ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠠᠴᠠ 2016 ᠤᠨ᠎ᠤ ᠪᠦᠭᠦ ᠤᠷᠤᠨ᠎ᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠪᠠᠷᠢᠮᠵᠢᠶ᠎ᠠ᠎ᠲᠠᠢ ᠬᠣᠯᠪᠣᠭᠳᠠᠬᠤ ᠤᠴᠢᠷ ᠶᠠᠪᠤᠳᠠᠯ᠎ᠤᠨ ᠲᠤᠬᠠᠢ ᠮᠡᠳᠡᠭᠳᠡᠯ᠎ᠢ ᠬᠡᠪᠯᠡᠨ ᠳᠠᠷᠬᠠᠭ᠋ᠠᠪᠠ
ᠨᠡᠶᠢᠲᠡᠯᠡᠭᠰᠡᠨ ᠴᠠᠭ᠄ 2016-04-25

   
     2016 ᠣᠨ᠎ᠤ 3 ᠳ᠋ᠤᠭ᠋ᠠᠷ ᠰᠠᠷ᠎ᠠ ᠵᠢᠨ 11᠎ᠤ ᠠ᠋ᠳᠦᠷ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠠᠴᠠ 2016 ᠤᠨ᠎ᠤ ᠪᠦᠭᠦ ᠤᠷᠤᠨ᠎ᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠪᠠᠷᠢᠮᠵᠢᠶ᠎ᠠ᠎ᠲᠠᠢ ᠬᠣᠯᠪᠣᠭᠳᠠᠬᠤ ᠤᠴᠢᠷ ᠶᠠᠪᠤᠳᠠᠯ᠎ᠤᠨ ᠲᠤᠬᠠᠢ ᠮᠡᠳᠡᠭᠳᠡᠯ᠎ᠢ ᠬᠡᠪᠯᠡᠨ ᠳᠠᠷᠬᠠᠭ᠋ᠠᠪᠠ᠂ ᠠᠭᠤᠯᠭ᠎ᠠ᠎ᠨᠢ ᠲᠤᠤᠷᠠᠬᠢ ᠮᠡᠲᠦ᠄

      ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠦᠪᠡᠷᠲᠡᠭᠡᠨ ᠵᠠᠰᠠᠬᠤ ᠤᠷᠤᠨ᠎ᠤ ᠬᠠᠮᠢᠶ᠎ᠠ ᠪᠦᠭᠦᠢ ᠵᠦᠪᠯᠠᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠶᠡᠭᠡ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠄
      ᠬᠦᠴᠢᠷᠲᠡᠯᠲᠦ ᠤᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠲᠤᠤᠷ᠎ᠤᠨ ᠪᠠᠢ᠌ᠭᠤᠯᠤᠯᠲᠠ ᠵᠢ ᠤᠯᠠᠮ ᠰᠠᠢ᠌ᠨ ᠬᠢᠵᠤ᠂ ᠬᠠᠤᠯᠢ ᠶᠤᠰᠤᠭ᠋ᠠᠷ ᠠᠪᠤᠷᠠᠨ ᠲᠤᠰᠠᠯᠠᠬᠤ᠂ ᠤᠨᠤᠪᠴᠢᠲᠠᠢ ᠠᠪᠤᠷᠠᠨ ᠲᠤᠰᠠᠯᠠᠬᠤ᠂ ᠶᠡᠷᠦᠩᠬᠡᠢ᠌ᠯᠡᠨ ᠠᠪᠤᠷᠠᠨ ᠲᠤᠰᠠᠯᠠᠬᠤ ᠵᠢ ᠴᠢᠷᠮᠠᠢ᠌ᠨ ᠪᠡᠶᠡᠯᠡᠭᠦᠯᠬᠦ ᠵᠢᠨ ᠲᠦᠯᠦᠭᠡ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠦᠭᠡᠳ᠂ ᠠ᠋ᠳᠦᠭᠡ 2016 ᠣᠨ᠎ᠤ ᠪᠦᠭᠦ ᠤᠷᠤᠨ᠎ᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠪᠠᠷᠢᠮᠵᠢᠶ᠎ᠠ᠎ᠲᠠᠢ ᠬᠣᠯᠪᠣᠭᠳᠠᠬᠤ ᠤᠴᠢᠷ ᠶᠠᠪᠤᠳᠠᠯ᠎ᠤᠨ ᠲᠤᠬᠠᠢ ᠲᠤᠤᠷᠠᠬᠢ ᠮᠡᠲᠦ ᠮᠡᠳᠡᠭᠳᠡᠰᠦᠭᠡᠢ᠄
      ᠨᠢᠭᠡ᠂ ᠬᠢᠨᠠᠨ ᠬᠠᠷᠭᠤᠭᠤᠯᠵᠤ ᠲᠤᠭᠲᠠᠭ᠋ᠠᠭᠰᠠᠨ ᠠᠪᠤᠷᠠᠨ ᠲᠤᠰᠠᠯᠠᠯᠲᠠ ᠵᠢᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ
      ᠡᠯ᠎ᠡ ᠠᠢ᠌ᠮᠠᠭ ᠬᠤᠲᠠ᠎ᠨᠢ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠦᠭᠰᠡᠨ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠪᠠᠷᠢᠮᠵᠢᠶ᠎ᠠ ᠵᠢ ᠬᠠᠮᠢᠶ᠎ᠠ ᠪᠦᠭᠦᠢ ᠬᠤᠰᠢᠭᠤ ᠰᠢᠶᠡᠨ (ᠬᠤᠲᠠ ᠲᠤᠭᠤᠷᠢᠭ)᠎ᠳᠤ᠎ᠪᠠᠨ ᠪᠠᠭᠤᠯᠭ᠋ᠠᠨ ᠦᠭᠴᠦ᠂ ᠴᠠᠭ ᠲᠤᠬᠠᠢ᠎ᠳᠤ᠎ᠨᠢ ᠨᠡᠢ᠌ᠬᠡᠮ ᠨᠡᠢ᠌ᠲᠡ᠎ᠳᠤ ᠵᠠᠷᠯᠠᠨ ᠴᠢᠩᠭ᠎ᠠ᠎ᠪᠠᠷ ᠬᠡᠷᠡᠭᠵᠢᠭᠦᠯᠬᠦ ᠬᠡᠷᠡᠭᠲᠡᠢ᠃ ᠲᠤᠰ ᠵᠢᠯ᠎ᠳᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠪᠠᠷᠢᠮᠵᠢᠶ᠎ᠠ᠎ᠳᠤ ᠳᠠᠬᠢᠨᠲᠠ ᠲᠤᠬᠢᠷᠠᠭᠤᠯᠤᠯᠲᠠ ᠬᠢᠪᠡᠯ ᠠ᠋ᠷᠬᠡᠪᠰᠢ ᠬᠠᠮᠢᠶ᠎ᠠ ᠪᠦᠭᠦᠢ ᠠᠯᠬᠤᠮ ᠳᠠᠷᠠᠭ᠎ᠠ᠎ᠪᠠᠷ ᠳᠡᠭᠡᠭᠰᠢ ᠮᠡᠳᠡᠭᠦᠯᠵᠤ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠬᠤᠰᠢᠭᠤ ᠰᠢᠶᠡᠨ (ᠬᠤᠲᠠ᠂ ᠲᠤᠭᠤᠷᠢᠭ)᠎ᠨᠢ 2016 ᠤᠨ᠎ᠤ 3 ᠳ᠋ᠤᠭ᠋ᠠᠷ ᠰᠠᠷ᠎ᠠ ᠵᠢᠨ ᠡᠴᠦᠰ᠎ᠠᠴᠠ ᠠ᠋ᠮᠦᠨ᠎ᠡ ᠰᠢᠨ᠎ᠡ ᠪᠠᠷᠢᠮᠵᠢᠶ᠎ᠠ ᠶᠤᠰᠤᠭ᠋ᠠᠷ ᠵᠠᠷᠤᠳᠠᠯ ᠮᠦᠩᠭᠦ ᠵᠢ ᠪᠦᠭᠦᠨ᠎ᠢ ᠪᠠᠭᠤᠯᠭ᠋ᠠᠨ ᠦᠭᠴᠦ᠂ ᠡᠯ᠎ᠡ ᠠᠢ᠌ᠮᠠᠭ ᠬᠤᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ 5 ᠳ᠋ᠤᠭ᠋ᠠᠷ ᠰᠠᠷ᠎ᠠ ᠵᠢᠨ ᠡᠴᠦᠰ᠎ᠠᠴᠠ ᠠ᠋ᠮᠦᠨ᠎ᠡ ᠰᠢᠨ᠎ᠡ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠ ᠵᠠᠷᠤᠳᠠᠯ ᠮᠦᠩᠭᠦ ᠵᠢ ᠪᠠᠭᠤᠯᠭ᠋ᠠᠵᠤ ᠦᠭᠭᠦᠭᠰᠡᠨ ᠪᠠᠢ᠌ᠳᠠᠯ᠎ᠢ ᠪᠠᠢ᠌ᠴᠠᠭ᠋ᠠᠬᠤ ᠵᠢᠨ ᠬᠠᠮᠲᠤ ᠪᠠᠢ᠌ᠳᠠᠯ ᠵᠶ᠋ᠠᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠮᠡᠳᠡᠭᠦᠯᠬᠦ ᠭᠡᠷᠡᠭᠲᠡᠢ᠂ ᠦᠪᠡᠷᠲᠡᠭᠡᠨ ᠵᠠᠰᠠᠬᠤ ᠤᠷᠤᠨ᠎ᠠᠴᠠ ᠬᠠᠮᠢᠶ᠎ᠠ ᠪᠦᠭᠦᠢ ᠰᠠᠯᠠᠭ᠎ᠠ ᠮᠦᠴᠢᠷ᠎ᠢ ᠵᠤᠬᠢᠶᠠᠨ ᠪᠠᠢ᠌ᠭᠤᠯᠤᠨ ᠡᠯ᠎ᠡ ᠠᠢ᠌ᠮᠠᠭ ᠬᠤᠲᠠ ᠪᠠ ᠬᠤᠰᠢᠭᠤ ᠰᠢᠶᠡᠨ (ᠬᠤᠲᠠ᠂ ᠲᠤᠭᠤᠷᠢᠭ)᠎ᠤ ᠨᠡᠢ᠌ᠲᠡᠪᠤᠷᠢᠵᠢᠭᠤᠯᠤᠭᠰᠠᠨ ᠪᠠᠢ᠌ᠳᠠᠯ᠎ᠢ ᠬᠢᠨᠠᠨ ᠪᠠᠢ᠌ᠴᠠᠭ᠋ᠠᠨ᠎ᠠ᠃
      ᠬᠤᠶᠠᠷ᠂ ᠤᠨᠤᠪᠴᠢᠲᠠᠢ ᠠᠪᠤᠷᠠᠨ ᠲᠤᠰᠠᠯᠠᠬᠤ ᠵᠢ ᠭᠦᠴᠦᠲᠡᠢ ᠲᠦᠯᠬᠢᠨ ᠠᠬᠢᠭᠤᠯᠬᠤ ᠬᠡᠷᠡᠭᠲᠡᠢ
      ᠡᠯ᠎ᠡ ᠠᠢ᠌ᠮᠠᠭ ᠬᠤᠲᠠ᠎ᠨᠢ ᠬᠤᠲᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠵᠢᠷᠤᠮᠵᠢᠯ᠎ᠤᠨ ᠬᠠᠮᠢᠶᠠᠷᠤᠯᠲᠠ ᠵᠢᠨ ᠠᠵᠢᠯ ᠵᠶ᠋ᠠᠨ ᠦᠨᠡᠨᠬᠦ ᠴᠢᠩᠭ᠋ᠠᠳᠬᠠᠵᠤ᠂ ᠤᠨᠤᠪᠴᠢᠲᠠᠢ ᠠᠪᠤᠷᠠᠨ ᠲᠤᠰᠠᠯᠠᠬᠤ ᠵᠢ ᠭᠦᠴᠦᠲᠡᠢ ᠲᠦᠯᠬᠢᠨ ᠠᠬᠢᠭᠤᠯᠬᠤ ᠬᠡᠷᠡᠭᠲᠡᠢ᠃ ᠨᠢᠭᠡ᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠠ᠋ᠲᠡᠭᠡᠳ᠎ᠢ ᠶᠡᠷᠤᠩᠬᠡᠢ᠌ᠯᠡᠨ ᠨᠣᠲᠠᠯᠠᠨ ᠲᠣᠭᠲᠠᠭ᠋ᠠᠬᠤ ᠪᠠᠷᠢᠮᠵᠢᠶ᠎ᠠ᠎ᠪᠠᠨ ᠲᠦᠷᠭᠡᠨ ᠲᠤᠭᠲᠠᠭ᠋ᠠᠵᠤ᠂ ᠭᠡᠷ ᠪᠦᠯᠢ ᠵᠢᠨ᠎ᠬᠢᠨ᠎ᠤ ᠤᠷᠤᠯᠭ᠎ᠠ ᠪᠠ ᠠ᠋ᠳ᠋ ᠬᠦᠷᠦᠩᠭᠡ ᠵᠢ ᠨᠤᠲᠠᠯᠠᠬᠤ ᠠᠷᠭ᠎ᠠ᠎ᠪᠠᠨ ᠲᠡᠭᠦᠯᠳᠡᠷᠵᠢᠭᠦᠯᠦᠨ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠠ᠋ᠲᠡᠭᠡᠳ᠎ᠢ ᠤᠨᠤᠪᠴᠢᠲᠠᠢ ᠨᠤᠲᠠᠯᠠᠵᠤ᠂ ᠪᠠᠲᠤᠯᠠᠪᠤᠷᠢ ᠤᠯᠭᠤᠪᠡᠯ ᠵᠤᠬᠢᠬᠤ ᠪᠦᠬᠦᠨ᠎ᠳᠤ ᠪᠠᠲᠤᠯᠠᠪᠤᠷᠢ ᠵᠢ᠎ᠨᠢ ᠤᠯᠭᠤᠵᠤ᠂ ᠪᠠᠲᠤᠯᠠᠪᠤᠷᠢ᠎ᠠᠴᠠ ᠵᠤᠭᠰᠤᠭ᠋ᠠᠬᠤ ᠵᠢ᠎ᠨᠢ ᠳᠠᠰᠤ ᠵᠤᠭᠰᠤᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠢ; ᠬᠤᠶᠠᠷ᠎ᠲᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠭᠤᠶᠤᠴᠢᠯᠠᠯᠲᠠ᠂ ᠬᠢᠨᠠᠨ ᠬᠠᠷᠭᠤᠭᠤᠯᠤᠯᠲᠠ᠂ ᠦᠨᠡᠯᠡᠯᠲᠡ᠂ ᠵᠦᠪᠰᠢᠶᠡᠷᠡᠯᠲᠡ ᠪᠠ ᠮᠡᠳᠡᠭᠡ ᠵᠠᠩᠭᠢ ᠵᠢ ᠢᠯᠠ ᠨᠡᠢ᠌ᠲᠡᠯᠡᠬᠦ ᠠᠯᠬᠤᠮ ᠳᠠᠷᠠᠭ᠎ᠠ ᠵᠢ ᠵᠢᠷᠤᠮᠵᠢᠭᠤᠯᠵᠤ᠂ ᠠᠵᠢᠯ᠎ᠤᠨ ᠭᠤᠭᠴᠤᠭ᠎ᠠ ᠪᠦᠭᠦᠨ᠎ᠢ ᠴᠦᠮ ᠲᠦᠷᠦ ᠵᠢᠨ ᠪᠤᠳᠤᠯᠭ᠎ᠠ ᠵᠢᠨ ᠲᠤᠭᠲᠠᠭ᠋ᠠᠯ ᠶᠤᠰᠤᠭ᠋ᠠᠷ ᠨᠠᠢ᠌ᠲᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ; ᠭᠤᠷᠪᠠ᠎ᠳᠤ ᠠ᠋ᠷᠦᠭᠡ᠎ᠪᠠᠷ ᠪᠠᠲᠤᠯᠠᠭ᠎ᠠ ᠬᠠᠩᠭ᠋ᠠᠬᠤ ᠠᠵᠢᠯ᠎ᠢ ᠨᠠᠷᠢᠨ ᠬᠢᠨᠠᠮᠠᠭ᠋ᠠᠢ ᠰᠠᠢ᠌ᠲᠤᠷ ᠠᠳᠬᠤᠵᠤ᠂ ᠲᠤᠰ ᠭᠠᠵᠠᠷ ᠤᠷᠤᠨ᠎ᠤ᠎ᠪᠠᠨ ᠠ᠋ᠷᠦᠭᠡ᠎ᠪᠠᠷ ᠪᠠᠲᠤᠯᠠᠭ᠎ᠠ ᠬᠠᠩᠭ᠋ᠠᠬᠤ ᠲᠦᠪᠰᠢᠨ ᠵᠶ᠋ᠠᠨ ᠳᠡᠭᠡᠭᠰᠢᠯᠡᠭᠦᠯᠦᠨ᠂ 2016 ᠤᠨ᠎ᠤ ᠡᠴᠦᠰ ᠪᠤᠯᠬᠤ᠎ᠳᠤ ᠠ᠋ᠷᠦᠭᠡ᠎ᠪᠠᠷ ᠪᠠᠲᠤᠯᠠᠪᠤᠷᠢ ᠬᠠᠩᠭ᠋ᠠᠬᠤ ᠬᠠᠷᠢᠴᠠᠯ᠎ᠢ ᠪᠦᠭᠦ ᠤᠯᠤᠰ᠎ᠤᠨ ᠳᠡᠭᠰᠢᠳᠭᠡᠭᠰᠡᠨ ᠲᠦᠪᠰᠢᠨ (ᠬᠤᠲᠠ ᠵᠢᠨ ᠠ᠋ᠷᠦᠭᠡ ᠪᠦᠷᠢ᠎ᠳᠤ ᠳᠡᠭᠰᠢᠳᠭᠡᠭᠡᠳ 1.78 ᠬᠦᠮᠦᠨ᠎ᠳᠤ ᠪᠠᠲᠤᠯᠠᠪᠤᠷᠢ ᠬᠠᠩᠭ᠋ᠠᠬᠤ᠂ ᠮᠠᠯᠵᠢᠬᠤ ᠲᠠᠷᠢᠶᠠᠯᠠᠬᠤ ᠤᠷᠤᠨ᠎ᠤ ᠠ᠋ᠷᠦᠭᠡ ᠪᠦᠷᠢ᠎ᠳᠤ ᠳᠡᠭᠰᠢᠳᠭᠡᠭᠡᠳ 1.72 ᠬᠦᠮᠦᠨ᠎ᠳᠤ ᠪᠠᠲᠤᠯᠠᠪᠤᠷᠢ ᠬᠠᠩᠭ᠋ᠠᠬᠤ)᠎ᠳᠤ ᠬᠦᠷᠭᠡᠵᠤ᠂ ᠠ᠋ᠷᠦᠭᠡ᠎ᠪᠠᠷ ᠪᠠᠲᠤᠯᠠᠪᠤᠷᠢ ᠬᠠᠩᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠢ; ᠲᠦᠷᠪᠡ᠎ᠳᠤ ᠠᠢ᠌ᠮᠠᠭ ᠬᠤᠲᠠ ᠵᠢᠨ ᠱᠠᠲᠤ᠎ᠨᠢ 《ᠭᠤᠷᠪᠠᠨ ᠪᠢᠴᠢᠭ᠂ ᠲᠦᠷᠪᠡᠨ ᠬᠦᠰᠦᠨᠦᠭᠲᠦ᠂ ᠬᠤᠶᠠᠷ ᠲᠡᠮᠲᠡᠭᠯᠡᠯ》᠎ᠤᠨ ᠱᠠᠭ᠋ᠠᠷᠳᠠᠯᠭ᠎ᠠ ᠶᠤᠰᠤᠭ᠋ᠠᠷ ᠲᠤᠰ ᠭᠠᠵᠠᠷ ᠤᠷᠤᠨ᠎ᠤ᠎ᠪᠠᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠳᠠᠩᠰᠠ ᠡᠪᠬᠡᠮᠡᠯ᠎ᠤᠨ ᠠᠭᠤᠯᠭ᠎ᠠ ᠵᠢ ᠱᠠᠯᠠᠪᠳᠠᠨ ᠨᠢᠭᠡᠳᠬᠡᠵᠤ᠂ ᠬᠠᠷᠢᠶᠠᠨ᠎ᠳᠤ᠎ᠬᠢ ᠬᠤᠰᠢᠭᠤ ᠰᠢᠶᠡᠨ (ᠬᠤᠲᠠ᠂ ᠲᠤᠭᠤᠷᠢᠭ) ᠵᠶ᠋ᠠᠨ ᠱᠠᠯᠠᠪᠳᠠᠭᠤᠯᠤᠨ ᠳᠠᠩᠰᠠ ᠡᠪᠬᠡᠮᠡᠯ᠎ᠤᠨ ᠠᠭᠤᠯᠭ᠎ᠠ ᠵᠢ᠎ᠨᠢ ᠲᠦᠷᠭᠡᠨ ᠲᠡᠭᠦᠯᠳᠡᠷᠵᠢᠭᠦᠯᠵᠤ᠂ ᠠ᠋ᠷᠦᠭᠡ ᠪᠦᠷᠢ᠎ᠳᠤ ᠳᠠᠩᠰᠠ ᠡᠪᠬᠡᠮᠡᠯ᠎ᠲᠠᠢ ᠪᠠᠢ᠌ᠬᠤ᠎ᠳᠤ ᠪᠡᠶᠡᠯᠡᠭᠦᠯᠦᠨ᠂ ᠪᠠᠢ᠌ᠴᠠᠭ᠋ᠠᠨ ᠦᠵᠡᠬᠦ ᠠ᠋ᠰᠢ ᠪᠠᠷᠢᠮᠲᠠ᠎ᠲᠠᠢ ᠪᠤᠯᠭ᠋ᠠᠬᠤ ᠬᠡᠷᠡᠭᠲᠡᠢ; ᠲᠠᠪᠤ᠎ᠳᠤ ᠦᠨᠳᠦᠰᠦᠨ ᠱᠠᠲᠤᠨ᠎ᠤ ᠭᠠᠷᠳᠠᠨ ᠬᠦᠢ᠍ᠴᠡᠳᠭᠡᠬᠦ ᠴᠢᠳᠠᠪᠤᠷᠢ ᠵᠢᠨ ᠪᠠᠢ᠌ᠭᠤᠯᠤᠯᠲᠠ᠎ᠪᠠᠨ ᠭᠦᠴᠦᠯᠡᠨ ᠴᠢᠩᠭ᠋ᠠᠳᠬᠠᠵᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠠ᠋ᠲᠡᠭᠡᠳ᠎ᠤᠨ ᠬᠦᠮᠦᠨ᠎ᠤ ᠲᠤᠭ᠎ᠠ᠂ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ ᠵᠡᠷᠭᠡ ᠵᠢ ᠦᠨᠳᠦᠰᠦᠯᠡᠨ ᠪᠤᠲᠠᠲᠠᠢ ᠬᠦᠢ᠍ᠴᠡᠳᠭᠡᠭᠴᠢ ᠵᠢ ᠲᠤᠬᠢᠷᠠᠭᠤᠯᠵᠤ᠂ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠠᠵᠢᠯ᠎ᠤᠨ ᠵᠠᠷᠤᠳᠠᠯ᠎ᠢ ᠭᠠᠵᠠᠷ ᠤᠷᠤᠨ᠎ᠤ᠎ᠪᠠᠨ ᠠ᠋ᠳ᠋᠎ᠤᠨ ᠵᠠᠰᠠᠭ᠎ᠤᠨ ᠲᠦᠰᠦᠪ᠎ᠲᠤ ᠤᠷᠤᠭᠤᠯᠤᠨ᠂ ᠠᠪᠤᠷᠠᠨ ᠲᠤᠰᠠᠠᠯᠯᠲᠠ ᠵᠢ ᠴᠠᠭ ᠲᠤᠬᠠᠢ᠎ᠳᠤ᠎ᠨᠢ ᠨᠡᠢ᠌ᠲᠠᠪᠤᠷᠢᠲᠡᠢ ᠬᠢᠬᠦ ᠵᠢ ᠪᠠᠲᠤᠯᠠᠬᠤ ᠭᠡᠷᠡᠭᠲᠡᠢ᠃
      ᠭᠤᠷᠪᠠ᠂ ᠮᠠᠯᠵᠢᠬᠤ ᠲᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠲᠦᠷᠦ ᠪᠤᠳᠤᠯᠭ᠎ᠠ ᠬᠢᠭᠡᠳ ᠶᠠᠳᠠᠭᠤ ᠵᠢ ᠳᠡᠳᠭᠦᠨ ᠨᠡᠭᠡᠭᠡᠨ ᠬᠦᠭᠵᠢᠭᠦᠯᠬᠦ ᠲᠦᠷᠦ ᠵᠢᠨ ᠪᠤᠳᠤᠯᠭ᠎ᠠ ᠵᠢ ᠨᠠᠷᠢᠨ ᠬᠢᠨᠠᠮᠠᠭ᠋ᠠᠢ ᠰᠠᠢ᠌ᠲᠤᠷ ᠠᠪᠴᠠᠯᠳᠤᠭᠤᠯᠬᠤ ᠬᠡᠷᠡᠭᠲᠡᠢ
      ᠡᠯ᠎ᠡ ᠠᠢ᠌ᠮᠠᠭ ᠬᠤᠲᠠ᠎ᠨᠢ ᠮᠠᠯᠵᠢᠬᠤ ᠲᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠲᠦᠷᠦ ᠪᠤᠳᠤᠯᠭ᠎ᠠ ᠬᠢᠭᠡᠳ ᠶᠠᠳᠠᠭᠤ ᠵᠢ ᠳᠡᠳᠭᠦᠨ ᠬᠦᠭᠵᠢᠭᠦᠯᠬᠦ ᠲᠦᠷᠦ ᠵᠢᠨ ᠪᠤᠳᠤᠯᠭ᠎ᠠ ᠵᠢ ᠠᠪᠴᠠᠯᠳᠤᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠬᠤᠶᠠᠷ ᠵᠦᠢ᠍ᠯ᠎ᠤᠨ ᠲᠦᠷᠦ ᠵᠢᠨ ᠪᠤᠳᠤᠯᠭ᠎ᠠ ᠵᠢ ᠠᠪᠴᠠᠯᠳᠤᠭᠤᠯᠬᠤ ᠠᠵᠢᠯ᠎ᠤᠨ ᠲᠦᠰᠦᠯ ᠵᠶ᠋ᠠᠨ ᠱᠠᠯᠠᠪᠳᠠᠨ ᠲᠤᠭᠲᠠᠭ᠋ᠠᠨ ᠭᠡᠷᠡᠭᠵᠢᠭᠦᠯᠵᠤ᠂ ᠠᠪᠤᠷᠠᠨ ᠳᠤᠰᠠᠯᠠᠯᠲᠠ ᠵᠢᠨ ᠬᠡᠪᠴᠢᠶᠠᠨ᠎ᠳᠤ᠎ᠪᠠᠨ ᠤᠷᠤᠭᠤᠯᠪᠠᠯ ᠵᠤᠬᠢᠬᠤ ᠶᠠᠳᠠᠭᠤ ᠵᠢ ᠳᠡᠳᠭᠦᠬᠦ ᠠ᠋ᠲᠡᠭᠡᠳ᠎ᠤᠨ ᠬᠢᠨᠠᠨ ᠬᠠᠷᠭᠤᠭᠤᠯᠤᠯᠲᠠ ᠵᠢᠨ ᠭᠦᠴᠤᠯᠡᠴᠡ᠎ᠪᠠᠨ ᠴᠢᠩᠭ᠋ᠠᠳᠬᠠᠨ᠂ ᠲᠦᠷᠦ ᠵᠢᠨ ᠪᠤᠳᠤᠯᠭ᠎ᠠ ᠵᠢᠨ ᠨᠦᠭᠦᠴᠡᠯ᠎ᠳᠤ ᠨᠡᠢ᠌ᠴᠡᠬᠦ ᠶᠠᠳᠠᠭᠤ ᠵᠢ ᠳᠡᠳᠭᠦᠬᠦ ᠠ᠋ᠲᠡᠭᠡᠳ ᠵᠶ᠋ᠠᠨ ᠠ᠋ᠮᠬᠢ ᠳᠢᠭᠯᠢᠮ᠎ᠲᠠᠢ᠎ᠪᠠᠷ ᠮᠠᠯᠵᠢᠬᠤ ᠲᠠᠷᠢᠶᠡᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠬᠡᠪᠴᠢᠶᠡᠨ᠎ᠳᠤ᠎ᠪᠠᠨ ᠤᠷᠤᠭᠤᠯᠵᠤ᠂ ᠶᠠᠳᠠᠭᠤ ᠵᠢ ᠳᠡᠳᠭᠦᠬᠦ ᠠ᠋ᠲᠡᠭᠡᠳ᠎ᠤᠨ ᠲᠤᠳᠤᠷᠠᠬᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ᠎ᠳᠤ ᠤᠷᠤᠭᠰᠠᠨ ᠦᠭᠡᠢ ᠬᠦᠨᠳᠦ ᠡᠪᠡᠳᠴᠢᠲᠡᠨ᠂ ᠤᠳᠠᠭ᠋ᠠᠨ ᠴᠢᠨᠠᠷᠲᠠᠢ ᠡᠪᠡᠳᠴᠢᠲᠡᠨ᠎ᠢ ᠢᠳᠡᠭ ᠢᠳᠡᠭ ᠵᠶ᠋ᠠᠷ ᠠᠪᠤᠷᠠᠨ ᠲᠤᠰᠠᠯᠠᠯᠲᠠ ᠵᠢᠨ ᠬᠡᠪᠴᠢᠶᠡᠨ᠎ᠳᠤ᠎ᠪᠠᠨ ᠤᠷᠤᠭᠤᠯᠵᠤ᠂ ᠨᠡᠢ᠌ᠬᠡᠮ᠎ᠤᠨ ᠠᠪᠤᠷᠠᠨ ᠳᠤᠰᠠᠯᠠᠯᠲᠠ ᠵᠢᠨ ᠪᠦᠭᠦᠨ᠎ᠢ ᠬᠠᠮᠤᠷᠴᠤ ᠪᠠᠲᠤᠯᠠᠬᠤ ᠵᠢ ᠦᠨᠡᠨᠬᠦ ᠪᠡᠶᠡᠯᠡᠭᠦᠯᠬᠦ ᠭᠡᠷᠡᠭᠲᠡᠢ᠃
      ᠲᠦᠷᠪᠡ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢ ᠬᠤᠲᠠ ᠬᠦᠳᠡᠭᠡ᠎ᠳᠤ ᠨᠢᠭᠡᠲᠦᠯᠲᠡᠢ ᠲᠤᠬᠢᠷᠠᠭᠤᠯᠬᠤ ᠵᠢ ᠲᠦᠷᠭᠡᠳᠭᠡᠬᠦ ᠬᠡᠷᠡᠭᠲᠡᠢ
