ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠪᠤᠭᠤᠮᠳᠠ ᠵᠢᠨ ᠶᠡᠷᠦᠩᠭᠡᠢ ᠵᠠᠬᠢᠷᠭ᠎ᠠ᠎ᠳᠤ ᠰᠢᠨᠵᠢᠯᠠᠨ ᠪᠠᠢ᠌ᠴᠠᠭ᠋ᠠᠵᠤ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄ 2018-07-16

     
     5 ᠳ᠋ᠤᠭ᠋ᠠᠷ ᠰᠠᠷ᠎ᠠ ᠵᠢᠨ 21᠎ᠤ ᠠ᠋ᠳᠤᠷ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠭᠠᠳᠠᠭ᠋ᠠᠳᠤ ᠨᠡᠭᠡᠭᠡᠯᠳᠡ ᠵᠢ ᠤᠯᠠᠮ ᠴᠢᠨᠠᠭᠰᠢᠳᠠ ᠦᠷᠭᠡᠳᠭᠡᠬᠦ ᠳᠤᠬᠠᠢ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠪᠤᠭᠤᠮᠳᠠ ᠵᠢᠨ ᠶᠠᠷᠦᠩᠭᠡᠢ ᠵᠠᠬᠢᠷᠭ᠎ᠠ᠎ᠳᠤ ᠰᠢᠨᠵᠢᠯᠡᠨ ᠪᠠᠢ᠌ᠴᠠᠭ᠋ᠠᠭᠰᠠᠨ ᠪᠦᠭᠡᠳ ᠶᠠᠷᠢᠯᠴᠠᠬᠤ ᠬᠤᠷᠠᠯ᠎ᠢ ᠠ᠋ᠷᠬᠢᠯᠡᠨ ᠬᠤᠷᠠᠯᠳᠤᠭᠤᠯᠪᠠ᠃
      ᠪᠤᠭᠤᠮᠳᠠ ᠵᠢᠨ ᠶᠡᠷᠦᠩᠭᠡᠢ ᠵᠠᠬᠢᠷᠭ᠎ᠠ ᠵᠢᠨ ᠬᠢᠨᠠᠨ ᠡᠵᠡᠮᠳᠡᠬᠦ ᠵᠢᠯᠤᠭᠤᠳᠬᠤ ᠳᠦᠪ᠎ᠲᠤ᠂ ᠯᠢ ᠺᠸ ᠴᠢᠶᠠᠩ ᠠᠵᠢᠯᠳᠠᠳ᠎ᠤᠨ ᠣᠢ᠌ᠷ᠎ᠠ ᠵᠢᠨ ᠭᠡᠳᠤᠨ ᠵᠢᠯ᠎ᠤᠨ ᠪᠤᠭᠤᠮᠳᠠ᠎ᠪᠠᠷ ᠦᠩᠭᠡᠷᠡᠬᠦ ᠵᠢ ᠨᠢᠭᠡ ᠴᠤᠭᠴᠠᠵᠢᠭᠤᠯᠤᠨ ᠳᠦᠬᠦᠮᠴᠢᠯᠡᠭᠰᠡᠨ ᠪᠠᠢ᠌ᠳᠠᠯ᠎ᠤᠨ ᠳᠤᠬᠠᠢ ᠬᠠᠷᠢᠭᠤ ᠮᠡᠳᠡᠬᠦᠯᠦᠯᠳᠡ ᠵᠢ ᠰᠤᠨᠤᠰᠤᠭᠰᠠᠨ ᠪᠦᠭᠡᠳ ᠱᠠᠩᠬᠠᠢ᠂ ᠴᠢᠩᠳᠤᠤ ᠵᠡᠷᠭᠡ ᠭᠠᠵᠠᠷ᠎ᠤᠨ ᠪᠤᠭᠤᠮᠳᠠ ᠵᠢᠨ ᠠ᠋ᠮᠤᠨ᠎ᠠ ᠹᠷᠦᠨᠲ᠎ᠤᠨ ᠠᠵᠢᠯᠳᠠᠳ᠎ᠲᠠᠢ ᠸᠢᠳᠢᠤ᠋᠎ᠪᠠᠷ ᠰᠠᠨᠠᠯ ᠵᠶ᠋ᠡᠨ ᠰᠤᠯᠢᠯᠴᠠᠪᠠ᠃ ᠯᠢ ᠺᠸ ᠴᠢᠶᠠᠩ ᠳᠡᠳᠡᠨ᠎ᠢ ᠠᠵᠤ ᠠᠬᠤᠢ᠌ᠯᠠᠯ᠎ᠤᠨ ᠭᠡᠷᠡᠭᠴᠡᠭᠡ᠎ᠪᠠᠷ ᠭᠤᠤᠯᠳᠠᠭᠤᠯᠵᠤ᠂ ᠤᠳᠤ ᠦᠶ᠎ᠠ ᠵᠢᠨ ᠮᠡᠳᠡᠭᠡ ᠵᠠᠩᠬᠢ ᠵᠢᠨ ᠮᠡᠷᠭᠡᠵᠢᠯ ᠵᠶ᠋ᠡᠷ ᠦᠢ᠍ᠯᠡᠴᠢᠯᠡᠭᠡᠨ᠎ᠤ ᠳᠦᠪᠰᠢᠨ ᠵᠶ᠋ᠡᠨ ᠳᠡᠭᠡᠭᠰᠢᠯᠡᠬᠦᠯᠬᠦ ᠵᠢ ᠠᠬᠢᠭᠤᠯᠤᠨ᠂ ᠬᠢᠯᠢ᠎ᠪᠠᠷ ᠤᠷᠤᠭᠤᠯᠬᠤ ᠪᠠ ᠭᠠᠷᠭ᠋ᠠᠬᠤ᠂ ᠪᠤᠭᠤᠮᠳᠠ᠎ᠪᠠᠷ ᠦᠩᠭᠡᠷᠡᠬᠦ ᠴᠠᠭ ᠵᠢᠴᠢ ᠦᠪᠡᠷ᠎ᠤᠨ ᠦᠷᠳᠡᠭ᠎ᠢ ᠤᠯᠠᠮ ᠴᠢᠨᠠᠭᠰᠢᠳᠠ ᠪᠠᠭ᠋ᠠᠰᠬᠠᠬᠤ ᠭᠡᠷᠡᠭᠳᠡᠢ᠃ ᠠ᠋ᠬᠦᠨ᠎ᠤ ᠬᠠᠮᠳᠤ ᠨᠢᠭᠤᠴᠠ᠎ᠪᠠᠷ ᠠᠷᠠᠯᠵᠢᠶᠠᠯᠠᠬᠤ᠎ᠳᠤ ᠴᠢᠩᠭ᠎ᠠ ᠴᠤᠬᠢᠯᠳᠠ ᠦᠭᠴᠤ᠂ ᠭᠠᠳᠠᠭ᠋ᠠᠳᠤ ᠵᠢᠨ ᠬᠤᠭ ᠨᠤᠪᠰᠢ ᠪᠠ ᠬᠢᠷᠢ᠎ᠳᠤ ᠳᠡᠩᠴᠡᠬᠦ ᠦᠭᠡᠢ᠂ ᠠᠮᠤᠷ ᠳᠦᠪᠰᠢᠨ ᠪᠤᠰᠤ ᠴᠢᠨᠠᠷ ᠮᠠᠭᠤ ᠦᠢ᠍ᠯᠡᠳᠬᠦᠨ᠂ ᠤᠨᠴᠠᠭ᠋ᠠᠢ᠌ᠯᠠᠨ ᠬᠢᠵᠢᠭ ᠪᠠᠢ᠌ᠴᠠᠭ᠋ᠠᠬᠤ ᠪᠠᠷᠢᠮᠵᠢᠶ᠎ᠠ᠎ᠳᠤ ᠨᠡᠢ᠌ᠴᠡᠬᠦ ᠦᠭᠡᠢ 《ᠬᠦᠯᠳᠡᠬᠦᠤ ᠮᠢᠬᠠᠨ ᠵᠦᠢ᠍ᠯ》 ᠤᠯᠤᠰ᠎ᠤᠨ ᠳᠤᠳᠤᠭ᠋ᠠᠳᠤ᠎ᠳᠤ ᠤᠷᠤᠵᠤ ᠢᠷᠡᠬᠦ ᠵᠢ ᠠ᠋ᠷᠡᠰ ᠰᠡᠷᠭᠡᠢ᠌ᠯᠡᠨ ᠬᠤᠷᠢᠭᠯᠠᠵᠤ᠂ ᠤᠯᠤᠰ᠎ᠤᠨ ᠳᠤᠳᠤᠭ᠋ᠠᠳᠤ ᠵᠢᠨ ᠦᠢ᠍ᠯᠡᠳᠪᠤᠷᠢᠯᠡᠭᠴᠢ ᠪᠤᠯᠤᠨ ᠭᠡᠷᠡᠭᠯᠡᠭᠴᠢ ᠵᠢᠨ ᠬᠠᠤᠯᠢ ᠶᠤᠰᠤᠨ᠎ᠤ ᠠ᠋ᠷᠭᠡ ᠠᠰᠢᠭ᠎ᠢ ᠬᠠᠮᠠᠭ᠋ᠠᠯᠠᠬᠤ ᠭᠡᠷᠡᠭᠳᠡᠢ ᠭᠡᠵᠤ ᠵᠡᠬᠢᠪᠡ᠃ ᠯᠢ ᠺᠸ ᠴᠢᠶᠠᠩ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠭᠠᠳᠠᠭ᠋ᠠᠳᠤ ᠪᠡᠯᠡ ᠵᠢᠨ ᠵᠤᠷᠭ᠋ᠠᠨ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ᠂ ᠮᠠᠨ᠎ᠤ ᠨᠡᠭᠡᠭᠡᠯᠳᠡ ᠵᠢᠨ ᠠ᠋ᠬᠦᠳᠡ᠎ᠪᠠᠨ ᠨᠡᠭᠡᠭᠡᠬᠦ ᠳᠤᠳᠤᠮ ᠶᠡᠭᠡ ᠪᠤᠯᠭ᠋ᠠᠵᠤ᠂ ᠭᠠᠳᠠᠭ᠋ᠠᠳᠤ ᠵᠢᠨ ᠠᠷᠡᠯᠵᠢᠶᠠᠴᠢᠨ᠎ᠤ ᠪᠡᠯᠡ ᠤᠷᠤᠭᠤᠯᠬᠤ ᠤᠷᠴᠢᠨ ᠳᠤᠭᠤᠷᠢᠨ᠎ᠢ ᠢᠳᠡᠪᠬᠢᠳᠡᠢ ᠰᠠᠢ᠌ᠵᠢᠷᠠᠭᠤᠯᠵᠤ᠂ ᠴᠢᠯᠦᠭᠡᠳᠤ ᠠᠷᠠᠯᠵᠢᠶᠠᠨ᠎ᠤ ᠳᠤᠷᠰᠢᠯᠳᠠ ᠵᠢᠨ ᠤᠷᠤᠨ᠎ᠢ ᠦᠷᠭᠡᠳᠭᠡᠨ ᠨᠡᠭᠡᠭᠡᠭᠰᠡᠨ ᠪᠤᠯᠪᠠᠰᠤᠷᠠᠩᠭᠤᠢ ᠳᠤᠷᠰᠢᠯᠭ᠎ᠠ᠎ᠪᠠᠨ ᠪᠦᠬᠦ ᠤᠯᠤᠰ᠎ᠲᠤ ᠳᠡᠯᠭᠡᠷᠡᠬᠦᠯᠦᠨ᠂ ᠳᠤᠮᠳᠠᠳᠤ ᠤᠯᠤᠰ᠎ᠢ ᠦᠷᠬᠦᠯᠵᠢᠯᠡᠨ ᠭᠠᠳᠠᠭ᠋ᠠᠳᠤ ᠪᠡᠯᠡ ᠵᠢ ᠳᠠᠳᠠᠬᠤ᠂ ᠬᠠᠷᠢᠯᠴᠠᠨ ᠠᠰᠢᠭᠳᠠᠢ ᠪᠠᠢ᠌ᠵᠤ ᠬᠠᠮᠳᠤᠪᠠᠷ ᠠᠰᠢᠭ ᠬᠦᠷᠲᠡᠭᠰᠡᠨ ᠭᠠᠵᠠᠷ ᠤᠷᠤᠨ ᠪᠤᠯᠭ᠋ᠠᠬᠤ ᠭᠡᠷᠡᠭᠳᠡᠢ ᠭᠡᠵᠤ ᠭᠡᠯᠡᠪᠡ᠃
      ᠳᠠᠷᠠᠭ᠎ᠠ᠎ᠨᠢ ᠯᠢ ᠺᠸ ᠴᠢᠶᠠᠩ ᠶᠠᠷᠢᠯᠴᠠᠬᠤ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠪᠤᠭᠤᠮᠳᠠ ᠵᠢᠨ ᠶᠡᠷᠦᠩᠭᠡᠢ ᠵᠠᠬᠢᠷᠭ᠎ᠠ ᠵᠢᠨ ᠭᠤᠤᠯ ᠬᠠᠷᠢᠭᠤᠴᠠᠯᠭ᠋ᠠᠳᠠᠨ ᠬᠠᠷᠢᠭᠤ ᠮᠡᠳᠡᠬᠦᠯᠦᠯᠳᠡ ᠬᠢᠪᠡ᠃
      ᠯᠢ ᠺᠸ ᠴᠢᠶᠠᠩ ᠳᠤᠳᠤᠭ᠋ᠠᠳᠤ ᠭᠡᠷᠡᠭᠴᠡᠭᠡ ᠵᠢ ᠦᠷᠭᠡᠳᠭᠡᠬᠦ ᠵᠢ ᠪᠠᠷᠢᠮᠳᠠᠯᠠᠬᠤ ᠵᠢᠨ ᠬᠠᠮᠳᠤ ᠭᠠᠳᠠᠭ᠋ᠠᠳᠤ ᠠᠷᠠᠯᠵᠢᠶᠠᠨ᠎ᠤ ᠭᠡᠯᠪᠡᠷᠢ᠎ᠪᠠᠨ ᠢᠳᠡᠪᠬᠢᠳᠡᠢ ᠬᠤᠪᠢᠷᠠᠭᠤᠯᠵᠤ᠂ 《ᠴᠢᠨᠠᠷ ᠰᠠᠢ᠌ᠳᠠᠢ ᠵᠢ ᠤᠷᠤᠭᠤᠯᠵᠤ ᠴᠢᠨᠠᠷ ᠰᠠᠢ᠌ᠳᠠᠢ ᠵᠢ ᠭᠠᠷᠭ᠋ᠠᠬᠤ》 ᠵᠢ ᠪᠡᠶᠡᠯᠡᠬᠦᠯᠬᠦ ᠭᠡᠷᠡᠭᠳᠡᠢ᠃ ᠵᠠᠩᠬᠢᠯᠠᠭ᠎ᠠ ᠵᠢᠨ ᠮᠡᠷᠭᠡᠵᠢᠯ᠎ᠢ ᠤᠯᠠᠮ ᠵᠶ᠋ᠡᠷ ᠦᠷᠭᠡᠳᠭᠡᠨ᠂ ᠬᠡᠷᠡᠭᠯᠡᠭᠡᠨ᠎ᠤ ᠳᠡᠰ ᠳᠡᠪᠰᠢᠬᠦ ᠬᠡᠷᠡᠭᠴᠡᠭᠡᠨ᠎ᠳᠤ ᠵᠣᠬᠢᠴᠠᠭᠰᠠᠨ ᠰᠢᠯᠢᠳᠡᠭ ᠴᠢᠨᠠᠷ᠎ᠤᠨ ᠦᠢ᠍ᠯᠡᠳᠬᠦᠨ ᠪᠤᠯᠤᠨ ᠦᠢ᠍ᠯᠡᠴᠢᠯᠡᠭᠡ ᠵᠢ ᠤᠷᠤᠭᠤᠯᠤᠨ ᠠᠪᠴᠢᠷᠠᠵᠤ᠂ ᠤᠯᠤᠰ᠎ᠤᠨ ᠳᠤᠳᠤᠭ᠋ᠠᠳᠤ ᠵᠢᠨ ᠠᠵᠤ ᠦᠢ᠍ᠯᠡᠰ᠎ᠤᠨ ᠳᠡᠰ ᠳᠡᠪᠰᠢᠯᠳᠠ ᠵᠢ ᠳᠦᠯᠬᠢᠨ ᠠᠬᠢᠭᠤᠯᠬᠤ ᠭᠡᠷᠡᠭᠳᠡᠢ᠃ ᠠᠵᠤ ᠠᠬᠤᠢ᠌ᠯᠠᠯ᠎ᠤᠨ ᠳᠡᠯᠡᠭᠡᠢ ᠵᠢᠨ ᠵᠠᠬ᠎ᠠ ᠳᠡᠯᠭᠡᠬᠦᠷ᠎ᠤᠨ ᠦᠷᠢᠰᠦᠯᠳᠦᠭᠡᠨ᠎ᠳᠤ ᠢᠳᠡᠪᠬᠢᠳᠡᠢ ᠤᠷᠤᠯᠴᠠᠬᠤ ᠵᠢ ᠵᠤᠷᠢᠭᠵᠢᠭᠤᠯᠵᠤ᠂ ᠰᠢᠨ᠎ᠠ ᠵᠢ ᠠ᠋ᠬᠦᠳᠬᠦ ᠵᠢ ᠶᠡᠭᠡᠪᠡᠷ ᠠᠬᠢᠭᠤᠯᠤᠨ᠂ ᠭᠠᠳᠠᠭ᠋ᠠᠳᠤ᠎ᠳᠤ ᠭᠠᠷᠭ᠋ᠠᠬᠤ ᠦᠢ᠍ᠯᠡᠳᠬᠦᠨ᠎ᠤ ᠳᠡᠰ ᠪᠤᠯᠤᠨ ᠳᠦᠷᠦᠯ ᠳᠡᠮᠳᠡᠭ᠎ᠤᠨ ᠨᠦᠯᠦᠭᠡᠯᠡᠬᠦ ᠬᠦᠴᠦᠨ᠎ᠢ ᠳᠡᠭᠡᠭᠰᠢᠯᠡᠬᠦᠯᠵᠤ᠂ ᠭᠠᠳᠠᠭ᠋ᠠᠳᠤ ᠠᠷᠠᠯᠵᠢᠶᠠᠨ᠎ᠤ ᠬᠦᠭᠵᠢᠯᠳᠡ ᠵᠢᠨ ᠰᠢᠨ᠎ᠠ ᠬᠦᠳᠡᠯᠭᠡᠬᠦ ᠴᠢᠳᠠᠪᠤᠷᠢ ᠵᠢ ᠪᠤᠢ᠌ᠵᠢᠭᠤᠯᠵᠤ᠂ ᠤᠯᠠᠨ ᠠ᠋ᠰᠢᠵᠢᠭ᠌ᠰᠡᠨ ᠵᠠᠬ᠎ᠠ ᠳᠡᠯᠭᠡᠬᠦᠷ᠎ᠢ ᠬᠦᠴᠤ ᠳᠠᠯᠪᠢᠨ ᠦᠷᠭᠡᠳᠭᠡᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠯᠢ ᠺᠸ ᠴᠢᠶᠠᠩ ᠤᠷᠤᠭᠤᠯᠵᠤ ᠠᠪᠴᠢᠷᠠᠬᠤ ᠪᠠ ᠭᠠᠳᠠᠭᠰᠢ ᠭᠠᠷᠭ᠋ᠠᠬᠤ ᠵᠢ ᠵᠡᠷᠭᠡᠪᠡᠷ ᠴᠢᠬᠤᠯᠠᠴᠢᠯᠠᠵᠤ᠂ ᠬᠤᠤᠰ ᠴᠢᠭᠯᠡᠯᠳᠤ ᠪᠡᠯᠡ ᠤᠷᠤᠭᠤᠯᠤᠯᠳᠠ ᠵᠢᠨ ᠵᠤᠬᠢᠴᠠᠩᠭᠤᠢ ᠬᠦᠭᠵᠢᠯᠳᠡ ᠵᠢ ᠠᠬᠢᠭᠤᠯᠬᠤ ᠭᠡᠷᠡᠭᠳᠡᠢ᠃ ᠭᠠᠳᠠᠭ᠋ᠠᠳᠤ ᠠᠷᠠᠯᠵᠢᠶᠠᠴᠢᠨ᠎ᠤ ᠪᠡᠯᠡ ᠤᠷᠤᠭᠤᠯᠤᠯᠳᠠ ᠵᠢᠨ ᠨᠠᠵᠠᠭ᠋ᠠᠢ ᠳᠠᠯ᠎ᠠ ᠵᠢᠨ ᠨᠠᠷᠢᠨ ᠳᠠᠩᠰᠠ᠎ᠳᠤ ᠵᠠᠰᠠᠪᠤᠷᠢ ᠤᠷᠤᠭᠤᠯᠤᠨ ᠳᠡᠬᠦᠯᠳᠡᠷᠵᠢᠬᠦᠯᠵᠤ᠂ ᠵᠠᠬ᠎ᠠ ᠳᠡᠯᠭᠡᠬᠦᠷ᠎ᠲᠤ ᠤᠷᠤᠬᠤ ᠵᠦᠪᠰᠢᠶᠡᠷᠡᠯ᠎ᠢ ᠤᠯᠠᠮ ᠵᠶ᠋ᠡᠷ ᠦᠷᠭᠡᠳᠭᠡᠨ᠂ ᠭᠠᠳᠠᠭ᠋ᠠᠳᠤ ᠪᠡᠯᠡ ᠵᠢ ᠳᠠᠳᠠᠨ ᠠᠪᠴᠢᠷᠠᠬᠤ ᠬᠦᠴᠤᠲᠠᠢ ᠪᠦᠳᠦᠮᠵᠢᠳᠡᠢ ᠳᠦᠷᠦ ᠵᠢᠨ ᠪᠤᠳᠤᠯᠭ᠎ᠠ ᠵᠢ ᠰᠤᠳᠤᠯᠤᠨ ᠳᠤᠭᠳᠠᠭ᠋ᠠᠵᠤ ᠭᠡᠷᠡᠭᠵᠢᠬᠦᠯᠦᠨ᠂ ᠮᠡᠳᠡᠯᠭᠡ ᠵᠢᠨ ᠦᠮᠴᠢᠯᠠᠯ᠎ᠤᠨ ᠠ᠋ᠷᠭᠡ ᠵᠢ ᠬᠠᠮᠠᠭ᠋ᠠᠯᠠᠬᠤ ᠵᠢ ᠴᠢᠩᠭ᠋ᠠᠳᠬᠠᠵᠤ᠂ ᠠ᠋ᠷᠭᠡ ᠳᠡᠭᠰᠢ᠎ᠪᠠᠷ ᠦᠷᠢᠰᠦᠯᠳᠦᠬᠦ ᠤᠷᠴᠢᠨ ᠳᠤᠭᠤᠷᠢᠨ᠎ᠢ ᠬᠠᠤᠯᠢ ᠶᠤᠰᠤᠭ᠋ᠠᠷ ᠪᠠᠢ᠌ᠭᠤᠯᠬᠤ ᠵᠢ ᠳᠦᠷᠭᠡᠳᠭᠡᠨ᠂ ᠭᠠᠳᠠᠭ᠋ᠠᠳᠤ ᠪᠠᠯᠡ ᠵᠢ ᠳᠠᠳᠠᠬᠤ ᠬᠦᠴᠦᠨ ᠵᠶ᠋ᠡᠨ ᠨᠡᠮᠡᠭᠳᠡᠬᠦᠯᠵᠤ᠂ ᠤᠯᠤᠰ᠎ᠤᠨ ᠳᠤᠳᠤᠭ᠋ᠠᠳᠤ ᠵᠢᠨ ᠬᠤᠯᠪᠤᠭᠳᠠᠯ ᠪᠦᠬᠦᠢ ᠬᠦᠷᠢᠶ᠎ᠠ ᠴᠠᠷᠠᠭ᠎ᠠ ᠵᠢᠨ ᠮᠡᠷᠭᠡᠵᠢᠯ ᠪᠤᠯᠤᠨ ᠬᠠᠮᠢᠶᠠᠷᠤᠯᠳᠠ ᠵᠢᠨ ᠳᠦᠪᠰᠢᠨ ᠵᠶ᠋ᠡᠨ ᠳᠡᠭᠡᠭᠰᠢᠯᠡᠬᠦᠯᠬᠦ ᠭᠡᠷᠡᠭᠳᠡᠢ ᠭᠡᠵᠤ ᠭᠡᠯᠡᠪᠡ᠃
      ᠯᠢ ᠺᠸ ᠴᠢᠶᠠᠩ ᠤᠯᠠᠨ ᠳᠠᠯᠠᠳᠤ ᠠᠷᠠᠯᠵᠢᠶᠠᠨ᠎ᠤ ᠰᠢᠰᠲᠸᠮ᠎ᠢ ᠠ᠋ᠷᠡᠰ ᠬᠠᠮᠠᠭ᠋ᠠᠯᠠᠵᠤ᠂ ᠨᠡᠩ ᠤᠯᠠᠨ ᠤᠯᠤᠰ᠎ᠤᠨ ᠪᠢᠳᠠᠨ᠎ᠲᠠᠢ ᠬᠠᠮᠳᠤᠪᠠᠷ ᠠᠷᠠᠯᠵᠢᠶᠠᠨ᠎ᠤ ᠴᠢᠯᠦᠭᠡᠵᠢᠯᠳᠡ ᠪᠠ ᠪᠠᠯᠠ ᠤᠷᠤᠭᠤᠯᠤᠯᠳᠠ ᠵᠢ ᠳᠦᠭᠦᠮᠴᠢᠯᠡᠬᠦ ᠬᠢᠷᠢ ᠳᠦᠪᠰᠢᠨ᠎ᠢ ᠳᠡᠭᠡᠭᠰᠢᠯᠡᠬᠦᠯᠤᠨ᠂ ᠠᠶᠤᠯ ᠳᠦᠭᠰᠢᠬᠦᠷᠢ ᠵᠢ ᠪᠦᠳᠦᠮᠵᠢᠳᠡᠢ ᠰᠡᠷᠭᠡᠢ᠌ᠯᠡᠨ ᠠᠷᠢᠯᠭ᠋ᠠᠵᠤ᠂ ᠬᠠᠷᠢᠯᠴᠠᠨ ᠨᠡᠭᠡᠭᠡᠯᠳᠡ ᠬᠢᠵᠤ᠂ ᠠ᠋ᠷᠡᠬᠦᠯ ᠰᠠᠢ᠌ᠬᠠᠨ ᠦᠷᠢᠰᠦᠯᠳᠦᠭᠡᠨ᠎ᠤ ᠳᠤᠮᠳᠠ ᠬᠠᠮᠳᠤᠪᠠᠷ ᠠᠰᠢᠭ ᠬᠦᠷᠳᠡᠵᠤ ᠬᠦᠭᠵᠢᠬᠦ ᠵᠢ ᠪᠠᠶᠠᠯᠠᠬᠦᠯᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠬᠤ᠌ ᠴᠦᠨ ᠬᠤᠸᠠ᠂ ᠰᠢᠶᠤᠤ ᠵᠢᠶᠸ᠂ ᠠ᠋ᠾᠸ ᠯᠢ ᠹᠸᠩ ᠳᠡᠭᠡᠷᠡᠬᠢ ᠠᠵᠢᠯᠯᠠᠭ᠎ᠠ᠎ᠳᠤ ᠤᠷᠤᠯᠴᠠᠵᠠᠢ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ ᠬᠦᠴᠢᠷᠳᠡᠯ᠎ᠲᠠᠢ ᠤᠷᠤᠨ ᠪᠤᠯᠤᠨ ᠪᠠᠭᠤᠷᠠᠢ ᠭᠣᠭᠴᠣᠭ᠎ᠠ᠎ᠳᠠᠬᠢ ᠰᠤᠷᠭ᠋ᠠᠨ ᠬᠦᠮᠦᠵᠢᠯ᠎ᠤᠨ ᠪᠡᠯᠡ ᠤᠷᠤᠭᠤᠯᠤᠯᠳᠠ ᠵᠢ ᠨᠡᠮᠡᠭᠳᠡᠬᠦᠯᠬᠦ᠎ᠪᠠᠷ ᠳᠤᠭᠳᠠᠵᠠᠢ
ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ᠎ᠠᠴᠠ 《ᠤᠨᠴᠠ ᠬᠦᠴᠢᠷᠳᠡᠯ᠎ᠲᠠᠢ ᠬᠦᠮᠦᠰ᠎ᠢ ᠨᠣᠲᠠᠯᠠᠨ ᠳᠤᠭᠳᠠᠭ᠋ᠠᠬᠤ ᠠᠷᠭ᠎ᠠ》 ᠵᠢ ᠳᠠᠢ᠌ᠯᠪᠤᠷᠢᠯᠠᠬᠤ ᠰᠤᠨᠢᠨ ᠮᠡᠳᠡᠭᠡ ᠨᠡᠢ᠌ᠳᠡᠯᠡᠬᠦ ᠬᠤᠷᠠᠯ ᠬᠢᠵᠡᠢ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠂ ᠦᠢ᠍ᠯᠡᠳᠪᠤᠷᠢ ᠬᠤᠳᠠᠯᠳᠤᠭ᠋ᠠᠨ᠎ᠤ ᠬᠠᠮᠢᠶᠠᠷᠤᠯᠳᠠ ᠵᠢᠨ ᠳᠤᠪᠴᠢᠶ᠎ᠠ᠎ᠠᠴᠠ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠪᠦᠷᠢᠯᠳᠦᠬᠦᠨ᠎ᠤ ᠦᠢ᠍ᠯᠡᠳᠪᠤᠷᠢ ᠬᠤᠳᠠᠯᠳᠤᠭ᠋ᠠᠨ᠎ᠳᠤ ᠳᠠᠩᠰᠠᠯᠠᠭᠤᠯᠤᠭᠰᠠᠨ ᠮᠡᠳᠡᠭᠡ ᠵᠠᠩᠬᠢ ᠵᠢᠨ ᠬᠠᠷᠭᠤᠭᠤᠯᠬᠤ ᠠᠷᠭ᠎ᠠ》 ᠵᠢ ᠭᠡᠪᠯᠡᠨ ᠳᠠᠷᠬᠠᠭ᠋ᠠᠪᠠ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠤᠷᠤᠨ ᠰᠠᠭᠤᠴᠠ ᠪᠤᠯᠤᠨ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠳᠢᠩᠬᠢᠮ᠎ᠤᠨ ᠨᠡᠢ᠌ᠭᠡᠮ᠎ᠤᠨ ᠠᠪᠤᠷᠠᠨ ᠳᠤᠰᠠᠯᠠᠯᠲᠠ ᠵᠢᠨ ᠭᠡᠷ ᠪᠦᠯᠢ ᠵᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠩᠬᠦ᠂ ᠤᠷᠤᠨ ᠰᠠᠭᠤᠴᠠ ᠵᠢᠨ ᠪᠠᠳᠤᠯᠠᠪᠤᠷᠢ᠂ ᠤᠷᠤᠨ ᠰᠠᠭᠤᠴᠠ ᠵᠢᠨ ᠠᠷᠠᠯᠵᠢᠶ᠎ᠠ ᠵᠡᠷᠭᠡ ᠵᠢᠨ ᠮᠡᠳᠡᠭᠡ ᠵᠠᠩᠬᠢ ᠵᠢᠨ ᠬᠠᠷᠭᠤᠭᠤᠯᠬᠤ ᠠᠵᠢᠯ᠎ᠤᠨ ᠳᠤᠬᠠᠢ ᠮᠡᠳᠡᠭᠳᠡᠯ
ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠠᠪᠤᠷᠠᠨ ᠳᠤᠰᠠᠯᠠᠯᠳᠠ ᠬᠢᠭᠡᠳ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠵᠢ ᠠᠪᠴᠠᠯᠳᠤᠭᠤᠯᠬᠤ ᠳᠤᠬᠠᠢ ᠳᠦᠰᠦᠯ
 
            