ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ᠎ᠠᠴᠠ 《ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》 ᠵᠢ ᠳᠠᠢ᠌ᠯᠪᠤᠷᠢᠯᠠᠬᠤ ᠰᠤᠨᠢᠨ ᠮᠡᠳᠡᠭᠡ ᠨᠡᠢ᠌ᠳᠡᠯᠡᠬᠦ ᠬᠤᠷᠠᠯ ᠬᠢᠵᠡᠢ
ᠨᠡᠶᠢᠲᠡᠯᠡᠭᠰᠡᠨ ᠴᠠᠭ᠄ 2017-07-14

 

   
     5 ᠳ᠋ᠤᠭ᠋ᠠᠷ ᠰᠠᠷ᠎ᠠ ᠵᠢᠨ 31᠎ᠤ ᠠ᠋ᠳᠤᠷ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ᠎ᠠᠴᠠ 《ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》 ᠵᠢ (ᠳᠤᠷᠤᠭᠰᠢ 〈ᠠᠷᠭ᠎ᠠ〉 ᠭᠡᠵᠤ ᠳᠦᠬᠦᠮᠴᠢᠯᠡᠨ᠎ᠡ) ᠳᠠᠢ᠌ᠯᠪᠤᠷᠢᠯᠠᠬᠤ ᠰᠤᠨᠢᠨ ᠮᠡᠳᠡᠭᠡ ᠨᠡᠢ᠌ᠳᠡᠯᠡᠬᠦ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠠᠷᠤᠭ᠎ᠠ ᠹᠸᠩ ᠬᠤ᠌ ᠠ᠋ᠾᠸ 《ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》 ᠵᠢ ᠳᠤᠭᠳᠠᠭ᠋ᠠᠭᠰᠠᠨ ᠠᠬᠤᠢ ᠪᠠᠢ᠌ᠳᠠᠯ᠂ ᠪᠦᠬᠦ ᠤᠷᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠵᠤ ᠪᠠᠢ᠌ᠭ᠎ᠠ ᠦᠨᠳᠦᠰᠤᠨ ᠪᠠᠢ᠌ᠳᠠᠯ᠂ ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ ᠵᠢᠨ ᠭᠤᠤᠯ ᠠᠭᠤᠯᠭ᠎ᠠ ᠵᠡᠷᠭᠡ ᠳᠠᠯ᠎ᠠ᠎ᠪᠠᠷ ᠳᠠᠢ᠌ᠯᠤᠮᠵᠢ ᠬᠢᠬᠦ ᠵᠢᠨ ᠬᠠᠮᠳᠤ ᠰᠤᠷᠪᠤᠯᠵᠢᠯᠠᠭᠴᠢ ᠵᠢᠨ ᠠᠰᠠᠭᠤᠯᠳᠠ᠎ᠳᠤ ᠬᠠᠷᠢᠭᠤᠯᠳᠠ ᠦᠭᠴᠡᠢ᠃ ᠳᠤᠤᠷ᠎ᠠ ᠹᠸᠩ ᠬᠤ᠌ ᠠ᠋ᠾᠸ ᠵᠢᠨ ᠳᠠᠢ᠌ᠯᠤᠮᠵᠢ ᠵᠢ ᠳᠦᠬᠦᠮᠴᠢᠯᠠᠶ᠎ᠠ᠄
      ᠨᠢᠭᠡ᠂ 《ᠠᠷᠭ᠎ᠠ》 ᠵᠢᠨ ᠳᠤᠭᠳᠠᠭ᠋ᠠᠭᠰᠠᠨ ᠠᠬᠤᠢ ᠪᠠᠢ᠌ᠳᠠᠯ
      ᠬᠤᠳᠠ ᠬᠦᠳᠡᠭᠡ ᠵᠢᠨ 《ᠭᠤᠷᠪᠠ ᠦᠭᠡᠢ》 (ᠠᠮᠢᠳᠤᠷᠠᠯ᠎ᠤᠨ ᠢᠷᠡᠯᠳᠡ ᠦᠭᠡᠢ᠂ ᠬᠦᠳᠡᠯᠮᠦᠷᠢᠯᠡᠬᠦ ᠴᠢᠳᠠᠪᠤᠷᠢ ᠦᠭᠡᠢ᠂ ᠬᠠᠤᠯᠢ ᠶᠤᠰᠤ᠎ᠪᠠᠷ ᠠᠰᠠᠷᠠᠨ ᠬᠠᠷᠠᠭ᠋ᠠᠯᠵᠠᠬᠤ ᠬᠦᠮᠦᠨ ᠦᠭᠡᠢ) ᠬᠦᠮᠦᠰ᠎ᠤᠨ ᠠᠮᠢᠳᠤᠷᠠᠯ᠎ᠢ ᠪᠠᠳᠤᠯᠠᠬᠤ ᠠᠰᠠᠭᠤᠳᠠᠯ᠎ᠢ ᠰᠢᠢ᠍ᠳᠪᠤᠷᠢᠯᠡᠬᠦ ᠵᠢᠨ ᠳᠤᠯᠠᠳᠠ᠂ ᠤᠯᠤᠰ ᠪᠠ ᠦᠪᠡᠷᠳᠡᠭᠡᠨ ᠵᠠᠰᠠᠬᠤ ᠤᠷᠤᠨ ᠳᠡᠭᠡᠷ᠎ᠠ ᠵᠠᠭᠤᠨ᠎ᠤ ᠳᠠᠪᠢᠭ᠋ᠠᠳ ᠤᠨ᠎ᠠᠴᠠ ᠠ᠋ᠬᠢᠯᠡᠨ ᠮᠠᠯᠵᠢᠬᠤ ᠳᠠᠷᠢᠶᠠᠯᠠᠬᠤ ᠤᠷᠤᠨ᠎ᠤ ᠳᠠᠪᠤᠨ ᠪᠠᠳᠤᠯᠠᠭ᠋ᠠᠳᠤ ᠠ᠋ᠷᠦᠭᠡ ᠵᠢ ᠠᠰᠠᠷᠠᠨ ᠬᠠᠷᠠᠭ᠋ᠠᠯᠵᠠᠬᠤ ᠪᠡ ᠬᠤᠳᠠ ᠪᠠᠯᠭ᠋ᠠᠰᠤᠨ᠎ᠤ 《ᠭᠤᠷᠪᠠ ᠦᠭᠡᠢ》 ᠬᠦᠮᠦᠨ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠳᠤᠭᠳᠠᠴᠠ ᠵᠢ ᠤᠷᠢᠳ ᠬᠤᠵᠢᠳ ᠪᠠᠢ᠌ᠭᠤᠯᠤᠭᠰᠠᠨ ᠪᠠᠢ᠌ᠨ᠎ᠠ᠃ 1996 ᠤᠨ᠎ᠳᠤ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠮᠠᠯᠵᠢᠬᠤ ᠳᠠᠷᠢᠶᠠᠯᠠᠬᠤ ᠤᠷᠤᠨ᠎ᠤ ᠳᠠᠪᠤᠨ ᠪᠠᠳᠤᠯᠠᠭ᠋ᠠᠳᠤ ᠠ᠋ᠷᠦᠭᠡ ᠵᠢ ᠠᠰᠠᠷᠠᠨ ᠬᠠᠷᠠᠭ᠋ᠠᠯᠵᠠᠬᠤ ᠠᠵᠢᠯ᠎ᠤᠨ ᠳᠤᠬᠠᠢ ᠭᠡᠷᠡᠭᠵᠢᠬᠦᠯᠬᠦ ᠠᠷᠭ᠎ᠠ》 ᠵᠢ ᠳᠤᠭᠳᠠᠭ᠋ᠠᠨ ᠪᠠᠭᠤᠯᠭ᠋ᠠᠵᠤ᠂ ᠳᠤᠰ ᠵᠢᠯ᠎ᠳᠤ᠎ᠪᠠᠨ ᠮᠠᠨ᠎ᠤ ᠤᠷᠤᠨ᠎ᠤ ᠬᠤᠳᠠ ᠵᠢᠨ ᠰᠠᠭᠤᠭ᠋ᠠᠯᠢ ᠠᠷᠠᠳ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠳᠦᠷᠢᠮ᠎ᠢ ᠳᠤᠭᠳᠠᠭ᠋ᠠᠨ᠂ ᠬᠤᠳᠠ ᠵᠢᠨ 《ᠭᠤᠷᠪᠠ ᠦᠭᠡᠢ》 ᠬᠦᠮᠦᠨ᠎ᠢ ᠬᠤᠳᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠭᠡᠪᠴᠢᠶᠠᠨ᠎ᠳᠤ ᠤᠷᠤᠭᠤᠯᠪᠠ᠃ 2006 ᠤᠨ᠎ᠳᠤ ᠮᠠᠨ᠎ᠤ ᠤᠷᠤᠨ᠎ᠠᠴᠠ ᠳᠦᠷᠦ ᠵᠢᠨ ᠶᠠᠪᠤᠳᠠᠯ᠎ᠤᠨ ᠬᠤᠷᠢᠶᠠᠨ᠎ᠤ 《ᠬᠦᠳᠡᠭᠡ ᠳᠤᠰᠬᠤᠨ᠎ᠤ ᠳᠠᠪᠤᠨ ᠪᠠᠳᠤᠯᠠᠭ᠋ᠠᠳᠤ ᠠ᠋ᠷᠦᠭᠡ ᠵᠢ ᠠᠰᠠᠷᠠᠨ ᠬᠠᠷᠠᠭ᠋ᠠᠯᠵᠠᠬᠤ ᠠᠵᠢᠯ᠎ᠤᠨ ᠳᠦᠷᠢᠮ》᠎ᠢ ᠦᠨᠳᠦᠰᠦᠯᠡᠨ᠂ ᠮᠠᠯᠵᠢᠬᠤ ᠳᠠᠷᠢᠶᠠᠯᠠᠬᠤ ᠤᠷᠤᠨ᠎ᠤ ᠳᠠᠪᠤᠨ ᠪᠠᠳᠤᠯᠠᠭ᠋ᠠᠳᠤ ᠠ᠋ᠷᠦᠭᠡ ᠵᠢ ᠠᠰᠠᠷᠠᠨ ᠬᠠᠷᠠᠭ᠋ᠠᠯᠵᠠᠬᠤ ᠵᠠᠷᠤᠳᠠᠯ᠎ᠢ ᠡᠯ᠎ᠡ ᠱᠠᠳᠤᠨ᠎ᠤ ᠠ᠋ᠳ᠋᠎ᠤᠨ ᠵᠠᠰᠠᠭ᠎ᠤᠨ ᠳᠦᠰᠦᠪ᠎ᠲᠤ ᠤᠷᠤᠭᠤᠯᠵᠤ᠂ ᠳᠠᠪᠤᠨ ᠪᠠᠳᠤᠯᠠᠭ᠋ᠠᠳᠤ ᠠ᠋ᠷᠦᠭᠡ ᠵᠢ ᠬᠠᠮᠳᠤ᠎ᠠᠴᠠ ᠠᠰᠠᠷᠠᠨ ᠬᠠᠷᠠᠭ᠋ᠠᠯᠵᠠᠳᠠᠭ ᠪᠠᠢ᠌ᠭᠰᠠᠨ᠎ᠢ ᠠ᠋ᠳ᠋᠎ᠤᠨ ᠵᠠᠰᠠᠭ᠎ᠠᠴᠠ ᠠᠰᠠᠷᠠᠨ ᠬᠠᠷᠠᠭ᠋ᠠᠯᠵᠠᠬᠤ ᠪᠤᠯᠭ᠋ᠠᠪᠠ᠃ 2011 ᠤᠨ᠎ᠳᠤ᠂ ᠦᠪᠡᠷᠳᠡᠭᠡᠨ ᠵᠠᠰᠠᠬᠤ ᠤᠷᠤᠨ᠎ᠤ ᠭᠤᠷᠪᠠᠳᠤᠭ᠋ᠠᠷ ᠤᠳᠠᠭ᠋ᠠᠨ᠎ᠤ ᠨᠠᠮ ᠵᠠᠰᠠᠭ᠎ᠤᠨ ᠬᠤᠯᠪᠤᠭ᠋ᠠᠳᠤ ᠬᠤᠷᠠᠯᠳᠤᠭ᠋ᠠᠨ ᠳᠡᠭᠡᠷ᠎ᠠ 《ᠭᠤᠷᠪᠠ ᠦᠭᠡᠢ》 ᠬᠦᠮᠦᠨ᠎ᠤ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢ ᠳᠡᠭᠡᠭᠰᠢᠯᠡᠬᠦᠯᠵᠤ᠂ ᠮᠠᠨ᠎ᠤ ᠤᠷᠤᠨ ᠪᠦᠬᠦ ᠤᠯᠤᠰ᠎ᠲᠤ ᠳᠦᠷᠦᠬᠦᠯᠡᠨ 《ᠭᠤᠷᠪᠠ ᠦᠭᠡᠢ》 ᠬᠦᠮᠦᠨ᠎ᠤ ᠠᠮᠢᠳᠤᠷᠠᠯ᠎ᠤᠨ ᠪᠠᠳᠤᠯᠠᠪᠤᠷᠢ ᠵᠢᠨ ᠳᠦᠷᠢᠮ᠎ᠢ ᠪᠠᠢ᠌ᠭᠤᠯᠤᠨ᠂ ᠬᠤᠳᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠳᠦᠷᠢᠮ᠎ᠠᠴᠠ ᠰᠠᠯᠭ᠋ᠠᠭᠰᠠᠨ ᠪᠠᠢ᠌ᠨ᠎ᠠ᠃
     2014 ᠤᠨ᠎ᠳᠤ ᠳᠦᠷᠦ ᠵᠢᠨ ᠶᠠᠪᠤᠳᠠᠯ᠎ᠤᠨ ᠬᠤᠷᠢᠶ᠎ᠠ᠎ᠠᠴᠠ 《ᠨᠡᠢ᠌ᠭᠡᠮ᠎ᠤᠨ ᠠᠪᠤᠷᠠᠨ ᠳᠤᠰᠠᠯᠠᠯᠳᠠ ᠵᠢᠨ ᠳᠦᠷ ᠭᠡᠷᠡᠭᠵᠢᠬᠦᠯᠬᠦ ᠠᠷᠭ᠎ᠠ》 ᠵᠢ ᠨᠡᠢ᠌ᠳᠡᠯᠡᠨ ᠭᠡᠷᠡᠭᠵᠢᠬᠦᠯᠵᠤ᠂ ᠮᠠᠯᠵᠢᠬᠤ ᠳᠠᠷᠢᠶᠠᠯᠠᠬᠤ ᠤᠷᠤᠨ᠎ᠤ ᠳᠠᠪᠤᠨ ᠪᠠᠳᠤᠯᠠᠭ᠋ᠠᠳᠤ ᠠ᠋ᠷᠦᠭᠡ ᠵᠢ ᠠᠰᠠᠷᠠᠨ ᠬᠠᠷᠠᠭ᠋ᠠᠯᠵᠠᠬᠤ ᠳᠦᠷᠢᠮ᠂ ᠬᠤᠳᠠ ᠵᠢᠨ 《ᠭᠤᠷᠪᠠ ᠦᠭᠡᠢ》 ᠬᠦᠮᠦᠨ᠎ᠤ ᠠᠮᠢᠳᠤᠷᠠᠯ᠎ᠤᠨ ᠪᠠᠳᠤᠯᠠᠪᠤᠷᠢ ᠵᠢᠨ ᠳᠦᠷᠢᠮ᠎ᠢ ᠨᠢᠭᠡᠳᠭᠡᠭᠡᠳ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠳᠦᠷᠢᠮ ᠪᠤᠯᠭ᠋ᠠᠨ ᠳᠡᠬᠦᠯᠳᠡᠷᠵᠢᠬᠦᠯᠵᠡᠢ᠃ 2016 ᠤᠨ᠎ᠤ 2 ᠳ᠋ᠤᠭ᠋ᠠᠷ ᠰᠠᠷ᠎ᠠ᠎ᠳᠤ ᠳᠦᠷᠦ ᠵᠢᠨ ᠶᠠᠪᠤᠳᠠᠯ᠎ᠤᠨ ᠬᠤᠷᠢᠶ᠎ᠠ᠎ᠠᠴᠠ 《ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠳᠦᠷᠢᠮ᠎ᠢ ᠤᠯᠠᠮ ᠨᠢᠭᠡ ᠠᠯᠬᠤᠮ ᠳᠡᠬᠦᠯᠳᠡᠷᠵᠢᠬᠦᠯᠬᠦ ᠳᠤᠬᠠᠢ ᠰᠠᠨᠠᠯ》᠎ᠢ ᠳᠤᠭᠳᠠᠭ᠋ᠠᠨ ᠪᠠᠭᠤᠯᠭ᠋ᠠᠭ᠋ᠠᠳ᠂ ᠠ᠋ᠨᠡᠬᠦ ᠳᠦᠷᠢᠮ᠎ᠢ ᠳᠤᠭᠳᠠᠭ᠋ᠠᠨ ᠳᠡᠬᠦᠯᠳᠡᠷᠵᠢᠬᠦᠯᠬᠦ ᠳᠠᠯ᠎ᠠ᠎ᠪᠠᠷ ᠯᠤᠳᠤ ᠶᠡᠭᠡ ᠰᠢᠪᠳᠤᠯᠤᠯᠳᠠ᠎ᠲᠠᠢ ᠪᠤᠯᠪᠠ᠃ ᠳᠤᠰ ᠵᠢᠯ᠎ᠤᠨ 10 ᠳ᠋ᠤᠭ᠋ᠠᠷ ᠰᠠᠷ᠎ᠠ᠎ᠳᠤ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠳᠦᠷᠦ ᠵᠢᠨ ᠶᠠᠪᠤᠳᠠᠯ᠎ᠤᠨ ᠬᠤᠷᠢᠶᠠᠨ᠎ᠤ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠤᠷᠤᠨ᠎ᠤ ᠪᠤᠳᠠᠳᠤ ᠪᠠᠢ᠌ᠳᠠᠯ᠎ᠠᠴᠠ ᠠ᠋ᠬᠦᠰᠤᠨ 《ᠦᠪᠦᠷ ᠮᠤᠩᠭᠤᠯ᠎ᠤᠨ ᠦᠪᠡᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠳᠦᠷᠢᠮ᠎ᠢ ᠤᠯᠠᠮ ᠨᠢᠭᠡ ᠠᠯᠬᠤᠮ ᠳᠡᠬᠦᠯᠳᠡᠷᠵᠢᠬᠦᠯᠬᠦ ᠳᠤᠬᠠᠢ ᠭᠡᠷᠡᠭᠵᠢᠬᠦᠯᠬᠦ ᠰᠠᠨᠠᠯ》 (ᠳᠤᠷᠤᠭᠰᠢ 〈ᠭᠡᠷᠡᠭᠵᠢᠬᠦᠯᠬᠦ ᠰᠠᠨᠠᠯ〉 ᠭᠡᠵᠤ ᠳᠦᠬᠦᠮᠴᠢᠯᠠᠨ᠎ᠠ)᠎ᠢ ᠳᠤᠭᠳᠠᠭ᠋ᠠᠨ ᠪᠠᠭᠤᠯᠭ᠋ᠠᠪᠠ᠃ ᠠ᠋ᠨᠡ᠎ᠨᠢ ᠮᠠᠨ᠎ᠤ ᠤᠷᠤᠨ ᠨᠢᠭᠡᠨᠳᠡ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠳᠦᠪᠰᠢᠨ᠎ᠳᠤ ᠳᠣᠬᠢᠷᠠᠭᠰᠠᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠳᠦᠷᠢᠮ᠂ ᠨᠡᠢ᠌ᠭᠡᠮ᠎ᠤᠨ ᠳᠠᠭ᠋ᠠᠳᠬᠠᠯ᠂ ᠨᠡᠢ᠌ᠭᠡᠮ᠎ᠤᠨ ᠠᠰᠠᠷᠠᠮᠵᠢ ᠵᠢᠨ ᠳᠦᠷᠢᠮ᠎ᠲᠠᠢ ᠠᠪᠴᠠᠯᠳᠤᠭᠰᠠᠨ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠳᠦᠷᠢᠮ᠎ᠲᠠᠢ ᠪᠤᠯᠤᠭᠰᠠᠨ᠎ᠢ ᠬᠠᠷᠠᠭᠤᠯᠵᠤ ᠪᠤᠢ᠃ ᠠ᠋ᠨᠡ ᠤᠳᠠᠭ᠋ᠠᠨ᠎ᠤ ᠳᠤᠭᠳᠠᠭ᠋ᠠᠨ ᠪᠠᠭᠤᠯᠭ᠋ᠠᠭᠰᠠᠨ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》᠎ᠨᠢ 《ᠭᠡᠷᠡᠭᠵᠢᠬᠦᠯᠬᠦ ᠠᠷᠭ᠎ᠠ》 ᠵᠢ ᠪᠤᠳᠠᠳᠠᠢ᠌ᠵᠢᠭᠤᠯᠤᠭᠰᠠᠨ ᠶᠠᠪᠤᠳᠠᠯ ᠪᠤᠯᠬᠤ ᠪᠦᠭᠡᠳ ᠠᠪᠤᠷᠠᠨ ᠳᠤᠰᠠᠯᠠᠯᠲᠠ ᠵᠢᠨ ᠠᠵᠢᠯ᠎ᠤᠨ ᠵᠢᠷᠤᠮᠯᠠᠯ ᠪᠤᠯᠤᠨ᠎ᠠ᠃ ᠠ᠋ᠨᠡ᠎ᠨᠢ ᠮᠦᠨ ᠬᠦᠴᠢᠷᠳᠡᠯ᠎ᠲᠠᠢ ᠤᠯᠠᠨ ᠳᠦᠮᠡᠨ᠎ᠤ ᠦᠨᠳᠦᠰᠤᠨ ᠠᠮᠢᠳᠤᠷᠠᠯ᠎ᠤᠨ ᠭᠡᠷᠡᠭᠴᠡᠭᠡ ᠵᠢ ᠪᠠᠳᠤᠯᠠᠬᠤ᠂ ᠨᠡᠢ᠌ᠭᠡᠮ᠎ᠤᠨ ᠠ᠋ᠷᠭᠡ ᠳᠡᠭᠰᠢ ᠵᠢ ᠠᠬᠢᠭᠤᠯᠬᠤ᠂ ᠨᠡᠢ᠌ᠭᠡᠮ᠎ᠤᠨ ᠠᠮᠤᠷ ᠳᠤᠭᠳᠠᠭᠤᠨ᠎ᠢ ᠬᠠᠮᠠᠭ᠋ᠠᠯᠠᠬᠤ᠎ᠳᠤ ᠴᠢᠬᠤᠯᠠ ᠶᠡᠭᠡ ᠦᠢ᠍ᠯᠡᠳᠤᠯ᠎ᠲᠠᠢ ᠶᠤᠮ᠃
      ᠬᠤᠶᠠᠷ᠂ ᠪᠦᠬᠦ ᠤᠷᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠵᠤ ᠪᠠᠢ᠌ᠭ᠎ᠠ ᠦᠨᠳᠤᠰᠤᠨ ᠪᠠᠢ᠌ᠳᠠᠯ
      ᠣᠢ᠌ᠷ᠎ᠠ ᠵᠢᠨ ᠵᠢᠯ᠎ᠠᠴᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠴᠢᠬᠤᠯᠠᠴᠢᠯᠠᠯ ᠵᠶ᠋ᠡᠷ᠂ ᠮᠠᠨ᠎ᠤ ᠤᠷᠤᠨ᠎ᠤ᠎ᠬᠢᠨ ᠮᠠᠯᠵᠢᠬᠤ ᠳᠠᠷᠢᠶᠠᠯᠠᠬᠤ ᠤᠷᠤᠨ᠎ᠤ ᠳᠠᠪᠤᠨ ᠪᠠᠳᠤᠯᠠᠭ᠋ᠠᠳᠤ ᠠ᠋ᠷᠦᠭᠡ ᠵᠢ ᠠᠰᠠᠷᠠᠨ ᠬᠠᠷᠠᠭ᠋ᠠᠯᠵᠠᠬᠤ ᠪᠠᠷᠢᠮᠵᠢᠶ᠎ᠠ᠂ ᠬᠤᠳᠠ ᠵᠢᠨ 《ᠭᠤᠷᠪᠠ ᠦᠭᠡᠢ》 ᠬᠦᠮᠦᠨ᠎ᠤ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢ ᠵᠢᠷᠭᠤᠭ᠋ᠠᠨ ᠵᠢᠯ ᠳᠠᠷᠠᠭ᠋ᠠᠯᠠᠨ ᠳᠡᠭᠡᠭᠰᠢᠯᠡᠬᠦᠯᠵᠤ᠂ ᠬᠤᠳᠠ ᠬᠦᠳᠡᠭᠡ ᠵᠢᠨ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠠᠵᠢᠯ᠎ᠳᠤ᠎ᠪᠠᠨ ᠮᠡᠳᠡᠭᠳᠡᠮ᠎ᠡ ᠠᠮᠵᠢᠯᠳᠠ ᠤᠯᠤᠭᠰᠠᠨ ᠪᠠᠢ᠌ᠨ᠎ᠠ᠃
      ᠤᠳᠤᠬᠠᠨ᠎ᠳᠤ ᠪᠦᠬᠦ ᠤᠷᠤᠨ᠎ᠤ ᠬᠤᠳᠠ ᠬᠦᠳᠡᠭᠡ ᠵᠢᠨ ᠤᠨᠴᠠ ᠬᠦᠴᠢᠷᠳᠡᠯ᠎ᠲᠠᠢ ᠬᠦᠮᠦᠨ 9.8 ᠳᠦᠮᠡ ᠪᠤᠢ᠃ 《ᠬᠤᠶᠠᠷ᠎ᠢ ᠳᠤᠤᠷ᠎ᠠ ᠪᠠᠢ᠌ᠯᠭ᠋ᠠᠬᠤ ᠦᠭᠡᠢ》 (ᠤᠨᠴᠠ ᠬᠦᠴᠢᠷᠳᠡᠯ᠎ᠲᠠᠢ ᠬᠦᠮᠦᠰ᠎ᠤᠨ ᠦᠨᠳᠦᠰᠤᠨ ᠠᠮᠢᠳᠤᠷᠠᠯ᠎ᠤᠨ ᠪᠠᠷᠢᠮᠵᠢᠶ᠎ᠠ ᠵᠢ ᠳᠤᠬᠠᠢ ᠵᠢᠨ ᠭᠠᠵᠠᠷ᠎ᠤᠨ ᠬᠤᠳᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢᠨ 1.3 ᠳᠠᠬᠢᠨ᠎ᠠᠴᠠ ᠳᠤᠤᠷ᠎ᠠ ᠪᠠᠢ᠌ᠯᠭ᠋ᠠᠬᠤ ᠦᠭᠡᠢ᠂ ᠳᠡᠭᠡᠷ᠎ᠠ ᠵᠢᠯ᠎ᠤᠨ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠪᠠᠷᠢᠮᠵᠢᠶ᠎ᠠ᠎ᠠᠴᠠ ᠳᠤᠤᠷ᠎ᠠ ᠪᠠᠢ᠌ᠯᠭ᠋ᠠᠬᠤ ᠦᠭᠡᠢ) ᠪᠠᠷᠢᠮᠵᠢᠶ᠎ᠠ ᠶᠤᠰᠤᠭ᠋ᠠᠷ᠂ ᠪᠦᠬᠦ ᠤᠷᠤᠨ᠎ᠤ ᠬᠤᠳᠠ ᠵᠢᠨ ᠤᠨᠴᠠ ᠬᠦᠴᠢᠷᠳᠡᠯ᠎ᠲᠠᠢ ᠬᠦᠮᠦᠰ᠎ᠢ ᠲᠦᠪᠯᠡᠩᠭᠦᠢ ᠠᠰᠠᠷᠠᠨ ᠬᠠᠷᠠᠭ᠋ᠠᠯᠵᠠᠬᠤ ᠦᠨᠳᠦᠰᠤᠨ ᠠᠮᠢᠳᠤᠷᠠᠯ᠎ᠤᠨ ᠪᠠᠷᠢᠮᠵᠢᠶ᠎ᠠ ᠵᠢ ᠰᠠᠷ᠎ᠠ ᠪᠦᠷᠢ ᠬᠦᠮᠦᠨ ᠳᠤᠳᠤᠮ 1244 ᠳᠦᠬᠦᠷᠢᠭ᠎ᠲᠤ ᠬᠦᠷᠭᠡᠨ᠂ ᠠ᠋ᠨᠡ᠎ᠨᠢ ᠬᠤᠳᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢᠨ 2.1 ᠳᠠᠬᠢᠨ᠎ᠳᠤ ᠬᠦᠷᠴᠤ᠂ ᠳᠡᠭᠡᠷ᠎ᠠ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 35 ᠳᠦᠬᠦᠷᠢᠭ ᠨᠡᠮᠡᠭᠳᠡᠨ᠂ 2.9%᠎ᠪᠠᠷ ᠨᠡᠮᠡᠭᠳᠡᠵᠡᠢ; ᠰᠠᠯᠤᠩᠬᠢ ᠠᠰᠠᠷᠠᠨ ᠬᠠᠷᠠᠭ᠋ᠠᠯᠵᠠᠵᠤ ᠪᠠᠢ᠌ᠭ᠎ᠠ ᠬᠦᠮᠦᠰ᠎ᠤᠨ ᠦᠨᠳᠦᠰᠤᠨ ᠠᠮᠢᠳᠤᠷᠠᠯ᠎ᠤᠨ ᠪᠠᠷᠢᠮᠵᠢᠶ᠎ᠠ ᠵᠢ ᠰᠠᠷ᠎ᠠ ᠪᠦᠷᠢ ᠬᠦᠮᠦᠨ ᠳᠤᠳᠤᠮ 960 ᠳᠦᠬᠦᠷᠢᠭ᠎ᠲᠤ ᠬᠦᠷᠭᠡᠵᠤ᠂ ᠠ᠋ᠨᠡ᠎ᠨᠢ ᠬᠤᠳᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢᠨ 1.6 ᠳᠠᠬᠢᠨ᠎ᠳᠤ ᠬᠦᠷᠴᠤ᠂ ᠳᠡᠭᠡᠷ᠎ᠠ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 59 ᠳᠦᠬᠦᠷᠢᠭ ᠨᠡᠮᠡᠭᠳᠡᠵᠤ᠂ 6.5%᠎ᠪᠠᠷ ᠨᠡᠮᠡᠭᠳᠡᠵᠡᠢ; ᠮᠠᠯᠵᠢᠬᠤ ᠳᠠᠷᠢᠶᠠᠯᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠲᠦᠪᠯᠡᠩᠭᠦᠢ ᠠᠰᠠᠷᠠᠨ ᠬᠠᠷᠠᠭ᠋ᠠᠯᠵᠠᠬᠤ ᠦᠨᠳᠦᠰᠤᠨ ᠠᠮᠢᠳᠤᠷᠠᠯ᠎ᠤᠨ ᠪᠠᠷᠢᠮᠵᠢᠶ᠎ᠠ ᠵᠢ ᠵᠢᠯ ᠪᠦᠷᠢ ᠬᠦᠮᠦᠨ ᠳᠤᠳᠤᠮ 9252 ᠳᠦᠬᠦᠷᠢᠭ᠎ᠲᠤ ᠬᠦᠷᠭᠡᠨ᠂ ᠠ᠋ᠨᠡ᠎ᠨᠢ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢᠨ 1.9 ᠳᠠᠬᠢᠨ᠎ᠳᠤ ᠬᠦᠷᠴᠤ᠂ ᠳᠡᠭᠡᠷ᠎ᠠ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 654 ᠳᠦᠬᠦᠷᠢᠭ ᠨᠡᠮᠡᠭᠳᠡᠨ᠂ 7.6%᠎ᠪᠠᠷ ᠨᠡᠮᠡᠭᠳᠡᠵᠡᠢ; ᠮᠠᠯᠵᠢᠬᠤ ᠳᠠᠷᠢᠶᠠᠯᠠᠬᠤ ᠤᠷᠤᠨ᠎ᠤ ᠰᠠᠯᠤᠩᠬᠢ ᠠᠰᠠᠷᠠᠨ ᠬᠠᠷᠠᠭ᠋ᠠᠯᠵᠠᠵᠤ ᠪᠠᠢ᠌ᠭ᠎ᠠ ᠬᠦᠮᠦᠰ᠎ᠤᠨ ᠦᠨᠳᠦᠰᠤᠨ ᠠᠮᠢᠳᠤᠷᠠᠯ᠎ᠤᠨ ᠪᠠᠷᠢᠮᠵᠢᠶ᠎ᠠ ᠵᠢ ᠵᠢᠯ ᠪᠦᠷᠢ ᠬᠦᠮᠦᠨ ᠳᠤᠳᠤᠮ 6770 ᠳᠦᠬᠦᠷᠢᠭ᠎ᠲᠤ ᠬᠦᠷᠭᠡᠵᠤ᠂ ᠠ᠋ᠨᠡ᠎ᠨᠢ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠪᠠᠷᠢᠮᠵᠢᠶ᠎ᠠ ᠵᠢᠨ 1. 4 ᠳᠠᠬᠢᠨ᠎ᠳᠤ ᠬᠦᠷᠴᠤ᠂ ᠳᠡᠭᠡᠷ᠎ᠠ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 1646 ᠳᠦᠬᠦᠷᠢᠭ ᠨᠡᠮᠡᠭᠳᠡᠵᠤ᠂ 32.1%᠎ᠪᠠᠷ ᠨᠡᠮᠡᠭᠳᠡᠵᠡᠢ᠃
    2017 ᠤᠨ᠎ᠳᠤ ᠮᠠᠨ᠎ᠤ ᠤᠷᠤᠨ ᠪᠠᠰᠠ ᠠᠮᠢᠳᠤᠷᠠᠯ ᠵᠶ᠋ᠡᠨ ᠠᠷᠭ᠋ᠠᠴᠠᠬᠤ ᠴᠢᠳᠠᠪᠤᠷᠢ᠎ᠪᠠᠨ ᠪᠦᠷᠢᠮᠤᠰᠤᠨ ᠠᠯᠳᠠᠭᠰᠠᠨ ᠪᠤᠶᠤ ᠴᠢᠳᠠᠪᠤᠷᠢ᠎ᠨᠢ ᠮᠠᠭᠤᠳᠠᠭᠰᠠᠨ ᠤᠨᠴᠠ ᠬᠦᠴᠢᠷᠳᠠᠯ᠎ᠲᠠᠢ ᠬᠦᠮᠦᠰ᠎ᠲᠤ ᠠᠰᠠᠷᠠᠨ ᠰᠤᠪᠢᠯᠠᠬᠤ ᠨᠦᠬᠦᠪᠤᠷᠢ ᠦᠭᠬᠦ᠎ᠪᠠᠷ ᠪᠤᠯᠵᠤ᠂ ᠳᠤᠰ ᠳᠤᠰ ᠵᠢᠯ ᠪᠦᠷᠢ ᠬᠦᠮᠦᠨ ᠳᠤᠳᠤᠮ 1006 ᠳᠦᠬᠦᠷᠢᠭ ᠪᠠ 396 ᠳᠦᠬᠦᠷᠢᠭ ᠨᠦᠬᠦᠪᠤᠷᠢᠯᠡᠬᠦ᠎ᠪᠠᠷ ᠪᠠᠢ᠌ᠨ᠎ᠠ᠃
      ᠭᠤᠷᠪᠠ᠂ 《ᠠᠷᠭ᠎ᠠ》 ᠵᠢᠨ ᠭᠤᠤᠯ ᠠᠭᠤᠯᠭ᠎ᠠ
     《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》 ᠵᠢ 《ᠨᠡᠢ᠌ᠭᠡᠮ᠎ᠤᠨ ᠠᠪᠤᠷᠠᠨ ᠳᠤᠰᠠᠯᠠᠯᠳᠠ ᠵᠢᠨ ᠳᠦᠷ ᠭᠡᠷᠡᠭᠵᠢᠬᠦᠯᠬᠦ ᠠᠷᠭ᠎ᠠ》᠂ 《ᠳᠦᠷᠦ ᠵᠢᠨ ᠶᠠᠪᠤᠳᠠᠯ᠎ᠤᠨ ᠬᠤᠷᠢᠶᠠᠨ᠎ᠤ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠳᠦᠷᠢᠮ᠎ᠢ ᠤᠯᠠᠮ ᠨᠢᠭᠡ ᠠᠯᠬᠤᠮ ᠳᠡᠬᠦᠯᠳᠡᠷᠵᠢᠬᠦᠯᠬᠦ ᠳᠤᠬᠠᠢ ᠰᠠᠨᠠᠯ》 ᠪᠤᠯᠤᠨ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠳᠦᠷᠢᠮ᠎ᠢ ᠤᠯᠠᠮ ᠨᠢᠭᠡ ᠠᠯᠬᠤᠮ ᠳᠡᠬᠦᠯᠳᠡᠷᠵᠢᠬᠦᠯᠬᠦ ᠳᠤᠬᠠᠢ ᠭᠡᠷᠡᠭᠵᠢᠬᠦᠯᠬᠦ ᠰᠠᠨᠠᠯ》 ᠵᠢᠴᠢ ᠠᠷᠠᠳ᠎ᠤᠨ ᠶᠠᠪᠤᠳᠠᠯ᠎ᠤᠨ ᠶᠠᠮᠤᠨ᠎ᠤ ᠬᠤᠯᠪᠤᠭᠳᠠᠯ ᠪᠦᠬᠦᠢ ᠳᠤᠭᠳᠠᠭ᠋ᠠᠯ᠎ᠢ ᠦᠨᠳᠦᠰᠤᠯᠠᠨ᠂ ᠳᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠤᠯᠳᠠ ᠬᠢᠵᠤ᠂ ᠦᠨᠳᠦᠰᠤᠨ ᠱᠠᠳᠤᠨ᠎ᠤ ᠺᠠᠳ᠋ᠷ ᠤᠯᠠᠨ ᠳᠦᠮᠡᠨ᠎ᠤ ᠰᠠᠨᠠᠯ᠎ᠢ ᠦᠷᠭᠡᠨ ᠵᠶ᠋ᠡᠷ ᠰᠤᠨᠤᠰᠴᠤ᠂ ᠡᠯ᠎ᠡ ᠭᠠᠵᠠᠷ᠎ᠤᠨ ᠳᠤᠷᠰᠢᠯᠭ᠎ᠠ ᠰᠤᠷᠭ᠋ᠠᠮᠵᠢ ᠪᠤᠯᠤᠨ ᠠᠷᠭ᠎ᠠ ᠪᠠᠷᠢᠯ᠎ᠢ ᠳ᠋ᠦᠩᠨᠡᠵᠤ᠂ ᠨᠢᠭᠡᠳᠤᠯ᠎ᠲᠠᠢ ᠳᠤᠭᠳᠠᠭ᠋ᠠᠬᠤ ᠬᠢᠭᠡᠳ ᠤᠷᠤᠨ ᠨᠤᠳᠤᠭ᠎ᠤᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠴᠢᠬᠤᠯᠠᠴᠢᠯᠠᠨ ᠤᠶᠠᠯᠳᠤᠭᠤᠯᠬᠤ ᠵᠠᠷᠴᠢᠮ᠎ᠢ ᠪᠠᠷᠢᠮᠳᠠᠯᠠᠵᠤ᠂ ᠬᠦᠨᠵᠡᠭᠡᠢ ᠪᠠᠢ᠌ᠴᠠᠭ᠋ᠠᠨ ᠰᠤᠳᠤᠯᠵᠤ ᠨᠣᠲᠠᠯᠠᠭᠰᠠᠨ᠎ᠤ ᠰᠠᠭᠤᠷᠢᠨ ᠳᠡᠭᠡᠷ᠎ᠠ ᠳᠤᠭᠳᠠᠭ᠋ᠠᠭᠰᠠᠨ ᠶᠤᠮ᠃ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》᠎ᠨᠢ ᠨᠡᠢ᠌ᠳᠡ ᠶᠢᠰᠤᠨ ᠪᠦᠯᠦᠭ ᠭᠤᠴᠢᠨ ᠬᠤᠶᠠᠷ ᠵᠦᠢ᠍ᠯ᠎ᠲᠠᠢ ᠪᠠᠢ᠌ᠵᠤ᠂ 《ᠠᠷᠭ᠎ᠠ》᠎ᠳᠤ ᠭᠤᠤᠯᠳᠠᠭᠤ ᠦᠨᠡᠯᠡᠨ ᠳᠤᠭᠳᠠᠭ᠋ᠠᠬᠤ ᠵᠠᠷᠴᠢᠮ᠂ ᠨᠦᠬᠦᠴᠡᠯ᠂ ᠶᠠᠪᠤᠴᠠ ᠪᠣᠯᠤᠨ ᠤᠨᠴᠠ ᠬᠦᠴᠢᠷᠳᠡᠯ᠎ᠲᠠᠢ ᠬᠦᠮᠦᠰ᠎ᠤᠨ ᠠᠮᠢᠳᠤᠷᠠᠯ ᠵᠶ᠋ᠡᠨ ᠠᠷᠭ᠋ᠠᠴᠠᠬᠤ ᠴᠢᠳᠠᠪᠤᠷᠢ ᠵᠢ ᠮᠠᠭ᠋ᠠᠳᠯᠠᠨ ᠳᠤᠭᠳᠠᠭ᠋ᠠᠬᠤ ᠪᠠᠷᠢᠮᠵᠢᠶ᠎ᠠ᠂ ᠠᠰᠠᠷᠠᠨ ᠬᠠᠷᠠᠭ᠋ᠠᠯᠵᠠᠬᠤ ᠵᠢ ᠵᠤᠭᠰᠤᠭ᠋ᠠᠬᠤ ᠪᠠ ᠬᠢᠨᠠᠨ ᠪᠠᠢ᠌ᠴᠠᠭ᠋ᠠᠬᠤ ᠵᠡᠷᠭᠡ ᠳᠠᠯ᠎ᠠ᠎ᠪᠠᠷ ᠪᠤᠳᠠᠳᠠᠢ ᠳᠤᠭᠳᠠᠭ᠋ᠠᠭᠰᠠᠨ ᠪᠠᠢ᠌ᠨ᠎ᠠ᠃ ᠳᠤᠰ 《ᠠᠷᠭ᠎ᠠ》 ᠵᠢ ᠠ᠋ᠨᠡ ᠵᠢᠯ᠎ᠤᠨ 5 ᠳ᠋ᠤᠭ᠋ᠠᠷ ᠰᠠᠷ᠎ᠠ ᠵᠢᠨ 2᠎ᠤᠨ ᠠ᠋ᠳᠤᠷ᠎ᠠᠴᠠ ᠠ᠋ᠬᠢᠯᠡᠨ ᠭᠡᠷᠡᠭᠵᠢᠬᠦᠯᠦᠨ᠎ᠠ᠃
     (ᠨᠢᠭᠡ) ᠵᠢᠷᠤᠮᠯᠠᠬᠤ ᠵᠠᠷᠴᠢᠮ᠃ ᠪᠤᠢ ᠪᠦᠬᠦᠢ ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ᠎ᠳᠤ᠎ᠪᠠᠨ ᠠᠪᠤᠷᠠᠬᠤ ᠴᠢᠬᠤᠯᠠ᠎ᠲᠠᠢ ᠵᠢ᠎ᠨᠢ ᠪᠦᠬᠦᠨ᠎ᠢ ᠠᠪᠤᠷᠠᠬᠤ᠂ ᠠᠰᠠᠷᠠᠬᠤ ᠴᠢᠬᠤᠯᠠ᠎ᠲᠠᠢ ᠵᠢ᠎ᠨᠢ ᠪᠦᠬᠦᠨ᠎ᠢ ᠠᠰᠠᠷᠠᠬᠤ ᠵᠠᠷᠴᠢᠮ᠎ᠢ ᠪᠠᠷᠢᠮᠳᠠᠯᠠᠨ᠎ᠠ; ᠨᠦᠬᠦᠴᠡᠯ᠎ᠳᠤ ᠨᠡᠢ᠌ᠴᠡᠬᠦ ᠬᠦᠮᠦᠰ᠎ᠢ ᠬᠠᠷᠢᠶᠠᠯᠠᠭᠳᠠᠬᠤ ᠭᠠᠵᠠᠷ᠎ᠠᠴᠠ᠎ᠨᠢ ᠬᠠᠮᠢᠶᠠᠷᠬᠤ (ᠠ᠋ᠷᠦᠭᠡ ᠠᠮᠠᠨ ᠳᠤᠭ᠎ᠠ᠎ᠨᠢ ᠪᠠᠢ᠌ᠭ᠎ᠠ ᠭᠠᠵᠠᠷ᠎ᠠᠴᠠ ᠬᠠᠮᠢᠶᠠᠷᠬᠤ) ᠵᠠᠷᠴᠢᠮ᠎ᠢ ᠪᠠᠷᠢᠮᠳᠠᠯᠠᠨ ᠴᠠᠭ ᠳᠤᠬᠠᠢ᠎ᠳᠤᠨᠢ ᠤᠨᠴᠠ ᠬᠦᠴᠢᠷᠳᠡᠯ᠎ᠲᠠᠢ ᠬᠦᠮᠦᠰ᠎ᠤᠨ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠭᠡᠪᠴᠢᠶᠠᠨ᠎ᠳᠤ ᠤᠷᠤᠭᠤᠯᠤᠨ᠎ᠠ; ᠨᠣᠲᠠᠯᠠᠨ ᠳᠤᠭᠳᠠᠭ᠋ᠠᠬᠤ ᠨᠦᠬᠦᠴᠡᠯ᠎ᠢ ᠨᠠᠷᠢᠯᠢᠭᠵᠢᠭᠤᠯᠵᠤ᠂ ᠠᠵᠢᠯ᠎ᠤᠨ ᠳᠡᠰ ᠳᠠᠷᠠᠭ᠋ᠠᠯᠠᠯ᠎ᠢ ᠳᠤᠳᠤᠷᠬᠠᠢ᠌ᠯᠠᠨ᠂ ᠬᠤᠰᠢᠭᠤ ᠰᠢᠶᠠᠨ᠎ᠠᠴᠠ ᠨᠢᠭᠡᠳᠦᠯᠳᠡᠢ ᠳᠦᠯᠦᠪᠯᠡᠬᠦ ᠵᠢ ᠠ᠋ᠷᠴᠢᠮᠵᠢᠬᠦᠯᠵᠤ᠂ ᠳᠦᠷᠢᠮ ᠳᠤᠭᠳᠠᠭ᠋ᠠᠯ ᠵᠶ᠋ᠠᠨ ᠴᠢᠩᠭ᠋ᠠᠳᠬᠠᠨ᠂ ᠦᠨᠳᠦᠷ ᠪᠦᠲᠤᠮᠵᠢᠲᠠᠢ ᠪᠦᠭᠡᠳ ᠠᠷᠠᠳ᠎ᠲᠤ ᠳᠦᠭᠦᠮ ᠦᠵᠡᠭᠦᠯᠬᠦ ᠵᠢ ᠠ᠋ᠷᠬᠢᠮᠯᠡᠵᠤ᠂ ᠠ᠋ᠷᠭᠡ ᠠᠰᠢᠭ᠂ ᠠᠵᠠ ᠵᠠᠪᠰᠢᠶᠠᠨ᠂ ᠳᠦᠷᠢᠮ ᠳᠣᠭᠲᠠᠭ᠋ᠠᠯ᠎ᠨᠢ ᠪᠦᠷ ᠠᠳᠠᠯᠢ ᠳᠡᠭᠰᠢ ᠪᠠᠢ᠌ᠬᠤ ᠵᠢ ᠬᠦᠢ᠍ᠴᠡᠳ ᠢᠯᠡᠷᠡᠬᠦᠯᠦᠨ᠎ᠠ᠃
     (ᠬᠤᠶᠠᠷ) ᠨᠣᠲᠠᠯᠠᠨ ᠳᠤᠭᠳᠠᠭ᠋ᠠᠬᠤ ᠨᠦᠬᠦᠴᠡᠯ᠃ ᠰᠢᠨ᠎ᠠ᠎ᠪᠠᠷ ᠳᠤᠭᠳᠠᠭ᠋ᠠᠭᠰᠠᠨ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》᠎ᠳᠤ ᠬᠦᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ᠎ᠤᠨ ᠢᠷᠡᠯᠳᠡ ᠦᠭᠡᠢ᠂ ᠬᠠᠤᠯᠢ ᠶᠤᠰᠤ᠎ᠪᠠᠷ ᠠᠰᠠᠷᠠᠨ ᠬᠠᠷᠠᠭ᠋ᠠᠯᠵᠠᠬᠤ᠂ ᠬᠠᠮᠠᠭ᠋ᠠᠯᠠᠨ ᠬᠠᠯᠠᠮᠵᠢᠯᠠᠬᠤ ᠬᠦᠮᠦᠨ ᠦᠭᠡᠢ ᠬᠦᠮᠦᠰ᠂ ᠬᠠᠤᠯᠢ ᠶᠤᠰᠤ᠎ᠪᠠᠷ ᠠᠰᠠᠷᠠᠨ ᠬᠠᠷᠠᠭ᠋ᠠᠯᠵᠠᠬᠤ ᠬᠦᠮᠦᠨ᠎ᠨᠢ ᠵᠢᠷᠤᠮ᠎ᠤᠨ ᠠ᠋ᠬᠦᠷᠭᠡ᠎ᠪᠠᠨ ᠬᠦᠢ᠍ᠴᠡᠳᠭᠡᠬᠦ ᠴᠢᠳᠠᠪᠤᠷᠢ ᠦᠭᠡᠢ ᠪᠤᠯᠤᠭᠰᠠᠨ᠎ᠠᠴᠠ ᠠᠮᠢᠳᠤᠷᠠᠯ᠎ᠨᠢ ᠬᠦᠴᠢᠷᠳᠡᠭᠰᠡᠨ ᠬᠤᠳᠠ ᠬᠦᠳᠡᠭᠡ ᠵᠢᠨ ᠨᠠᠰᠤᠲᠠᠳ᠂ ᠵᠡᠮᠳᠡᠭ ᠬᠦᠮᠦᠨ ᠵᠢᠴᠢ 16 ᠪᠦᠬᠦᠯᠢ ᠨᠠᠰᠤ ᠬᠦᠷᠦᠭᠡᠳᠦᠢ ᠨᠠᠰᠤᠨ᠎ᠳᠤ ᠦᠯᠦ ᠬᠦᠷᠦᠭᠰᠡᠳ᠎ᠢ ᠤᠨᠴᠠ ᠬᠦᠴᠢᠷᠳᠡᠯ᠎ᠲᠠᠢ ᠬᠦᠮᠦᠰ ᠵᠶ᠋ᠡᠷ ᠳᠤᠭᠳᠠᠭ᠋ᠠᠨ ᠠᠪᠤᠷᠠᠨ ᠳᠤᠰᠠᠯᠠᠯᠲᠠ ᠬᠢᠬᠦ ᠭᠡᠷᠡᠭᠳᠡᠢ ᠭᠡᠵᠤ ᠳᠤᠳᠤᠷᠬᠠᠢ ᠳᠤᠭᠳᠠᠭ᠋ᠠᠵᠠᠢ᠃ ᠪᠤᠳᠠᠳᠠᠢ ᠨᠦᠬᠦᠴᠡᠯ᠎ᠳᠤ ᠮᠠᠨ᠎ᠤ ᠤᠷᠤᠨ᠎ᠤ ᠳᠦᠷᠦ ᠵᠢᠨ ᠪᠤᠳᠤᠯᠭ᠎ᠠ ᠪᠤᠯ ᠨᠢᠭᠡ᠂ ᠬᠤᠶᠠᠳᠤᠭ᠋ᠠᠷ ᠳᠡᠰ᠎ᠤᠨ ᠤᠶᠤᠨ ᠮᠡᠳᠡᠷᠡᠯ᠎ᠤᠨ ᠰᠠᠭ᠋ᠠᠳ ᠬᠠᠷᠰᠢ᠎ᠲᠠᠢ᠂ ᠮᠦᠴᠢ ᠪᠤᠯᠤᠨ ᠬᠠᠷᠠᠭ᠎ᠠ ᠵᠡᠮᠳᠡᠭ ᠬᠦᠮᠦᠰ᠎ᠢ ᠬᠦᠳᠡᠯᠮᠦᠷᠢᠯᠡᠬᠦ ᠴᠢᠳᠠᠪᠤᠷᠢ ᠦᠭᠡᠢ ᠬᠦᠮᠦᠰ ᠵᠶ᠋ᠡᠷ ᠦᠵᠡᠨ᠂ ᠤᠨᠴᠠ ᠬᠦᠴᠢᠷᠳᠡᠯ᠎ᠲᠠᠢ ᠬᠦᠮᠦᠨ ᠵᠶ᠋ᠡᠷ ᠨᠣᠲᠠᠯᠠᠨ ᠳᠤᠭᠳᠠᠭ᠋ᠠᠬᠤ ᠭᠡᠪᠴᠢᠶᠠᠨ᠎ᠳᠤ ᠤᠷᠤᠭᠤᠯᠤᠨ᠎ᠠ᠃ ᠤᠨᠴᠠ ᠬᠦᠴᠢᠷᠳᠠᠯ᠎ᠲᠠᠢ ᠬᠦᠮᠦᠰ᠎ᠤᠨ ᠭᠡᠷ ᠪᠦᠯᠢ ᠵᠢᠨ ᠠ᠋ᠳ᠋ ᠬᠦᠷᠦᠩᠭᠡ ᠵᠢᠨ ᠪᠠᠢ᠌ᠳᠠᠯ᠎ᠢ ᠬᠢᠨᠠᠨ ᠬᠠᠷᠭᠤᠭᠤᠯᠬᠤ ᠪᠠᠷᠢᠮᠵᠢᠶ᠎ᠠ ᠵᠢ ᠡᠯ᠎ᠡ ᠠᠢ᠌ᠮᠠᠭ ᠬᠤᠳᠠ ᠡᠵᠡᠮᠳᠡᠨ ᠳᠤᠭᠳᠠᠭ᠋ᠠᠵᠤ᠂ ᠬᠠᠷᠢᠶ᠎ᠠ ᠭᠠᠵᠠᠷ ᠤᠷᠤᠨ᠎ᠤ ᠬᠠᠮᠢᠶᠠᠷᠤᠯᠳᠠ ᠪᠤᠯᠤᠨ ᠱᠠᠳᠤ ᠬᠤᠪᠢᠶᠠᠨ ᠬᠠᠷᠢᠭᠤᠴᠠᠬᠤ ᠵᠠᠷᠴᠢᠮ ᠵᠶ᠋ᠡᠷ ᠬᠠᠷᠭᠤᠭᠤᠯᠬᠤ ᠮᠦᠷᠳᠡᠭᠡᠨ ᠳᠤᠬᠠᠢ ᠵᠢᠨ ᠭᠠᠵᠠᠷ᠎ᠤᠨ ᠪᠤᠳᠠᠳᠤ ᠪᠠᠢ᠌ᠳᠠᠯ᠎ᠠᠴᠠ ᠠ᠋ᠬᠦᠰᠤᠨ ᠤᠨᠴᠠ ᠬᠦᠴᠢᠷᠳᠠᠯ᠎ᠲᠠᠢ ᠤᠯᠠᠨ ᠳᠦᠮᠡᠨ᠎ᠢ ᠠᠪᠤᠷᠠᠨ ᠳᠤᠰᠠᠯᠠᠵᠤ ᠠᠰᠠᠷᠠᠨ ᠬᠠᠷᠠᠭ᠋ᠠᠯᠵᠠᠬᠤ ᠠᠰᠠᠭᠤᠳᠠᠯ᠎ᠢ ᠦᠨᠡᠨᠬᠦ ᠰᠠᠢ᠌ᠳᠤᠷ ᠰᠢᠢ᠍ᠳᠪᠤᠷᠢᠯᠡᠬᠦ ᠵᠢ ᠵᠤᠷᠢᠭᠵᠢᠭᠤᠯᠤᠨ᠎ᠠ᠃
