ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠸᠠᠩ ᠢ ᠬᠦᠷᠢᠶᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠺᠠᠩ ᠵᠢᠩ ᠠ᠋ᠾᠸ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-08


     8 ᠳ᠋ᠤᠭ᠋ᠠᠷ ᠰᠠᠷ᠎ᠠ ᠵᠢᠨ 3᠎ᠤ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠬᠤᠷᠠᠯᠳᠤᠭᠰᠠᠨ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠰᠢᠷᠢᠰ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠬᠤ᠎ᠳᠤ᠎ᠪᠠᠨ ᠺᠤᠷᠢᠶᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠺᠠᠩ ᠵᠢᠩ ᠠ᠋ᠾᠸ᠎ᠲᠠᠢ ᠠᠭᠤᠯᠵᠠᠪᠠ᠃
      ᠸᠠᠩ ᠢ᠎ᠠᠴᠠ ᠤᠳᠤᠬᠠᠨ᠎ᠳᠤ ᠳᠤᠮᠳᠠᠳᠤ ᠺᠤᠷᠢᠶᠠ ᠵᠢᠨ ᠬᠠᠷᠢᠴᠠᠭ᠋ᠠᠨ᠎ᠤ ᠬᠦᠭᠵᠢᠯᠳᠡ ᠶᠡᠷᠦᠩᠭᠡᠢ᠎ᠳᠤ᠎ᠪᠠᠨ ᠰᠠᠢ᠌ᠨ ᠪᠠᠢ᠌ᠨ᠎ᠠ᠃ ᠡᠯ᠎ᠡ ᠬᠦᠷᠢᠶ᠎ᠠ ᠴᠠᠷᠠᠭ᠎ᠠ ᠵᠢᠨ ᠶᠠᠪᠤᠯᠴᠠᠭ᠎ᠠ ᠬᠠᠮᠳᠤᠷᠠᠯᠴᠠᠭ᠎ᠠ ᠭᠡᠪ᠎ᠤᠨ ᠶᠤᠰᠤᠭ᠋ᠠᠷ ᠠᠬᠢᠵᠤ ᠪᠠᠢ᠌ᠨ᠎ᠠ᠃ ᠪᠢᠳᠠ ᠸᠸᠨ ᠽᠠᠢ ᠶᠢᠨ ᠶᠡᠷᠦᠩᠭᠡᠢ᠌ᠯᠡᠭᠴᠢ ᠵᠢᠨ ᠭᠡᠷᠡᠭᠵᠢᠬᠦᠯᠵᠤ ᠪᠠᠢ᠌ᠭ᠎ᠠ ᠳᠤᠮᠳᠠᠳᠤ ᠤᠯᠤᠰ᠎ᠲᠤ ᠴᠢᠭᠯᠡᠬᠦᠯᠦᠭᠰᠡᠨ ᠨᠦᠬᠦᠷᠰᠡᠭ ᠳᠦᠷᠦ ᠵᠢᠨ ᠪᠤᠳᠤᠯᠭ᠎ᠠ ᠵᠢ ᠮᠠᠬᠳᠠᠨ ᠰᠠᠢ᠌ᠰᠢᠶᠠᠵᠤ᠂ ᠺᠤᠷᠢᠶᠠ᠎ᠲᠠᠢ ᠳᠤᠷᠠᠳᠠᠶ᠎ᠠ ᠬᠠᠮᠳᠤᠪᠠᠷ ᠤᠯᠤᠯᠴᠠᠭ᠎ᠠ᠎ᠪᠠᠨ ᠴᠢᠩᠭ᠋ᠠᠳᠬᠠᠨ᠂ ᠬᠤᠶᠠᠷ ᠤᠯᠤᠰ᠎ᠤᠨ ᠤᠳᠤᠷᠢᠳᠬᠤ ᠬᠦᠮᠦᠨ᠎ᠤ ᠳᠤᠬᠢᠷᠠᠯᠴᠠᠭᠰᠠᠨ ᠬᠠᠮᠳᠤ ᠵᠢᠨ ᠳᠠᠨᠢᠯᠳᠠ ᠵᠢ ᠰᠠᠢ᠌ᠳᠤᠷ ᠨᠠᠢ᠌ᠳᠠᠪᠤᠷᠢᠵᠢᠭᠤᠯᠵᠤ᠂ ᠬᠤᠯᠪᠤᠭᠳᠠᠯ ᠪᠦᠬᠦᠢ ᠬᠦᠨᠳᠡᠭᠡᠳᠡᠢ ᠠᠰᠠᠭᠤᠳᠠᠯ᠎ᠢ ᠵᠤᠬᠢᠰᠳᠠᠢ ᠰᠢᠢ᠍ᠳᠪᠤᠷᠢᠯᠡᠨ᠂ ᠳᠤᠮᠳᠠᠳᠤ ᠺᠤᠷᠢᠶᠠ ᠵᠢᠨ ᠬᠠᠷᠢᠴᠠᠭ᠎ᠠ ᠵᠢ ᠠ᠋ᠷᠡᠬᠦᠯ ᠪᠦᠭᠡᠳ ᠳᠤᠭᠳᠠᠭᠤᠨ ᠵᠶ᠋ᠡᠷ ᠠᠬᠢᠭᠤᠯᠤᠨ᠎ᠠ ᠭᠡᠵᠤ ᠢᠯᠡᠷᠭᠡᠢ᠌ᠯᠡᠪᠡ᠃
      ᠺᠠᠩ ᠵᠢᠩ ᠠ᠋ᠾᠸ᠎ᠠᠴᠠ ᠨᠢᠳᠤᠨᠤᠨ ᠵᠢᠯ᠎ᠤᠨ ᠡᠴᠤᠰ ᠵᠶ᠋ᠡᠷ ᠸᠸᠨ ᠽᠠᠢ ᠶᠢᠨ ᠶᠠᠷᠦᠩᠭᠡᠢ᠌ᠯᠡᠭᠴᠢ ᠳᠤᠮᠳᠠᠳᠤ ᠤᠯᠤᠰ᠎ᠲᠤ ᠠᠢ᠌ᠯᠴᠢᠯᠠᠭᠰᠠᠨ᠎ᠤ ᠳᠠᠷᠠᠭ᠎ᠠ ᠬᠤᠶᠠᠷ ᠤᠯᠤᠰ᠎ᠤᠨ ᠬᠠᠷᠢᠴᠠᠭ᠎ᠠ ᠭᠡᠪ᠎ᠤᠨ ᠪᠠᠢ᠌ᠳᠠᠯ᠎ᠳᠤ ᠤᠷᠤᠵᠤ᠂ ᠬᠤᠶᠠᠷ ᠤᠯᠤᠰ᠎ᠤᠨ ᠡᠯ᠎ᠡ ᠬᠦᠷᠢᠶ᠎ᠠ ᠴᠠᠷᠠᠭ᠎ᠠ ᠵᠢᠨ ᠨᠦᠬᠦᠷᠰᠡᠭ ᠶᠠᠪᠤᠯᠴᠠᠭ᠎ᠠ ᠪᠤᠯᠤᠨ ᠬᠠᠮᠳᠤᠷᠠᠯᠴᠠᠭ᠎ᠠ ᠰᠡᠷᠬᠦᠵᠤ ᠬᠦᠭᠵᠢᠪᠡ᠃ ᠺᠤᠷᠢᠶᠠ ᠵᠢᠨ᠎ᠬᠢᠨ ᠳᠤᠮᠳᠠᠳᠤ ᠤᠯᠤᠰ᠎ᠲᠠᠢ ᠬᠠᠮᠳᠤᠷᠠᠨ ᠬᠤᠶᠠᠷ ᠤᠯᠤᠰ᠎ᠤᠨ ᠠᠷᠠᠳ᠎ᠤᠨ ᠶᠠᠪᠤᠯᠴᠠᠭ᠎ᠠ ᠵᠢ ᠦᠷᠬᠦᠯᠵᠢᠯᠡᠨ ᠴᠢᠩᠭ᠋ᠠᠳᠬᠠᠬᠤ᠂ ᠬᠤᠶᠠᠷ ᠤᠯᠤᠰ᠎ᠤᠨ ᠬᠠᠷᠢᠴᠠᠭ᠎ᠠ ᠵᠢ ᠰᠠᠢ᠌ᠵᠢᠷᠠᠭᠤᠯᠤᠨ ᠬᠦᠭᠵᠢᠬᠦᠯᠬᠦ᠎ᠳᠤ ᠨᠦᠬᠦᠴᠡᠯ ᠪᠦᠷᠢᠳᠦᠬᠦᠯᠬᠦ᠎ᠪᠠᠷ ᠴᠢᠷᠮᠠᠢ᠌ᠨ᠎ᠠ ᠭᠡᠵᠤ ᠢᠯᠡᠷᠭᠡᠢ᠌ᠯᠡᠪᠡ᠃
      ᠬᠤᠶᠠᠷ ᠳᠠᠯ᠎ᠠ᠎ᠪᠠᠷ ᠵᠶ᠋ᠡᠨ ᠰᠤᠯᠤᠩᠭᠤᠰ ᠬᠤᠢ᠌ᠭ᠎ᠤᠨ ᠪᠠᠢ᠌ᠳᠠᠯ᠎ᠤᠨ ᠳᠤᠬᠠᠢ ᠰᠠᠨᠠᠯ ᠵᠶ᠋ᠡᠨ ᠰᠤᠯᠢᠯᠴᠠᠵᠤ᠂ ᠤᠢ᠌ᠷ᠎ᠠ ᠵᠢᠨ ᠬᠤᠭᠤᠴᠠᠭ᠋ᠠᠨ᠎ᠤ ᠰᠤᠯᠤᠩᠭᠤᠰ ᠬᠤᠢ᠌ᠭ᠎ᠤᠨ ᠰᠠᠢ᠌ᠨ ᠪᠠᠢ᠌ᠳᠠᠯ᠎ᠨᠢ ᠤᠯᠠᠨ ᠳᠠᠯ᠎ᠠ ᠵᠢᠨ ᠬᠠᠮᠳᠤ ᠵᠢᠨ ᠴᠢᠷᠮᠠᠢ᠌ᠯᠭ᠎ᠠ ᠵᠢᠨ ᠦᠷ᠎ᠠ ᠳ᠋ᠦᠩ ᠪᠤᠯᠬᠤ ᠳᠤᠯᠠ ᠨᠡᠨᠳᠢᠩᠨᠠᠬᠤ ᠭᠡᠷᠡᠭᠳᠡᠢ ᠭᠡᠵᠤ ᠦᠵᠡᠪᠡ᠃ ᠬᠤᠶᠠᠷ ᠳᠠᠯ᠎ᠠ᠎ᠪᠠᠷ ᠵᠶ᠋ᠡᠨ ᠰᠤᠯᠤᠩᠭᠤᠰ ᠠᠮᠸᠷᠢᠺᠠ ᠵᠢᠨ ᠦᠷᠬᠦᠯᠵᠢᠯᠡᠨ ᠶᠠᠷᠢᠯᠴᠠᠵᠤ ᠵᠦᠪᠳᠡᠯᠴᠡᠬᠦ᠂ ᠢᠳᠡᠭᠡᠯ ᠵᠶ᠋ᠡᠨ ᠨᠡᠮᠡᠭᠳᠡᠬᠦᠯᠬᠦ ᠵᠢ ᠳᠡᠮᠵᠢᠵᠤ ᠪᠠᠢ᠌ᠬᠤ᠎ᠪᠠᠨ ᠢᠯᠡᠷᠭᠡᠢ᠌ᠯᠡᠨ᠂ ᠰᠤᠯᠤᠩᠭᠤᠰ ᠠᠮᠸᠷᠢᠺᠠ ᠵᠢᠨ ᠤᠳᠤᠷᠢᠳᠬᠤ ᠬᠦᠮᠦᠨ᠎ᠤ ᠰᠢᠩᠭ᠋ᠠᠫᠤᠷ᠎ᠲᠤ ᠠᠭᠤᠯᠵᠠᠬᠤ᠎ᠳᠤ᠎ᠪᠠᠨ ᠳᠤᠬᠢᠷᠠᠯᠴᠠᠭᠰᠠᠨ ᠬᠠᠮᠳᠤ ᠵᠢᠨ ᠳᠠᠨᠢᠯᠳᠠ ᠵᠢ ᠨᠡᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠤᠯᠤᠩᠭᠤᠰ ᠬᠤᠢ᠌ᠭ᠎ᠲᠤ ᠴᠦᠮ᠎ᠠ ᠦᠭᠡᠢ ᠪᠤᠯᠭ᠋ᠠᠬᠤ ᠵᠢ ᠦᠷᠬᠦᠯᠵᠢᠯᠡᠨ ᠠᠬᠢᠭᠤᠯᠵᠤ᠂ ᠰᠤᠯᠤᠩᠭᠤᠰ ᠬᠤᠢ᠌ᠭ᠎ᠤᠨ ᠠ᠋ᠩᠭᠡ ᠳᠠᠢ᠌ᠪᠤᠩ᠎ᠢ ᠪᠡᠶᠡᠯᠡᠬᠦᠯᠬᠦ᠎ᠪᠠᠷ ᠢᠳᠡᠪᠬᠢᠳᠡᠢ ᠴᠢᠷᠮᠠᠢ᠌ᠨ᠎ᠠ ᠭᠡᠵᠡᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠢ ᠰᠤᠯᠤᠩᠭᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠯᠢ ᠶᠦᠩ ᠬᠤᠤ᠎ᠲᠠᠢ ᠠᠭᠤᠯᠵᠠᠪᠠ
ᠸᠠᠩ ᠢ ᠢᠨᠳᠦᠨ᠋ᠸᠰᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠷᠸᠢᠲᠸᠨᠦᠸᠸ᠎ᠲᠠᠢ ᠠᠭᠤᠯᠵᠠᠪᠠ
ᠸᠠᠩ ᠢ ᠸᠢᠶᠸᠲᠨᠠᠮ᠎ᠤᠨ ᠳᠡᠳ᠋ ᠶᠡᠷᠦᠩᠭᠡᠢ ᠰᠠᠢ᠌ᠳ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠹᠠᠨ ᠫᠢᠩ ᠮᠢᠩ᠎ᠲᠠᠢ ᠠᠭᠤᠯᠵᠠᠪᠠ
ᠸᠠᠩ ᠢ ᠺᠠᠨᠠᠳᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠹᠷᠸᠢᠯᠠᠨ᠎ᠲᠠᠢ ᠠᠭᠤᠯᠵᠠᠪᠠ
ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠬᠢᠭᠡᠳ ᠳᠤᠮᠳᠠᠳᠤ ᠶᠠᠫᠤᠨ ᠺᠤᠷᠢᠶᠠ (10+3) ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ ᠰᠢᠩᠭ᠋ᠠᠫᠤᠷ᠎ᠲᠤ ᠬᠤᠷᠠᠯᠳᠤᠪᠠ
 
            