ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠬᠢᠭᠡᠳ ᠳᠤᠮᠳᠠᠳᠤ ᠶᠠᠫᠤᠨ ᠺᠤᠷᠢᠶᠠ (10+3) ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ ᠰᠢᠩᠭ᠋ᠠᠫᠤᠷ᠎ᠲᠤ ᠬᠤᠷᠠᠯᠳᠤᠪᠠ
ᠨᠡᠶᠢᠲᠡᠯᠡᠭᠰᠡᠨ ᠴᠠᠭ᠄ 2018-11-08

                               
     8 ᠳ᠋ᠤᠭ᠋ᠠᠷ ᠰᠠᠷ᠎ᠠ ᠵᠢᠨ 4᠎ᠤ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠬᠤᠷᠠᠯᠳᠤᠭᠰᠠᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠬᠢᠭᠡᠳ ᠳᠤᠮᠳᠠᠳᠤ ᠶᠠᠫᠤᠨ ᠺᠤᠷᠢᠶᠠ (10+3) ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠪᠠ᠃
      ᠸᠠᠩ ᠢ᠎ᠠᠴᠠ ᠨᠢᠳᠤᠨᠤᠨ᠎ᠠᠴᠠ 10+3 ᠵᠢᠨ ᠬᠠᠮᠳᠤᠷᠠᠯᠴᠠᠭ᠎ᠠ ᠬᠦᠭᠵᠢᠯᠳᠡ᠎ᠲᠠᠢ ᠪᠤᠯᠪᠠ᠃ 20 ᠵᠢᠯ᠎ᠤᠨ ᠳᠤᠷᠰᠢᠬᠢ 10+3 ᠵᠢᠨ ᠬᠠᠮᠳᠤᠷᠠᠯᠴᠠᠭ᠎ᠠ ᠵᠢᠨ ᠳᠡᠤᠭᠡ ᠵᠢ ᠠ᠋ᠷᠬᠢᠴᠡᠬᠦᠯᠬᠦᠶ᠎ᠠ ᠬᠠᠮᠤᠭ᠎ᠤᠨ ᠴᠢᠬᠤᠯᠠ ᠳᠤᠷᠰᠢᠯᠭ᠎ᠠ᠎ᠨᠢ ᠳᠡᠤᠭᠡ ᠵᠢᠨ ᠬᠦᠭᠵᠢᠯᠳᠡ ᠵᠢ ᠳᠠᠭ᠋ᠠᠵᠤ ᠤᠷᠤᠭᠰᠢᠯᠠᠨ᠂ ᠴᠠᠭ ᠦᠶ᠎ᠠ ᠵᠢᠨ ᠤᠷᠤᠰᠬᠠᠯ᠎ᠢ ᠳᠠᠭ᠋ᠠᠵᠤ ᠬᠦᠭᠵᠢᠭᠰᠡᠨ ᠶᠠᠪᠤᠳᠠᠯ ᠪᠤᠯᠤᠨ᠎ᠠ᠃ ᠤᠳᠤᠬᠠᠨ᠎ᠳᠤ ᠠᠵᠤ ᠠᠬᠤᠢ ᠵᠢᠨ ᠳᠡᠯᠡᠭᠡᠢ᠌ᠵᠢᠯᠳᠡ ᠨᠤᠭᠤᠷᠠᠯ ᠪᠦᠳᠦᠷᠢᠯ᠎ᠳᠤ ᠤᠴᠠᠷᠠᠨ᠂ ᠭᠠᠭᠴᠠ ᠳᠠᠯᠠᠳᠤ ᠦᠵᠡᠯ ᠪᠤᠯᠤᠨ ᠬᠠᠮᠠᠭ᠋ᠠᠯᠠᠬᠤ ᠦᠵᠡᠯ ᠴᠤᠬᠤᠢ᠌ᠵᠤ᠂ ᠤᠯᠠᠨ ᠤᠯᠤᠰ᠎ᠤᠨ ᠠ᠋ᠮᠬᠢ ᠲᠢᠭᠯᠢᠮ ᠪᠤᠯᠤᠨ ᠤᠯᠠᠨ ᠳᠠᠯᠠᠳᠤ ᠠᠷᠠᠯᠵᠢᠶᠠᠨ᠎ᠤ ᠳᠦᠷᠢᠮ ᠳᠠᠭ᠋ᠠᠷᠢᠯᠳᠠ᠎ᠳᠤ ᠤᠴᠠᠷᠠᠵᠤ ᠪᠠᠢ᠌ᠨ᠎ᠠ᠃ 10+3 ᠤᠯᠤᠰ᠎ᠨᠢ ᠰᠢᠨ᠎ᠠ᠎ᠪᠠᠷ ᠪᠤᠢ ᠪᠤᠯᠤᠭᠰᠠᠨ ᠮᠠᠭ᠋ᠠᠳᠯᠠᠬᠤᠶ᠎ᠠ ᠪᠡᠷᠭᠡ ᠪᠦᠭᠡᠳ ᠳᠤᠭᠳᠠᠭᠤᠨ ᠪᠤᠰᠤ ᠪᠠᠢ᠌ᠳᠠᠯ᠎ᠳᠤ ᠴᠢᠭ᠍ᠯᠠᠬᠦᠯᠦᠨ ᠴᠢᠯᠦᠭᠡᠳᠤ ᠠᠷᠠᠯᠵᠢᠶ᠎ᠠ ᠪᠤᠯᠤᠨ ᠤᠯᠠᠨ ᠳᠠᠯᠠᠳᠤ ᠦᠵᠡᠯ᠎ᠢ ᠬᠠᠮᠠᠭ᠋ᠠᠯᠠᠵᠤ᠂ ᠤᠷᠤᠨ ᠪᠦᠰᠡ ᠵᠢᠨ ᠠᠵᠤ ᠠᠬᠤᠢ ᠵᠢᠨ ᠨᠢᠭᠡ ᠴᠤᠭᠴᠠᠵᠢᠯᠳᠠ ᠵᠢ ᠠ᠋ᠷᠡᠰ ᠠᠬᠢᠭᠤᠯᠤᠨ᠂ ᠳᠤᠷᠤᠨᠠᠳᠤ ᠠᠽᠢᠶ᠎ᠠ ᠵᠢᠨ ᠠᠵᠤ ᠠᠬᠤᠢ ᠵᠢᠨ ᠬᠠᠮᠳᠤ ᠵᠢᠨ ᠴᠤᠭᠴᠠ ᠵᠢ ᠪᠠᠢ᠌ᠭᠤᠯᠵᠤ᠂ ᠨᠡᠭᠡᠭᠡᠯᠳᠡ ᠵᠢᠨ ᠭᠡᠯᠪᠡᠷᠢ᠎ᠲᠠᠢ ᠳᠡᠯᠡᠭᠡᠢ ᠵᠢᠨ ᠠᠵᠤ ᠠᠬᠤᠢ ᠵᠢ ᠴᠤᠭᠴᠠᠯᠠᠨ᠂ ᠳᠡᠯᠡᠭᠡᠢ ᠵᠢᠨ ᠠᠵᠤ ᠠᠬᠤᠢ ᠵᠢᠨ ᠬᠦᠭᠵᠢᠯᠳᠡ᠎ᠳᠤ ᠳᠤᠭᠳᠠᠭᠤᠨ ᠪᠠᠢ᠌ᠳᠠᠯ᠎ᠢ ᠪᠤᠢ ᠪᠤᠯᠭ᠋ᠠᠬᠤ ᠭᠡᠷᠡᠭᠳᠡᠢ ᠭᠡᠵᠤ ᠢᠯᠡᠷᠭᠡᠢ᠌ᠯᠡᠪᠡ᠃