      ᠡᠯ᠎ᠡ ᠠᠢ᠌ᠮᠠᠭ ᠬᠤᠳ᠋ᠨ᠎ᠨᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢ ᠬᠤᠲᠠ ᠬᠦᠳᠡᠭᠡ᠎ᠳᠤ ᠨᠢᠭᠡᠲᠦᠯᠲᠡᠢ ᠲᠤᠬᠢᠷᠠᠭᠤᠯᠬᠤ ᠵᠢ ᠲᠦᠷᠭᠡᠳᠭᠡᠬᠦ ᠳᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠨᠦᠭᠦᠴᠡᠯ᠎ᠲᠠᠢ ᠭᠠᠵᠠᠷ ᠤᠷᠤᠨ᠎ᠳᠤ ᠬᠤᠲᠠ ᠬᠦᠳᠡᠭᠡ᠎ᠳᠤ ᠨᠢᠭᠡᠲᠦᠯᠲᠡᠢ ᠲᠤᠬᠢᠷᠠᠭᠤᠯᠬᠤ ᠠᠵᠢᠯ᠎ᠢ ᠢᠳᠡᠪᠬᠢᠲᠠᠢ ᠬᠢᠵᠤ᠂ ᠬᠤᠲᠠ ᠬᠦᠳᠡᠭᠡ ᠵᠢᠨ ᠬᠦᠴᠢᠷᠳᠡᠯᠲᠤ ᠤᠯᠠᠨ ᠲᠦᠮᠡᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢ ᠭᠤᠶᠤᠴᠢᠯᠠᠬᠤ ᠲᠠᠯ᠎ᠠ᠎ᠪᠠᠷ᠎ᠬᠢ ᠠ᠋ᠷᠭᠡ ᠠᠰᠢᠭ᠎ᠤᠨ ᠠ᠋ᠷᠭᠡ ᠳᠡᠭᠰᠢ᠂ ᠠᠵᠠ ᠲᠤᠬᠢᠶᠠᠯ᠎ᠤᠨ ᠠ᠋ᠷᠭᠡ ᠳᠡᠭᠰᠢ᠂ ᠲᠦᠷᠢᠮ ᠵᠢᠷᠤᠮ᠎ᠤᠨ ᠠ᠋ᠷᠭᠡ ᠳᠡᠭᠰᠢ ᠪᠠᠢ᠌ᠬᠤ ᠵᠢ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ᠎ᠠᠴᠠ ᠰᠢᠯᠢ ᠵᠢᠨ ᠭᠤᠤᠯ ᠠᠢ᠌ᠮᠠᠭ᠂ ᠮᠠᠨᠵᠤᠤᠷ ᠬᠤᠲᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢ ᠬᠤᠲᠠ ᠬᠦᠳᠡᠭᠡ ᠨᠢᠭᠡᠳᠦᠯᠲᠡᠢ ᠲᠤᠬᠢᠷᠠᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠦᠷᠭᠦᠯᠵᠢᠯᠡᠨ ᠰᠠᠢ᠌ᠲᠤᠷ ᠠᠳᠬᠤᠬᠤ ᠵᠢᠨ ᠰᠠᠭᠤᠷᠢᠨ ᠳᠡᠭᠡᠷ᠎ᠡ᠂ ᠤᠷᠳᠤᠰ ᠬᠤᠲᠠ᠂ ᠦᠬᠠᠢ ᠬᠤᠲᠠ᠂ ᠠᠯᠠᠱ᠌ᠠ ᠠᠢ᠌ᠮᠠᠭ ᠪᠠ ᠠ᠋ᠷᠢᠶᠡᠨ ᠬᠤᠲᠠ ᠵᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢ ᠬᠤᠲᠠ ᠬᠦᠳᠡᠭᠡ ᠨᠢᠭᠡᠳᠦᠯᠲᠡᠢ ᠲᠤᠬᠢᠷᠠᠭᠤᠯᠬᠤ ᠲᠤᠷᠰᠢᠯᠲᠠ ᠵᠢᠨ ᠴᠡᠭ᠎ᠤᠨ ᠬᠡᠪᠴᠢᠶᠠᠨ᠎ᠳᠤ ᠤᠷᠤᠭᠤᠯᠵᠤ ᠲᠦᠷᠦᠯ ᠬᠤᠪᠢᠶᠠᠨ ᠵᠢᠯᠤᠭᠤᠳᠬᠤ ᠭᠦᠴᠤᠯᠡᠴᠡ᠎ᠪᠠᠨ ᠴᠢᠩᠭ᠋ᠠᠳᠬᠠᠨ᠂ ᠪᠦᠭᠦ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠲᠦᠷᠢᠮ᠎ᠢ ᠬᠤᠲᠠ ᠬᠦᠳᠡᠭᠡ ᠨᠢᠭᠡᠳᠦᠯᠲᠡᠢ ᠲᠤᠬᠢᠷᠠᠭᠤᠯᠬᠤ ᠵᠢ ᠠ᠋ᠮᠬᠢ ᠳᠢᠭᠯᠢᠮ᠎ᠲᠠᠢ ᠠᠬᠢᠭᠤᠯᠤᠨ᠎ᠠ᠃
      ᠲᠠᠪᠤ᠂ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠢᠨᠠᠨ ᠬᠠᠷᠭᠤᠭᠤᠯᠤᠯᠲᠠ ᠵᠢ ᠪᠦᠭᠦ ᠲᠠᠯ᠎ᠠ᠎ᠪᠠᠷ ᠪᠡᠶᠡᠯᠡᠭᠦᠯᠬᠦ ᠭᠡᠷᠡᠭᠲᠡᠢ
     2016 ᠤᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠠ᠋ᠮᠦᠨ᠎ᠡ ᠡᠯ᠎ᠡ ᠠᠢ᠌ᠮᠠᠭ ᠬᠤᠲᠠ᠎ᠨᠢ ᠬᠠᠷᠢᠶᠠᠨ᠎ᠳᠤ᠎ᠬᠢ ᠬᠤᠰᠢᠭᠤ ᠰᠢᠶᠡᠨ (ᠬᠤᠲᠠ᠂ ᠲᠤᠭᠤᠷᠢᠭ)᠎ᠲᠠᠢ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠲᠤᠭ᠎ᠠ ᠪᠠᠷᠢᠮᠲᠠ ᠵᠢᠨ ᠬᠢᠨᠠᠨ ᠬᠠᠷᠭᠤᠭᠤᠯᠬᠤ ᠠᠵᠢᠯ᠎ᠤᠨ ᠲᠦᠷᠢᠮ ᠵᠶ᠋ᠠᠨ ᠲᠤᠭᠲᠠᠭ᠋ᠠᠬᠤ ᠬᠡᠷᠡᠭᠲᠡᠢ᠃ ᠠᠢ᠌ᠮᠠᠭ ᠬᠤᠲᠠ᠎ᠨᠢ ᠲᠤᠰ ᠱᠠᠲᠤᠨ᠎ᠤ᠎ᠪᠠᠨ ᠬᠤᠰᠢᠭᠤ ᠰᠢᠶᠡᠨ (ᠬᠤᠲᠠ᠂ ᠲᠤᠭᠤᠷᠢᠭ) ᠰᠤᠨᠳᠠᠯᠠᠭᠰᠠᠨ ᠲᠤᠭ᠎ᠠ ᠪᠠᠷᠢᠮᠲᠡ ᠵᠢᠨ ᠬᠠᠷᠭᠤᠭᠤᠯᠤᠯᠲᠠ ᠵᠢ ᠬᠠᠷᠢᠭᠤᠴᠠᠵᠤ᠂ ᠨᠡᠢ᠌ᠬᠡᠮ᠎ᠤᠨ ᠪᠠᠲᠤᠯᠠᠪᠤᠷᠢ᠂ ᠠ᠋ᠷᠦᠭᠡ ᠠᠮᠠ ᠵᠢᠨ ᠳᠠᠩᠰᠠ᠂ ᠲᠡᠷᠭᠡ ᠮᠠᠰᠢᠨ᠂ ᠭᠡᠷ ᠬᠦᠷᠦᠩᠭᠡ᠂ ᠠ᠋ᠳ᠋᠎ᠤᠨ ᠵᠠᠰᠠᠭ᠂ ᠤᠷᠤᠨ ᠲᠤᠭ᠋ᠠᠨ᠎ᠤ ᠠᠯᠪᠠᠨ ᠭᠡᠷ᠂ ᠤᠷᠤᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ᠂ ᠦᠢ᠍ᠯᠡᠳᠪᠦᠷᠢ ᠬᠤᠳᠠᠯᠳᠤᠭ᠎ᠠ᠂ ᠭᠠᠢ᠌ᠯᠢ ᠵᠢᠨ ᠶᠠᠪᠤᠳᠠᠯ᠂ ᠵᠡᠮᠳᠡᠭᠴᠦᠳ᠎ᠤᠨ ᠬᠤᠯᠪᠤᠭ᠎ᠠ᠂ ᠶᠠᠳᠠᠭᠤ ᠵᠢ ᠳᠡᠳᠭᠦᠬᠦ᠂ ᠨᠡᠢ᠌ᠲᠡ ᠵᠢᠨ ᠬᠤᠷᠠᠮᠳᠤᠭᠤᠯᠭ᠎ᠠ ᠵᠢᠨ ᠮᠦᠩᠭᠦ ᠵᠡᠷᠭᠡ ᠰᠠᠯᠠᠭ᠎ᠠ ᠮᠦᠴᠢᠷ᠎ᠲᠠᠢ ᠲᠤᠭ᠎ᠠ ᠪᠠᠷᠢᠮᠲᠠ ᠵᠢ ᠬᠠᠮᠲᠤᠪᠡᠷ ᠠᠰᠢᠭᠯᠠᠬᠤ ᠵᠢ ᠪᠡᠶᠡᠯᠡᠭᠦᠯᠵᠤ᠂ ᠬᠢᠨᠠᠨ ᠬᠠᠷᠭᠤᠭᠤᠯᠤᠭᠰᠠᠨ ᠲᠤᠭ᠎ᠠ ᠪᠠᠷᠢᠮᠲᠠ᠎ᠪᠠᠨ ᠬᠤᠭᠤᠴᠠᠭ᠎ᠠ ᠲᠤᠭᠲᠠᠭ᠋ᠠᠨ ᠦᠪᠡᠷᠲᠡᠭᠡᠨ ᠵᠠᠰᠠᠬᠤ ᠤᠷᠤᠨ᠎ᠳᠤ ᠮᠡᠳᠡᠭᠦᠯᠬᠦ ᠬᠡᠷᠡᠭᠲᠡᠢ᠃ ᠬᠤᠰᠢᠭᠤ ᠰᠢᠶᠡᠨ (ᠬᠤᠲᠠ᠂ ᠲᠤᠭᠤᠷᠢᠭ)᠎ᠨᠢ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠵᠢᠨ ᠭᠤᠤᠯ ᠴᠤᠭᠴᠠ ᠪᠤᠯᠤᠭᠰᠠᠨ᠎ᠤ ᠬᠤᠪᠢ᠎ᠳᠤ᠂ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠢᠨᠠᠨ ᠬᠠᠷᠭᠤᠭᠤᠯᠬᠤ ᠳᠠᠪᠴᠠᠩ᠎ᠳᠤ ᠲᠦᠰᠢᠭᠯᠡᠨ᠂ ᠰᠢᠨ᠎ᠡ᠎ᠪᠠᠷ ᠭᠤᠶᠤᠴᠢᠯᠠᠵᠤ ᠪᠠᠢ᠌ᠭ᠎ᠠ ᠪᠠ ᠨᠢᠭᠡᠨᠲᠡ ᠪᠠᠲᠤᠯᠠᠪᠤᠷᠢ ᠤᠯᠤᠭᠰᠠᠨ ᠭᠡᠷ ᠪᠦᠯᠢ ᠵᠢᠨ ᠤᠷᠤᠯᠭ᠎ᠠ ᠪᠤᠯᠤᠨ ᠠ᠋ᠳ᠋ ᠬᠦᠷᠦᠩᠭᠡ ᠵᠢᠨ ᠪᠠᠢ᠌ᠳᠠᠯ᠎ᠳᠤ ᠤᠨᠤᠪᠴᠢᠲᠠᠢ ᠬᠠᠷᠭᠤᠭᠤᠯᠤᠯᠲᠠ ᠬᠢᠵᠤ᠂ ᠲᠤᠰ ᠭᠠᠵᠠᠷ ᠣᠷᠣᠨ᠎ᠤ ᠳᠤᠬᠠᠢ᠌ᠯᠠᠭᠰᠠᠨ ᠠᠵᠢᠯ᠎ᠤᠨ ᠰᠠᠯᠠᠭ᠎ᠠ ᠮᠦᠴᠢᠷ᠎ᠤᠨ ᠮᠡᠳᠡᠭᠡ ᠵᠠᠩᠭᠢ ᠲᠤᠭ᠎ᠠ ᠪᠠᠷᠢᠮᠲᠠ ᠦᠭᠡᠢ ᠵᠢ᠎ᠨᠢ ᠴᠠᠭ ᠳᠤᠬᠠᠢ᠎ᠳᠤ᠎ᠨᠢ ᠳᠠᠭᠡᠳᠦ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠬᠠᠷᠭᠤᠭᠤᠯᠬᠤ ᠲᠤᠭ᠎ᠠ ᠪᠠᠷᠢᠮᠲᠠ᠎ᠪᠠᠨ ᠮᠡᠳᠡᠭᠦᠯᠵᠤ ᠬᠢᠨᠠᠨ ᠬᠠᠷᠭᠤᠭᠤᠯᠬᠤ ᠬᠡᠷᠡᠭᠲᠡᠢ᠃ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ᠎ᠪᠠᠷ ᠳᠠᠮᠵᠢᠨ᠂ ᠨᠡᠢ᠌ᠬᠡᠮ᠎ᠤᠨ ᠬᠦᠴᠦᠨ᠎ᠢ ᠳᠠᠲᠠᠨ ᠠᠪᠴᠢᠷᠠᠵᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠢᠨᠠᠨ ᠬᠠᠷᠭᠤᠭᠤᠯᠤᠯᠲᠠ᠎ᠳᠤ ᠣᠷᠣᠯᠴᠠᠭᠤᠯᠤᠨ᠂ ᠤᠳᠤᠬᠠᠨ᠎ᠤ ᠦᠨᠳᠦᠰᠦᠨ ᠱᠠᠲᠤᠨ᠎ᠤ ᠬᠢᠨᠠᠨ ᠬᠠᠷᠭᠤᠭᠤᠯᠤᠯᠲᠠ ᠪᠠ ᠬᠦᠢ᠍ᠴᠠᠳᠭᠡᠬᠦ ᠴᠢᠳᠠᠪᠦᠷᠢ ᠬᠦᠷᠦᠯᠴᠡᠬᠦ ᠦᠭᠡᠢ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃
      ᠵᠢᠷᠭᠤᠭ᠎ᠠ᠂ ᠪᠡᠯᠡ ᠮᠦᠩᠭᠦᠨ᠎ᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠴᠠᠭ ᠲᠤᠬᠠᠢ᠎ᠳᠤ᠎ᠨᠢ ᠪᠠᠭᠤᠯᠭ᠋ᠠᠨ ᠦᠭᠬᠦ ᠵᠢ ᠪᠠᠲᠤᠯᠠᠬᠤ ᠬᠡᠷᠡᠭᠲᠡᠢ
      ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠠ᠋ᠳ᠋᠎ᠤᠨ ᠵᠠᠰᠠᠭ᠎ᠤᠨ ᠲᠢᠩᠬᠢᠮ᠎ᠠᠴᠠ ᠳᠡᠭᠡᠷ᠎ᠡ ᠬᠠᠭ᠋ᠠᠰ ᠵᠢᠯ᠎ᠳᠤ ᠡᠯ᠎ᠡ ᠠᠢ᠌ᠮᠠᠭ ᠬᠤᠲᠠ ᠵᠢᠨ 2015 ᠤᠨ᠎ᠤ ᠬᠤᠲᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠠᠵᠢᠯ᠎ᠳᠤ ᠦᠷ᠎ᠡ ᠪᠦᠲᠦᠮᠵᠢ ᠵᠢᠨ ᠦᠨᠡᠯᠡᠯᠲᠡ ᠬᠢᠬᠦ ᠬᠡᠷᠡᠭᠲᠡᠢ᠃ ᠭᠦᠴᠢᠷᠲᠡᠯᠲᠦ ᠤᠯᠠᠨ ᠲᠦᠮᠡᠨ᠎ᠤ ᠬᠤᠲᠠ ᠬᠦᠳᠡᠭᠡ ᠵᠢᠨ ᠬᠦᠮᠦᠨ ᠠᠮᠠ ᠵᠢᠨ ᠡᠵᠡᠯᠡᠬᠦ ᠬᠠᠷᠢᠴᠠᠯ᠎ᠨᠢ ᠵᠤᠬᠢᠴᠠᠩᠭᠤᠢ᠂ ᠠᠵᠢᠯ᠎ᠤᠨ ᠠ᠋ᠭᠦᠷᠭᠡ᠎ᠪᠠᠨ ᠪᠡᠶᠡᠯᠡᠭᠦᠯᠦᠭᠰᠡᠨ ᠵᠶ᠋ᠠᠷ ᠨᠡᠯᠢᠶᠡᠳ ᠰᠠᠢ᠌ᠨ᠂ ᠵᠢᠷᠤᠮᠵᠢᠭᠰᠡᠨ ᠬᠠᠮᠢᠶᠠᠷᠤᠯᠲᠠ ᠵᠢᠨ ᠲᠦᠪᠰᠢᠨ ᠵᠶ᠋ᠠᠷ ᠨᠡᠯᠢᠶᠡᠳ ᠦᠨᠳᠦᠷ ᠪᠠᠢ᠌ᠬᠤ ᠭᠠᠵᠠᠷ ᠤᠷᠤᠨ᠎ᠢ ᠳᠡᠮᠵᠢᠬᠦ ᠬᠦᠴᠤᠯᠡᠴᠡ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠠᠢ᠌ᠮᠠᠭ ᠬᠤᠲᠠ᠎ᠨᠢ ᠪᠡᠯᠡ ᠮᠦᠩᠭᠦᠨ᠎ᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠤᠰᠬᠠᠢ ᠳᠠᠩᠰᠨ᠎ᠪᠠᠷ ᠬᠠᠮᠢᠶᠠᠷᠴᠤ᠂ ᠲᠤᠰᠬᠠᠢ ᠠ᠋ᠷᠦᠭᠡ᠎ᠪᠠᠷ ᠲᠤᠭ᠋ᠠᠴᠠᠭ᠎ᠠ ᠬᠢᠵᠤ᠂ ᠲᠤᠰᠬᠠᠢ ᠵᠤᠭᠤᠰ᠎ᠢ ᠲᠤᠰᠬᠠᠢ ᠲᠦᠷᠦᠯ ᠵᠦᠢ᠍ᠯ᠎ᠳᠤ᠎ᠨᠢ ᠵᠠᠷᠤᠵᠤ᠂ ᠬᠤᠲᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠪᠡᠯᠡ ᠮᠦᠩᠭᠦ ᠵᠢ ᠲᠤᠰ ᠰᠠᠷ᠎ᠠ ᠵᠢᠨ ᠬᠢᠨᠢ 10᠎ᠤ ᠠ᠋ᠳᠦᠷ᠎ᠠᠴᠠ ᠠ᠋ᠮᠦᠨ᠎ᠡ᠂ ᠮᠠᠯᠵᠢᠬᠤ ᠲᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠪᠠ ᠲᠠᠪᠤᠨ ᠪᠠᠲᠤᠯᠠᠭ᠎ᠠ ᠵᠢᠨ ᠪᠡᠯᠡ ᠮᠦᠩᠬᠦ ᠵᠢ ᠲᠤᠰ ᠤᠯᠠᠷᠢᠯ᠎ᠤᠨ ᠠ᠋ᠬᠢᠨ᠎ᠤ ᠰᠠᠷ᠎ᠠ ᠵᠢᠨ 10᠎ᠤ ᠠ᠋ᠳᠦᠷ᠎ᠠᠴᠠ ᠠ᠋ᠮᠤᠨ᠎ᠡ ᠪᠦᠭᠦᠨ᠎ᠢ ᠬᠦᠴᠢᠷᠲᠡᠯᠲᠦ ᠠ᠋ᠲᠡᠭᠡᠳ᠎ᠲᠤ ᠤᠯᠭᠤᠵᠤ ᠦᠭᠬᠦ ᠵᠢ ᠦᠨᠡᠨᠬᠦ ᠪᠠᠲᠤᠯᠠᠬᠤ ᠬᠡᠷᠡᠭᠲᠡᠢ᠃
      ᠲᠤᠯᠤᠭ᠎ᠠ᠂ ᠬᠢᠨᠠᠯᠲᠠ ᠲᠠᠯᠪᠢᠨ ᠪᠠᠢ᠌ᠴᠠᠭ᠋ᠠᠵᠤ᠂ ᠬᠢᠨᠠᠨ ᠰᠢᠯᠭ᠋ᠠᠵᠤ ᠬᠠᠷᠢᠭᠤᠴᠠᠯᠭ᠎ᠠ ᠨᠡᠭᠡᠮᠵᠢᠯᠡᠬᠦ᠎ᠪᠠᠨ ᠴᠢᠩᠭ᠋ᠠᠳᠬᠠᠬᠤ ᠬᠡᠷᠡᠭᠲᠡᠢ
      ᠡᠯ᠎ᠡ ᠠᠢ᠌ᠮᠠᠭ ᠬᠤᠲᠠ᠎ᠨᠢ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠠᠵᠢᠯ᠎ᠢ ᠬᠠᠷᠢᠶᠠᠨ᠎ᠳᠤ᠎ᠬᠢ ᠬᠤᠰᠢᠭᠤ ᠰᠢᠶᠡᠨ ᠲᠤᠭᠤᠷᠢᠭ᠎ᠤᠨ ᠨᠠᠮ ᠵᠠᠰᠠᠭ᠎ᠤᠨ ᠤᠳᠤᠷᠢᠳᠬᠤ ᠪᠠᠭ᠎ᠤᠨ 《ᠭᠤᠷᠪᠠ ᠵᠢ ᠨᠢᠭᠡ ᠴᠤᠭᠴᠠᠵᠢᠭᠤᠯᠤᠭᠰᠠᠨ》 ᠪᠤᠳᠠᠲᠤ ᠦᠷ᠎ᠡ ᠪᠦᠲᠦᠮᠵᠢ ᠵᠢᠨ ᠬᠢᠨᠠᠨ ᠰᠢᠯᠭ᠋ᠠᠬᠤ ᠬᠦᠢ᠍ᠴᠠᠳᠭᠡᠭᠦ ᠲᠤᠭ᠎ᠠ᠎ᠳᠤ ᠤᠷᠤᠭᠤᠯᠵᠤ᠂ ᠬᠢᠨᠠᠨ ᠰᠢᠯᠭ᠋ᠠᠬᠤ ᠭᠦᠢ᠍ᠴᠡᠳᠭᠡᠬᠦ ᠲᠤᠭ᠋ᠠᠨ᠎ᠤ ᠰᠢᠰᠲᠸᠮ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠲᠤᠭᠲᠠᠭ᠋ᠠᠨ᠂ ᠬᠢᠨᠠᠨ ᠰᠢᠯᠭ᠋ᠠᠵᠤ ᠦᠨᠡᠯᠡᠬᠦ ᠲᠤᠭᠲᠠᠴᠠ᠎ᠪᠠᠨ ᠲᠡᠭᠦᠯᠳᠡᠷᠵᠢᠭᠦᠯᠵᠤ᠂ ᠬᠢᠨᠠᠨ ᠰᠢᠯᠭ᠋ᠠᠬᠤ ᠦᠷ᠎ᠡ ᠪᠦᠲᠦᠭᠡᠯ᠎ᠤᠨ ᠬᠡᠷᠡᠭᠯᠡᠯᠲᠡ᠎ᠪᠠᠨ ᠴᠢᠩᠭ᠋ᠠᠳᠬᠠᠨ᠂ ᠡᠯ᠎ᠡ ᠵᠦᠢ᠍ᠯ᠎ᠤᠨ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠲᠦᠷᠦ ᠵᠢᠨ ᠪᠤᠳᠤᠯᠭ᠎ᠠ ᠵᠢᠨ ᠪᠦᠲᠦᠮᠵᠢᠲᠠᠢ ᠨᠡᠢ᠌ᠲᠠᠪᠤᠷᠢᠵᠢᠬᠤ ᠵᠢ ᠠᠬᠢᠭᠤᠯᠬᠤ ᠬᠡᠷᠡᠭᠲᠡᠢ᠃ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠠᠵᠢᠯ᠎ᠤᠨ ᠬᠢᠨᠠᠨ ᠪᠠᠢ᠌ᠴᠠᠭ᠋ᠠᠯᠲᠠ ᠪᠠ ᠬᠠᠷᠢᠭᠤᠴᠠᠯᠭ᠎ᠠ ᠨᠡᠭᠡᠮᠵᠢᠯᠡᠬᠦ ᠠᠷᠭ᠎ᠠ》 ᠵᠢ ᠴᠢᠩᠭ᠎ᠠ ᠨᠡᠢ᠌ᠲᠡᠪᠤᠷᠢᠵᠢᠭᠤᠯᠵᠤ᠂ ᠬᠠᠷᠢᠭᠤᠴᠠᠯᠭ᠎ᠠ᠎ᠪᠠᠨ ᠤᠯᠠᠮ ᠲᠤᠳᠤᠷᠬᠠᠢ᠌ᠯᠠᠨ᠂ ᠠᠵᠢᠯ᠎ᠤᠨ ᠰᠠᠬᠢᠯᠭ᠎ᠠ ᠪᠠᠲᠤ᠎ᠪᠠᠨ ᠴᠢᠩᠭ᠋ᠠᠳᠬᠠᠬᠤ ᠬᠡᠷᠡᠭᠲᠡᠢ᠃ ᠢᠯᠠᠩᠭᠤᠶ᠎ᠠ ᠬᠢᠨᠠᠨ ᠪᠤᠳᠤᠬᠤ ᠵᠠᠬᠢᠷᠭ᠎ᠠ ᠵᠢᠨ ᠲᠠᠢ᠌ᠶᠤᠸᠠᠨ᠎ᠳᠤ᠎ᠬᠢ ᠲᠤᠰᠬᠠᠢ ᠲᠤᠮᠢᠯᠠᠭᠰᠠᠨ ᠠᠯᠪᠠᠨ ᠭᠡᠷ᠎ᠠᠴᠠ ᠬᠢᠨᠠᠨ ᠪᠤᠳᠤᠭᠰᠠᠨ᠎ᠤ ᠰᠡᠭᠦᠯᠡᠷ ᠠᠳᠠᠯᠢ ᠲᠦᠷᠦᠯ᠎ᠤᠨ ᠠᠰᠠᠭᠤᠳᠠᠯ ᠳᠠᠬᠢᠨᠲᠠ ᠭᠠᠷᠤᠭᠰᠠᠨ ᠭᠠᠵᠠᠷ ᠤᠷᠤᠨ᠎ᠳᠤ ᠦᠪᠡᠷᠲᠡᠭᠡᠨ ᠵᠠᠰᠠᠬᠤ ᠤᠷᠤᠨ᠎ᠠᠴᠠ ᠬᠠᠮᠢᠶ᠎ᠠ ᠪᠦᠭᠦᠢ ᠲᠤᠭᠲᠠᠭ᠋ᠠᠯ ᠶᠤᠰᠤᠭ᠋ᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠡᠵᠤ᠂ ᠨᠠᠮ᠎ᠤᠨ ᠲᠦᠪ ᠬᠤᠷᠢᠶ᠎ᠠ ᠪᠤᠯᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠲᠤ ᠠᠰᠢᠭ ᠬᠦᠷᠲᠡᠭᠡᠬᠦ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠨᠡᠢ᠌ᠲᠠᠪᠤᠷᠢᠵᠢᠬᠤ ᠵᠢ ᠦᠨᠡᠨᠬᠦ ᠪᠠᠲᠤᠯᠠᠬᠤ ᠬᠡᠷᠡᠭᠲᠡᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭ᠊ ᠵᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠤᠮᠳᠠᠲᠤ ᠤᠯᠤᠰ᠎ᠤᠨ ᠡᠪ ᠬᠠᠮᠲᠦ ᠨᠠᠮ᠎ᠤᠨ ᠠᠷᠢᠭᠤᠨ ᠴᠢᠭᠡᠴᠢ᠎ᠪᠠᠷ ᠪᠡᠶ᠎ᠡ᠎ᠪᠠᠨ ᠴᠢᠩᠭ᠎ᠠ ᠱᠠᠭ᠋ᠠᠷᠳᠠᠬᠤ ᠲᠦᠷᠢᠮ
ᠤᠨᠴᠠᠯᠠᠨ ᠬᠠᠷᠠᠭ᠋ᠠᠯᠵᠠᠬᠤ ᠠ᠋ᠲᠡᠭᠡᠳ᠎ᠲᠤ ᠤᠷᠤᠨ ᠰᠠᠭᠤᠴᠠ ᠵᠢᠨ ᠬᠠᠷᠭ᠋ᠠᠯᠵᠠᠯ ᠬᠦᠷᠲᠡᠭᠡᠬᠦ ᠠᠷᠭ᠎ᠠ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠴᠡᠷᠢᠭ᠎ᠢ ᠠᠰᠠᠷᠠᠨ ᠬᠠᠷᠠᠭ᠋ᠠᠯᠵᠠᠬᠤ ᠠᠷᠭ᠎ᠠ
ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠨᠡᠢ᠌ᠬᠡᠮ ᠲᠤᠭᠤᠷᠢᠭ᠎ᠤᠨ ᠠᠵᠢᠯ᠎ᠢ ᠴᠤᠮᠬᠠᠳᠬᠠᠬᠤ ᠪᠠ ᠵᠢᠷᠤᠮᠵᠢᠭᠤᠯᠬᠤ ᠲᠤᠬᠠᠢ ᠮᠡᠳᠡᠭᠳᠡᠯ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠷᠢᠮ
 
            