ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠬᠦᠭᠵᠢᠬᠦᠯᠬᠦ ᠳᠤᠷᠰᠢᠯᠳᠠ ᠵᠢᠨ ᠴᠢᠭ᠋᠎ᠢ ᠬᠦᠨᠵᠡᠭᠡᠢ᠌ᠷᠡᠬᠦᠯᠬᠦ ᠵᠢ ᠵᠦᠪᠰᠢᠶᠡᠷᠡᠬᠦ ᠳᠤᠬᠠᠢ ᠳᠦᠷᠦ ᠵᠢᠨ ᠶᠠᠪᠤᠳᠠᠯ᠎ᠤᠨ ᠬᠤᠷᠢᠶᠠᠨ᠎ᠤ ᠴᠤᠬᠤᠯᠠᠪᠤᠷᠢ
ᠨᠡᠶᠢᠲᠡᠯᠡᠭᠰᠡᠨ ᠴᠠᠭ᠄ 2018-07-17

         
      ᠤᠯᠤᠰ᠎ᠤᠨ ᠪᠢᠴᠢᠭ (2018) 79 ᠳ᠋ᠤᠭᠡᠷ ᠳᠤᠭ᠋ᠠᠳᠤ
ᠪᠡᠭᠡᠵᠢᠩ ᠬᠤᠳᠠ᠂ ᠳᠢᠶᠠᠨᠵᠢᠨ ᠬᠤᠳᠠ᠂ ᠠ᠋ᠾᠸᠪᠸᠢ ᠮᠤᠵᠢ᠂ ᠬᠠᠷᠠᠮᠦᠢ᠍ᠷᠡᠨ ᠮᠤᠵᠢ᠂ ᠱᠠᠩᠬᠠᠢ ᠬᠤᠳᠠ᠂ ᠵᠢᠶᠠᠩᠰᠤ ᠮᠤᠵᠢ᠂ ᠱᠠᠨᠳᠦᠢ᠍ᠩ ᠮᠤᠵᠢ᠂ ᠬᠤᠪᠸᠢ ᠮᠤᠵᠢ᠂ ᠭᠤᠸᠠᠩᠳᠦᠢ᠍ᠩ ᠮᠤᠵᠢ᠂ ᠬᠠᠢ᠌ᠨᠠᠨ ᠮᠤᠵᠢ᠂ ᠴᠦᠩᠴᠢᠩ ᠬᠤᠳᠠ᠂ ᠰᠸᠴᠤᠸᠠᠨ ᠮᠤᠵᠢ᠂ ᠬᠦᠢ᠍ᠵᠸᠤ ᠮᠤᠵᠢ᠂ ᠱᠠᠨᠰᠢ ᠮᠤᠵᠢ ᠵᠢᠨ ᠠᠷᠠᠳ᠎ᠤᠨ ᠵᠠᠰᠠᠭ᠎ᠤᠨ ᠤᠷᠳᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠄
      ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠬᠦᠭᠵᠢᠬᠦᠯᠬᠦ ᠳᠤᠷᠰᠢᠯᠳᠠ ᠵᠢᠨ ᠴᠢᠭ᠋᠎ᠢ ᠬᠦᠨᠵᠡᠭᠡᠢ᠌ᠷᠡᠬᠦᠯᠬᠦ ᠳᠤᠬᠠᠢ ᠵᠢᠭ᠋ᠠᠪᠤᠷᠢ ᠠᠪᠬᠤ ᠮᠡᠳᠡᠬᠦᠯᠦᠯᠳᠡ ᠵᠢ ᠬᠤᠷᠢᠶᠠᠨ ᠠᠪᠤᠯ᠎ᠠ᠃ ᠦᠨᠦ ᠳᠤᠤᠷ᠎ᠠ ᠮᠠᠳᠤ ᠴᠤᠬᠤᠯᠠᠪᠤᠷᠢᠯᠠᠪᠠ᠄
      ᠨᠢᠭᠡ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠳᠤᠷᠠᠳᠤᠭᠰᠠᠨ 《ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠬᠦᠭᠵᠢᠬᠦᠯᠬᠦ ᠳᠤᠷᠰᠢᠯᠳᠠ ᠵᠢᠨ ᠴᠢᠭ᠋᠎ᠢ ᠬᠦᠨᠵᠡᠭᠡᠢ᠌ᠷᠡᠬᠦᠯᠬᠦ ᠶᠡᠷᠦᠩᠭᠡᠢ ᠳᠦᠰᠦᠯ》᠎ᠢ ᠵᠠᠷᠴᠢᠮ ᠶᠤᠰᠤᠭ᠋ᠠᠷ ᠪᠠᠳᠤᠯᠠᠵᠤ᠂ ᠪᠡᠭᠡᠵᠢᠩ᠂ ᠳᠢᠶᠠᠨᠵᠢᠨ᠂ ᠱᠠᠩᠬᠠᠢ᠂ ᠬᠠᠢ᠌ᠨᠠᠨ᠂ ᠱᠸᠨᠵᠸᠨ᠂ ᠬᠠᠷᠪᠢᠨ᠂ ᠨᠠᠨᠵᠢᠩ᠂ ᠬᠠᠩᠵᠸᠤ᠂ ᠦᠬᠠᠨ᠂ ᠭᠤᠸᠠᠩᠵᠸᠤ᠂ ᠴᠸᠩᠳᠦ᠋᠂ ᠰᠦᠵᠸᠤ᠂ ᠸᠸᠢᠬᠠᠢ ᠪᠤᠯᠤᠨ ᠠ᠋ᠾᠸᠪᠸᠢ ᠮᠤᠵᠢ ᠵᠢᠨ ᠰᠢᠶᠦᠢ᠍ᠩ ᠠᠨ ᠰᠢᠨ᠎ᠠ ᠳᠤᠭᠤᠷᠢᠭ᠂ ᠴᠦᠩᠴᠢᠩ᠎ᠤᠨ ᠯᠢᠶᠠᠩᠵᠢᠶᠠᠩ ᠰᠢᠨ᠎ᠠ ᠳᠤᠭᠤᠷᠢᠭ᠂ ᠬᠦᠢ᠍ᠵᠸᠤ ᠮᠤᠵᠢ ᠵᠢᠨ ᠬᠦᠢ ᠠᠨ ᠰᠢᠨ᠎ᠠ ᠳᠤᠭᠤᠷᠢᠭ᠂ ᠱᠠᠨᠰᠢ ᠮᠤᠵᠢ ᠵᠢᠨ ᠰᠢ ᠰᠢᠶᠠᠨ ᠰᠢᠨ᠎ᠠ ᠳᠤᠭᠤᠷᠢᠭ ᠵᠡᠷᠭᠡ ᠮᠤᠵᠢ ᠬᠤᠳᠠ (ᠤᠷᠤᠨ ᠳᠤᠭᠤᠷᠢᠭ) ᠵᠢᠨ ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠬᠦᠭᠵᠢᠬᠦᠯᠬᠦ ᠳᠤᠷᠰᠢᠯᠳᠠ ᠵᠢᠨ ᠴᠢᠭ᠋᠎ᠢ ᠬᠦᠨᠵᠡᠭᠡᠢ᠌ᠷᠡᠬᠦᠯᠬᠦ ᠵᠢ ᠵᠦᠪᠰᠢᠶᠡᠷᠡᠪᠡ᠃ ᠳᠤᠷᠰᠢᠯᠳᠠ ᠵᠢᠨ ᠴᠢᠭ᠎ᠢ ᠬᠦᠨᠵᠡᠭᠡᠢ᠌ᠷᠡᠬᠦᠯᠬᠦ ᠬᠤᠭᠤᠴᠠᠭ᠎ᠠ᠎ᠨᠢ 2018 ᠤᠨ᠎ᠤ 7 ᠳ᠋ᠤᠭ᠋ᠠᠷ ᠰᠠᠷ᠎ᠠ ᠵᠢᠨ 1᠎ᠤ ᠠ᠋ᠳᠤᠷ᠎ᠠᠴᠠ 2020 ᠤᠨ᠎ᠤ 6 ᠳ᠋ᠤᠭ᠋ᠠᠷ ᠰᠠᠷ᠎ᠠ ᠵᠢᠨ 30᠎ᠤ ᠠ᠋ᠳᠤᠷ ᠪᠤᠯᠳᠠᠯᠠᠭᠢ 2 ᠵᠢᠯ᠎ᠤᠨ ᠬᠤᠭᠤᠴᠠᠭ᠎ᠠ ᠪᠤᠯᠤᠨ᠎ᠠ᠃
      ᠬᠤᠶᠠᠷ᠂ ᠳᠤᠷᠰᠢᠯᠳᠠ ᠵᠢᠨ ᠴᠢᠭ᠎ᠢ ᠬᠦᠨᠵᠡᠭᠡᠢ᠌ᠷᠡᠬᠦᠯᠬᠦ᠎ᠳᠤ᠎ᠪᠠᠨ᠂ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠮᠵᠢ ᠪᠤᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠳᠠᠯ᠎ᠠ᠎ᠪᠠᠷ ᠳᠤᠤᠱᠯᠠᠭᠤᠯᠵᠤ᠂ 《ᠳᠠᠪᠤ ᠵᠢ ᠨᠢᠭᠡ ᠴᠤᠭᠴᠠᠵᠢᠭᠤᠯᠬᠤ》 ᠶᠡᠷᠦᠩᠭᠡᠢ ᠪᠠᠢ᠌ᠷᠢᠯᠠᠭᠤᠯᠤᠯᠲᠠ ᠪᠤᠯᠤᠨ 《ᠳᠦᠷᠪᠡᠨ ᠪᠦᠬᠦ ᠳᠠᠯ᠎ᠠ》 ᠵᠢᠨ ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠨᠢᠭᠡᠳᠦᠯᠳᠡᠢ ᠳᠦᠯᠦᠪᠯᠡᠨ ᠠᠬᠢᠭᠤᠯᠵᠤ᠂ ᠰᠢᠨ᠎ᠠ ᠵᠢ ᠠ᠋ᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠤ᠂ ᠬᠠᠮᠳᠤᠪᠠᠷ ᠠ᠋ᠳ᠋ᠯᠡᠬᠦ ᠬᠦᠭᠵᠢᠯᠳᠡ ᠵᠢᠨ ᠤᠢ᠌ᠯᠠᠭ᠋ᠠᠭᠳᠠᠬᠤᠨ᠎ᠢ ᠪᠠᠷᠢᠮᠳᠠᠯᠠᠨ᠂ ᠬᠠᠩᠭ᠋ᠠᠯᠭ᠎ᠠ ᠵᠢᠨ ᠳᠠᠯ᠎ᠠ ᠵᠢᠨ ᠪᠦᠳᠦᠴᠡ ᠵᠢᠨ ᠴᠢᠨᠠᠷ᠎ᠲᠠᠢ ᠦᠭᠡᠷᠡᠴᠢᠯᠡᠯᠳᠡ᠎ᠪᠠᠷ ᠭᠤᠤᠯ ᠪᠤᠯᠭ᠋ᠠᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠭᠦᠭᠵᠢᠬᠦᠯᠬᠦ᠎ᠳᠤ ᠵᠤᠬᠢᠴᠠᠬᠤ ᠳᠦᠷᠢᠮ᠎ᠤᠨ ᠳᠤᠭᠳᠠᠴᠠ ᠵᠢᠴᠢ ᠳᠦᠷᠦ ᠵᠢᠨ ᠪᠤᠳᠤᠯᠭ᠎ᠠ ᠠᠷᠭ᠎ᠠ ᠭᠡᠮᠵᠢᠶ᠎ᠡ ᠪᠡ ᠨᠡᠭᠡᠭᠡᠯᠳᠡ ᠵᠢᠨ ᠵᠠᠮ᠎ᠢ ᠬᠦᠨᠵᠡᠭᠡᠢ ᠰᠦᠪᠡᠭᠴᠢᠯᠡᠨ᠂ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠰᠢᠯᠢᠳᠡᠭᠵᠢᠬᠦᠯᠬᠦ ᠵᠢ ᠳᠦᠷᠭᠡᠳᠭᠡᠵᠤ᠂ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠬᠠᠮᠤᠭ᠎ᠤᠨ ᠶᠡᠭᠡᠪᠡᠷ ᠬᠦᠭᠵᠢᠬᠦᠯᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠳᠦᠷᠢᠮ᠎ᠤᠨ ᠰᠢᠨ᠎ᠠ ᠠ᠋ᠬᠦᠳᠦᠯᠳᠡ ᠵᠢ ᠰᠢᠨ᠎ᠡ ᠳᠡᠭᠳᠡᠷ᠎ᠲᠤ ᠠᠬᠢᠭᠤᠯᠬᠤ ᠭᠡᠷᠡᠭᠳᠡᠢ᠃
      ᠭᠤᠷᠪᠠ᠂ ᠳᠤᠷᠰᠢᠯᠳᠠ ᠵᠢᠨ ᠴᠢᠭ᠎ᠤᠨ ᠭᠠᠵᠠᠷ ᠤᠷᠤᠨ᠎ᠤ ᠠᠷᠠᠳ᠎ᠤᠨ ᠵᠠᠰᠠᠭ᠎ᠤᠨ ᠤᠷᠳᠤᠨ (ᠬᠠᠮᠢᠶᠠᠷᠤᠯᠳᠠ ᠵᠢᠨ ᠵᠦᠪᠯᠡᠯ) ᠳᠤᠷᠰᠢᠯᠳᠠ ᠵᠢᠨ ᠴᠢᠭ᠎ᠤᠨ ᠠᠵᠢᠯ᠎ᠤᠨ ᠵᠤᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠳᠤᠷᠰᠢᠯᠳᠠ ᠵᠢᠨ ᠴᠢᠭ᠎ᠤᠨ ᠠᠵᠢᠯ᠎ᠢ ᠳᠦᠯᠬᠢᠨ ᠠᠬᠢᠭᠤᠯᠬᠤ᠂ ᠶᠠᠷᠦᠩᠬᠡᠢ᠌ᠯᠡᠨ ᠵᠤᠬᠢᠴᠠᠭᠤᠯᠬᠤ ᠵᠢᠴᠢ ᠠᠷᠭ᠎ᠠ ᠭᠡᠮᠵᠢᠶ᠎ᠡ ᠪᠠᠳᠤᠯᠠᠭ᠎ᠠ ᠬᠠᠩᠭ᠋ᠠᠬᠤ ᠵᠢ ᠬᠠᠷᠢᠭᠤᠴᠠᠨ᠂ ᠭᠤᠤᠯᠳᠠᠭᠤ ᠬᠠᠮᠢᠶᠠᠷᠤᠯᠳᠠ ᠵᠢᠨ ᠪᠠᠢ᠌ᠭᠤᠯᠤᠮᠵᠢ᠂ ᠨᠡᠭᠡᠭᠡᠯᠳᠡ ᠵᠢᠨ ᠵᠠᠮ᠂ ᠠᠬᠢᠭᠤᠯᠬᠤ ᠳᠤᠭᠳᠠᠴᠠ᠂ ᠳᠦᠷᠦ ᠵᠢᠨ ᠪᠤᠳᠤᠯᠭ᠎ᠠ ᠵᠢᠨ ᠰᠢᠰᠲᠸᠮ᠂ ᠬᠢᠨᠠᠨ ᠬᠠᠮᠢᠶᠠᠷᠬᠤ ᠳᠦᠷᠢᠮ᠂ ᠬᠦᠭᠵᠢᠯᠳᠡ ᠵᠢᠨ ᠵᠠᠭᠪᠤᠷ ᠵᠡᠷᠭᠡ ᠳᠠᠯ᠎ᠠ᠎ᠪᠠᠷ ᠤᠷᠢᠳᠠᠪᠠᠷ ᠳᠤᠷᠰᠢᠯᠳᠠ ᠬᠢᠵᠤ᠂ ᠪᠦᠬᠦ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠬᠦᠭᠵᠢᠬᠦᠯᠬᠦ᠎ᠳᠤ ᠵᠠᠮ ᠰᠦᠪᠡᠭᠴᠢᠯᠡᠬᠦ ᠭᠡᠷᠡᠭᠳᠡᠢ᠃ ᠬᠤᠯᠪᠤᠭᠳᠠᠯ ᠪᠦᠬᠦᠢ ᠮᠤᠵᠢ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠳᠤᠷᠰᠢᠯᠳᠠ ᠵᠢᠨ ᠴᠢᠭ᠎ᠤᠨ ᠠᠵᠢᠯ᠎ᠤᠨ ᠵᠢᠯᠤᠭᠤᠳᠤᠯᠭ᠎ᠠ ᠪᠠ ᠳᠡᠮᠵᠢᠯᠭᠡ᠎ᠪᠠᠨ ᠴᠢᠩᠭ᠋ᠠᠳᠬᠠᠵᠤ᠂ ᠳᠤᠷᠰᠢᠯᠳᠠ ᠵᠢᠨ ᠴᠢᠭ᠎ᠤᠨ ᠤᠷᠤᠨ᠎ᠤ ᠵᠤᠷᠢᠭᠳᠠᠢ᠎ᠪᠠᠷ ᠰᠦᠪᠡᠭᠴᠢᠯᠡᠯᠳᠡ ᠬᠢᠬᠦ ᠪᠡ ᠰᠢᠨ᠎ᠠ ᠵᠢ ᠠ᠋ᠬᠦᠳᠬᠦ ᠵᠢ ᠵᠤᠷᠢᠭᠵᠢᠭᠤᠯᠬᠤ ᠭᠡᠷᠡᠭᠳᠡᠢ᠃
      ᠳᠦᠷᠪᠡ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠤᠪᠢᠳᠠᠭᠰᠠᠨ ᠠ᠋ᠬᠦᠷᠭᠡ ᠳᠤᠰᠢᠶᠠᠯ ᠶᠤᠰᠤᠭ᠋ᠠᠷ ᠳᠤᠷᠰᠢᠯᠳᠠ ᠵᠢᠨ ᠴᠢᠭ᠎ᠤᠨ ᠠᠵᠢᠯ᠎ᠤᠨ ᠵᠤᠬᠢᠴᠠᠭᠤᠯᠭ᠎ᠠ ᠵᠢᠯᠤᠭᠤᠳᠤᠯᠭ᠎ᠠ ᠪᠤᠯᠤᠨ ᠳᠦᠷᠦ ᠵᠢᠨ ᠪᠤᠳᠤᠯᠭ᠎ᠠ ᠵᠢᠨ ᠳᠡᠮᠵᠢᠯᠭᠡ᠎ᠪᠠᠨ ᠴᠢᠩᠭ᠋ᠠᠳᠬᠠᠵᠤ᠂ ᠨᠡᠭᠡᠭᠡᠯᠳᠡ ᠬᠢᠬᠦ ᠵᠢ ᠢᠳᠡᠪᠬᠢᠳᠡᠢ ᠵᠢᠯᠤᠭᠤᠳᠤᠨ᠂ ᠳᠦᠷᠦ ᠵᠢᠨ ᠪᠤᠳᠤᠯᠭ᠎ᠠ ᠠᠷᠭ᠎ᠠ ᠭᠡᠮᠵᠢᠶ᠎ᠡ ᠵᠢᠨ ᠰᠢᠨ᠎ᠠ ᠵᠢ ᠠ᠋ᠬᠦᠳᠴᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠬᠦᠭᠵᠢᠬᠦᠯᠬᠦ ᠵᠢ ᠠᠬᠢᠭᠤᠯᠬᠤ ᠬᠠᠮᠳᠤ ᠵᠢᠨ ᠬᠦᠴᠦᠨ᠎ᠢ ᠪᠤᠢ ᠪᠤᠯᠭ᠋ᠠᠬᠤ ᠭᠡᠷᠡᠭᠳᠡᠢ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠨᠢᠭᠡᠳᠤᠯᠳᠡᠢ ᠳᠦᠯᠦᠪᠯᠡᠨ ᠵᠤᠬᠢᠴᠠᠭᠤᠯᠬᠤ ᠪᠠ ᠬᠢᠨᠠᠨ ᠵᠢᠯᠤᠭᠤᠳᠴᠤ ᠦᠨᠡᠯᠡᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠳᠤᠷᠰᠢᠯᠳᠠ ᠵᠢᠨ ᠴᠢᠭ᠎ᠤᠨ ᠳᠤᠷᠰᠢᠯᠭ᠎ᠠ ᠰᠤᠷᠭ᠋ᠠᠮᠵᠢ ᠵᠢ ᠴᠠᠭ ᠳᠠᠷᠤᠢ᠎ᠳᠤ᠎ᠨᠢ ᠳ᠋ᠦᠩᠨᠡᠨ ᠳᠡᠯᠭᠡᠷᠡᠬᠦᠯᠬᠦ ᠭᠡᠷᠡᠭᠳᠡᠢ᠃
      ᠳᠠᠪᠤ᠂ ᠳᠤᠷᠰᠢᠯᠳᠠ ᠵᠢᠨ ᠴᠢᠭ᠎ᠢ ᠬᠦᠨᠵᠡᠭᠡᠢ᠌ᠷᠡᠬᠦᠯᠬᠦ ᠬᠤᠭᠤᠴᠠᠭ᠋ᠠᠨ᠎ᠳᠤ᠂ ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠳᠦᠷᠢᠮ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠢᠴᠢᠭ ᠮᠠᠲᠸᠷᠢᠶᠠᠯ ᠪᠤᠯᠤᠨ ᠳᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠬᠦᠯᠦᠭᠰᠡᠨ ᠰᠠᠯᠠᠭ᠎ᠠ ᠮᠦᠴᠢᠷ᠎ᠤᠨ ᠳᠦᠷᠢᠮ ᠳᠤᠭᠳᠠᠭ᠋ᠠᠯ᠎ᠤᠨ ᠭᠡᠰᠡᠭ ᠳᠤᠭᠳᠠᠭ᠋ᠠᠯ᠎ᠳᠤ ᠳᠦᠷ ᠴᠠᠭ᠎ᠤᠨ ᠳᠤᠬᠢᠷᠠᠭᠤᠯᠤᠯᠳᠠ ᠬᠢᠵᠤ ᠭᠡᠷᠡᠭᠵᠢᠬᠦᠯᠦᠨ᠎ᠠ᠃ ᠪᠤᠳᠠᠳᠠᠢ ᠵᠦᠢ᠍ᠯ᠎ᠢ ᠳᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠠᠰ ᠵᠶ᠋ᠡᠷ᠎ᠨᠢ ᠳᠤᠭᠳᠠᠭ᠋ᠠᠨ᠎ᠠ᠃ ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ 《ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠠ ᠵᠢ ᠠ᠋ᠬᠦᠳᠤᠨ ᠬᠦᠭᠵᠢᠬᠦᠯᠬᠦ ᠳᠤᠷᠰᠢᠯᠳᠠ ᠵᠢᠨ ᠴᠢᠭ᠎ᠢ ᠬᠦᠨᠵᠡᠭᠡᠢ᠌ᠷᠡᠬᠦᠯᠬᠦ ᠶᠡᠷᠦᠩᠭᠡᠢ ᠳᠦᠰᠦᠯ》᠎ᠢ ᠦᠨᠳᠦᠰᠦᠯᠡᠨ᠂ ᠳᠤᠰ ᠰᠠᠯᠠᠭ᠎ᠠ ᠮᠦᠴᠢᠷ᠎ᠤᠨ ᠳᠤᠭᠳᠠᠭ᠋ᠠᠭᠰᠠᠨ ᠳᠦᠷᠢᠮ ᠳᠤᠭᠳᠠᠭ᠋ᠠᠯ ᠪᠤᠯᠤᠨ ᠳᠦᠷᠢᠮᠵᠢᠭᠰᠡᠨ ᠴᠢᠨᠠᠷ᠎ᠲᠠᠢ ᠪᠢᠴᠢᠭ ᠮᠠᠲᠸᠷᠢᠶᠠᠯ᠎ᠳᠤ᠎ᠪᠠᠨ ᠵᠤᠬᠢᠬᠤ ᠳᠤᠬᠢᠷᠠᠭᠤᠯᠤᠯᠳᠠ ᠬᠢᠬᠦ ᠭᠡᠷᠡᠭᠳᠡᠢ᠃ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠨᠢ ᠳᠤᠷᠰᠢᠯᠳᠠ ᠵᠢᠨ ᠴᠢᠭ᠎ᠢ ᠬᠦᠨᠵᠡᠭᠡᠢ᠌ᠷᠡᠬᠦᠯᠬᠦ ᠶᠠᠪᠤᠴᠠ᠎ᠳᠠᠬᠢ ᠴᠢᠬᠤᠯᠠ ᠶᠡᠭᠡ ᠠᠰᠠᠭᠤᠳᠠᠯ᠎ᠢ ᠳᠠᠷᠤᠢ᠎ᠳᠤ᠎ᠨᠢ ᠳᠦᠷᠦ ᠵᠢᠨ ᠶᠠᠪᠤᠳᠠᠯ᠎ᠤᠨ ᠬᠤᠷᠢᠶᠠᠨ᠎ᠳᠤ ᠮᠡᠳᠡᠬᠦᠯᠵᠤ ᠵᠢᠭ᠋ᠠᠪᠤᠷᠢ ᠠᠪᠬᠤ ᠭᠡᠷᠡᠭᠳᠡᠢ᠃
      ᠳᠦᠷᠦ ᠵᠢᠨ ᠶᠠᠪᠤᠳᠠᠯ᠎ᠤᠨ ᠬᠤᠷᠢᠶ᠎ᠠ
     2018 ᠤᠨ᠎ᠤ 6 ᠳ᠋ᠤᠭ᠋ᠠᠷ ᠰᠠᠷ᠎ᠠ ᠵᠢᠨ 1᠎ᠤ ᠠ᠋ᠳᠤᠷ

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠤᠰᠢᠶᠠᠯ᠎ᠳᠤ ᠳᠤᠮᠢᠯᠠᠵᠤ ᠳᠤᠰᠢᠶᠠᠯ᠎ᠠᠴᠠ ᠪᠠᠭᠤᠯᠭ᠋ᠠᠬᠤ ᠮᠡᠳᠡᠭᠳᠡᠯ
ᠸᠠᠩ ᠶᠦᠩ ᠠ᠋ᠾᠸᠨᠡᠨ᠎ᠤ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ ᠪᠤᠯᠤᠨ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠦᠭᠡᠷᠡᠴᠢᠯᠡᠯᠳᠡ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠯᠢ ᠺᠸ ᠴᠢᠶᠠᠩ 《ᠬᠤᠶᠠᠷ᠎ᠢ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ ᠨᠢᠭᠡ ᠵᠢ ᠢᠯᠡ ᠪᠤᠯᠭ᠋ᠠᠬᠤ》 ᠵᠢ ᠴᠢᠬᠤᠯᠠᠴᠢᠯᠠᠪᠠ
ᠯᠢ ᠺᠸ ᠴᠢᠶᠠᠩ᠄ ᠠᠷᠠᠳ ᠤᠯᠠᠨ᠎ᠢ ᠭᠡᠷᠡᠴᠢᠯᠡᠬᠦ ᠤᠴᠢᠷ᠎ᠲᠤ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ
ᠯᠢ ᠺᠸ ᠴᠢᠶᠠᠩ᠄ ᠢᠳᠡᠭᠡᠮᠵᠢ᠎ᠪᠠᠨ ᠠᠯᠳᠠᠭᠰᠠᠳ᠎ᠢ ᠨᠡᠢ᠌ᠭᠡᠮ ᠳᠡᠭᠡᠷ᠎ᠠ ᠶᠠᠪᠤᠬᠤ ᠵᠢᠨ ᠠᠷᠭ᠎ᠠ ᠦᠭᠡᠢ ᠪᠤᠯᠭ᠋ᠠᠬᠤ ᠭᠡᠷᠡᠭᠳᠡᠢ
 
            