ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ ᠴᠡᠷᠢᠭ ᠪᠠᠢ᠌ᠭᠤᠯᠤᠭᠳᠠᠭᠰᠠᠨ 91 ᠵᠢᠯ᠎ᠤᠨ ᠤᠢ ᠵᠢ ᠳᠤᠷᠠᠰᠬᠠᠬᠤ ᠦᠪᠡᠳᠡᠭᠰᠢ ᠶᠡᠭᠡ ᠳᠠᠢ᠌ᠯᠠᠯᠭ᠎ᠠ ᠬᠢᠪᠠ
ᠨᠡᠶᠢᠲᠡᠯᠡᠭᠰᠡᠨ ᠴᠠᠭ᠄ 2018-11-08

             
      ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ 7 ᠳ᠋ᠤᠭ᠋ᠠᠷ ᠰᠠᠷ᠎ᠠ ᠵᠢᠨ 31᠎ᠤ ᠠ᠋ᠳᠤᠷ ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ ᠳᠠᠢ᠌ᠯᠠᠯᠭ᠎ᠠ ᠬᠢᠵᠤ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠪᠠᠢ᠌ᠭᠤᠯᠤᠭᠳᠠᠭᠰᠠᠨ 91 ᠵᠢᠯ᠎ᠤᠨ ᠤᠢ ᠵᠢ ᠳᠤᠷᠠᠰᠬᠠᠵᠠᠢ᠃ ᠨᠠᠮ᠎ᠤᠨ ᠳᠦᠪ ᠬᠤᠷᠢᠶᠠᠨ᠎ᠤ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠸᠸᠢ ᠹᠸᠩ ᠠ᠋ᠾᠸ ᠪᠠᠶᠠᠷ᠎ᠤᠨ ᠦᠭᠡ ᠶᠡᠷᠢᠵᠤ᠂ ᠨᠠᠮ᠎ᠤᠨ ᠳᠦᠪ ᠬᠤᠷᠢᠶᠠᠨ᠎ᠤ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠬᠦᠨ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠳᠤ ᠵᠦᠪᠯᠡᠭᠴᠢ ᠵᠢᠨ ᠭᠡᠯᠳᠡᠰ᠎ᠤᠨ ᠵᠦᠪᠯᠡᠭᠴᠢ ᠵᠢᠨ ᠳᠠᠷᠤᠭ᠎ᠠ ᠯᠢ ᠽᠦᠸᠸ ᠴᠸᠩ᠂ ᠨᠠᠮ᠎ᠤᠨ ᠳᠦᠪ ᠬᠤᠷᠢᠶᠠᠨ᠎ᠤ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠬᠦᠨ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠤᠯᠤᠰ ᠳᠦᠷᠦ ᠵᠢᠨ ᠠᠵᠢᠯ᠎ᠤᠨ ᠭᠡᠯᠳᠡᠰ᠎ᠤᠨ ᠠ᠋ᠷᠬᠢᠯᠡᠭᠴᠢ ᠮᠢᠶᠤᠤ ᠬᠤᠸᠠ᠂ ᠨᠠᠮ᠎ᠤᠨ ᠳᠦᠪ ᠬᠤᠷᠢᠶᠠᠨ᠎ᠤ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠬᠦᠨ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶᠠᠨ᠎ᠤ ᠱᠦᠵᠢ ᠵᠠᠩ ᠱᠸᠩ ᠮᠢᠨ ᠳᠠᠢ᠌ᠯᠠᠯᠭ᠎ᠠ᠎ᠳᠤ ᠤᠷᠤᠯᠴᠠᠪᠠ᠃
      ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ ᠳ᠋ᠸᠩ᠎ᠤᠨ ᠭᠡᠷᠡᠯ ᠳᠤᠸᠠᠯᠠᠨ᠂ ᠰᠤᠷᠭᠤᠭ ᠴᠡᠴᠡᠭ ᠪᠠᠳᠠᠷᠠᠨ ᠳᠡᠯᠭᠡᠷᠡᠵᠤ᠂ ᠳᠤᠮᠳᠠᠳᠤ ᠭᠠᠳᠠᠭ᠋ᠠᠳᠤ ᠵᠢᠨ ᠵᠤᠴᠢᠳ ᠬᠤᠷᠠᠨ ᠴᠤᠭᠯᠠᠷᠠᠭ᠋ᠠᠳ ᠪᠠᠶᠠᠷ᠎ᠤᠨ ᠠ᠋ᠳᠤᠷ ᠵᠶ᠋ᠠᠨ ᠪᠡᠯᠭᠡᠯᠡᠨ᠎ᠠ᠃ ᠳᠡᠷᠢᠬᠦᠯᠡᠭᠴᠢ ᠵᠢᠨ ᠳᠠᠢ᠌ᠰᠠ ᠵᠢᠨ ᠬᠦᠰᠢᠭᠡ ᠵᠢᠨ ᠭᠣᠣᠯ ᠳᠤᠮᠳᠠ᠎ᠨᠢ ᠳᠤᠮᠤ ᠭᠡᠯᠪᠡᠷᠢ ᠵᠢᠨ 《8.1》 ᠴᠡᠷᠢᠭ᠎ᠤᠨ ᠰᠦᠯᠳᠡ ᠵᠢ ᠠ᠋ᠯᠬᠦᠵᠤ᠂ ᠬᠤᠶᠠᠷ ᠬᠠᠵᠠᠭᠤ᠎ᠪᠠᠷ᠎ᠨᠢ ᠠᠷᠪᠠᠨ ᠤᠯᠠᠭ᠋ᠠᠨ ᠳᠤᠭ᠎ᠢ ᠵᠢᠬᠰᠠᠭ᠋ᠠᠭᠰᠠᠨ ᠪᠠᠢ᠌ᠪᠠ᠃ 《 1927 — 2018》 ᠭᠡᠬᠦ ᠳᠤᠮᠤ ᠦᠰᠦᠭ ᠬᠢᠯᠠᠯᠵᠠᠨ ᠬᠠᠷᠠᠭᠳᠠᠵᠤ᠂ ᠠ᠋ᠨᠡ᠎ᠨᠢ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ 91 ᠵᠢᠯ᠎ᠤᠨ ᠠᠶᠠᠨ᠎ᠢ ᠳᠤᠭᠤᠯᠤᠨ᠂ ᠰᠢᠨ᠎ᠠ ᠴᠠᠭ ᠦᠶ᠎ᠠ ᠵᠢᠨ ᠰᠢᠨ᠎ᠠ ᠠᠶᠠᠨ᠎ᠳᠤ ᠤᠷᠤᠭᠰᠠᠨ᠎ᠢ ᠬᠠᠷᠠᠭᠤᠯᠵᠤ ᠪᠠᠢ᠌ᠯ᠎ᠠ᠃
      ᠳᠠᠢ᠌ᠯᠠᠯᠭ᠎ᠠ᠎ᠨᠢ 18 ᠴᠠᠭ᠎ᠲᠤ ᠰᠦᠷᠯᠢᠭ ᠵᠢᠪᠬᠤᠭ᠋ᠠᠳᠠᠢ 《ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠴᠡᠷᠢᠭ᠎ᠤᠨ ᠳᠠᠭᠤᠤ》 ᠵᠢᠨ ᠳᠤᠮᠳᠠ ᠠ᠋ᠬᠢᠯᠡᠵᠤ᠂ ᠸᠸᠢ ᠹᠸᠩ ᠠ᠋ᠾᠸ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶ᠎ᠠ᠂ ᠨᠠᠮ᠎ᠤᠨ ᠳᠦᠪ ᠬᠤᠷᠢᠶᠠᠨ᠎ᠤ ᠴᠡᠷᠢᠭ᠎ᠤᠨ ᠶᠠᠪᠤᠳᠠᠯ᠎ᠤᠨ ᠬᠤᠷᠢᠶ᠎ᠠ ᠵᠢ ᠳᠦᠯᠦᠭᠡᠯᠡᠨ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠵᠢᠯᠤᠭᠤᠳᠤᠭᠴᠢ ᠪᠠᠢ᠌ᠯᠳᠤᠭᠴᠢ᠂ ᠵᠡᠪᠰᠡᠭᠳᠤ ᠴᠠᠭᠳᠠᠭ᠎ᠠ ᠵᠢᠨ ᠴᠡᠷᠢᠭ ᠠᠩᠬᠢ ᠵᠢᠨ ᠳᠠᠷᠤᠭ᠎ᠠ ᠪᠠᠢ᠌ᠯᠳᠤᠭᠴᠢ᠂ ᠪᠡᠯᠡᠳᠭᠡᠯ ᠠᠯᠪᠠᠨ᠎ᠤ ᠴᠡᠷᠢᠭ ᠪᠤᠯᠤᠨ ᠦᠷᠭᠡᠨ ᠤᠯᠠᠨ ᠠ᠋ᠷᠦᠭᠡ ᠵᠢᠨ ᠴᠡᠷᠢᠭ᠎ᠲᠤ ᠪᠠᠶᠠᠷ᠎ᠤᠨ ᠠ᠋ᠳᠤᠷ᠎ᠤᠨ ᠮᠡᠨᠳᠤᠴᠢᠯᠠᠯ ᠬᠦᠷᠭᠡᠵᠤ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠳᠪᠤᠷᠢ ᠵᠢᠨ ᠹᠷᠦᠨᠲ᠎ᠲᠤ ᠬᠠᠳᠠᠭᠤᠵᠢᠯᠳᠠᠢ ᠠᠵᠢᠯᠯᠠᠵᠤ ᠪᠠᠢ᠌ᠭ᠎ᠠ ᠨᠦᠬᠦᠳ᠎ᠲᠤ ᠴᠢᠩ ᠰᠡᠳᠬᠢᠯ᠎ᠤᠨ ᠮᠡᠨᠳᠤᠴᠢᠯᠠᠯ ᠬᠦᠷᠭᠡᠵᠤ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠪᠦᠳᠦᠭᠡᠨ ᠪᠠᠢ᠌ᠭᠤᠯᠤᠯᠳᠠ᠎ᠳᠤ ᠴᠢᠬᠤᠯᠠ ᠶᠡᠭᠡ ᠬᠤᠪᠢ ᠨᠡᠮᠡᠷᠢ ᠦᠵᠡᠬᠦᠯᠦᠭᠰᠡᠨ ᠠᠵᠢᠯ᠎ᠠᠴᠠ᠎ᠪᠠᠨ ᠳᠠᠷᠬᠠᠯᠠᠭᠳᠠᠵᠤ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠦᠬᠦᠳ᠂ ᠴᠡᠷᠢᠭ᠎ᠠᠴᠠ ᠪᠠᠭᠤᠵᠤ ᠴᠡᠷᠢᠭ᠎ᠠᠴᠠ ᠬᠠᠯᠠᠭᠳᠠᠭᠰᠠᠳ᠂ ᠵᠡᠮᠳᠡᠭ ᠴᠡᠷᠢᠭ ᠪᠤᠯᠤᠨ ᠦᠷᠡᠭᠳᠡᠭᠰᠡᠳ᠎ᠤᠨ ᠭᠡᠷ ᠪᠦᠯᠢ ᠵᠢ ᠴᠢᠩ ᠦᠨᠠᠨᠴᠢ᠎ᠪᠠᠷ ᠳᠤᠬᠤᠨᠢᠭᠤᠯᠵᠤ ᠪᠠᠢ᠌ᠬᠤ᠎ᠪᠠᠨ ᠢᠯᠡᠳᠬᠡᠭᠰᠡᠨ ᠪᠠ ᠪᠦᠬᠦ ᠴᠡᠷᠢᠭ᠎ᠤᠨ ᠪᠠᠭ᠋ᠠᠳᠤᠷ ᠵᠢᠱ᠌ᠢᠶᠠᠴᠢ ᠵᠢᠨ ᠳᠦᠯᠦᠭᠡᠯᠡᠭᠴᠢ᠂ ᠪᠦᠬᠦ ᠤᠯᠤᠰ᠎ᠤᠨ ᠬᠤᠶᠠᠷ᠎ᠢ ᠬᠦᠷᠢᠶᠡᠯᠡᠭᠰᠡᠨ ᠵᠢᠱ᠌ᠢᠶᠠᠴᠢ ᠵᠢᠨ ᠳᠦᠯᠦᠭᠡᠯᠡᠭᠴᠢ᠎ᠳᠤ ᠠ᠋ᠷᠬᠢᠮ ᠳᠡᠭᠡᠳᠤ ᠬᠦᠨᠳᠦᠳᠭᠡᠯ ᠳᠡᠪᠰᠢᠬᠦᠯᠦᠨ᠂ ᠤᠷᠳᠤ ᠬᠤᠭᠤᠴᠠᠭ᠎ᠠ᠎ᠪᠠᠷ ᠤᠯᠤᠰ᠎ᠤᠨ ᠪᠠᠳᠤᠯᠠᠨ ᠬᠠᠮᠠᠭ᠋ᠠᠯᠠᠯᠳᠠ ᠪᠠ ᠴᠡᠷᠢᠭ ᠠᠩᠬᠢ ᠵᠢᠨ ᠪᠦᠳᠦᠭᠡᠨ ᠪᠠᠢ᠌ᠭᠤᠯᠤᠯᠳᠠ ᠵᠢ ᠬᠠᠯᠠᠮᠵᠢᠯᠠᠨ ᠳᠡᠮᠵᠢᠭᠰᠡᠨ ᠡᠯ᠎ᠡ ᠱᠠᠳᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠂ ᠤᠯᠠᠨ ᠳᠦᠮᠡᠨ᠎ᠤ ᠪᠦᠯᠬᠦᠮ᠂ ᠪᠦᠬᠦ ᠤᠯᠤᠰ᠎ᠤᠨ ᠡᠯ᠎ᠡ ᠦᠨᠳᠦᠰᠦᠳᠡᠨ᠎ᠤ ᠠᠷᠠᠳ ᠳᠦᠮᠡᠨ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠢᠯᠡᠳᠭᠡᠨ᠂ ᠠ᠋ᠨᠡ ᠠ᠋ᠳᠤᠷ᠎ᠤᠨ ᠳᠠᠢ᠌ᠯᠠᠯᠭ᠎ᠠ᠎ᠳᠤ ᠤᠷᠤᠯᠴᠠᠭᠰᠠᠨ ᠡᠯ᠎ᠡ ᠤᠯᠤᠰ᠎ᠤᠨ ᠳᠤᠮᠳᠠᠳᠤ᠎ᠳᠤ ᠰᠠᠭᠤᠭ᠎ᠠ ᠴᠡᠷᠢᠭ᠎ᠤᠨ ᠨᠤᠶᠠᠨ ᠪᠤᠯᠤᠨ ᠬᠠᠳᠤᠭᠳᠠᠢ ᠵᠢᠴᠢ ᠳᠠᠢ᠌ᠯᠠᠯᠭ᠎ᠠ᠎ᠳᠤ ᠤᠷᠤᠯᠴᠠᠭᠰᠠᠨ ᠵᠤᠴᠢᠳ᠎ᠢ ᠪᠠᠶᠠᠷᠯᠠᠨ ᠤᠭᠳᠤᠵᠤ ᠪᠠᠢ᠌ᠬᠤ᠎ᠪᠠᠨ ᠢᠯᠡᠷᠭᠡᠢ᠌ᠯᠡᠵᠡᠢ᠃
ᠸᠸᠢ ᠹᠸᠩ ᠠ᠋ᠾᠸ᠎ᠠᠴᠠ 91 ᠵᠢᠯ᠎ᠤᠨ ᠳᠤᠷᠰᠢ ᠠ᠋ᠷᠡᠯᠭᠡᠭ ᠪᠠᠭ᠋ᠠᠳᠤᠷᠯᠢᠭ ᠠᠷᠠᠳ᠎ᠤᠨ ᠴᠢᠯᠦᠭᠡᠯᠡᠬᠦ ᠴᠡᠷᠢᠭ᠎ᠨᠢ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠭ᠎ᠠ ᠳᠤᠤᠷ᠎ᠠ ᠠ᠋ᠮᠤᠨᠡᠬᠢ᠎ᠨᠢ ᠤᠨᠠᠳᠠᠯ᠎ᠠ ᠬᠤᠢ᠌ᠨᠡᠬᠢ᠎ᠨᠢ ᠵᠠᠯᠭ᠋ᠠᠨ᠂ ᠨᠤᠭᠤᠷᠠᠰᠢ ᠦᠭᠡᠢ᠂ ᠦᠷᠡᠭᠳᠡᠯ ᠰᠦᠢ᠍ᠳᠦᠯ᠎ᠠᠴᠠ ᠠᠶᠤᠬᠤ ᠦᠭᠡᠢ᠎ᠪᠠᠷ ᠠ᠋ᠷᠡᠯᠭᠡᠭ ᠪᠠᠭ᠋ᠠᠳᠤᠷᠯᠢᠭ ᠵᠶ᠋ᠡᠷ ᠪᠠᠢ᠌ᠯᠳᠤᠵᠤ᠂ ᠦᠨᠳᠦᠰᠦᠳᠡᠨ᠎ᠤ ᠳᠤᠰᠠᠭ᠋ᠠᠷ ᠳᠤᠭᠳᠠᠨᠢᠯ᠂ ᠠᠷᠠᠳ ᠳᠦᠮᠡᠨ᠎ᠤ ᠴᠢᠯᠦᠭᠡᠯᠡᠯᠳᠡ᠂ ᠤᠯᠤᠰ ᠬᠦᠷᠤᠨ᠎ᠤ ᠬᠦᠴᠦᠷᠭᠡᠭᠵᠢᠯ᠂ ᠤᠯᠤᠰ᠎ᠤᠨ ᠠ᠋ᠷᠭᠡ ᠮᠡᠳᠡᠯ᠂ ᠠᠮᠤᠷ ᠳᠦᠪᠰᠢᠨ᠂ ᠬᠦᠭᠵᠢᠯᠳᠡ ᠵᠢᠨ ᠠᠰᠢᠭ ᠳᠤᠰᠠ ᠵᠢ ᠬᠠᠮᠠᠭ᠋ᠠᠠᠯᠠᠬᠤ᠂ ᠳᠡᠯᠡᠭᠡᠢ ᠵᠢᠨ ᠠ᠋ᠩᠭᠡ ᠳᠡᠢ᠌ᠪᠤᠩ᠎ᠢ ᠬᠠᠮᠠᠭ᠋ᠠᠯᠠᠬᠤ᠂ ᠬᠦᠮᠦᠨ ᠳᠦᠷᠦᠯᠬᠢᠳᠡᠨ᠎ᠤ ᠬᠦᠭᠵᠢᠯᠳᠡ ᠵᠢ ᠠᠬᠢᠭᠤᠯᠬᠤ᠎ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠢ᠌ᠭᠤᠯᠵᠠᠢ ᠭᠡᠵᠤ ᠭᠡᠯᠡᠪᠡ᠃
