ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠤᠮᠳᠠᠳᠤ ᠤᠯᠤᠰ᠎ᠤᠨ ᠭᠠᠵᠠᠷ ᠬᠦᠳᠡᠯᠦᠯᠳᠡ ᠵᠢᠨ ᠳᠤᠪᠴᠢᠶ᠎ᠠ ᠵᠡᠷᠭᠡ ᠪᠠᠢ᠌ᠭᠤᠯᠤᠮᠵᠢ ᠵᠢᠨ ᠳᠤᠬᠢᠷᠠᠭᠤᠯᠤᠯᠳᠠ ᠵᠢᠨ ᠳᠤᠬᠠᠢ ᠮᠡᠳᠡᠭᠳᠡᠯ ᠳᠦᠷᠦ ᠵᠢᠨ ᠪᠢᠴᠢᠭ (2018) 85 ᠨᠤᠮᠸᠷᠳᠤ
ᠨᠡᠶᠢᠲᠡᠯᠡᠭᠰᠡᠨ ᠴᠠᠭ᠄ 2018-11-08

             
ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠡᠯ᠎ᠡ ᠭᠡᠯᠳᠡᠰ ᠵᠦᠪᠯᠡᠯ᠂ ᠡᠯ᠎ᠡ ᠰᠢᠭᠤᠳ ᠬᠠᠷᠢᠶ᠎ᠠ ᠪᠠᠢ᠌ᠭᠤᠯᠤᠮᠵᠢ᠄
      ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠳᠦᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ ᠪᠠᠳᠤᠯᠠᠭᠰᠠᠨ 《ᠨᠠᠮ ᠪᠠ ᠳᠦᠷᠦ ᠵᠢᠨ ᠪᠠᠢ᠌ᠭᠤᠯᠤᠮᠵᠢ ᠵᠢᠨ ᠦᠭᠡᠷᠡᠴᠢᠯᠡᠯᠳᠡ ᠵᠢ ᠭᠦᠨᠵᠡᠭᠡᠢ᠌ᠷᠡᠭᠦᠯᠬᠦ ᠳᠤᠬᠠᠢ ᠳᠦᠰᠦᠯ》᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠠᠴᠠ ᠪᠠᠳᠤᠯᠠᠭᠰᠠᠨ 《ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠭᠤᠯᠤᠮᠵᠢ ᠵᠢᠨ ᠦᠭᠡᠷᠡᠴᠢᠯᠡᠯᠳᠡ ᠵᠢᠨ ᠳᠦᠰᠦᠯ》᠎ᠤᠨ ᠬᠤᠯᠪᠤᠭᠳᠠᠯ ᠪᠦᠬᠦᠢ ᠵᠤᠷᠢᠭ ᠰᠠᠨᠠᠭ᠎ᠠ ᠵᠢ ᠦᠨᠳᠦᠰᠦᠯᠡᠨ᠂ ᠳᠤᠮᠳᠠᠳᠤ ᠤᠯᠤᠰ᠎ᠤᠨ ᠭᠠᠵᠠᠷ ᠬᠦᠳᠡᠯᠦᠯᠳᠡ ᠵᠢᠨ ᠳᠤᠪᠴᠢᠶ᠎ᠠ᠂ ᠤᠯᠤᠰ᠎ᠤᠨ ᠪᠠᠢ᠌ᠭ᠋ᠠᠯᠠᠢ ᠵᠢᠨ ᠰᠢᠨᠵᠢᠯᠠᠬᠦ ᠤᠬᠠᠭ᠋ᠠᠨ᠎ᠤ ᠰᠠᠭᠤᠷᠢ ᠮᠦᠩᠬᠦᠨ᠎ᠤ ᠵᠦᠪᠯᠡᠯ᠂ ᠪᠦᠬᠦ ᠤᠯᠤᠰ᠎ᠤᠨ ᠨᠡᠢ᠌ᠭᠡᠮ᠎ᠤᠨ ᠪᠠᠳᠤᠯᠠᠪᠤᠷᠢ ᠵᠢᠨ ᠰᠠᠭᠤᠷᠢ ᠮᠦᠩᠬᠦ ᠵᠢᠨ ᠭᠡᠷᠡᠭ ᠠ᠋ᠷᠭᠢᠯᠡᠭᠴᠢᠳ᠎ᠤᠨ ᠬᠤᠷᠠᠯ᠎ᠤᠨ ᠪᠠᠢ᠌ᠭᠤᠯᠤᠮᠵᠢ᠎ᠳᠤ ᠳᠤᠤᠷ᠎ᠠ ᠮᠠᠳᠤ ᠳᠣᠬᠢᠷᠠᠭᠤᠯᠤᠯᠲᠠ ᠬᠢᠪᠡ᠄