      ᠸᠠᠩ ᠢ ᠪᠠᠰᠠ ᠬᠤᠵᠢᠮ᠎ᠤᠨ 10+3 ᠵᠢᠨ ᠬᠠᠮᠳᠤᠷᠠᠯᠴᠠᠭ᠎ᠠ᠎ᠳᠤ ᠭᠡᠳᠤᠨ ᠵᠦᠢ᠍ᠯ᠎ᠤᠨ ᠰᠠᠨᠠᠭᠤᠯᠤᠮᠵᠢ ᠳᠤᠷᠠᠳᠴᠠᠢ᠄ ᠨᠢᠭᠡ᠎ᠳᠤ ᠤᠷᠤᠨ ᠪᠦᠰᠡ ᠵᠢᠨ ᠠᠵᠤ ᠠᠬᠤᠢ ᠵᠢᠨ ᠨᠢᠭᠡ ᠴᠤᠭᠴᠠᠵᠢᠯᠳᠠ ᠵᠢ ᠠᠬᠢᠭᠤᠯᠤᠨ᠎ᠠ᠃ ᠤᠷᠤᠨ ᠪᠦᠰᠡ ᠵᠢᠨ ᠪᠦᠬᠦ ᠳᠠᠯ᠎ᠠ ᠵᠢᠨ ᠠᠵᠤ ᠠᠬᠤᠢ ᠵᠢᠨ ᠬᠠᠨᠢᠳᠠᠨ᠎ᠤ ᠬᠠᠷᠢᠴᠠᠭ᠋ᠠᠨ᠎ᠤ (RCEP) ᠳᠤᠬᠠᠢ ᠵᠦᠪᠳᠡᠯᠴᠡᠭᠡᠷ᠎ᠢ ᠵᠢᠯ᠎ᠤᠨ ᠳᠤᠳᠤᠷ᠎ᠠ ᠠᠬᠢᠯᠳᠠ᠎ᠲᠠᠢ ᠪᠤᠯᠭ᠋ᠠᠵᠤ᠂ ᠠ᠋ᠬᠦᠨ᠎ᠤ ᠰᠠᠭᠤᠷᠢᠨ ᠳᠡᠭᠡᠷ᠎ᠠ ᠳᠤᠷᠤᠨᠠᠳᠤ ᠠᠽᠢᠶ᠎ᠠ ᠵᠢᠨ ᠠᠵᠤ ᠠᠬᠤᠢ ᠵᠢᠨ ᠬᠠᠮᠳᠤ ᠵᠢᠨ ᠴᠤᠭᠴᠠ ᠵᠢᠨ ᠪᠦᠳᠦᠭᠡᠨ ᠪᠠᠢ᠌ᠭᠤᠯᠤᠯᠳᠠ ᠵᠢ ᠠ᠋ᠳᠤᠷ ᠳᠤᠳᠤᠮ᠎ᠤᠨ ᠵᠦᠪᠯᠡᠬᠦ ᠵᠦᠢ᠍ᠯ᠎ᠳᠤ ᠤᠷᠤᠭᠤᠯᠵᠤ᠂ ᠴᠢᠯᠦᠭᠡᠳᠡᠢ᠂ ᠳᠡᠩᠴᠡᠬᠦᠷᠢᠳᠡᠢ᠂ ᠪᠠᠭᠳᠠᠭ᠋ᠠᠮᠵᠢᠳᠠᠢ᠂ ᠨᠡᠢ᠌ᠳᠡᠮ ᠠᠰᠢᠭ ᠬᠦᠷᠳᠡᠬᠦ ᠪᠤᠯᠭ᠋ᠠᠨ ᠬᠦᠭᠵᠢᠬᠦᠯᠦᠨ᠎ᠠ; ᠬᠤᠶᠠᠷ᠎ᠲᠤ ᠠ᠋ᠳ᠋᠎ᠤᠨ ᠵᠠᠰᠠᠭ ᠮᠦᠩᠬᠦᠨ ᠬᠦᠢ᠍ᠯᠭᠡᠭᠡᠨ᠎ᠤ ᠬᠠᠮᠳᠤᠷᠠᠯᠴᠠᠭ᠎ᠠ ᠵᠢ ᠬᠦᠨᠵᠡᠭᠡᠢ᠌ᠷᠡᠬᠦᠯᠤᠨ᠎ᠠ᠃ ᠠᠽᠢᠶ᠎ᠠ ᠳᠢᠪ᠎ᠤᠨ ᠰᠠᠭᠤᠷᠢ ᠳᠦᠬᠦᠭᠡᠷᠦᠮᠵᠢ ᠵᠢᠨ ᠪᠡᠯᠡ ᠤᠷᠤᠭᠤᠯᠤᠯᠳᠠ ᠵᠢᠨ ᠪᠠᠩᠬᠢ ᠪᠤᠯᠤᠨ ᠠᠽᠢᠶ᠎ᠠ ᠳᠢᠪ᠎ᠤᠨ ᠨᠡᠭᠡᠭᠡᠨ ᠬᠦᠭᠵᠢᠬᠦᠯᠬᠦ ᠪᠠᠩᠬᠢ ᠵᠢᠨ ᠭᠠᠵᠠᠷ ᠤᠷᠤᠨ ᠪᠠ ᠤᠯᠤᠰ᠎ᠤᠨ ᠬᠦᠭᠵᠢᠯᠳᠡ᠎ᠳᠤ ᠬᠠᠩᠭ᠋ᠠᠵᠤ ᠪᠠᠢ᠌ᠭ᠎ᠠ ᠤᠯᠠᠨ ᠳᠠᠯ᠎ᠠ ᠵᠢᠨ ᠳᠣᠣᠷ᠎ᠠ ᠦᠷᠳᠡᠭ᠎ᠤᠨ ᠮᠦᠩᠬᠦᠨ ᠬᠦᠢ᠍ᠯᠭᠡᠭᠡᠨ᠎ᠤ ᠳᠡᠮᠵᠢᠯᠭᠡ ᠵᠢ ᠰᠠᠢ᠌ᠳᠤᠷ ᠠᠰᠢᠭᠯᠠᠨ᠎ᠠ᠃ ᠭᠤᠷᠪᠠ᠎ᠳᠤ ᠬᠠᠮᠳᠤᠷᠠᠯᠴᠠᠭ᠋ᠠᠨ᠎ᠤ ᠬᠦᠷᠢᠶ᠎ᠠ ᠴᠠᠷᠠᠭ᠎ᠠ᠎ᠪᠠᠨ ᠦᠷᠭᠡᠳᠭᠡᠨ᠎ᠡ᠃ ᠰᠢᠨ᠎ᠠ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠳᠤᠭ᠋ᠠᠴᠢᠯᠠᠭᠰᠠᠨ ᠠᠵᠤ ᠠᠬᠤᠢ᠂ ᠤᠶᠤᠨᠴᠢ ᠬᠤᠳᠠ᠂ ᠬᠢᠮᠡᠯ ᠤᠶᠤᠨ᠂ ᠠ᠋ᠯᠸᠺᠲᠷᠤᠨ ᠬᠤᠳᠠᠯᠳᠤᠭ᠎ᠠ ᠵᠡᠷᠭᠡ ᠵᠢᠨ ᠠᠬᠢᠭᠤᠯᠤᠯᠲᠠ᠎ᠪᠠᠷ 10+3 ᠵᠢᠨ ᠬᠠᠮᠳᠤᠷᠠᠯᠴᠠᠭ᠎ᠠ ᠵᠢᠨ ᠰᠢᠨ᠎ᠠ ᠳᠠᠯᠠᠪᠤᠷ ᠪᠤᠯᠭ᠋ᠠᠨ᠎ᠠ; ᠳᠦᠷᠪᠡ᠎ᠳᠤ ᠬᠦᠮᠦᠨ ᠨᠡᠢ᠌ᠭᠡᠮ᠎ᠤᠨ ᠶᠠᠪᠤᠯᠴᠠᠭ᠎ᠠ ᠰᠤᠯᠢᠯᠴᠠᠭ᠋ᠠᠨ᠎ᠤ ᠰᠢᠨ᠎ᠠ ᠳᠠᠪᠴᠠᠩ᠎ᠢ ᠪᠠᠢ᠌ᠭᠤᠯᠤᠨ᠎ᠠ᠃ ᠳᠤᠮᠳᠠᠳᠤ ᠵᠢᠨ᠎ᠬᠢᠨ 《10+3 ᠵᠢᠨ ᠰᠤᠶᠤᠯ᠎ᠤᠨ ᠬᠤᠳᠠ ᠵᠢᠨ ᠳᠤᠤᠷ ᠰᠦᠯᠵᠢᠶ᠎ᠠ》᠂ ᠳᠤᠷᠤᠨᠠᠳᠤ ᠠᠽᠢᠶ᠎ᠠ ᠵᠢᠨ ᠦᠵᠡᠯ ᠰᠠᠨᠠᠭ᠋ᠠᠨ᠎ᠤ ᠬᠦᠮᠦᠷᠭᠡ ᠵᠢᠨ ᠳᠤᠤᠷ ᠰᠦᠯᠵᠢᠶ᠎ᠠ ᠵᠡᠷᠭᠡ ᠵᠢ ᠪᠠᠢ᠌ᠭᠤᠯᠵᠤ᠂ ᠳᠤᠷᠤᠨᠠᠳᠤ ᠠᠽᠢᠶ᠎ᠠ ᠵᠢᠨ ᠤᠯᠤᠰ᠎ᠤᠨ ᠰᠤᠶᠤᠯ᠎ᠤᠨ ᠬᠠᠷᠢᠯᠴᠠᠭ᠎ᠠ ᠪᠤᠯᠤᠨ ᠠᠷᠠᠳ ᠤᠯᠠᠨ᠎ᠤ ᠨᠦᠬᠦᠷᠯᠡᠯ᠎ᠢ ᠴᠢᠩᠭ᠋ᠠᠳᠬᠠᠬᠤ᠎ᠪᠠᠷ ᠰᠠᠨᠠᠭ᠋ᠠᠴᠢᠯᠠᠵᠤ ᠪᠠᠢ᠌ᠨ᠎ᠠ ᠭᠡᠵᠡᠢ᠃
