ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠦᠷᠦ ᠵᠢᠨ ᠶᠠᠪᠤᠳᠠᠯ᠎ᠤᠨ ᠬᠤᠷᠢᠶᠠᠨ᠎ᠤ ᠮᠦᠩᠬᠦᠨ ᠬᠦᠢ᠍ᠯᠭᠡᠭᠡ ᠵᠢ ᠳᠤᠭᠳᠠᠭᠤᠨ ᠵᠶ᠋ᠡᠷ ᠬᠦᠭᠵᠢᠬᠦᠯᠬᠦ ᠵᠦᠪᠯᠡᠯ ᠬᠤᠶᠠᠳᠤᠭ᠋ᠠᠷ ᠤᠳᠠᠭ᠋ᠠᠨ᠎ᠤ ᠬᠤᠷᠠᠯ ᠬᠢᠪᠡ
ᠨᠡᠶᠢᠲᠡᠯᠡᠭᠰᠡᠨ ᠴᠠᠭ᠄ 2018-11-08

               
      ᠤᠢ᠌ᠷ᠎ᠠ᠎ᠳᠤ ᠳᠦᠷᠦ ᠵᠢᠨ ᠶᠠᠪᠤᠳᠠᠯ᠎ᠤᠨ ᠬᠤᠷᠢᠶᠠᠨ᠎ᠤ ᠮᠦᠩᠬᠦᠨ ᠬᠦᠢ᠍ᠯᠭᠡᠭᠡ ᠵᠢ ᠳᠤᠭᠳᠠᠭᠤᠨ ᠵᠶ᠋ᠡᠷ ᠬᠦᠭᠵᠢᠬᠦᠯᠬᠦ ᠵᠦᠪᠯᠡᠯ ᠬᠤᠶᠠᠳᠤᠭ᠋ᠠᠷ ᠤᠳᠠᠭ᠋ᠠᠨ᠎ᠤ ᠬᠤᠷᠠᠯ ᠬᠢᠵᠤ᠂ ᠤᠳᠤᠬᠠᠨ᠎ᠤ ᠠᠵᠤ ᠠᠬᠤᠢ ᠮᠦᠩᠬᠦᠨ ᠬᠦᠢ᠍ᠯᠭᠡᠭᠡᠨ᠎ᠤ ᠪᠠᠢ᠌ᠳᠠᠯ᠎ᠢ ᠵᠠᠳᠠᠯᠤᠨ᠂ ᠵᠤᠭᠤᠰᠤᠨ᠎ᠤ ᠳᠦᠷᠦ ᠵᠢᠨ ᠪᠤᠳᠤᠯᠭ᠎ᠠ ᠵᠢᠨ ᠳᠠᠮᠵᠢᠭᠤᠯᠬᠤ ᠳᠤᠭᠳᠠᠴᠠ ᠵᠢ ᠤᠯᠠᠮ ᠵᠶ᠋ᠡᠷ ᠰᠢᠯᠤᠭᠤᠳᠬᠠᠵᠤ᠂ ᠪᠤᠳᠠᠳᠤ ᠴᠤᠭᠴᠠ ᠵᠢᠨ ᠠᠵᠤ ᠠᠬᠤᠢ᠎ᠳᠤ ᠦᠢ᠍ᠯᠡᠴᠢᠯᠡᠬᠦ ᠴᠢᠳᠠᠪᠤᠷᠢ ᠵᠢ ᠨᠡᠮᠡᠭᠳᠡᠬᠦᠯᠬᠦ ᠠᠰᠠᠭᠤᠳᠠᠯ᠎ᠢ ᠭᠤᠤᠯᠳᠠᠯᠭ᠎ᠠ᠎ᠲᠠᠢ ᠰᠤᠳᠤᠯᠤᠨ ᠶᠠᠷᠢᠯᠴᠠᠵᠠᠢ᠃ ᠬᠤᠷᠠᠯ᠎ᠢ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠮᠦᠩᠬᠦᠨ ᠬᠦᠢ᠍ᠯᠭᠡᠭᠡ ᠵᠢ ᠳᠤᠭᠳᠠᠭᠤᠨ ᠵᠶ᠋ᠡᠷ ᠬᠦᠭᠵᠢᠬᠦᠯᠬᠦ ᠵᠦᠪᠯᠡᠯ᠎ᠤᠨ ᠠ᠋ᠷᠬᠢᠯᠡᠭᠴᠢ ᠯᠢᠦ ᠠ᠋ᠾᠸ ᠠ᠋ᠷᠬᠢᠯᠡᠪᠡ᠃
      ᠬᠤᠷᠠᠯ᠎ᠠᠴᠠ ᠤᠳᠤᠬᠠᠨ᠎ᠤ ᠮᠦᠩᠬᠦᠨ ᠬᠦᠢ᠍ᠯᠭᠡᠭᠡ ᠵᠢᠨ ᠪᠠᠢ᠌ᠳᠠᠯ ᠶᠡᠷᠦᠩᠭᠡᠢ᠎ᠳᠤ᠎ᠪᠠᠨ ᠰᠠᠢ᠌ᠨ ᠪᠠᠢ᠌ᠵᠤ᠂ ᠬᠤᠷᠸ᠎ᠠ ᠬᠦᠰᠢᠬᠦᠷᠭᠡ ᠳᠤᠭᠳᠠᠭᠤᠨ᠂ ᠵᠠᠬ᠎ᠠ ᠳᠡᠯᠭᠡᠬᠦᠷ᠎ᠤᠨ ᠵᠢᠱ᠌ᠢᠯᠳᠡ ᠢᠯᠡᠷᠭᠡᠢ ᠬᠤᠪᠢᠷᠠᠯᠳᠠ᠎ᠲᠠᠢ ᠪᠤᠯᠵᠤ᠂ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠳᠦᠷᠢᠮ ᠳᠤᠭᠳᠠᠭ᠋ᠠᠯ᠎ᠢ ᠵᠢᠷᠤᠮᠯᠠᠬᠤ ᠤᠬᠠᠮᠰᠠᠷ ᠳᠡᠭᠡᠭᠰᠢᠯᠡᠨ᠂ ᠪᠠᠯᠠᠮᠠᠳ ᠭᠡᠷᠴᠡᠭᠡᠢ᠎ᠪᠠᠷ ᠳᠦᠷᠢᠬᠦ᠂ ᠬᠠᠤᠯᠢ ᠪᠤᠰᠤ᠎ᠪᠠᠷ ᠵᠤᠭᠤᠰ ᠴᠤᠭᠯᠠᠭᠤᠯᠬᠤ ᠵᠡᠷᠭᠡ ᠮᠦᠩᠬᠦᠨ ᠬᠦᠢ᠍ᠯᠭᠡᠭᠡᠨ᠎ᠤ ᠰᠠᠮᠠᠭᠤᠨ ᠪᠠᠢ᠌ᠳᠠᠯ ᠠᠩᠬ᠎ᠠ ᠠᠯᠬᠤᠮ ᠬᠢᠵᠠᠭ᠋ᠠᠷᠯᠠᠭᠳᠠᠵᠤ᠂ ᠮᠦᠩᠬᠦᠨ ᠬᠦᠢ᠍ᠯᠭᠡᠭᠡᠨ᠎ᠤ ᠠᠶᠤᠯ ᠳᠦᠭᠰᠢᠬᠦᠷᠢ ᠵᠢᠨ ᠳᠠᠷᠬᠠᠨ ᠳᠡᠯᠭᠡᠷᠡᠬᠦ ᠪᠠᠢ᠌ᠳᠠᠯ ᠪᠠᠭ᠋ᠠᠰᠬᠤ ᠪᠠᠢ᠌ᠳᠠᠯ ᠳᠡᠰᠢ ᠬᠤᠪᠢᠷᠠᠵᠤ ᠪᠠᠢ᠌ᠨ᠎ᠠ᠃ ᠠ᠋ᠬᠦᠨ᠎ᠤ ᠵᠡᠷᠭᠡᠪᠡᠷ ᠮᠠᠨ᠎ᠤ ᠤᠯᠤᠰ᠎ᠤᠨ ᠠᠵᠤ ᠠᠬᠤᠢ ᠮᠦᠨ ᠰᠢᠨ᠎ᠠ ᠬᠠᠭᠤᠴᠢᠨ ᠬᠦᠳᠡᠯᠭᠡᠬᠦ ᠴᠢᠳᠠᠪᠤᠷᠢ ᠵᠢᠨ ᠰᠤᠯᠢᠭᠳᠠᠯ᠎ᠤᠨ ᠬᠤᠭᠤᠴᠠᠭ᠋ᠠᠨ᠎ᠳᠤ ᠤᠷᠤᠰᠢᠵᠤ᠂ ᠤᠷᠳᠤ ᠬᠤᠭᠤᠴᠠᠭ᠋ᠠᠨ᠎ᠳᠤ ᠬᠤᠷᠠᠮᠳᠤᠭᠰᠠᠨ ᠮᠦᠩᠬᠦᠨ ᠬᠦᠢ᠍ᠯᠭᠡᠭᠡᠨ᠎ᠤ ᠠᠶᠤᠯ ᠳᠦᠭᠰᠢᠬᠦᠷᠢ ᠮᠦᠨ ᠤᠯᠠᠨᠳᠠ ᠠ᠋ᠬᠦᠰᠬᠦ ᠬᠤᠭᠤᠴᠠᠭ᠋ᠠᠨ᠎ᠳᠤ ᠤᠷᠤᠰᠢᠵᠤ᠂ ᠢᠳᠡᠪᠬᠢᠳᠡᠢ ᠳᠤᠭᠳᠠᠭᠤᠨ ᠪᠦᠭᠡᠳ ᠨᠡᠩ ᠤᠨᠤᠪᠴᠢᠳᠠᠢ᠎ᠪᠠᠷ ᠠᠷᠭ᠋ᠠᠴᠠᠬᠤ ᠴᠢᠬᠤᠯᠠ᠎ᠲᠠᠢ ᠮᠦᠷᠳᠡᠭᠡᠨ ᠠᠵᠤ ᠠᠬᠤᠢ ᠵᠢᠨ ᠪᠤᠳᠠᠳᠤ ᠴᠤᠭᠴᠠ᠎ᠳᠤ ᠦᠢ᠍ᠯᠡᠴᠢᠯᠡᠬᠦ ᠴᠢᠳᠠᠪᠤᠷᠢ ᠪᠤᠯᠤᠨ ᠬᠢᠷᠢ ᠳᠦᠪᠰᠢᠨ ᠵᠶ᠋ᠡᠨ ᠳᠡᠭᠡᠭᠰᠢᠯᠡᠬᠦᠯᠬᠦ ᠴᠢᠬᠤᠯᠠ᠎ᠲᠠᠢ ᠪᠠᠢ᠌ᠬᠤ ᠵᠢ ᠤᠯᠵᠤ ᠬᠠᠷᠠᠬᠤ ᠭᠡᠷᠡᠭᠳᠡᠢ ᠭᠡᠵᠤ ᠦᠵᠡᠵᠡᠢ᠃
      ᠬᠤᠷᠠᠯ᠎ᠠᠴᠠ ᠤᠳᠤᠬᠠᠨ᠎ᠤ ᠮᠦᠩᠬᠦᠨ ᠬᠦᠢ᠍ᠯᠭᠡᠭᠡᠨ᠎ᠤ ᠠᠵᠢᠯ᠎ᠢ ᠰᠠᠢ᠌ᠳᠤᠷ ᠬᠢᠵᠤ᠂ ᠵᠤᠭᠤᠰᠤᠨ᠎ᠤ ᠳᠦᠷᠦ ᠵᠢᠨ ᠪᠤᠳᠤᠯᠭ᠎ᠠ ᠵᠢᠨ ᠳᠡᠮᠵᠢᠭᠤᠯᠬᠤ ᠳᠤᠭᠳᠠᠴᠠ ᠵᠢ ᠤᠯᠠᠮ ᠵᠶ᠋ᠡᠷ ᠰᠢᠯᠤᠭᠤᠳᠬᠠᠬᠤ᠎ᠳᠤ ᠠ᠋ᠷᠭᠡᠪᠰᠢ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠪᠠᠢ᠌ᠷᠢᠯᠠᠭᠤᠯᠤᠯᠳᠠ ᠵᠢ ᠵᠢᠷᠤᠮᠯᠠᠨ᠂ ᠳᠤᠤᠷᠠᠬᠢ ᠭᠡᠳᠤᠨ ᠳᠠᠯ᠎ᠠ ᠵᠢ ᠭᠤᠤᠯᠳᠠᠯᠭ᠎ᠠ᠎ᠲᠠᠢ ᠠᠳᠬᠤᠬᠤ ᠭᠡᠷᠡᠭᠳᠡᠢ᠄ ᠨᠢᠭᠡ᠎ᠳᠤ ᠳᠤᠭᠳᠠᠭᠤᠨ ᠨᠡᠮᠡᠭᠳᠡᠯ ᠪᠡ ᠠᠶᠤᠯ ᠳᠦᠭᠰᠢᠬᠦᠷᠢ ᠵᠢ ᠰᠡᠷᠭᠡᠢ᠌ᠯᠡᠬᠦ ᠬᠠᠷᠢᠴᠠᠭ᠎ᠠ ᠵᠢ ᠰᠠᠢ᠌ᠳᠤᠷ ᠰᠢᠢ᠍ᠳᠪᠤᠷᠢᠯᠡᠬᠦ ᠭᠡᠷᠡᠭᠳᠡᠢ; ᠬᠤᠶᠠᠷ᠎ᠲᠤ ᠬᠤᠷᠸ᠎ᠠ ᠶᠡᠷᠦᠩᠭᠡᠢ ᠭᠡᠮᠵᠢᠶ᠎ᠡ ᠪᠠ ᠪᠢᠴᠢᠯ ᠢᠳᠡᠭᠡᠮᠵᠢᠳᠤ ᠵᠢᠭᠡᠯᠡᠯᠭᠡ ᠵᠢᠨ ᠬᠠᠷᠢᠴᠠᠭ᠎ᠠ ᠵᠢ ᠰᠠᠢ᠌ᠳᠤᠷ ᠰᠢᠢ᠍ᠳᠪᠤᠷᠢᠯᠡᠬᠦ ᠭᠡᠷᠡᠭᠳᠡᠢ; ᠭᠤᠷᠪᠠ᠎ᠳᠤ ᠠ᠋ᠳ᠋᠎ᠤᠨ ᠵᠠᠰᠠᠭ᠎ᠤᠨ ᠳᠦᠷᠦ ᠵᠢᠨ ᠪᠤᠳᠤᠯᠭ᠎ᠠ ᠵᠢᠨ ᠢᠳᠡᠪᠬᠢᠳᠡᠢ ᠦᠢ᠍ᠯᠡᠳᠤᠯ᠎ᠢ ᠰᠠᠢ᠌ᠳᠤᠷ ᠪᠠᠳᠠᠷᠠᠭᠤᠯᠤᠨ᠂ ᠤᠯᠤᠰ᠎ᠤᠨ ᠵᠢᠭᠡᠯᠡᠯᠭᠡ᠂ ᠭᠠᠢ᠌ᠯᠢ ᠵᠢ ᠬᠠᠰᠤᠬᠤ ᠵᠡᠷᠭᠡ ᠳᠦᠷᠦ ᠵᠢᠨ ᠪᠤᠳᠤᠯᠭ᠎ᠠ ᠵᠢ ᠰᠠᠢ᠌ᠳᠤᠷ ᠠᠰᠢᠭᠯᠠᠵᠤ᠂ ᠪᠠᠳᠤᠯᠠᠨ ᠳᠠᠭ᠋ᠠᠭ᠋ᠠᠴᠢᠯᠠᠬᠤ ᠳᠤᠭᠳᠠᠴᠠ ᠵᠢ ᠰᠠᠢ᠌ᠳᠤᠷ ᠠᠰᠢᠭᠯᠠᠬᠤ ᠭᠡᠷᠡᠭᠳᠡᠢ; ᠳᠦᠷᠪᠡ᠎ᠳᠤ ᠮᠦᠩᠬᠦᠨ ᠬᠦᠢ᠍ᠯᠭᠡᠭᠡᠨ᠎ᠤ ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠤ᠂ ᠳᠤᠮᠤ ᠳᠤᠮᠳᠠ ᠪᠠᠭ᠎ᠠ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠠ᠋ᠷᠡᠬᠦᠯ ᠬᠦᠭᠵᠢᠯᠳᠡ ᠵᠢ ᠳᠡᠬᠦᠯᠳᠡᠷᠵᠢᠬᠦᠯᠬᠦ ᠭᠡᠷᠡᠭᠳᠡᠢ; ᠳᠠᠪᠤ᠎ᠳᠤ ᠵᠦᠪ ᠴᠢᠭᠯᠡᠯᠳᠤ ᠵᠤᠷᠢᠭᠵᠢᠭᠤᠯᠤᠯ᠎ᠤᠨ ᠳᠤᠭᠳᠠᠴᠠ ᠵᠢ ᠳᠡᠬᠦᠯᠳᠡᠷᠵᠢᠬᠦᠯᠦᠨ᠂ ᠮᠦᠩᠬᠦᠨ ᠬᠦᠢ᠍ᠯᠭᠡᠭᠡᠨ᠎ᠤ ᠬᠦᠷᠢᠶ᠎ᠠ ᠴᠠᠷᠠᠭ᠎ᠠ ᠵᠢᠨ ᠬᠦᠮᠦᠰ᠎ᠤᠨ ᠢᠳᠡᠪᠬᠢᠵᠢᠯ᠎ᠢ ᠬᠦᠢ᠍ᠴᠡᠳ ᠳᠠᠢ᠌ᠴᠢᠯᠠᠵᠤ᠂ ᠠᠮᠵᠢᠯᠳᠠ ᠪᠦᠳᠦᠮᠵᠢ ᠭᠠᠷᠭ᠋ᠠᠭᠰᠠᠳ᠎ᠢ ᠰᠠᠢ᠌ᠰᠢᠶᠠᠵᠤ ᠬᠦᠬᠢᠬᠦᠯᠦᠨ᠂ ᠠᠯᠳᠠᠭ᠎ᠠ ᠪᠤᠷᠤᠭᠤ᠎ᠪᠠᠨ ᠳᠠᠨᠢᠵᠤ ᠵᠠᠯᠠᠷᠠᠭᠤᠯᠤᠭᠰᠠᠳ᠎ᠢ ᠵᠤᠷᠢᠭᠵᠢᠭᠤᠯᠬᠤ ᠭᠡᠷᠡᠭᠳᠡᠢ; ᠵᠢᠷᠭᠤᠭ᠎ᠠ᠎ᠳᠤ ᠬᠠᠤᠯᠢ ᠪᠤᠰᠤ ᠮᠦᠩᠬᠦᠨ ᠬᠦᠢ᠍ᠯᠭᠡᠭᠡᠨ᠎ᠤ ᠠᠵᠢᠯᠯᠠᠭ᠎ᠠ ᠪᠤᠯᠤᠨ ᠬᠠᠤᠯᠢ ᠪᠤᠰᠤ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ᠎ᠳᠤ ᠴᠤᠬᠢᠯᠳᠠ ᠦᠭᠬᠦ ᠳᠤᠰᠬᠠᠢ ᠠᠵᠢᠯᠯᠠᠭ᠎ᠠ ᠵᠢ ᠦᠷᠬᠦᠯᠵᠢᠯᠡᠨ ᠦᠷᠨᠢᠬᠦᠯᠵᠤ᠂ ᠪᠡᠯᠡ ᠤᠷᠤᠭᠤᠯᠤᠭᠰᠠᠳ᠎ᠤᠨ ᠠ᠋ᠷᠭᠡ ᠠᠰᠢᠭ᠎ᠢ ᠬᠠᠤᠯᠢ ᠶᠤᠰᠤ᠎ᠪᠠᠷ ᠬᠠᠮᠠᠭ᠋ᠠᠯᠠᠨ᠂ ᠮᠦᠩᠬᠦᠨ ᠬᠦᠢ᠍ᠯᠭᠡᠭᠡ ᠪᠤᠯᠤᠨ ᠨᠡᠢ᠌ᠭᠡᠮ᠎ᠤᠨ ᠠᠮᠤᠷ ᠳᠤᠭᠳᠠᠭᠤᠨ᠎ᠢ ᠬᠠᠮᠠᠭ᠋ᠠᠯᠠᠬᠤ ᠭᠡᠷᠡᠭᠳᠡᠢ ᠭᠡᠵᠤ ᠱᠠᠭ᠋ᠠᠷᠳᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠠᠩᠭ᠍ᠯᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠠ᠋ᠾᠸᠩᠲᠸ᠎ᠲᠠᠢ ᠠᠭᠤᠯᠵᠠᠪᠠ
ᠯᠢ ᠺᠸ ᠴᠢᠶᠠᠩ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠪᠠᠭᠰᠢ ᠨᠡᠷ᠎ᠤᠨ ᠬᠠᠤᠯᠢ ᠶᠤᠰᠤᠨ᠎ᠤ ᠴᠠᠯᠢᠩ ᠤᠯᠭᠤᠮᠵᠢ ᠵᠢ ᠨᠡᠢ᠌ᠳᠡᠪᠤᠷᠢᠵᠢᠭᠤᠯᠬᠤ ᠵᠢ ᠰᠢᠪᠠᠳᠠᠨ᠂ ᠪᠠᠷᠢᠮᠵᠢᠶ᠎ᠠ᠎ᠳᠤ ᠬᠦᠷᠦᠭᠰᠡᠨ ᠦᠭᠡᠢ ᠮᠤᠵᠢ ᠤᠷᠤᠨ᠎ᠢ ᠬᠤᠭᠤᠴᠠᠭ᠎ᠠ ᠳᠤᠭᠳᠠᠭ᠋ᠠᠨ ᠵᠠᠰᠠᠵᠤ ᠴᠡᠭᠴᠡᠯᠠᠨ ᠪᠠᠷᠢᠮᠵᠢᠶ᠎ᠠ᠎ᠳᠤ ᠬᠦᠷᠭᠡᠬᠦ ᠭᠡᠷᠡᠭᠳᠡᠢ ᠭᠡᠵᠡᠢ
ᠯᠢ ᠺᠸ ᠴᠢᠶᠠᠩ ᠪᠤᠯᠤᠨ ᠮᠤᠺᠸᠷ ᠬᠠᠮᠳᠤᠪᠠᠷ ᠳᠠᠪᠤᠳᠡᠬᠢ ᠠ᠋ᠭᠡᠯᠵᠢ ᠵᠢᠨ ᠳᠤᠮᠳᠠᠳᠤ ᠭ᠋ᠸᠷᠮᠡᠨ᠎ᠤ ᠵᠠᠰᠠᠭ᠎ᠤᠨ ᠤᠷᠳᠤᠨ᠎ᠤ ᠵᠦᠪᠳᠡᠯᠴᠡᠭᠡᠷ᠎ᠢ ᠠ᠋ᠷᠬᠢᠯᠡᠬᠦ᠎ᠳᠤ᠎ᠪᠠᠨ ᠢᠷᠡᠭᠡᠳᠦᠢ᠎ᠳᠤ ᠬᠠᠨᠳᠤᠨ ᠬᠠᠷᠢᠯᠴᠠᠨ ᠴᠢᠯᠦᠭᠡᠳᠡᠢ ᠶᠠᠪᠤᠯᠴᠠᠵᠤ ᠬᠤᠷᠰᠢᠨ ᠠᠵᠢᠯᠯᠠᠵᠤ ᠬᠠᠮᠳᠤᠪᠠᠷ ᠠᠰᠢᠭ ᠬᠦᠷᠳᠡᠬᠦ ᠵᠢ ᠴᠢᠬᠤᠯᠠᠴᠢᠯᠠᠵᠠᠢ
ᠳᠤᠮᠳᠠᠳᠤ ᠭ᠋ᠸᠷᠮᠡᠨ᠎ᠤ ᠶᠡᠷᠦᠩᠭᠡᠢ ᠰᠠᠢ᠌ᠳ ᠴᠢᠯᠦᠭᠡᠳᠤ ᠠᠷᠠᠯᠵᠢᠶ᠎ᠠ ᠵᠢ ᠬᠦᠭᠵᠢᠬᠦᠯᠬᠦ᠎ᠪᠠᠷ ᠬᠠᠮᠳᠤᠪᠠᠷ ᠭᠦᠴᠤᠯᠡᠨ ᠴᠢᠷᠮᠠᠢ᠌ᠬᠤ ᠭᠡᠰᠡᠨ᠎ᠨᠢ ᠤᠯᠠᠨ ᠤᠯᠤᠰ᠎ᠤᠨ ᠵᠠᠭᠤᠴᠢᠯᠠᠭᠤᠷ᠎ᠤᠨ ᠠᠩᠬᠠᠷᠤᠯ᠎ᠢ ᠶᠡᠭᠡᠳᠡ ᠳᠡᠳᠡᠪᠠ
ᠬᠠᠨ ᠵᠸᠩ ᠤᠯᠤᠰ᠎ᠤᠨ ᠡᠮ ᠠ᠋ᠮᠨᠡᠯᠭᠡ ᠵᠢᠨ ᠪᠠᠳᠤᠯᠠᠪᠤᠷᠢ ᠵᠢᠨ ᠳᠤᠪᠴᠢᠶᠠᠨ᠎ᠳᠤ ᠪᠠᠢ᠌ᠴᠠᠭ᠋ᠠᠨ ᠰᠤᠳᠤᠯᠵᠤ ᠨᠡᠢ᠌ᠭᠡᠮ᠎ᠤᠨ ᠠᠩᠬᠠᠷᠴᠤ ᠪᠠᠢ᠌ᠭ᠎ᠠ ᠵᠦᠢ᠍ᠯ᠎ᠢ ᠢᠳᠡᠪᠬᠢᠳᠡᠢ ᠰᠢᠢ᠍ᠳᠪᠤᠷᠢᠯᠡᠨ ᠡᠪᠡᠳᠴᠢᠳᠠᠨ᠎ᠤ ᠠ᠋ᠮᠨᠡᠬᠦᠯᠬᠦ ᠵᠢ ᠪᠠᠳᠤᠯᠠᠵᠤ ᠠᠷᠠᠳ ᠤᠯᠠᠨ᠎ᠤ ᠬᠦᠷᠳᠡᠮᠵᠢ ᠵᠢᠨ ᠳᠦᠷᠦᠭᠳᠡᠯ ᠵᠤᠯ ᠵᠢᠷᠭ᠋ᠠᠯ᠎ᠤᠨ ᠳᠦᠷᠦᠭᠳᠡᠯ ᠠᠮᠤᠷ ᠳᠦᠪᠰᠢᠨ᠎ᠤ ᠳᠦᠷᠦᠭᠳᠡᠯ᠎ᠢ ᠨᠡᠮᠡᠭᠳᠡᠬᠦᠯᠬᠦ ᠭᠡᠷᠡᠭᠳᠡᠢ ᠭᠡᠵᠤ ᠱᠠᠭ᠋ᠠᠷᠳᠠᠪᠠ
 
            