      ᠳᠤᠮᠳᠠᠳᠤ ᠤᠯᠤᠰ᠎ᠤᠨ ᠭᠠᠵᠠᠷ ᠬᠦᠳᠡᠯᠦᠯᠳᠡ ᠵᠢᠨ ᠳᠤᠪᠴᠢᠶ᠎ᠠ ᠵᠢ ᠤᠤᠯ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠠᠢ᠌ᠭᠰᠠᠨ᠎ᠢ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠳᠠ ᠵᠢᠨ ᠶᠠᠮᠤᠨ᠎ᠤ ᠬᠠᠮᠢᠶᠠᠷᠤᠯᠳᠠ᠎ᠳᠠᠬᠢ ᠠᠵᠢᠯ ᠦᠢ᠍ᠯᠡᠰ᠎ᠤᠨ ᠨᠢᠭᠡᠴᠢ (ᠳᠡᠳ᠋ ᠶᠠᠮᠤᠨ ᠳᠡᠰ) ᠪᠤᠯᠭ᠋ᠠᠨ ᠳᠤᠬᠢᠷᠠᠭᠤᠯᠪᠠ; ᠤᠯᠤᠰ᠎ᠤᠨ ᠪᠠᠢ᠌ᠭ᠋ᠠᠯᠠᠢ ᠵᠢᠨ ᠰᠢᠨᠵᠢᠯᠠᠬᠦ ᠤᠬᠠᠭ᠋ᠠᠨ᠎ᠤ ᠰᠠᠭᠤᠷᠢ ᠮᠦᠩᠬᠦᠨ᠎ᠤ ᠵᠦᠪᠯᠡᠯ᠎ᠢ ᠤᠤᠯ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠠᠢ᠌ᠭᠰᠠᠨ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠬᠠᠮᠢᠶᠠᠷᠤᠯᠳᠠ᠎ᠳᠠᠬᠢ ᠠᠵᠢᠯ ᠦᠢ᠍ᠯᠡᠰ᠎ᠤᠨ ᠨᠢᠭᠡᠴᠢ (ᠳᠡᠳ᠋ ᠶᠠᠮᠤᠨ ᠳᠡᠰ) ᠪᠤᠯᠭ᠋ᠠᠨ ᠳᠤᠬᠢᠷᠠᠭᠤᠯᠪᠠ; ᠪᠦᠬᠦ ᠤᠯᠤᠰ᠎ᠤᠨ ᠨᠡᠢ᠌ᠭᠡᠮ᠎ᠤᠨ ᠪᠠᠳᠤᠯᠠᠪᠤᠷᠢ ᠵᠢᠨ ᠰᠠᠭᠤᠷᠢ ᠮᠦᠩᠬᠦ ᠵᠢᠨ ᠭᠡᠷᠡᠭ ᠠ᠋ᠷᠭᠢᠯᠡᠭᠴᠢᠳ᠎ᠤᠨ ᠬᠤᠷᠠᠯ᠎ᠤᠨ ᠪᠠᠢ᠌ᠭᠤᠯᠤᠮᠵᠢ ᠵᠢ ᠤᠤᠯ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠠᠢ᠌ᠭᠰᠠᠨ᠎ᠢ ᠠ᠋ᠳ᠋᠎ᠤᠨ ᠵᠠᠰᠠᠭ᠎ᠤᠨ ᠶᠠᠮᠤᠨ᠎ᠳᠤ ᠬᠠᠮᠢᠶᠠᠷᠤᠭᠤᠯᠬᠤ᠎ᠪᠠᠷ ᠳᠤᠬᠢᠷᠠᠭᠤᠯᠪᠠ᠃
                                                      ᠳᠦᠷᠦ ᠵᠢᠨ ᠶᠠᠪᠤᠳᠠᠯ᠎ᠤᠨ ᠬᠤᠷᠢᠶ᠎ᠠ
