠪᠤᠷᠢᠯᠠᠬᠤ ᠵᠢᠨ ᠬᠠᠮᠳᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠬᠠᠷᠭᠤᠭᠤᠯᠬᠤ ᠳᠦᠪ ᠪᠤᠯᠤᠨ ᠦᠢ᠍ᠯᠡᠳᠪᠤᠷᠢ ᠬᠤᠳᠠᠯᠳᠤᠭ᠋ᠠᠨ᠎ᠤ ᠳᠤᠪᠴᠢᠶᠠᠨ᠎ᠤ ᠠᠵᠤ ᠠᠬᠤᠢ ᠵᠢᠨ ᠮᠡᠳᠡᠭᠡ ᠵᠠᠩᠬᠢ ᠵᠢᠨ ᠳᠦᠪ᠎ᠠᠴᠠ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢᠨ ᠪᠠᠢ᠌ᠴᠠᠭ᠋ᠠᠨ ᠯᠠᠪᠯᠠᠬᠤ ᠬᠤᠯᠪᠤᠭᠳᠠᠯ ᠪᠦᠬᠦᠢ ᠳᠤᠬᠠᠢ᠌ᠯᠠᠭᠰᠠᠨ ᠠᠵᠢᠯ᠎ᠢ ᠳᠠᠭ᠋ᠠᠭ᠋ᠠᠵᠤ᠂ ᠭᠡᠷᠡᠭᠵᠢᠬᠦᠯᠬᠦ ᠳᠦᠰᠤᠯ ᠵᠶ᠋ᠠᠨ ᠵᠦᠪᠳᠡᠯᠴᠠᠨ ᠳᠤᠭᠳᠠᠭ᠋ᠠᠨ᠎ᠠ᠃