     (ᠭᠤᠷᠪᠠ) ᠨᠣᠲᠠᠯᠠᠨ ᠳᠤᠭᠳᠠᠭ᠋ᠠᠬᠤ ᠶᠠᠪᠤᠴᠠ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢ ᠬᠢᠨᠠᠨ ᠬᠠᠷᠭᠤᠭᠤᠯᠵᠤ ᠵᠦᠪᠰᠢᠶᠡᠷᠡᠬᠦ ᠶᠠᠪᠤᠴᠠ᠎ᠪᠠᠷ ᠯᠠᠪᠯᠠᠯᠳᠠ ᠪᠤᠯᠭ᠋ᠠᠵᠤ᠂ ᠤᠨᠴᠠ ᠬᠦᠴᠢᠷᠳᠠᠯ᠎ᠲᠠᠢ ᠬᠦᠮᠦᠰ᠎ᠤᠨ ᠠᠪᠤᠷᠠᠨ ᠳᠤᠰᠠᠯᠠᠭᠤᠯᠵᠤ ᠠᠰᠠᠷᠠᠨ ᠬᠠᠷᠠᠭ᠋ᠠᠯᠵᠠᠭᠤᠯᠬᠤ ᠭᠤᠶᠤᠯᠳᠠ ᠪᠠ ᠭᠤᠶᠤᠯᠳᠠ ᠵᠢ ᠬᠦᠯᠢᠶᠠᠨ ᠠᠪᠬᠤ᠂ ᠬᠢᠨᠠᠨ ᠬᠠᠷᠭᠤᠭᠤᠯᠬᠤ᠂ ᠣᠯᠠᠨ᠎ᠳᠤ ᠵᠠᠷᠯᠠᠨ ᠨᠡᠢ᠌ᠳᠡᠯᠡᠬᠦ᠂ ᠬᠢᠨᠠᠨ ᠵᠦᠪᠰᠢᠶᠡᠷᠡᠬᠦ᠂ ᠠᠰᠠᠷᠠᠨ ᠬᠠᠷᠠᠭ᠋ᠠᠯᠵᠠᠬᠤ ᠵᠢ ᠵᠤᠭᠰᠤᠭ᠋ᠠᠬᠤ ᠵᠡᠷᠭᠡ ᠡᠯ᠎ᠡ ᠭᠤᠭᠴᠤᠭ᠋ᠠᠨ᠎ᠤ ᠠᠵᠢᠯ ᠵᠶ᠋ᠠᠨ ᠤᠯᠠᠮ ᠵᠶ᠋ᠡᠷ ᠨᠠᠷᠢᠯᠢᠭᠵᠢᠭᠤᠯᠵᠤ᠂ ᠤᠨᠴᠠ ᠬᠦᠴᠢᠷᠳᠡᠯ᠎ᠲᠠᠢ ᠬᠦᠮᠦᠰ᠎ᠤᠨ ᠠᠰᠠᠷᠠᠨ ᠬᠠᠷᠠᠭ᠋ᠠᠯᠵᠠᠭᠤᠯᠬᠤ ᠭᠤᠶᠤᠯᠳᠠ ᠵᠢ ᠬᠢᠨᠠᠨ ᠵᠦᠪᠰᠢᠶᠡᠷᠡᠬᠦ ᠵᠢ ᠤᠯᠠᠮ ᠵᠶ᠋ᠡᠷ ᠳᠦᠷᠢᠮ ᠭᠤᠷᠢᠮ᠎ᠲᠠᠢ ᠪᠦᠭᠡᠳ ᠳᠦᠬᠦᠮ ᠳᠦᠳᠡ ᠪᠣᠯᠭ᠋ᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭ᠊ ᠵᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠦᠢ᠍ᠯᠡᠳᠪᠤᠷᠢ ᠬᠤᠳᠠᠯᠳᠤᠭ᠋ᠠᠨ᠎ᠤ ᠬᠠᠮᠢᠶᠠᠷᠤᠯᠳᠠ ᠵᠢᠨ ᠳᠤᠪᠴᠢᠶ᠎ᠠ᠎ᠠᠴᠠ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢᠨ ᠬᠠᠷᠭᠤᠭᠤᠯᠬᠤ ᠠᠷᠭ᠎ᠠ》 ᠵᠢ ᠭᠡᠪᠯᠡᠨ ᠳᠠᠷᠬᠠᠭ᠋ᠠᠪᠠ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠳᠢᠩᠬᠢᠮ᠎ᠤᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ᠂ ᠤᠷᠤᠨ ᠰᠠᠭᠤᠴᠠ ᠵᠢᠨ ᠪᠠᠳᠤᠯᠠᠪᠤᠷᠢ᠂ ᠤᠷᠤᠨ ᠰᠠᠭᠤᠴᠠ ᠵᠢᠨ ᠠᠷᠠᠯᠵᠢᠶ᠎ᠠ ᠵᠡᠷᠭᠡ ᠵᠢᠨ ᠮᠡᠳᠡᠭᠡ ᠵᠠᠩᠬᠢ ᠵᠢᠨ ᠬᠠᠷᠭᠤᠭᠤᠯᠬᠤ ᠠᠵᠢᠯ᠎ᠤᠨ ᠳᠤᠬᠠᠢ ᠮᠡᠳᠡᠭᠳᠡᠯ
ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠳᠠ ᠬᠢᠭᠡᠳ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠵᠢ ᠠᠪᠴᠠᠯᠳᠤᠭᠤᠯᠬᠤ ᠳᠤᠬᠠᠢ ᠳᠦᠰᠦᠯ
ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠠᠴᠠ 2016 ᠤᠨ᠎ᠤ ᠪᠦᠭᠦ ᠤᠷᠤᠨ᠎ᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠪᠠᠷᠢᠮᠵᠢᠶ᠎ᠠ᠎ᠲᠠᠢ ᠬᠣᠯᠪᠣᠭᠳᠠᠬᠤ ᠤᠴᠢᠷ ᠶᠠᠪᠤᠳᠠᠯ᠎ᠤᠨ ᠲᠤᠬᠠᠢ ᠮᠡᠳᠡᠭᠳᠡᠯ᠎ᠢ ᠬᠡᠪᠯᠡᠨ ᠳᠠᠷᠬᠠᠭ᠋ᠠᠪᠠ
ᠳᠤᠮᠳᠠᠲᠤ ᠤᠯᠤᠰ᠎ᠤᠨ ᠡᠪ ᠬᠠᠮᠲᠦ ᠨᠠᠮ᠎ᠤᠨ ᠠᠷᠢᠭᠤᠨ ᠴᠢᠭᠡᠴᠢ᠎ᠪᠠᠷ ᠪᠡᠶ᠎ᠡ᠎ᠪᠠᠨ ᠴᠢᠩᠭ᠎ᠠ ᠱᠠᠭ᠋ᠠᠷᠳᠠᠬᠤ ᠲᠦᠷᠢᠮ
 
            