8 ᠳ᠋ᠤᠭ᠋ᠠᠷ ᠰᠠᠷ᠎ᠠ ᠵᠢᠨ 3᠎ᠤ ᠠ᠋ᠳᠤᠷ ᠰᠢᠩᠭ᠋ᠠᠫᠤᠷ᠎ᠤᠨ ᠶᠡᠷᠦᠩᠭᠡᠢ ᠰᠠᠢ᠌ᠳ ᠯᠢ ᠰᠢᠶᠠᠨ ᠯᠦᠩ ᠶᠡᠷᠦᠩᠭᠡᠢ ᠰᠠᠢ᠌ᠳ᠎ᠤᠨ ᠤᠷᠳᠤᠨ᠎ᠳᠤ᠎ᠪᠠᠨ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠵᠢ ᠬᠦᠯᠢᠶᠡᠨ ᠠᠪᠴᠤ ᠠᠭᠤᠯᠵᠠᠪᠠ᠃
ᠸᠠᠩ ᠢ ᠳᠤᠮᠳᠠᠳᠤ ᠤᠯᠤᠰ᠎ᠤᠨ ᠤᠳᠤᠷᠢᠳᠬᠤ ᠬᠦᠮᠦᠰ᠎ᠤᠨ ᠯᠢ ᠰᠢᠶᠠᠨ ᠯᠦᠩ᠎ᠤᠨ ᠠᠮᠤᠷ᠎ᠢ ᠠᠰᠠᠭᠤᠵᠤ ᠪᠠᠢ᠌ᠬᠤ ᠵᠢ ᠳᠡᠮᠵᠢᠭᠤᠯᠪᠠ᠃ ᠸᠠᠩ ᠢ᠎ᠠᠴᠠ ᠠ᠋ᠨᠡ ᠵᠢᠯ ᠪᠤᠯ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ᠎ᠤᠨ ᠤᠢ ᠪᠤᠯᠬᠤ ᠪᠦᠭᠡᠳ ᠳ᠋ᠸᠩ ᠰᠢᠶᠤᠤ ᠫᠢᠩ ᠠᠪᠤᠭ᠋ᠠᠢ ᠰᠢᠩᠭ᠋ᠠᠫᠤᠷ᠎ᠲᠤ ᠠᠢ᠌ᠯᠴᠢᠯᠠᠭᠰᠠᠨ 40 ᠵᠢᠯ᠎ᠤᠨ ᠤᠢ ᠪᠤᠯᠤᠨ᠎ᠠ᠂ ᠠ᠋ᠨ᠋ᠨ᠎ᠨᠢ ᠳᠤᠮᠳᠠᠳᠤ ᠤᠯᠤᠰ᠎ᠤᠨ ᠬᠦᠭᠵᠢᠯᠳᠡ ᠪᠤᠯᠤᠨ ᠳᠤᠮᠳᠠᠳᠤ ᠰᠢᠩᠭ᠋ᠠᠫᠤᠷ᠎ᠤᠨ ᠬᠠᠷᠢᠴᠠᠭ᠋ᠠᠨ᠎ᠳᠤ ᠴᠦᠮ ᠤᠷᠢᠳᠤᠬᠢ ᠵᠢ ᠵᠠᠯᠭ᠋ᠠᠮᠵᠢᠯᠠᠨ ᠬᠤᠢ᠌ᠰᠢᠬᠢᠳᠤ ᠵᠠᠮ ᠨᠡᠭᠡᠭᠡᠭᠰᠡᠨ ᠴᠢᠬᠤᠯᠠ ᠤᠨ ᠵᠢᠯ ᠪᠤᠯᠪᠠ᠃ ᠳᠤᠮᠳᠠᠳᠤ ᠵᠢᠨ᠎ᠬᠢᠨ ᠳᠤᠷᠠᠳᠠᠶ᠎ᠠ ᠰᠢᠩᠭ᠋ᠠᠫᠤᠷ᠎ᠤᠨ ᠳᠠᠯ᠎ᠠ᠎ᠲᠠᠢ ᠳᠡᠭᠡᠳᠤ ᠳᠠᠪᠬᠤᠷᠭ᠎ᠠ ᠵᠢᠨ ᠶᠠᠪᠤᠯᠴᠠᠭ᠎ᠠ᠎ᠪᠠᠨ ᠦᠷᠬᠦᠯᠵᠢᠯᠡᠨ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》᠎ᠤᠨ ᠪᠠᠢ᠌ᠭᠤᠯᠤᠯᠳᠠ ᠵᠢ ᠬᠠᠮᠳᠤ᠎ᠪᠠᠷ ᠪᠠᠢ᠌ᠭᠤᠯᠵᠤ᠂ ᠴᠢᠬᠤᠯᠠ ᠶᠡᠭᠡ ᠳᠦᠷᠦᠯ ᠵᠦᠢ᠍ᠯ ᠪᠤᠯᠤᠨ ᠴᠢᠬᠤᠯᠠ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠦᠷᠬᠦᠯᠵᠢᠯᠡᠨ ᠠᠬᠢᠭᠤᠯᠤᠨ᠎ᠠ ᠭᠡᠵᠤ ᠭᠡᠯᠡᠪᠡ᠃
ᠸᠠᠩ ᠢ ᠪᠠᠰᠠ ᠰᠢᠩᠭ᠋ᠠᠫᠤᠷ᠎ᠤᠨ᠎ᠬᠢᠨ ᠰᠢᠩᠭ᠋ᠠᠫᠤᠷ᠎ᠤᠨ ᠤᠨᠴᠠᠯᠢᠭᠲᠤ ᠳᠤᠬᠢᠷᠠᠭᠰᠠᠨ ᠪᠦᠳᠦᠮᠵᠢᠳᠡᠢ ᠬᠦᠭᠵᠢᠯᠳᠡ ᠵᠢᠨ ᠵᠠᠮ᠎ᠢ ᠬᠠᠢ᠌ᠨ ᠤᠯᠤᠭᠰᠠᠨ ᠪᠠᠢ᠌ᠨ᠎ᠠ᠂ ᠳᠤᠮᠳᠠᠳᠤ ᠤᠯᠤᠰ ᠴᠤ᠌ ᠳᠤᠮᠳᠠᠳᠤ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠵᠠᠮ ᠵᠶ᠋ᠡᠷ ᠤᠷᠤᠭᠰᠢᠯᠠᠵᠤ ᠪᠠᠢ᠌ᠭ᠎ᠠ ᠶᠤᠮ᠃ ᠳᠤᠮᠳᠠᠳᠤ ᠤᠯᠤᠰ ᠦᠪᠡᠷ᠎ᠤᠨ ᠵᠶ᠋ᠡᠨ ᠳᠡᠤᠭᠡ ᠪᠡ ᠤᠯᠠᠮᠵᠢᠯᠠᠯᠳᠤ ᠰᠤᠶᠤᠯᠳᠤ ᠰᠠᠭᠤᠷᠢᠯᠠᠨ ᠠ᠋ᠩᠭᠡ ᠳᠠᠢ᠌ᠪᠤᠩ ᠵᠶ᠋ᠡᠷ ᠬᠦᠭᠵᠢᠬᠦ ᠵᠠᠮ᠂ ᠬᠠᠷᠢᠯᠴᠠᠨ ᠠᠰᠢᠭᠲᠠᠢ ᠪᠠᠢ᠌ᠵᠤ ᠬᠠᠮᠳᠤ᠎ᠪᠠᠷ ᠠᠰᠢᠭ ᠬᠦᠷᠳᠡᠬᠦ ᠵᠠᠮ ᠵᠶ᠋ᠡᠷ ᠦᠷᠬᠦᠯᠵᠢᠯᠡᠨ ᠤᠷᠤᠭᠰᠢᠯᠠᠬᠤ ᠪᠤᠯᠤᠨ᠎ᠠ᠃ ᠤᠳᠤᠬᠠᠨ᠎ᠳᠤ ᠳᠡᠯᠡᠭᠡᠢ ᠳ᠋ᠠᠬᠢᠨ ᠵᠠᠭᠤᠨ ᠵᠢᠯ᠎ᠳᠤ ᠳᠤᠬᠢᠶᠠᠯᠳᠤᠭ᠎ᠠ ᠦᠭᠡᠢ ᠬᠤᠪᠢᠷᠠᠯᠳᠠ᠎ᠳᠤ ᠤᠴᠠᠷᠠᠵᠤ᠂ ᠨᠢᠭᠡ ᠪᠦᠯᠦᠭ ᠤᠯᠤᠰ᠎ᠲᠤ ᠠᠷᠠᠨᠴᠢ ᠦᠵᠡᠯ᠂ ᠭᠠᠭᠴᠠ ᠳᠠᠯᠠᠳᠤ ᠦᠵᠡᠯ ᠳᠠᠰᠤᠷᠠᠯᠳᠠ ᠦᠭᠡᠢ ᠴᠤᠬᠤᠢ᠌ᠵᠤ ᠪᠠᠢ᠌ᠨ᠎ᠠ᠃ ᠳᠤᠮᠳᠠᠳᠤ ᠤᠯᠤᠰ ᠬᠠᠷᠢᠭᠤᠴᠠᠯᠭ᠎ᠠ᠎ᠲᠠᠢ ᠤᠯᠤᠰ ᠪᠤᠯᠤᠭᠰᠠᠨ᠎ᠤ ᠬᠤᠪᠢ᠎ᠳᠤ ᠪᠤᠰᠤᠳ ᠤᠯᠤᠰ᠎ᠲᠠᠢ ᠬᠠᠮᠳᠤ᠎ᠪᠠᠷ ᠬᠠᠷᠢᠭᠤᠴᠠᠯᠭ᠎ᠠ ᠠ᠋ᠬᠦᠷᠭᠡᠯᠡᠵᠤ᠂ ᠤᠯᠠᠠ ᠳᠠᠯᠠᠳᠤ ᠦᠵᠡᠯ᠎ᠢ ᠠ᠋ᠷᠡᠰ ᠳᠡᠮᠵᠢᠨ᠂ ᠤᠯᠠᠨ ᠤᠯᠤᠰ᠎ᠤᠨ ᠳᠦᠷᠢᠮ ᠪᠤᠯᠤᠨ ᠤᠯᠠᠨ ᠳᠠᠯᠠᠳᠤ ᠠᠷᠠᠯᠵᠢᠶᠠᠨ᠎ᠤ ᠳᠤᠭᠳᠠᠴᠠ ᠵᠢ ᠠ᠋ᠷᠡᠰ ᠬᠠᠮᠠᠭ᠋ᠠᠯᠠᠵᠤ᠂ ᠨᠡᠭᠡᠭᠡᠯᠳᠡ ᠵᠢᠨ ᠭᠡᠯᠪᠡᠷᠢ᠎ᠲᠠᠢ ᠳᠡᠯᠡᠭᠡᠢ ᠵᠢᠨ ᠠᠵᠤ ᠠᠬᠤᠢ ᠵᠢ ᠠᠬᠢᠭᠤᠯᠤᠨ᠂ ᠳᠡᠯᠡᠭᠡᠢ ᠵᠢᠨ ᠠ᠋ᠩᠭᠡ ᠳᠠᠢ᠌ᠪᠤᠩ ᠪᠤᠯᠤᠨ ᠬᠦᠭᠵᠢᠯᠳᠡ ᠵᠢ ᠠ᠋ᠷᠡᠰ ᠬᠠᠮᠠᠭ᠋ᠠᠯᠠᠨ᠎ᠠ ᠭᠡᠵᠤ ᠢᠯᠡᠷᠭᠡᠢ᠌ᠯᠡᠪᠡ᠃
ᠯᠢ ᠰᠢᠶᠠᠨ ᠯᠦᠩ᠎ᠠᠴᠠ ᠳᠤᠮᠳᠠᠳᠤ ᠤᠯᠤᠰ᠎ᠤᠨ ᠤᠳᠤᠷᠢᠳᠬᠤ ᠬᠦᠮᠦᠨ᠎ᠳᠤ ᠳᠤᠳᠤᠨᠤ ᠮᠡᠨᠳᠤᠴᠢᠯᠠᠯ ᠬᠦᠷᠭᠡᠵᠤ ᠪᠠᠢ᠌ᠬᠤ ᠵᠢ ᠳᠠᠮᠵᠢᠭᠤᠯᠤᠨ ᠦᠭᠬᠦ ᠵᠢ ᠸᠠᠩ ᠢ᠎ᠳᠤ ᠬᠦᠰᠡᠭᠰᠡᠨ ᠪᠦᠭᠡᠳ ᠳᠤᠮᠳᠠᠳᠤ ᠤᠯᠤᠰ᠎ᠤᠨ ᠤᠯᠤᠰ ᠳᠦᠷᠦ ᠵᠢᠨ ᠪᠠᠢ᠌ᠭᠤᠯᠤᠮᠵᠢ᠎ᠨᠢ ᠦᠷᠬᠦᠯᠵᠢᠯᠡᠭᠰᠡᠨ ᠴᠢᠨᠠᠷ ᠪᠠ ᠳᠤᠭᠳᠠᠭᠤᠨ ᠴᠢᠨᠠᠷᠲᠠᠢ ᠪᠠᠢ᠌ᠵᠤ᠂ ᠪᠦᠬᠦ ᠪᠦᠮᠪᠦᠷᠴᠡᠭ᠎ᠤᠨ ᠵᠠᠰᠠᠯᠳᠠ ᠵᠢ ᠳᠡᠬᠦᠯᠳᠡᠷᠵᠢᠬᠦᠯᠦᠨ ᠤᠯᠠᠨ ᠤᠯᠤᠰ᠎ᠤᠨ ᠠ᠋ᠮᠬᠢ ᠲᠢᠭᠯᠢᠮ᠎ᠢ ᠬᠠᠮᠠᠭ᠋ᠠᠯᠠᠬᠤ᠎ᠳᠤ ᠴᠢᠬᠤᠯᠠ ᠶᠡᠭᠡ ᠪᠦᠳᠦᠭᠡᠨ ᠪᠠᠢ᠌ᠭᠤᠯᠤᠯᠳᠠ ᠵᠢᠨ ᠴᠢᠨᠠᠷᠲᠠᠢ ᠦᠢ᠍ᠯᠡᠳᠤᠯ ᠦᠵᠡᠬᠦᠯᠪᠡ᠃ ᠰᠢᠩᠭ᠋ᠠᠫᠤᠷ᠎ᠤᠨ᠎ᠬᠢᠨ ᠳᠤᠮᠳᠠᠳᠤ ᠤᠯᠤᠰ᠎ᠤᠨ ᠤᠳᠤᠬᠠᠨ᠎ᠤ ᠪᠠᠢ᠌ᠳᠠᠯ ᠳᠤᠤᠷᠠᠬᠢ ᠦᠪᠡᠷ᠎ᠤᠨ ᠵᠶ᠋ᠡᠨ ᠳᠦᠪ ᠶᠤᠰᠤᠨ᠎ᠤ ᠠ᠋ᠷᠭᠡ ᠠᠰᠢᠭ ᠪᠠ ᠤᠯᠠᠨ ᠤᠯᠤᠰ᠎ᠤᠨ ᠳᠦᠷᠢᠮ᠎ᠢ ᠬᠠᠮᠠᠭ᠋ᠠᠯᠠᠬᠤ᠎ᠪᠠᠷ ᠠᠪᠤᠭᠰᠠᠨ ᠵᠤᠭᠰᠤᠯᠳᠠ ᠪᠠ ᠠᠷᠭ᠎ᠠ ᠭᠡᠮᠵᠢᠶ᠎ᠡ ᠵᠢ ᠤᠢ᠌ᠯᠠᠭ᠋ᠠᠵᠤ᠂ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ᠎ᠪᠠᠨ ᠦᠷᠬᠦᠯᠵᠢᠯᠡᠨ ᠦᠷᠭᠡᠳᠭᠡᠬᠦ ᠵᠢ ᠳᠡᠮᠵᠢᠨ ᠵᠤᠷᠢᠭᠵᠢᠭᠤᠯᠤᠨ᠎ᠠ᠃ ᠰᠢᠩᠭ᠋ᠠᠫᠤᠷ᠎ᠤᠨ᠎ᠬᠢᠨ ᠤᠯᠠᠨ ᠳᠠᠯᠠᠳᠤ ᠦᠵᠡᠯ᠎ᠢ ᠦᠷᠬᠦᠯᠵᠢᠯᠡᠨ ᠪᠠᠷᠢᠮᠳᠠᠯᠠᠵᠤ᠂ 《ᠨᠢᠭᠡ ᠪᠦᠰᠡ ᠨᠢᠭᠡ ᠵᠠᠮ》᠎ᠤᠨ ᠪᠠᠢ᠌ᠭᠤᠯᠤᠯᠳᠠ ᠵᠢ ᠳᠡᠮᠵᠢᠨ᠎ᠠ᠃ ᠬᠤᠶᠠᠷ ᠤᠯᠤᠰ᠎ᠤᠨ ᠬᠠᠷᠢᠴᠠᠭ᠎ᠠ᠎ᠪᠠᠨ ᠤᠯᠠᠮ ᠬᠦᠨᠵᠡᠭᠡᠢ᠌ᠷᠡᠬᠦᠯᠬᠦ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