ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠵᠤᠤ ᠺᠸ ᡁᠢ ᠪᠦᠬᠦ ᠤᠯᠤᠰ᠎ᠤᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠲᠸᠯᠸᠢᠰ ᠬᠤᠷᠠᠯ ᠳᠡᠭᠡᠷ᠎ᠡ ᠰᠢᠨ᠎ᠠ ᠴᠠᠭ ᠦᠶ᠎ᠡ ᠵᠢᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠰᠢᠨ᠎ᠠ ᠪᠠᠢ᠌ᠳᠠᠯ᠎ᠢ ᠴᠢᠷᠮᠠᠢ᠌ᠨ ᠪᠤᠢ ᠪᠤᠯᠭ᠋ᠠᠰᠤᠭ᠋ᠠᠢ ᠭᠡᠪᠡ
ᠨᠡᠶᠢᠲᠡᠯᠡᠭᠰᠡᠨ ᠴᠠᠭ᠄ 2018-11-27

           
      ᠳᠦᠷᠦ ᠵᠢᠨ ᠶᠠᠪᠤᠳᠠᠯ᠎ᠤᠨ ᠭᠡᠰᠢᠬᠦᠨ᠂ ᠤᠯᠤᠰ᠎ᠤᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠵᠤᠤ ᠺᠸ ᡁᠢ 9 ᠳ᠋ᠤᠭᠡᠷ ᠰᠠᠷ᠎ᠠ ᠵᠢᠨ 29᠎ᠤ ᠠ᠋ᠳᠤᠷ᠎ᠤᠨ ᠬᠤᠷᠠᠯᠳᠤᠭᠰᠠᠨ ᠪᠦᠬᠦ ᠤᠯᠤᠰ᠎ᠤᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠢᠴᠢ ᠪᠦᠬᠦ ᠤᠯᠤᠰ᠎ᠤᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠲᠸᠯᠸᠢᠰ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ᠃
      ᠵᠤᠤ ᠺᠸ ᡁᠢ᠂ ᠨᠠᠮ᠎ᠤᠨ ᠳᠦᠪᠯᠡᠷᠡᠩᠬᠦᠢ ᠨᠢᠭᠡᠳᠤᠯᠳᠠᠢ ᠤᠳᠤᠷᠢᠳᠤᠯᠭ᠎ᠠ ᠵᠢ ᠠ᠋ᠷᠡᠰ ᠭᠣᠢ᠌ᠪᠢᠰᠢ ᠦᠭᠡᠢ ᠪᠠᠷᠢᠮᠳᠠᠯᠠᠵᠤ᠂ ᠨᠡᠢ᠌ᠭᠡᠮ ᠵᠢᠷᠤᠮ᠎ᠤᠨ ᠪᠠᠢ᠌ᠭᠤᠯᠤᠯ᠎ᠤᠨ ᠳᠠᠪᠠᠭᠤᠯᠢᠭ᠎ᠢ ᠬᠦᠢ᠍ᠴᠡᠳ ᠪᠠᠳᠠᠷᠠᠭᠤᠯᠤᠨ᠂ ᠤᠯᠤᠰ᠎ᠤᠨ ᠠᠮᠤᠷ ᠳᠦᠪᠰᠢᠨ᠎ᠤ ᠦᠵᠡᠯᠳᠡ ᠵᠢ ᠠ᠋ᠷᠡᠰ ᠳᠤᠤᠱᠯᠠᠭᠤᠯᠵᠤ᠂ ᠠ᠋ᠬᠢᠨ᠎ᠠᠴᠠ᠎ᠨᠢ ᠵᠠᠰᠠᠨ᠂ ᠰᠦᠷᠳᠡᠬᠦᠯᠦᠯ᠎ᠢ ᠠ᠋ᠰᠡᠷᠬᠦᠴᠡᠬᠦ ᠳᠡᠮᠡᠴᠡᠯ᠎ᠤᠨ ᠵᠢᠮ᠎ᠠ ᠬᠠᠤᠯᠢ ᠵᠢᠨ ᠳᠠᠨᠢᠯᠳᠠ᠎ᠪᠠᠨ ᠳᠠᠰᠤᠷᠠᠯᠳᠠ ᠦᠭᠡᠢ ᠳᠡᠭᠡᠭᠰᠢᠯᠡᠬᠦᠯᠵᠤ᠂ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠢᠳᠡᠪᠬᠢᠳᠤ ᠪᠠᠢ᠌ᠳᠠᠯ᠎ᠢ ᠪᠡᠬᠢᠵᠢᠭᠦᠯᠬᠦ ᠭᠡᠷᠡᠭᠳᠡᠢ᠃ ᠰᠢᠨ᠎ᠠ ᠴᠠᠭ ᠦᠶ᠎ᠡ ᠵᠢᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠰᠢᠨ᠎ᠠ ᠠ᠋ᠬᠦᠷᠭᠡ ᠰᠢᠨ᠎ᠠ ᠱᠠᠭ᠋ᠠᠷᠳᠠᠯᠭ᠎ᠠ ᠵᠢ ᠯᠠᠪᠳᠠᠭᠤᠨ ᠡᠵᠡᠮᠰᠢᠨ᠂ ᠪᠠᠢ᠌ᠯᠳᠤᠬᠤ ᠪᠤᠳᠤᠯᠭ᠎ᠠ ᠵᠢᠨ ᠬᠦᠴᠦᠨ ᠵᠶ᠋ᠡᠨ ᠪᠠᠳᠤᠯᠠᠵᠤ᠂ ᠠᠮᠤᠷ ᠳᠦᠪᠰᠢᠨ ᠪᠠᠢ᠌ᠬᠤ᠎ᠳᠤ᠎ᠪᠠᠨ ᠠᠶᠤᠯ ᠳᠦᠭᠰᠢᠬᠦᠷᠢ ᠵᠢ ᠮᠠᠷᠳᠠᠬᠤ ᠦᠭᠡᠢ ᠪᠡᠢ᠌ᠬᠤ ᠵᠢ ᠪᠠᠷᠢᠮᠳᠠᠯᠠᠨ᠂ ᠰᠦᠷᠳᠡᠬᠦᠯᠦᠯ᠎ᠤᠨ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠬᠦ ᠵᠢ ᠢᠮᠠᠭᠳᠠ ᠪᠠᠷᠢᠮᠳᠠᠯᠠᠵᠤ᠂ ᠰᠦᠷᠳᠡᠬᠦᠯᠦᠯ᠎ᠢ ᠠ᠋ᠰᠡᠷᠬᠦᠴᠡᠬᠦ ᠰᠢᠰᠲᠸᠮ᠎ᠤᠨ ᠰᠡᠷᠭᠡᠢ᠌ᠯᠡᠬᠦ ᠴᠢᠨᠠᠷ ᠪᠤᠯᠤᠨ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠭᠡᠯ᠎ᠢ ᠳᠠᠰᠤᠷᠠᠯᠳᠠ ᠦᠭᠡᠢ ᠴᠢᠩᠭ᠋ᠠᠳᠬᠠᠨ᠂ ᠰᠢᠨᠵᠢᠶᠠᠩ ᠵᠶ᠋ᠡᠷ ᠭᠤᠤᠯ ᠳᠠᠯᠠᠪᠤᠷ ᠪᠤᠯᠭ᠋ᠠᠭᠰᠠᠨ ᠰᠦᠷᠳᠡᠬᠦᠯᠦᠯ᠎ᠢ ᠠ᠋ᠰᠡᠷᠬᠦᠴᠡᠨ ᠳᠤᠭᠳᠠᠭᠤᠨ᠎ᠢ ᠬᠠᠮᠠᠭ᠋ᠠᠯᠠᠬᠤ ᠠᠵᠢᠯ᠎ᠢ ᠪᠦᠬᠦ ᠬᠦᠴᠦᠨ ᠵᠶ᠋ᠡᠷ ᠳᠡᠮᠵᠢᠵᠤ᠂ ᠰᠦᠷᠳᠡᠬᠦᠯᠦᠯ᠎ᠢ ᠠ᠋ᠰᠡᠷᠬᠦᠴᠡᠬᠦ ᠤᠯᠠᠨ ᠤᠯᠤᠰ᠎ᠤᠨ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠴᠢᠳᠠᠪᠤᠷᠢ᠎ᠪᠠᠨ ᠤᠯᠠᠮ ᠵᠶ᠋ᠡᠷ ᠳᠡᠭᠡᠭᠰᠢᠯᠡᠬᠦᠯᠬᠦ ᠭᠡᠷᠡᠭᠳᠡᠢ᠃ ᠬᠠᠷᠢᠭᠤᠴᠠᠯᠭ᠎ᠠ ᠵᠢ ᠴᠢᠩᠭ᠋ᠠᠳᠬᠠᠨ᠂ ᠰᠦᠷᠳᠡᠬᠦᠯᠦᠯ᠎ᠢ ᠠ᠋ᠰᠡᠷᠬᠦᠴᠡᠬᠦ ᠳᠡᠮᠡᠴᠠᠯ᠎ᠤᠨ ᠠ᠋ᠬᠦᠷᠭᠡ ᠵᠢ ᠨᠠᠷᠢᠨ ᠨᠢᠮᠪᠠᠢ ᠨᠠᠢ᠌ᠳᠠᠪᠤᠷᠢᠵᠢᠭᠤᠯᠬᠤ ᠭᠡᠷᠡᠭᠳᠡᠢ ᠭᠡᠵᠤ ᠱᠠᠭ᠋ᠠᠷᠳᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠠᠨ ᠵᠸᠩ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ᠎ᠤᠨ ᠠᠢ᠌ᠯᠴᠢᠯᠠᠬᠤ ᠪᠦᠯᠬᠦᠮ᠎ᠲᠠᠢ ᠠᠭᠤᠯᠵᠠᠪᠠ
ᠸᠠᠩ ᠢ ᠳᠠᠯᠠᠨ ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠭᠡ ᠬᠤᠷᠠᠯ᠎ᠤᠨ ᠠ᠋ᠩ᠎ᠤᠨ ᠮᠠᠷᠭᠤᠯᠳᠤᠭ᠋ᠠᠨ᠎ᠳᠤ ᠤᠷᠤᠯᠴᠠᠵᠤ ᠶᠠᠷᠢᠶ᠎ᠠ ᠳᠠᠯᠪᠢᠪᠠ
ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ᠎ᠤᠨ ᠱᠠᠩᠨᠠᠯ ᠤᠯᠭᠤᠬᠤ ᠶᠤᠰᠤᠯᠠᠯ ᠪᠡᠭᠡᠵᠢᠩ᠎ᠳᠤ ᠶᠠᠪᠤᠭᠳᠠᠵᠤ ᠯᠢᠦ ᠠ᠋ᠾᠸ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ
ᠯᠢ ᠺᠸ ᠴᠢᠶᠠᠩ ᠵᠸᠵᠢᠶᠠᠩ᠎ᠳᠤ ᠰᠢᠨᠵᠢᠯᠠᠨ ᠪᠠᠢ᠌ᠴᠠᠭ᠋ᠠᠬᠤ ᠵᠢᠨ ᠬᠠᠮᠳᠤ ᠠᠵᠤ ᠠᠬᠤᠢ᠌ᠯᠠᠯ᠎ᠤᠨ᠎ᠬᠢᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠬᠤᠷᠠᠯᠳᠤᠭᠤᠯᠵᠠᠢ
ᠯᠢ ᠺᠸ ᠴᠢᠶᠠᠩ᠄ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠠᠮᠢᠶᠠᠷᠤᠭᠴᠢ ᠡᠵᠡᠩᠨᠡᠭᠴᠢ ᠪᠤᠯᠤᠨ ᠦᠢ᠍ᠯᠡᠳᠪᠤᠷᠢᠯᠡᠭᠴᠢᠳ ᠪᠤᠯ ᠴᠦᠮ ᠳᠤᠮᠳᠠᠳᠤ ᠤᠯᠤᠰ᠎ᠤᠨ ᠤᠨᠴᠠᠯᠢᠭᠳᠤ ᠨᠡᠢ᠌ᠭᠡᠮ ᠵᠢᠷᠤᠮ᠎ᠤᠨ ᠪᠦᠳᠦᠭᠡᠨ ᠪᠠᠢ᠌ᠭᠤᠯᠤᠭᠴᠢ ᠪᠤᠯᠬᠤ ᠶᠤᠮ
 
            