ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠠᠨ ᠵᠸᠩ ᠭᠤᠸᠠᠩᠰᠢ᠎ᠳᠤ ᠪᠠᠢ᠌ᠴᠠᠭ᠋ᠠᠨ ᠰᠤᠳᠤᠯᠤᠯᠳᠠ ᠬᠢᠵᠠᠢ
ᠨᠡᠶᠢᠲᠡᠯᠡᠭᠰᠡᠨ ᠴᠠᠭ᠄ 2018-11-27


      ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠬᠠᠨ ᠵᠸᠩ 9 ᠳ᠋ᠤᠭᠡᠷ ᠰᠠᠷ᠎ᠠ ᠵᠢᠨ 12᠎ᠤᠨ ᠠ᠋ᠳᠤᠷ᠎ᠠᠴᠠ 13᠎ᠤ ᠠ᠋ᠳᠤᠷ ᠪᠤᠯᠳᠠᠯ᠎ᠠ ᠭᠤᠸᠠᠩᠰᠢ ᠵᠢᠨ ᠵᠤᠸᠠᠩ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ᠎ᠤ ᠨᠠᠨᠨᠢᠩ᠂ ᠴᠢᠨᠵᠸᠤ᠂ ᠪᠸᠢ ᠬᠠᠢ᠎ᠪᠠᠷ ᠬᠦᠨᠵᠡᠭᠡᠢ᠌ᠷᠡᠨ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠵᠠᠢ᠃
      ᠬᠠᠨ ᠵᠸᠩ ᠤᠷᠢᠳᠠᠪᠠᠷ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠮᠡᠳᠡᠭᠡ ᠵᠠᠩᠬᠢ ᠵᠢᠨ ᠰᠢᠶᠠᠩᠭ᠋ᠠᠩ᠎ᠤᠨ ᠬᠤᠪᠢ ᠤᠷᠤᠭᠤᠯᠤᠭᠰᠠᠨ ᠬᠢᠵᠠᠭ᠋ᠠᠷᠳᠤ ᠺᠤᠮᠫᠠᠨᠢ᠎ᠳᠤ ᠬᠦᠷᠴᠦ᠂ ᠤᠯᠠᠨ ᠤᠯᠤᠰ᠎ᠤᠨ ᠠᠷᠠᠯᠵᠢᠶᠠᠨ᠎ᠤ 《ᠴᠤᠩᠬᠤ》᠂ ᠳᠤᠮᠳᠠᠳᠤ ᠤᠯᠤᠰ ᠬᠢᠭᠡᠳ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠮᠡᠳᠡᠭᠡ ᠵᠠᠩᠬᠢ ᠵᠢᠨ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠪᠤᠯᠤᠨ ᠳᠤᠭ᠋ᠠᠴᠢᠯᠠᠭᠰᠠᠨ ᠭᠤᠸᠠᠩᠰᠢ ᠵᠢᠨ ᠪᠦᠳᠦᠭᠡᠨ ᠪᠠᠢ᠌ᠭᠤᠯᠤᠯᠳᠠ ᠵᠡᠷᠭᠡ ᠵᠢ ᠰᠢᠨᠵᠢᠯᠡᠨ ᠪᠠᠢ᠌ᠴᠠᠭ᠋ᠠᠵᠠᠢ᠃ ᠬᠠᠨ ᠵᠸᠩ᠂ ᠭᠤᠸᠠᠩᠰᠢ ᠠ᠋ᠷᠭᠡᠪᠰᠢ ᠢᠳᠡᠪᠬᠢᠳᠡᠢ᠎ᠪᠠᠷ ᠠᠵᠢᠯᠯᠠᠨ᠂ ᠶᠡᠷᠦᠩᠭᠡᠢ ᠱᠦᠵᠢ ᠰᠢ ᠵᠢᠨ ᠫᠢᠩ᠎ᠤᠨ ᠭᠤᠸᠠᠩᠰᠢ᠎ᠳᠤ ᠳᠤᠭᠳᠠᠭ᠋ᠠᠵᠤ ᠦᠭᠬᠦᠭᠰᠡᠨ 《ᠭᠤᠷᠪᠠᠨ ᠶᠡᠭᠡ ᠤᠷᠤᠨ ᠳᠤᠭᠳᠠᠭ᠋ᠠᠯᠳᠠ》 ᠵᠢᠨ ᠰᠢᠨ᠎ᠠ ᠠ᠋ᠬᠦᠷᠭᠡ ᠵᠢ ᠰᠠᠢ᠌ᠳᠤᠷ ᠪᠡᠶᠡᠯᠡᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃ ᠬᠠᠨ ᠵᠸᠩ᠂ 《ᠢᠨᠲᠸᠷ ᠰᠦᠯᠵᠢᠶ᠎ᠠ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠵᠠᠩᠬᠢᠯᠠᠭ᠎ᠠ᠎ᠨᠢ ᠭᠡᠷᠡᠭᠯᠡᠬᠦ᠎ᠳᠤ ᠪᠤᠢ᠂ ᠮᠡᠳᠡᠭᠡ ᠵᠠᠩᠬᠢ ᠵᠢ ᠤᠯᠠᠮ ᠵᠶ᠋ᠡᠷ ᠨᠡᠪᠳᠡᠷᠡᠬᠦᠯᠵᠤ᠂ ᠠ᠋ᠯᠸᠺᠲᠷᠦᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠠᠵᠤ ᠦᠢ᠍ᠯᠡᠰ᠂ ᠠᠵᠤ ᠠᠬᠤᠢ᠌ᠯᠠᠯ᠎ᠤᠨ ᠠᠭᠤᠰᠤᠯᠴᠠᠯ᠎ᠤᠨ ᠭᠡᠮᠵᠢᠶ᠎ᠡ ᠵᠢ ᠳᠡᠭᠡᠭᠰᠢᠯᠡᠬᠦᠯᠦᠨ᠂ 《ᠭᠡᠷᠡᠭᠯᠡᠬᠦ》᠎ᠪᠠᠷ ᠳᠠᠮᠵᠢᠭᠤᠯᠤᠨ 《ᠪᠠᠢ᠌ᠭᠤᠯᠬᠤ》 ᠪᠡ 《ᠬᠠᠮᠢᠶᠠᠷᠬᠤ》 ᠵᠢ ᠠᠬᠢᠭᠤᠯᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠠ᠋ᠮᠤᠨᠡᠰᠢ ᠨᠡᠪᠳᠡᠷᠡᠬᠦ ᠵᠠᠮ ᠪᠤᠯ ᠮᠠᠨ᠎ᠤ ᠤᠯᠤᠰ᠎ᠤᠨ ᠪᠠᠷᠠᠭᠤᠨ ᠪᠡᠶ᠎ᠡ ᠵᠢᠨ ᠬᠤᠯᠪᠤᠭᠳᠠᠯ ᠪᠦᠬᠦᠢ ᠮᠤᠵᠢ ᠤᠷᠤᠨ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠡᠯ᠎ᠡ ᠤᠯᠤᠰ᠎ᠤᠨ ᠬᠠᠮᠳᠤᠷᠠᠯᠴᠠᠭ᠎ᠠ᠎ᠪᠠᠨ ᠴᠢᠩᠭ᠋ᠠᠳᠬᠠᠬᠤ᠎ᠳᠤ ᠵᠤᠷᠢᠭᠤᠯᠤᠭᠰᠠᠨ ᠤᠯᠠᠨ ᠤᠯᠤᠰ᠎ᠤᠨ ᠠᠷᠠᠯᠵᠢᠶ᠎ᠠ ᠬᠤᠳᠠᠯᠳᠤᠭ᠎ᠠ ᠪᠤᠳᠠᠰ᠎ᠤᠨ ᠬᠦᠢ᠍ᠯᠭᠡᠭᠡᠨ᠎ᠤ ᠵᠠᠮ ᠪᠤᠯᠬᠤ ᠮᠦᠷᠳᠡᠭᠡᠨ ᠭᠤᠸᠠᠩᠰᠢ ᠪᠤᠯ ᠵᠠᠩᠬᠢᠯᠠᠭ᠎ᠠ ᠵᠢᠨ ᠤᠷᠤᠨ ᠪᠤᠯᠤᠨ᠎ᠠ᠃ ᠬᠠᠨ ᠵᠸᠩ ᠴᠢᠨᠵᠸᠤ ᠵᠢᠨ ᠭᠠᠢ᠌ᠯᠢ ᠵᠢ ᠪᠠᠳᠤᠯᠠᠬᠤ ᠭᠠᠷᠠᠮ᠎ᠤᠨ ᠳᠤᠭᠤᠷᠢᠭ᠎ᠲᠤ ᠬᠦᠷᠴᠤ ᠠ᠋ᠮᠤᠨᠡᠰᠢ ᠨᠡᠪᠳᠡᠷᠡᠬᠦ ᠵᠠᠮ᠎ᠤᠨ ᠪᠦᠳᠦᠭᠡᠨ ᠪᠠᠢ᠌ᠭᠤᠯᠤᠯᠳᠠ ᠵᠢ ᠰᠢᠨᠵᠢᠯᠠᠨ ᠪᠠᠢ᠌ᠴᠠᠭ᠋ᠠᠵᠤ᠂ ᠭᠤᠸᠠᠩᠰᠢ ᠵᠢᠨ ᠭᠠᠷᠠᠮ᠎ᠢ ᠨᠡᠢ᠌ᠳᠭᠡᠨ᠂ ᠠᠶᠠᠯᠠᠯ᠎ᠤᠨ ᠱᠤᠭᠤᠮ᠎ᠢ ᠳᠡᠰ ᠳᠡᠪᠰᠢᠬᠦᠯᠵᠤ ᠵᠠᠬ᠎ᠠ ᠳᠡᠯᠭᠡᠬᠦᠷ᠎ᠤᠨ ᠦᠷᠢᠰᠦᠯᠳᠦᠬᠦ ᠴᠢᠳᠠᠪᠤᠷᠢ ᠵᠢ ᠳᠡᠭᠡᠭᠰᠢᠯᠡᠬᠦᠯᠦᠭᠰᠡᠨ ᠠᠷᠭ᠎ᠠ ᠭᠡᠮᠵᠢᠶ᠎ᠡ ᠵᠢ ᠨᠤᠳᠠᠯᠠᠪᠠ᠃ ᠬᠠᠨ ᠵᠸᠩ᠂ ᠠ᠋ᠮᠤᠨᠡᠰᠢ ᠨᠡᠪᠳᠡᠷᠡᠬᠦ ᠵᠠᠮ ᠪᠤᠯ ᠪᠠᠷᠠᠭᠤᠨ ᠪᠡᠶ᠎ᠡ ᠵᠢᠨ ᠭᠠᠵᠠᠷ ᠤᠷᠤᠨ᠎ᠤ ᠬᠤᠢ᠌ᠨ᠎ᠠ᠎ᠠᠴᠠ ᠠ᠋ᠮᠤᠨᠡᠰᠢ ᠳᠠᠯᠠᠢ᠎ᠳᠤ ᠭᠠᠷᠬᠤ ᠰᠢᠨ᠎ᠠ ᠵᠠᠮ ᠪᠤᠯᠬᠤ ᠪᠦᠭᠡᠳ ᠳᠡᠷᠡ᠎ᠨᠢ ᠬᠦᠬᠡᠮᠦᠢ᠍ᠷᠡᠨ᠎ᠤ ᠳᠡᠭᠡᠭᠡᠪᠤᠷᠢ ᠵᠢᠨ ᠳᠠᠷᠤᠭ᠋ᠠᠰᠤ ᠵᠢ ᠬᠦᠩᠭᠡᠷᠡᠬᠦᠯᠵᠤ᠂ ᠬᠦᠭᠡᠮᠦᠢ᠍ᠷᠡᠨ᠎ᠤ ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢ ᠠᠬᠢᠭᠤᠯᠬᠤ ᠰᠠᠢ᠌ᠨ ᠠᠷᠭ᠎ᠠ ᠪᠤᠯᠤᠨ᠎ᠠ᠃ ᠳᠡᠮᠤᠷ ᠵᠠᠮ᠎ᠤᠨ ᠳᠤᠤᠷ᠎ᠤᠨ ᠪᠦᠳᠦᠭᠡᠨ ᠪᠠᠢ᠌ᠭᠤᠯᠤᠯᠳᠠ ᠵᠢ ᠰᠠᠢ᠌ᠳᠤᠷ ᠳᠦᠯᠦᠪᠵᠢᠬᠦᠯᠦᠨ᠂ ᠤᠰᠤᠨ ᠵᠠᠮ ᠳᠡᠮᠤᠷ ᠵᠠᠮ᠎ᠤᠨ ᠬᠤᠯᠪᠤᠭ᠋ᠠᠯᠠᠭᠰᠠᠨ ᠳᠡᠭᠡᠭᠡᠪᠤᠷᠢ ᠵᠢ ᠶᠡᠭᠡᠪᠡᠷ ᠬᠦᠭᠵᠢᠬᠦᠯᠵᠤ᠂ ᠬᠤᠢ᠌ᠳᠤ ᠪᠠᠶ᠎ᠡ ᠵᠢᠨ ᠭᠠᠷᠠᠮ᠎ᠤᠨ ᠤᠷᠤᠨ ᠪᠦᠰᠡ ᠵᠢᠨ ᠳᠤᠭᠤᠷᠢᠭ᠎ᠤᠨ ᠭᠠᠷᠠᠮ᠎ᠢ ᠵᠣᠯᠭ᠋ᠠᠭᠤᠯᠬᠤ ᠵᠢ ᠴᠢᠩᠭ᠋ᠠᠳᠬᠠᠨ᠂ ᠬᠦᠴᠦᠨ ᠵᠶ᠋ᠡᠨ ᠨᠢᠭᠡᠳᠭᠡᠨ ᠳᠠᠪᠠᠭᠤᠯᠢᠭ ᠵᠶ᠋ᠡᠨ ᠪᠠᠳᠠᠷᠠᠭᠤᠯᠵᠤ᠂ ᠳᠠᠯᠠᠢ ᠳᠠᠩᠬᠢᠰ᠎ᠤᠨ ᠠᠵᠤ ᠠᠬᠤᠢ ᠵᠢ ᠬᠦᠭᠵᠢᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃ ᠬᠠᠨ ᠵᠸᠩ ᠴᠢᠩᠭᠡᠯᠢᠭ᠎ᠤᠨ ᠭᠠᠷᠠᠮ᠎ᠳᠤ ᠬᠦᠷᠴᠤ ᠳᠤᠬᠠᠢ ᠵᠢᠨ ᠳᠠᠯᠠᠪᠠᠢ ᠵᠢᠨ ᠠᠵᠢᠯᠳᠠᠨ᠎ᠳᠤ᠂ ᠪᠸᠢ ᠪᠦ᠋ ᠸᠠᠨ ᠭᠠᠷᠠᠮ ᠪᠤᠯ ᠤᠷᠤᠨ ᠪᠠᠢ᠌ᠷᠢ ᠪᠠ ᠤᠰᠤ ᠬᠦᠨ ᠵᠡᠷᠭᠡ ᠳᠠᠪᠠᠭᠤᠯᠢᠭ ᠨᠦᠬᠦᠴᠡᠯ᠎ᠲᠠᠢ ᠭᠠᠷᠠᠮ ᠪᠤᠯᠤᠨ᠎ᠠ᠂ ᠰᠠᠢ᠌ᠳᠤᠷ ᠪᠦᠳᠦᠭᠡᠨ ᠪᠠᠢ᠌ᠭᠤᠯᠵᠤ ᠰᠠᠢ᠌ᠳᠤᠷ ᠡᠵᠡᠩᠨᠡᠨ ᠰᠠᠢ᠌ᠳᠤᠷ ᠬᠠᠮᠢᠶᠠᠷᠪᠠᠯ ᠳᠡᠯᠡᠭᠡᠢ ᠵᠢᠨ ᠵᠠᠬ᠎ᠠ ᠳᠡᠯᠭᠡᠬᠦᠷ ᠳᠡᠭᠡᠷ᠎ᠡ ᠦᠷᠢᠰᠦᠯᠳᠦᠬᠦ ᠬᠦᠴᠦᠨ᠎ᠲᠠᠢ ᠪᠤᠯᠵᠤ ᠴᠢᠳᠠᠨ᠎ᠠ ᠭᠡᠵᠤ ᠭᠡᠯᠡᠪᠡ᠃
      ᠬᠠᠨ ᠵᠸᠩ ᠠᠷᠠᠳ᠎ᠤᠨ ᠪᠡᠯᠡ ᠤᠷᠤᠭᠤᠯᠤᠯᠳᠠ ᠪᠤᠯᠤᠨ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠦᠭᠵᠢᠯᠳᠡ ᠵᠢ ᠳᠦᠢ᠍ᠯ ᠵᠶ᠋ᠡᠷ ᠠᠩᠬᠠᠷᠤᠨ᠂ ᠤᠷᠢᠳ ᠬᠤᠵᠢᠳ ᠰᠢᠨ ᠳ᠋ᠸ ᠯᠢ ᠭᠡᠷᠡᠯ ᠴᠠᠬᠢᠯᠭ᠋ᠠᠨ᠂ ᠬᠤᠢ ᠪᠤᠤ ᠶᠤᠸᠠᠨ ᠡᠮ ᠠ᠋ᠮᠨᠡᠯᠭᠡ᠂ ᠰᠠᠨ ᠨᠦᠸᠸ ᠠ᠋ᠯᠸᠺᠲᠷᠦᠨ ᠵᠡᠷᠭᠡ ᠠᠵᠤ ᠠᠬᠤᠢ᠌ᠯᠠᠯ ᠵᠶ᠋ᠡᠷ ᠰᠢᠨᠵᠢᠯᠡᠨ ᠪᠠᠢ᠌ᠴᠠᠭ᠋ᠠᠵᠤ᠂ ᠠᠵᠤ ᠠᠬᠤᠢ᠌ᠯᠠᠯ᠎ᠤᠨ ᠦᠢ᠍ᠯᠡᠳᠪᠤᠷᠢᠯᠡᠯ ᠡᠵᠡᠩᠨᠡᠯᠳᠡ ᠵᠢᠨ ᠪᠠᠢ᠌ᠳᠠᠯ᠂ ᠬᠦᠴᠢᠷᠳᠡᠯ᠎ᠲᠠᠢ ᠠᠰᠠᠭᠤᠳᠠᠯ᠂ ᠦᠢ᠍ᠯᠡᠳᠬᠦᠨ᠎ᠢ ᠨᠡᠭᠡᠭᠡᠨ ᠬᠦᠭᠵᠢᠬᠦᠯᠵᠤ ᠪᠠᠢ᠌ᠭ᠎ᠠ ᠪᠠᠢ᠌ᠳᠠᠯ᠂ ᠠᠵᠢᠯᠳᠠᠨ᠎ᠤ ᠴᠠᠯᠢᠩ ᠤᠯᠭᠤᠮᠵᠢ᠂ ᠵᠠᠬ᠎ᠠ ᠳᠡᠯᠭᠡᠬᠦᠷ᠎ᠤᠨ ᠪᠤᠷᠤᠯᠠᠭᠤᠯᠤᠯᠳᠠ᠂ ᠭᠠᠳᠠᠭ᠋ᠠᠳᠤ ᠤᠷᠴᠢᠨ ᠳᠤᠭᠤᠷᠢᠨ᠎ᠤ ᠬᠤᠪᠢᠷᠠᠯᠳᠠ ᠵᠢ ᠠᠷᠭ᠋ᠠᠴᠠᠵᠤ ᠪᠠᠢ᠌ᠭ᠎ᠠ ᠵᠡᠷᠭᠡ ᠵᠢ ᠨᠠᠷᠢᠨ ᠤᠢ᠌ᠯᠠᠭ᠋ᠠᠨ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ᠎ᠤ ᠳᠤᠰᠬᠠᠭᠰᠠᠨ ᠪᠡᠯᠡ ᠴᠤᠭᠯᠠᠭᠤᠯᠬᠤ᠎ᠳᠤ ᠬᠦᠴᠢᠷᠳᠡᠵᠤ ᠪᠠᠢ᠌ᠬᠤ᠂ ᠠᠵᠢᠯᠳᠠᠨ ᠠ᠋ᠯᠰᠡᠬᠦ᠎ᠳᠤ ᠬᠦᠴᠢᠷᠳᠡᠵᠤ ᠪᠠᠢ᠌ᠬᠤ᠂ ᠳᠦᠬᠦᠭᠡᠢ ᠮᠠᠲᠸᠷᠢᠶᠠᠯ᠎ᠤᠨ ᠦᠪᠡᠷ᠎ᠤᠨ ᠦᠷᠳᠡᠭ ᠦᠨᠳᠦᠷ ᠵᠡᠷᠭᠡ ᠠᠰᠠᠭᠤᠳᠠᠯ᠎ᠤᠨ ᠳᠤᠬᠠᠢ ᠳᠤᠰᠬᠠᠯ᠎ᠢ ᠨᠠᠷᠢᠨ ᠨᠢᠮᠪᠠᠢ ᠰᠤᠨᠤᠰᠪᠠ᠃ ᠬᠠᠨ ᠵᠸᠩ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠤᠯ ᠠᠵᠢᠯ ᠤᠯᠭᠤᠬᠤ ᠭᠤᠤᠯ ᠴᠤᠭᠴᠠ ᠪᠤᠯᠬᠤ ᠪᠦᠭᠡᠳ ᠰᠢᠨ᠎ᠠ ᠵᠢ ᠠ᠋ᠬᠦᠳᠬᠦ ᠭᠤᠤᠯ ᠬᠦᠴᠦᠨ ᠪᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠡᠯ᠎ᠠ ᠱᠠᠳᠤᠨ᠎ᠤ ᠵᠠᠰᠠᠭ᠎ᠤᠨ ᠤᠷᠳᠤᠨ ᠠᠷᠭ᠎ᠠ ᠪᠦᠬᠦᠨ᠎ᠢ ᠰᠦᠪᠡᠭᠴᠢᠯᠠᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠠᠷᠠᠭ᠋ᠠᠯᠵᠠᠵᠤ ᠳᠡᠮᠵᠢᠨ᠂ ᠭᠠᠢ᠌ᠯᠢ ᠳᠠᠳᠠᠪᠤᠷᠢ ᠵᠢ ᠬᠠᠰᠤᠵᠤ ᠭᠡᠯᠳᠦᠷᠢᠬᠦᠯᠬᠦ ᠰᠢᠷᠢᠰ ᠠᠷᠭ᠎ᠠ ᠭᠡᠮᠵᠢᠶ᠎ᠠ ᠵᠢ ᠰᠠᠢ᠌ᠳᠤᠷ ᠨᠠᠢ᠌ᠳᠠᠪᠤᠷᠢᠵᠢᠭᠤᠯᠵᠤ᠂ ᠪᠡᠯᠡ ᠴᠤᠭᠯᠠᠭᠤᠯᠬᠤ᠎ᠳᠤ ᠬᠦᠴᠢᠷ ᠠᠰᠠᠭᠤᠳᠠᠯ᠎ᠢ ᠨᠠᠮᠳᠠᠭᠤᠯᠬᠤ ᠰᠢᠨ᠎ᠠ ᠠᠷᠭ᠎ᠠ ᠭᠡᠮᠵᠢᠶ᠎ᠠ ᠳᠤᠭᠳᠠᠭ᠋ᠠᠨ᠂ ᠳᠦᠷᠢᠮ᠎ᠤᠨ ᠳᠤᠭᠳᠠᠴᠠ ᠵᠢ ᠤᠯᠠᠮ ᠨᠢᠭᠡ ᠠᠯᠬᠤᠮ ᠳᠡᠬᠦᠯᠳᠡᠷᠵᠢᠬᠦᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠤᠯᠤᠨ ᠳᠤᠮᠳᠠ ᠪᠠᠭ᠎ᠠ ᠠᠵᠤ ᠠᠬᠤᠢ᠌ᠯᠠᠯ᠎ᠤᠨ ᠳᠠᠷᠤᠭ᠋ᠠᠰᠤ ᠵᠢ ᠦᠨᠡᠨᠬᠦ ᠬᠦᠩᠭᠡᠷᠡᠬᠦᠯᠦᠨ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠦᠭᠵᠢᠬᠦᠯᠬᠦ ᠰᠠᠢ᠌ᠨ ᠤᠷᠴᠢᠨ᠎ᠢ ᠪᠤᠢ ᠪᠤᠯᠭ᠋ᠠᠬᠤ ᠭᠡᠷᠡᠭᠳᠡᠢ ᠭᠡᠵᠤ ᠴᠢᠬᠤᠯᠠᠴᠢᠯᠠᠪᠠ᠃
      ᠬᠠᠨ ᠵᠸᠩ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠤᠯᠤᠰ᠎ᠤᠨ ᠬᠠᠮᠳᠤᠷᠠᠨ ᠪᠦᠳᠦᠭᠡᠨ ᠪᠠᠢ᠌ᠭᠤᠯᠵᠤ ᠪᠠᠢ᠌ᠭ᠎ᠠ ᠳᠤᠮᠳᠠᠳᠤ ᠰᠢᠩᠭ᠋ᠠᠫᠤᠷ᠎ᠤᠨ ᠨᠠᠨᠨᠢᠩ ᠤᠯᠠᠨ ᠤᠯᠤᠰ᠎ᠤᠨ ᠪᠤᠳᠠᠰ᠎ᠤᠨ ᠬᠦᠢ᠍ᠯᠭᠡᠭᠡᠨ᠎ᠤ ᠬᠦᠷᠢᠶᠡᠯᠡᠩ᠂ ᠳᠤᠮᠳᠠᠳᠤ ᠮᠠᠯᠠᠢ᠌ᠰᠢᠶ᠎ᠠ ᠵᠢᠨ ᠴᠢᠨᠵᠸᠤ ᠠᠵᠤ ᠦᠢ᠍ᠯᠡᠰ᠎ᠤᠨ ᠬᠦᠷᠢᠶᠡᠯᠡᠩ ᠳᠤᠭᠤᠷᠢᠭ ᠵᠶ᠋ᠡᠷ ᠬᠦᠷᠴᠤ ᠪᠦᠳᠦᠭᠡᠨ ᠪᠠᠢ᠌ᠭᠤᠯᠤᠯᠳᠠ ᠵᠢᠨ ᠪᠠᠢ᠌ᠳᠠᠯ᠎ᠢ ᠤᠢ᠌ᠯᠠᠭ᠋ᠠᠪᠠ᠃ ᠬᠠᠨ ᠵᠸᠩ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠳ ᠬᠤᠪᠤᠷ ᠨᠠᠨᠳᠢᠨ ᠠᠵᠠ ᠳᠤᠬᠢᠶᠠᠯ᠎ᠢ ᠵᠠᠪᠳᠤᠨ᠂ ᠳᠤᠮᠳᠠᠳᠤ ᠤᠯᠤᠰ᠎ᠤᠨ ᠠᠵᠤ ᠠᠬᠤᠢ ᠵᠢᠨ ᠳᠦᠷᠭᠡᠨ ᠬᠦᠭᠵᠢᠯᠳᠡ᠎ᠳᠤ ᠤᠷᠤᠯᠴᠠᠬᠤ ᠵᠢ ᠬᠦᠰᠡᠵᠤ ᠪᠠᠢ᠌ᠨ᠎ᠠ᠃ ᠭᠤᠸᠠᠩᠰᠢ ᠵᠢᠨ᠎ᠬᠢᠨ ᠰᠢᠯᠢᠳᠡᠭ ᠰᠠᠢ᠌ᠨ ᠵᠠᠬ᠎ᠠ ᠳᠡᠯᠭᠡᠬᠦᠷ᠎ᠤᠨ ᠤᠷᠴᠢᠨ ᠳᠤᠭᠤᠷᠢᠨ ᠪᠤᠯᠤᠨ ᠬᠠᠤᠯᠢ᠎ᠪᠠᠷ ᠵᠠᠰᠠᠬᠰᠠᠨ ᠤᠷᠴᠢᠨ ᠳᠤᠭᠤᠷᠢᠨ᠎ᠢ ᠪᠤᠢ ᠪᠤᠯᠭ᠋ᠠᠵᠤ᠂ ᠭᠠᠵᠠᠷ ᠤᠷᠤᠨ᠎ᠤ ᠦᠪᠡᠷᠮᠢᠴᠠ ᠤᠨᠴᠠᠯᠢᠭ᠎ᠲᠠᠢ ᠳᠠᠪᠠᠭᠤᠯᠢᠭ ᠵᠶ᠋ᠡᠨ ᠪᠠᠳᠠᠷᠠᠭᠤᠯᠤᠨ᠂ ᠭᠠᠳᠠᠭ᠋ᠠᠳᠤ ᠪᠡᠯᠡ ᠵᠢ ᠤᠷᠤᠭᠤᠯᠤᠨ ᠠᠪᠴᠢᠷᠠᠬᠤ ᠭᠡᠷᠡᠭᠳᠡᠢ ᠭᠡᠵᠤ ᠴᠢᠬᠤᠯᠠᠴᠢᠯᠠᠪᠠ᠃
      ᠬᠠᠨ ᠵᠸᠩ ᠪᠠᠰᠠ ᠬᠤᠸᠠ ᠢ ᠵᠢᠨ ᠴᠢᠨᠵᠸᠤ ᠬᠢᠮᠢ ᠵᠢᠨ ᠠᠵᠤ ᠦᠢ᠍ᠯᠡᠳᠪᠤᠷᠢ᠂ ᠰᠢᠨ᠎ᠠ ᠮᠠᠲᠸᠷᠢᠶᠠᠯ᠎ᠢ ᠨᠢᠭᠡ ᠴᠤᠭᠴᠠᠵᠢᠭᠤᠯᠤᠭᠰᠠᠨ ᠰᠠᠭᠤᠷᠢᠨ᠂ ᠳᠤᠮᠳᠠᠳᠤ ᠵᠢᠨ ᠴᠢᠯᠠᠭᠤᠨ ᠳᠤᠰᠤᠨ ᠴᠢᠨᠵᠸᠤ ᠵᠢᠨ ᠮᠢᠩᠭ᠋ᠠᠨ ᠳᠦᠮᠡᠨ ᠳᠤᠨ ᠳᠤᠰᠤ ᠪᠤᠯᠪᠠᠰᠤᠷᠠᠭᠤᠯᠬᠤ ᠳᠦᠷᠦᠯ ᠵᠦᠢ᠍ᠯ᠎ᠢ ᠰᠢᠨᠵᠢᠯᠠᠨ ᠪᠠᠢ᠌ᠴᠠᠭ᠋ᠠᠵᠤ᠂ ᠪᠦᠳᠦᠭᠡᠨ ᠪᠠᠢ᠌ᠭᠤᠯᠤᠯᠳᠠ ᠵᠢᠨ ᠠᠬᠢᠴᠠ ᠵᠢᠨ ᠪᠠᠢ᠌ᠳᠠᠯ᠎ᠢ ᠤᠢ᠌ᠯᠠᠭ᠋ᠠᠵᠠᠢ᠃ ᠬᠠᠨ ᠵᠸᠩ᠂ ᠭᠤᠤᠯᠳᠠᠯᠭ᠎ᠠ᠎ᠲᠠᠢ ᠳᠦᠷᠦᠯ ᠵᠦᠢ᠍ᠯ᠎ᠢ ᠳᠦᠯᠦᠪᠵᠢᠬᠦᠯᠦᠨ ᠪᠦᠳᠦᠭᠡᠨ ᠪᠠᠢ᠌ᠭᠤᠯᠬᠤ᠎ᠨᠢ ᠦᠢ᠍ᠯᠡᠳᠪᠤᠷᠢᠯᠡᠯ᠎ᠤᠨ ᠴᠢᠳᠠᠪᠤᠷᠢ ᠵᠢᠨ ᠳᠤᠬᠢᠷᠠᠭᠤᠯᠤᠯᠳᠠ ᠵᠢ ᠠᠬᠢᠭᠤᠯᠤᠨ᠂ ᠠᠵᠤ ᠦᠢ᠍ᠯᠡᠰ᠎ᠤᠨ ᠤᠷᠤᠨ ᠳᠤᠭᠤᠷᠢᠭ᠎ᠤᠨ ᠪᠠᠢ᠌ᠷᠢᠯᠠᠭᠤᠯᠤᠯᠳᠠ ᠵᠢ ᠰᠢᠯᠢᠳᠡᠭᠵᠢᠬᠦᠯᠬᠦ᠎ᠳᠤ ᠠᠰᠢᠭ᠎ᠲᠠᠢ ᠶᠤᠮ᠃ ᠶᠡᠭᠡ ᠠᠵᠤ ᠠᠬᠤᠢ᠌ᠯᠠᠯ᠂ ᠶᠡᠭᠡ ᠳᠦᠷᠦᠯ ᠵᠦᠢ᠍ᠯ᠎ᠨᠢ ᠳᠤᠬᠠᠢ ᠵᠢᠨ ᠭᠠᠵᠠᠷ᠎ᠤᠨ ᠠᠵᠢᠯ ᠤᠯᠭᠤᠯᠳᠠ ᠪᠤᠯᠤᠨ ᠭᠠᠢ᠌ᠯᠢ ᠳᠠᠳᠠᠪᠤᠷᠢ ᠵᠢ ᠨᠡᠮᠡᠭᠳᠡᠬᠦᠯᠬᠦ ᠵᠠᠩᠬᠢᠯᠠᠭ᠎ᠠ ᠵᠢᠨ ᠦᠢ᠍ᠯᠡᠳᠤᠯ ᠵᠶ᠋ᠡᠨ ᠪᠠᠳᠠᠷᠠᠭᠤᠯᠵᠤ᠂ ᠳᠡᠭᠡᠷ᠎ᠠ ᠳᠤᠤᠷᠠᠬᠢ ᠠᠵᠤ ᠦᠢ᠍ᠯᠡᠰ᠎ᠤᠨ ᠭᠡᠯᠬᠢᠶᠠᠰᠤ ᠵᠢ ᠳᠠᠢ᠌ᠴᠢᠯᠠᠨ᠂ ᠤᠷᠤᠨ ᠨᠤᠳᠤᠭ᠎ᠤᠨ ᠠᠵᠤ ᠠᠬᠤᠢ ᠵᠢᠨ ᠠ᠋ᠷᠡᠬᠦᠯ ᠪᠦᠭᠡᠳ ᠦᠷᠬᠦᠯᠵᠢᠯᠡᠭᠰᠡᠨ ᠬᠦᠭᠵᠢᠯᠳᠡ ᠵᠢ ᠠᠬᠢᠭᠤᠯᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠤᠯᠤᠰ᠎ᠤᠨ ᠵᠠᠬ᠎ᠠ ᠳᠡᠯᠭᠡᠬᠦᠷ᠎ᠢ ᠬᠢᠨᠠᠨ ᠬᠠᠮᠢᠶᠠᠷᠬᠤ ᠶᠡᠷᠦᠩᠭᠡᠢ ᠳᠤᠪᠴᠢᠶᠠᠨ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠶᠠᠷᠢᠯᠴᠠᠬᠤ ᠬᠤᠷᠠᠯ᠎ᠢ ᠠ᠋ᠷᠬᠢᠯᠡᠨ ᠬᠢᠪᠠ
ᠯᠢ ᠺᠸ ᠴᠢᠶᠠᠩ ᠶᠠᠫᠤᠨ᠎ᠤ ᠠᠵᠤ ᠠᠬᠤᠢ ᠵᠢᠨ᠎ᠬᠢᠨ᠎ᠤ ᠳᠦᠯᠦᠭᠡᠯᠡᠭᠴᠢ ᠵᠢᠨ ᠪᠦᠯᠬᠦᠮ᠎ᠲᠠᠢ ᠠᠭᠤᠯᠵᠠᠬᠤ᠎ᠳᠤ᠎ᠪᠠᠨ ᠳᠤᠮᠳᠠᠳᠤ ᠶᠠᠫᠤᠨ ᠺᠤᠷᠢᠶᠠ ᠵᠢᠨ ᠴᠢᠯᠦᠭᠡᠳᠤ ᠠᠷᠠᠯᠵᠢᠶᠠᠨ᠎ᠤ ᠤᠷᠤᠨ ᠪᠤᠯᠤᠨ RCEP ᠵᠦᠪᠳᠡᠯᠴᠡᠭᠡᠷ᠎ᠢ ᠢᠳᠡᠪᠬᠢᠳᠡᠢ ᠠᠬᠢᠭᠤᠯᠤᠨ᠎ᠠ ᠭᠡᠪᠡ
ᠸᠠᠩ ᠶᠦᠩ᠎ᠲᠠᠢ ᠤᠯᠤᠰ᠎ᠲᠤ ᠬᠦᠷᠴᠤ ᠳᠤᠮᠳᠠᠳᠤ᠎ᠲᠠᠢ ᠤᠯᠤᠰ᠎ᠤᠨ ᠠᠵᠤ ᠠᠬᠤᠢ ᠠᠷᠠᠯᠵᠢᠶᠠᠨ᠎ᠤ ᠬᠤᠯᠪᠤᠭ᠋ᠠᠨ᠎ᠤ ᠵᠦᠪᠯᠡᠯ᠎ᠤᠨ ᠵᠢᠷᠭᠤᠳᠤᠭ᠋ᠠᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠢᠪᠡ
ᠢᠨᠳᠦᠨ᠋ᠸᠰᠢᠶ᠎ᠠ ᠵᠢᠨ ᠶᠡᠷᠦᠩᠭᠡᠢ ᠰᠠᠢ᠌ᠳ ᠮᠦᠳᠢ ᠸᠸᠢ ᠹᠸᠩ ᠠ᠋ᠾᠸ᠎ᠲᠠᠢ ᠠᠭᠤᠯᠵᠠᠵᠠᠢ
ᠯᠢ ᠺᠸ ᠴᠢᠶᠠᠩ ᠮᠠᠯᠠᠢ᠌ᠰᠢᠶ᠎ᠠ ᠵᠢᠨ ᠶᠡᠷᠦᠩᠭᠡᠢ ᠰᠠᠢ᠌ᠳ ᠮᠠᠬᠠᠳᠢᠷ᠎ᠲᠠᠢ ᠬᠠᠮᠳᠤᠪᠠᠷ ᠰᠤᠷᠪᠤᠯᠵᠢᠯᠠᠭᠴᠢ᠎ᠲᠠᠢ ᠠᠭᠤᠯᠵᠠᠪᠠ
 
            