                                           2018 ᠤᠨ᠎ᠤ 6 ᠳ᠋ᠤᠭ᠋ᠠᠷ ᠰᠠᠷ᠎ᠠ ᠵᠢᠨ 19᠎ᠤ ᠠ᠋ᠳᠤᠷ

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ ᠬᠢᠯᠢ ᠠᠯᠤᠰᠯᠠᠭᠰᠠᠨ ᠠ᠋ᠯᠸᠺᠲᠷᠤᠨ ᠬᠤᠳᠠᠯᠳᠤᠭ᠋ᠠᠨ᠎ᠤ ᠶᠡᠷᠦᠩᠬᠡᠢ᠌ᠯᠡᠭᠰᠡᠨ ᠳᠤᠷᠰᠢᠯᠳᠠ ᠵᠢᠨ ᠤᠷᠤᠨ᠎ᠢ ᠤᠯᠠᠮ ᠦᠷᠭᠡᠳᠭᠡᠬᠦ᠎ᠪᠠᠷ ᠪᠤᠯᠪᠠ
ᠳᠦᠷᠦ ᠵᠢᠨ ᠶᠠᠪᠤᠳᠠᠯ᠎ᠤᠨ ᠬᠤᠷᠢᠶᠠᠨ᠎ᠤ ᠦᠪᠦᠷ ᠮᠤᠩᠭᠤᠯ᠎ᠤᠨ ᠳ᠋ᠠ ᠠ᠋ᠾᠸᠢ ᠱᠠᠨ ᠠᠭᠤᠯᠠ ᠵᠡᠷᠭᠡ ᠤᠯᠤᠰ᠎ᠤᠨ ᠳᠡᠰ᠎ᠤᠨ 6 ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠳᠤᠬᠢᠷᠠᠭᠤᠯᠤᠯᠳᠠ ᠬᠢᠬᠦ ᠳᠤᠬᠠᠢ ᠮᠡᠳᠡᠭᠳᠡᠯ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ᠎ᠤᠨ ᠪᠢᠴᠢᠭ 〈2018〉 42 ᠨᠤᠮᠸᠷᠳᠤ
ᠸᠠᠩ ᠶᠦᠩ ᠪᠦᠬᠦ ᠤᠯᠤᠰ᠎ᠤᠨ ᠢᠳᠡᠭᠡᠨ᠎ᠤ ᠠᠮᠤᠷ ᠳᠦᠪᠰᠢᠨ᠎ᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠵᠤ ᠮᠤᠷᠠᠯ᠎ᠢ ᠠ᠋ᠷᠭᠢᠮᠯᠡᠨ ᠬᠠᠤᠯᠢ ᠵᠢ ᠰᠠᠬᠢᠵᠤ ᠨᠡᠢ᠌ᠭᠡᠮ᠎ᠢ ᠵᠠᠰᠠᠨ ᠢᠳᠡᠭᠡᠨ᠎ᠤ ᠠᠮᠤᠷ ᠳᠦᠪᠰᠢᠨ᠎ᠢ ᠪᠦᠬᠦ ᠳᠠᠯ᠎ᠠ᠎ᠪᠠᠷ ᠳᠡᠭᠡᠭᠰᠢᠯᠡᠬᠦᠯᠬᠦ ᠵᠢ ᠪᠠᠳᠤᠯᠠᠬᠤ ᠭᠡᠷᠡᠭᠳᠡᠢ ᠭᠡᠪᠡ
ᠯᠢᠦ ᠠ᠋ᠾᠸ ᠠ᠋ᠸᠦᠢ᠍ᠷᠦᠫᠠ ᠳᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠳᠡᠳ᠋ ᠳᠡᠷᠢᠬᠦᠯᠡᠭᠴᠢ ᠺᠠᠲ᠋ᠠᠢ᠌ᠨᠢᠩ᠎ᠲᠠᠢ ᠠᠭᠤᠯᠵᠠᠪᠠ
ᠯᠢ ᠺᠸ ᠴᠢᠶᠠᠩ᠄ ᠳᠤᠮᠳᠠᠳᠤ ᠠ᠋ᠸᠦᠢ᠍ᠷᠦᠫᠠ ᠵᠢᠨ ᠪᠡᠯᠡ ᠤᠷᠤᠭᠤᠯᠤᠯᠳᠠ ᠵᠢᠨ ᠵᠦᠪᠳᠡᠯᠴᠡᠭᠡᠷ ᠰᠢᠨ᠎ᠠ ᠱᠠᠳᠤᠨ᠎ᠳᠤ ᠤᠷᠤᠪᠠ
 
            