      ᠸᠸᠢ ᠹᠸᠩ ᠠ᠋ᠾᠸ᠎ᠠᠴᠠ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠶᠡᠷᠦᠩᠭᠡᠢ ᠱᠦᠵᠢ ᠰᠢ ᠵᠢᠨ ᠫᠢᠩ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠰᠤᠳᠤ ᠮᠡᠷᠭᠡᠨ ᠤᠳᠤᠷᠢᠳᠤᠯᠭ᠎ᠠ ᠳᠤᠤᠷ᠎ᠠ ᠴᠡᠷᠢᠭ ᠵᠶ᠋ᠡᠨ ᠬᠦᠴᠦᠷᠭᠡᠭᠵᠢᠬᠦᠯᠬᠦ ᠦᠢ᠍ᠯᠡᠰ ᠳᠡᠤᠭᠡᠳᠤ ᠴᠢᠨᠠᠷ᠎ᠲᠠᠢ ᠠᠮᠵᠢᠯᠳᠠ ᠤᠯᠪᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠬᠦᠭᠵᠢᠯᠳᠡ᠎ᠳᠤ ᠪᠠᠢ᠌ᠯᠳᠤᠬᠤ ᠪᠤᠳᠤᠯᠭ᠎ᠠ ᠵᠢᠨ ᠴᠢᠨᠠᠷᠳᠠᠢ ᠪᠠᠢ᠌ᠷᠢᠯᠠᠭᠤᠯᠤᠯᠳᠠ ᠬᠢᠵᠤ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠪᠠ ᠴᠡᠷᠢᠭ ᠠᠩᠬᠢ ᠵᠢᠨ ᠪᠦᠳᠦᠭᠡᠨ ᠪᠠᠢ᠌ᠭᠤᠯᠤᠯᠳᠠ ᠰᠢᠨ᠎ᠠ ᠠᠶᠠᠨ ᠵᠶ᠋ᠡᠨ ᠠ᠋ᠬᠢᠯᠡᠬᠦᠯᠪᠡ᠃ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠠ᠋ᠷᠭᠡᠪᠰᠢ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠦᠨᠳᠦᠰᠤᠨ ᠵᠢᠯᠤᠭᠤᠳᠬᠤ ᠪᠠᠢ᠌ᠷᠢ ᠰᠠᠭᠤᠷᠢ ᠵᠢ ᠪᠠᠲᠤ ᠪᠡᠬᠢ ᠱᠤᠭᠤᠵᠤ᠂ ᠰᠢ ᠵᠢᠨ ᠫᠢᠩ᠎ᠤᠨ ᠴᠡᠷᠢᠭ᠎ᠢ ᠬᠦᠴᠦᠷᠭᠡᠭᠵᠢᠬᠦᠯᠬᠦ ᠦᠵᠡᠯ ᠰᠠᠨᠠᠭ᠎ᠠ ᠵᠢ ᠪᠦᠬᠦ ᠳᠠᠯ᠎ᠠ᠎ᠪᠠᠷ ᠳᠤᠤᠱᠯᠠᠭᠤᠯᠤᠨ᠂ ᠬᠤᠪᠢᠰᠬᠠᠯᠵᠢᠯᠳᠠ᠂ ᠤᠳᠤᠬᠢᠴᠢᠯᠠᠯᠳᠠ᠂ ᠵᠢᠩᠬᠢᠨᠢᠴᠢᠯᠡᠯᠳᠡ ᠵᠢᠨ ᠪᠦᠳᠦᠭᠡᠨ ᠪᠠᠢ᠌ᠭᠤᠯᠤᠯᠳᠠ ᠵᠢ ᠳᠦᠷᠭᠡᠳᠭᠡᠵᠤ᠂ ᠠᠷᠠᠳ᠎ᠤᠨ ᠴᠡᠷᠢᠭ ᠠᠩᠬᠢ ᠵᠢ ᠳᠡᠯᠡᠭᠡᠢ᠎ᠳᠤ ᠳᠦᠷᠦᠬᠦᠯᠡᠬᠦ ᠴᠡᠷᠢᠭ ᠠᠩᠬᠢ ᠪᠤᠯᠭ᠋ᠠᠨ ᠪᠦᠳᠦᠭᠡᠨ ᠪᠠᠢ᠌ᠭᠤᠯᠵᠤ᠂ 《ᠬᠤᠤᠰ ᠵᠠᠭᠤᠨ ᠵᠢᠯ》᠎ᠤᠨ ᠳᠡᠮᠡᠴᠡᠬᠦ ᠬᠠᠷᠠᠯᠳᠠ ᠪᠣᠯᠤᠨ ᠳᠤᠮᠳᠠᠳᠤ ᠵᠢᠨ ᠦᠨᠳᠦᠰᠦᠳᠡᠨ ᠵᠶ᠋ᠠᠨ ᠰᠡᠷᠬᠦᠨ ᠮᠠᠨᠳᠤᠭᠤᠯᠬᠤ ᠳᠤᠮᠳᠠᠳᠤ ᠵᠢᠨ ᠬᠦᠰᠡᠯ ᠵᠡᠬᠦᠳᠤ᠎ᠪᠠᠨ ᠪᠡᠶᠡᠯᠡᠭᠦᠯᠬᠦ ᠪᠠᠢ᠌ᠯᠳᠤᠬᠤ ᠪᠤᠳᠤᠯᠭ᠎ᠠ ᠵᠢᠨ ᠳᠤᠯᠭ᠋ᠠᠭᠤᠷᠢᠯᠠᠯ ᠪᠣᠯᠭ᠋ᠠᠬᠤ ᠭᠡᠷᠡᠭᠳᠡᠢ᠃ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠠ᠋ᠷᠭᠡ ᠰᠦᠷ ᠪᠡ ᠳᠦᠪᠯᠡᠷᠡᠩᠬᠦᠢ ᠨᠢᠭᠡᠳᠤᠯᠳᠠᠢ ᠤᠳᠤᠷᠢᠳᠤᠯᠭ᠎ᠠ ᠵᠢ ᠠ᠋ᠷᠡᠰ ᠬᠦᠷᠢᠶᠡᠯᠡᠨ᠂ ᠨᠠᠮ᠎ᠤᠨ ᠳᠦᠪ ᠬᠤᠷᠢᠶ᠎ᠠ᠂ ᠨᠠᠮ᠎ᠤᠨ ᠳᠦᠪ ᠬᠤᠷᠢᠶᠠᠨ᠎ᠤ ᠴᠡᠷᠢᠭ᠎ᠤᠨ ᠶᠠᠪᠤᠳᠠᠯ᠎ᠤᠨ ᠬᠤᠷᠢᠶ᠎ᠡ ᠪᠤᠯᠤᠨ ᠰᠢ ᠵᠢᠨ ᠫᠢᠩ ᠳᠡᠷᠢᠬᠦᠯᠡᠭᠴᠢ ᠵᠢᠨ ᠵᠢᠯᠤᠭᠤᠳᠤᠯᠭ᠎ᠠ ᠵᠢ ᠠ᠋ᠷᠡᠰ ᠳᠠᠭ᠋ᠠᠵᠤ᠂ ᠤᠯᠤᠰ ᠳᠦᠷᠦ᠎ᠪᠠᠷ ᠴᠡᠷᠢᠭ ᠵᠶ᠋ᠠᠨ ᠪᠠᠢ᠌ᠭᠤᠯᠬᠤ᠂ ᠦᠭᠡᠷᠡᠴᠢᠯᠡᠯᠳᠡ᠎ᠪᠠᠷ ᠴᠡᠷᠢᠭ ᠵᠶ᠋ᠠᠨ ᠬᠦᠴᠦᠷᠭᠡᠭᠵᠢᠬᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠴᠡᠷᠢᠭ ᠵᠶ᠋ᠠᠨ ᠮᠠᠨᠳᠤᠭᠤᠯᠬᠤ᠂ ᠬᠠᠤᠯᠢ᠎ᠪᠠᠷ ᠴᠡᠷᠢᠭ ᠵᠶ᠋ᠠᠨ ᠵᠠᠰᠠᠬᠤ ᠵᠢ ᠭᠣᠢ᠌ᠪᠢᠰᠢ ᠦᠭᠡᠢ ᠪᠠᠷᠢᠮᠳᠠᠯᠠᠨ᠂ ᠰᠢᠨ᠎ᠠ ᠴᠠᠭ ᠦᠶ᠎ᠠ ᠵᠢᠨ ᠳᠠᠢ᠌ᠨ᠎ᠤ ᠪᠡᠯᠡᠳᠭᠡᠯ ᠪᠠ ᠪᠠᠢ᠌ᠯᠳᠤᠬᠤ ᠴᠢᠳᠠᠪᠤᠷᠢ᠎ᠪᠠᠨ ᠪᠦᠬᠦ ᠳᠠᠯ᠎ᠠ᠎ᠪᠠᠷ ᠳᠡᠭᠡᠭᠰᠢᠯᠡᠬᠦᠯᠵᠤ᠂ ᠳᠠᠭᠤᠳᠠᠪᠠᠯ ᠢᠷᠡᠵᠤ᠂ ᠢᠷᠡᠪᠡᠯ ᠪᠠᠢ᠌ᠯᠳᠤᠵᠤ᠂ ᠪᠠᠢ᠌ᠯᠳᠤᠪᠠᠯ ᠢᠯᠠᠬᠤ ᠵᠢ ᠪᠠᠳᠤᠯᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠵᠠᠢ᠃