      ᠶᠠᠫᠤᠨ ᠺᠤᠷᠢᠶᠠ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠋ᠠᠨ᠎ᠤ ᠤᠯᠤᠰ᠎ᠤᠨ ᠭᠠᠳᠠᠭ᠋ᠠᠳᠤ ᠶᠠᠪᠤᠳᠠᠯ᠎ᠤᠨ ᠰᠠᠢ᠌ᠳ᠎ᠤᠳ ᠴᠦᠮ 10+3 ᠵᠢᠨ ᠬᠠᠮᠳᠤᠷᠠᠯᠴᠠᠭ᠎ᠠ ᠵᠢᠨ ᠠ᠋ᠯᠪᠡᠭ ᠪᠠᠶᠠᠯᠢᠭ ᠠᠮᠵᠢᠯᠳᠠ ᠵᠢ ᠢᠳᠡᠪᠬᠢᠳᠡᠢ ᠦᠨᠡᠯᠡᠵᠤ᠂ 10+3 ᠵᠢᠨ ᠬᠠᠮᠳᠤᠷᠠᠯᠴᠠᠭ᠎ᠠ᠎ᠨᠢ ᠭᠠᠵᠠᠷ ᠤᠷᠤᠨ᠎ᠤ ᠠ᠋ᠩᠭᠡ ᠳᠠᠢ᠌ᠪᠤᠩ ᠬᠢᠭᠡᠳ ᠬᠦᠭᠵᠢᠯ ᠴᠡᠴᠡᠭᠯᠡᠯ᠎ᠳᠤ ᠢᠳᠡᠪᠬᠢᠳᠡᠢ ᠦᠢ᠍ᠯᠡᠳᠤᠯ ᠦᠵᠡᠬᠦᠯᠦᠭᠰᠡᠨ᠎ᠢ ᠨᠤᠳᠠᠯᠠᠪᠠ᠃ ᠭᠠᠭᠴᠠ ᠳᠠᠯᠠᠳᠤ ᠬᠠᠮᠠᠭ᠋ᠠᠯᠠᠬᠤ ᠦᠵᠡᠯ᠎ᠤᠨ ᠤᠯᠠᠨ ᠳᠠᠯᠠᠳᠤ ᠠᠷᠠᠯᠵᠢᠶᠠᠨ᠎ᠤ ᠳᠦᠷᠢᠮ᠎ᠳᠤ ᠦᠵᠡᠬᠦᠯᠦᠭᠰᠡᠨ ᠳᠠᠭ᠋ᠠᠷᠢᠯᠳᠠ ᠪᠤᠯᠤᠨ ᠰᠦᠷᠳᠡᠬᠦᠯᠦᠯ᠎ᠳᠤ ᠴᠢᠭᠯᠡᠬᠦᠯᠦᠨ 10+3 ᠵᠢᠨ ᠬᠠᠮᠳᠤᠷᠠᠯᠴᠠᠭ᠎ᠠ ᠵᠢ ᠴᠢᠩᠭ᠋ᠠᠳᠬᠠᠬᠤ᠎ᠨᠢ ᠦᠩᠭᠡᠷᠡᠭᠰᠡᠨ᠎ᠤ ᠠᠯᠢ ᠴᠤ᠌ ᠦᠶ᠎ᠠ᠎ᠠᠴᠠ ᠴᠢᠬᠤᠯᠠ᠎ᠲᠠᠢ ᠪᠤᠯᠵᠠᠢ᠃ 10+3 ᠵᠢᠨ ᠬᠠᠮᠳᠤᠷᠠᠯᠴᠠᠭ᠎ᠠ ᠵᠢᠨ ᠤᠯᠤᠰ᠎ᠤᠳ ᠪᠦᠯᠬᠦᠮᠳᠡᠯ ᠵᠶ᠋ᠡᠨ ᠴᠢᠩᠭ᠋ᠠᠳᠬᠠᠵᠤ᠂ ᠴᠢᠯᠦᠭᠡᠳᠤ ᠠᠷᠠᠯᠵᠢᠶ᠎ᠠ ᠵᠢ ᠠ᠋ᠷᠡᠰ ᠳᠡᠮᠵᠢᠨ᠂ ᠬᠠᠮᠠᠭ᠋ᠠᠯᠠᠬᠤ ᠦᠵᠡᠯ᠎ᠢ ᠠ᠋ᠰᠡᠷᠬᠦᠴᠠᠵᠤ᠂ RCEP ᠵᠦᠪᠳᠡᠯᠴᠡᠭᠡᠷ᠎ᠢ ᠳᠦᠷᠭᠡᠨ ᠠᠬᠢᠭᠤᠯᠤᠨ᠂ ᠳᠤᠷᠤᠨᠠᠳᠤ ᠠᠽᠢᠶ᠎ᠠ ᠵᠢᠨ ᠠᠵᠤ ᠠᠬᠤᠢ ᠵᠢᠨ ᠬᠠᠮᠳᠤ ᠵᠢᠨ ᠴᠤᠭᠴᠠ ᠵᠢᠨ ᠪᠦᠳᠦᠭᠡᠨ ᠪᠠᠢ᠌ᠭᠤᠯᠤᠯᠳᠠ ᠵᠢ ᠳᠦᠷᠭᠡᠳᠭᠡᠵᠤ᠂ ᠳᠤᠷᠤᠨᠠᠳᠤ ᠠᠽᠢᠶ᠎ᠠ ᠵᠢᠨ ᠭᠠᠵᠠᠷ ᠤᠷᠤᠨ᠎ᠤ ᠠ᠋ᠩᠭᠡ ᠳᠠᠢ᠌ᠪᠤᠩ ᠪᠤᠯᠤᠨ ᠬᠦᠭᠵᠢᠯ ᠴᠡᠴᠡᠭᠯᠡᠯ᠎ᠢ ᠠᠬᠢᠭᠤᠯᠤᠨ᠎ᠠ ᠭᠡᠵᠤ ᠰᠠᠨᠠᠯ ᠨᠢᠭᠡᠳᠡᠢ ᠦᠵᠡᠵᠡᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠢ ᠪᠷᠦᠢ᠍ᠨ᠋ᠸᠢ ᠵᠢᠨ ᠭᠠᠳᠠᠭ᠋ᠠᠳᠤ ᠶᠠᠪᠤᠳᠠᠯ ᠪᠠ ᠠᠷᠠᠯᠵᠢᠶᠠᠨ᠎ᠤ ᠶᠠᠮᠤᠨ᠎ᠤ ᠬᠤᠶᠠᠳᠤᠭ᠋ᠠᠷ ᠰᠠᠢ᠌ᠳ ᠠᠢ᠌ᠷᠦᠢ᠌ᠸᠠᠨ᠎ᠲᠠᠢ ᠠᠭᠤᠯᠵᠠᠪᠠ
ᠸᠠᠩ ᠢ ᠰᠢᠩᠭ᠋ᠠᠫᠤᠷ᠎ᠤᠨ ᠶᠡᠷᠦᠩᠭᠡᠢ ᠰᠠᠢ᠌ᠳ ᠯᠢ ᠰᠢᠶᠠᠨ ᠯᠦᠩ᠎ᠲᠠᠢ ᠠᠭᠤᠯᠵᠠᠪᠠ
ᠸᠠᠩ ᠢ᠎ᠲᠠᠢ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠳ᠋ᠦᠨ᠎ᠲᠠᠢ ᠠᠭᠤᠯᠵᠠᠪᠠ
ᠸᠠᠩ ᠢ ᠠᠦᠢ᠍ᠰᠲᠷᠡᠯᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠪᠢᠰᠢᠶᠤᠤᠫᠦ᠋᠎ᠲᠠᠢ ᠠᠭᠤᠯᠵᠠᠪᠠ
ᠸᠠᠩ ᠢ 25 ᠳ᠋ᠤᠭ᠋ᠠᠷ ᠬᠤᠭᠤᠴᠠᠭ᠋ᠠᠨ᠎ᠤ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠠᠵᠠᠷ ᠤᠷᠤᠨ᠎ᠤ ᠶᠠᠷᠢᠶᠠᠨ᠎ᠤ ᠳᠠᠪᠴᠠᠩ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠣᠷᠣᠯᠴᠠᠪᠠ
 
            