      ᠸᠸᠢ ᠹᠸᠩ ᠠ᠋ᠾᠸ᠎ᠠᠴᠠ ᠪᠠᠰᠠ ᠳᠤᠮᠳᠠᠳᠤ ᠤᠯᠤᠰ ᠠ᠋ᠩᠭᠡ ᠳᠡᠢ᠌ᠪᠤᠩ᠂ ᠬᠦᠭᠵᠢᠯᠳᠡ᠂ ᠬᠠᠮᠳᠤᠷᠠᠯᠴᠠᠭ᠎ᠠ᠂ ᠬᠠᠮᠳᠤᠪᠠᠷ ᠠᠰᠢᠭ ᠬᠦᠷᠳᠡᠬᠦ ᠳᠤᠭ᠎ᠢ ᠦᠨᠳᠦᠷ ᠮᠠᠨᠳᠤᠭᠤᠯᠤᠨ᠂ ᠠ᠋ᠩᠭᠡ ᠳᠡᠢ᠌ᠪᠤᠩ ᠬᠦᠭᠵᠢᠯᠳᠡ ᠵᠢᠨ ᠵᠠᠮ ᠵᠶ᠋ᠡᠷ ᠠ᠋ᠷᠡᠰ ᠭᠣᠢ᠌ᠪᠢᠰᠢ ᠦᠭᠡᠢ ᠤᠷᠤᠭᠰᠢᠯᠠᠵᠤ᠂ ᠬᠣᠷᠢᠭᠯᠠᠯᠲᠠ ᠵᠢᠨ ᠴᠢᠨᠠᠷ᠎ᠲᠠᠢ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠳᠦᠷᠦ ᠵᠢᠨ ᠪᠤᠳᠤᠯᠭ᠎ᠠ ᠵᠢ ᠠ᠋ᠷᠡᠰ ᠭᠡᠷᠡᠭᠵᠢᠬᠦᠯᠦᠨ᠂ ᠰᠢᠨ᠎ᠠ ᠭᠡᠯᠪᠡᠷᠢ ᠵᠢᠨ ᠤᠯᠠᠨ ᠤᠯᠤᠰ᠎ᠤᠨ ᠬᠠᠷᠢᠴᠠᠭ᠎ᠠ ᠪᠠᠢ᠌ᠭᠤᠯᠬᠤ ᠪᠠ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠪᠠᠢ᠌ᠭᠤᠯᠬᠤ ᠵᠢ ᠠᠬᠢᠭᠤᠯᠵᠤ᠂ ᠳᠡᠯᠡᠭᠡᠢ ᠵᠢᠨ ᠠ᠋ᠩᠭᠡ ᠳᠡᠢ᠌ᠪᠤᠩ᠎ᠢ ᠪᠠᠢ᠌ᠭᠤᠯᠤᠭᠴᠢ᠂ ᠪᠦᠮᠪᠦᠷᠴᠡᠭ᠎ᠤᠨ ᠬᠦᠭᠵᠢᠯᠳᠠ᠎ᠳᠤ ᠨᠡᠮᠡᠷᠢ ᠬᠠᠨᠳᠢᠪ ᠠ᠋ᠷᠬᠦᠭᠴᠢ᠂ ᠤᠯᠠᠨ ᠤᠯᠤᠰ᠎ᠤᠨ ᠠ᠋ᠮᠬᠢ ᠳᠢᠭᠯᠢᠮ᠎ᠢ ᠬᠠᠮᠠᠭ᠋ᠠᠯᠠᠭᠴᠢ ᠪᠤᠯᠵᠤ᠂ ᠳᠤᠮᠳᠠᠳᠤ ᠤᠯᠤᠰ᠎ᠤᠨ ᠴᠡᠷᠢᠭ ᠠᠩᠬᠢ ᠳᠤᠷᠠᠳᠠᠶ᠎ᠠ ᠡᠯ᠎ᠡ ᠤᠯᠤᠰ᠎ᠤᠨ ᠴᠡᠷᠢᠭ ᠠᠩᠬᠢ᠎ᠲᠠᠢ ᠬᠠᠮᠳᠤᠪᠠᠷ ᠴᠡᠷᠢᠭ᠎ᠤᠨ ᠶᠠᠪᠤᠳᠠᠯ᠎ᠤᠨ ᠶᠠᠪᠤᠯᠴᠠᠭ᠎ᠠ ᠬᠠᠮᠳᠤᠷᠠᠯᠴᠠᠭ᠎ᠠ᠎ᠪᠠᠨ ᠭᠦᠨᠵᠡᠭᠡᠢ᠌ᠷᠡᠭᠦᠯᠵᠤ᠂ ᠳᠡᠯᠡᠭᠡᠢ ᠵᠢᠨ ᠠ᠋ᠩᠭᠡ ᠳᠡᠢ᠌ᠪᠤᠩ ᠬᠦᠭᠵᠢᠯᠳᠡ ᠵᠢ ᠬᠠᠮᠠᠭ᠋ᠠᠯᠠᠬᠤ᠎ᠳᠤ ᠴᠢᠬᠤᠯᠠ ᠦᠢ᠍ᠯᠡᠳᠤᠯ ᠦᠵᠡᠬᠦᠯᠦᠨ᠎ᠠ ᠭᠡᠪᠡ᠃
      ᠸᠸᠢ ᠹᠸᠩ ᠠ᠋ᠾᠸ ᠪᠠᠰᠠ ᠳᠡᠯᠡᠭᠡᠢ ᠳᠡᠭᠡᠷ᠎ᠠ ᠭᠠᠭᠴᠠᠬᠠᠨ ᠳᠤᠮᠳᠠᠳᠤ ᠤᠯᠤᠰ ᠪᠠᠢ᠌ᠳᠠᠭ᠂ ᠳᠠᠢ᠌ᠸᠠᠨ ᠪᠤᠯ ᠳᠤᠮᠳᠠᠳᠤ ᠤᠯᠤᠰ᠎ᠤᠨ ᠨᠤᠳᠤᠭ ᠳᠡᠪᠢᠰᠭᠡᠷ᠎ᠤᠨ ᠰᠠᠯᠵᠤ ᠪᠤᠯᠤᠰᠢ ᠦᠭᠡᠢ ᠨᠢᠭᠡ ᠭᠡᠰᠡᠭ ᠪᠤᠯᠤᠨ᠎ᠠ᠃ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠶᠠᠮᠠᠷᠪᠠ ᠭᠡᠯᠪᠡᠷᠢ ᠵᠢᠨ ᠭᠠᠳᠠᠭ᠋ᠠᠳᠤ ᠵᠢᠨ ᠭᠠᠷ ᠳᠦᠷᠦᠬᠦ ᠶᠠᠪᠤᠳᠠᠯ᠎ᠢ ᠠ᠋ᠷᠡᠰ ᠨᠢᠴᠤᠭ᠋ᠠᠵᠤ᠂ ᠠ᠋ᠭᠡ ᠤᠯᠤᠰ᠎ᠤᠨ ᠠ᠋ᠷᠭᠡ ᠮᠡᠳᠡᠯ ᠪᠤᠯᠤᠨ ᠨᠤᠳᠤᠭ ᠳᠡᠪᠢᠰᠭᠡᠷ᠎ᠤᠨ ᠪᠦᠷᠢᠨ ᠪᠦᠳᠦᠨ ᠵᠶ᠋ᠠᠨ ᠠ᠋ᠷᠡᠰ ᠬᠠᠮᠠᠭ᠋ᠠᠯᠠᠨ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠡᠨᠳᠤᠯᠳᠠ ᠵᠢ ᠬᠠᠮᠠᠭ᠋ᠠᠯᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠴᠢᠯᠦᠭᠡᠯᠡᠬᠦ ᠴᠡᠷᠢᠭ᠎ᠤᠨ ᠪᠡᠭᠡᠵᠢᠩ᠎ᠳᠤ ᠰᠠᠭᠤᠭ᠎ᠠ ᠡᠯ᠎ᠠ ᠶᠡᠭᠡ ᠨᠢᠭᠡᠴᠢ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠪᠠᠢ᠌ᠭᠤᠯᠭ᠎ᠠ ᠵᠢᠨ ᠡᠯ᠎ᠠ ᠰᠠᠯᠠᠭ᠎ᠠ ᠮᠦᠴᠢᠷ᠂ ᠵᠡᠪᠰᠡᠭᠳᠤ ᠴᠠᠭᠳᠠᠭ᠎ᠠ ᠵᠢᠨ ᠴᠡᠷᠢᠭ ᠠᠩᠬᠢ ᠵᠢᠨ ᠬᠠᠷᠢᠭᠤᠴᠠᠯᠭ᠋ᠠᠳᠠᠨ ᠳᠠᠢ᠌ᠯᠠᠯᠭ᠎ᠠ᠎ᠳᠤ ᠤᠷᠤᠯᠴᠠᠪᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠ᠋ᠸᠦᠢ᠍ᠷᠦᠫᠠ ᠵᠢᠨ ᠬᠤᠯᠪᠤᠭ᠎ᠠ᠎ᠲᠠᠢ ᠬᠠᠮᠳᠤᠪᠠᠷ ᠤᠯᠠᠨ ᠳᠠᠯᠠᠳᠤ ᠦᠵᠡᠯ᠎ᠢ ᠳᠡᠮᠵᠢᠨ᠎ᠠ
ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ ᠰᠢᠩᠭ᠋ᠠᠫᠤᠷ᠎ᠲᠤ ᠬᠤᠷᠠᠯᠳᠤᠵᠤ ᠸᠠᠩ ᠢ ᠤᠷᠤᠯᠴᠠᠪᠠ
ᠸᠠᠩ ᠢ᠄ ᠳᠤᠮᠳᠠᠳᠤ ᠤᠯᠤᠰ ᠡᠯ᠎ᠡ ᠳᠠᠯ᠎ᠠ ᠵᠢᠨ᠎ᠬᠢᠨ᠎ᠲᠠᠢ ᠬᠠᠮᠳᠤᠷᠠᠨ ᠢᠷᠡᠨ ᠤᠯᠤᠰ᠎ᠤᠨ ᠴᠦᠮ᠎ᠠ ᠵᠢᠨ ᠳᠤᠬᠠᠢ ᠵᠦᠪᠳᠡᠯᠴᠡᠭᠡᠷ᠎ᠢ ᠦᠷᠬᠦᠯᠵᠢᠯᠡᠨ ᠬᠠᠮᠠᠭ᠋ᠠᠯᠠᠨ᠎ᠠ ᠭᠡᠪᠡ
ᠸᠠᠩ ᠢ ᠠᠮᠸᠷᠢᠺᠠ ᠵᠢᠨ ᠤᠯᠤᠰ᠎ᠤᠨ ᠶᠠᠪᠤᠳᠠᠯ᠎ᠤᠨ ᠰᠠᠢ᠌ᠳ ᠫᠤᠩᠫᠸᠢᠢ᠍ᠡᠤᠤ᠎ᠲᠠᠢ ᠠᠭᠤᠯᠵᠠᠪᠠ
ᠸᠠᠩ ᠢ ᠬᠦᠷᠢᠶᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠺᠠᠩ ᠵᠢᠩ ᠠ᠋ᠾᠸ᠎ᠲᠠᠢ ᠠᠭᠤᠯᠵᠠᠪᠠ
 
            