8 ᠳ᠋ᠤᠭ᠋ᠠᠷ ᠰᠠᠷ᠎ᠠ ᠵᠢᠨ 19᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠡᠭᠡᠵᠢᠩ᠎ᠳᠤ ᠦᠷᠦᠢ᠍ᠭᠤᠸᠠᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠨᠢᠡᠸᠨᠲᠠᠢ ᠠᠭᠤᠯᠵᠠᠵᠤ ᠶᠡᠷᠢᠯᠴᠡᠵᠡᠢ᠃
ᠸᠠᠩ ᠢ᠂ ᠲᠠ ᠠ᠋ᠨᠡ ᠤᠳᠠᠭ᠎ᠠ ᠳᠤᠮᠳᠠᠳᠤ ᠤᠯᠤᠰ᠎ᠲᠤ ᠠᠢ᠌ᠯᠴᠢᠯᠠᠨ ᠢᠷᠡᠵᠤ᠂ ᠳᠤᠮᠳᠠᠳᠤ ᠵᠢᠨ᠎ᠬᠢᠨ᠎ᠲᠠᠢ 《ᠨᠢᠭᠡ ᠪᠦᠰᠡ ᠨᠢᠭᠡ ᠵᠠᠮ》᠎ᠢ ᠬᠠᠮᠳᠤ᠎ᠪᠠᠷ ᠪᠠᠢ᠌ᠭᠤᠯᠬᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠭᠡᠯᠡᠯᠴᠡᠭᠡᠷ ᠵᠡᠷᠭᠡ ᠬᠠᠮᠳᠤᠷᠠᠯᠴᠠᠭ᠋ᠠᠨ᠎ᠤ ᠪᠢᠴᠢᠭ ᠮᠠᠲᠸᠷᠢᠶᠠᠯ᠎ᠳᠤ ᠭᠠᠷᠤᠨ ᠦᠰᠦᠭ ᠵᠢᠷᠤᠭᠰᠠᠨ ᠶᠠᠪᠤᠳᠠᠯ᠎ᠨᠢ ᠳᠤᠮᠳᠠᠳᠤ ᠦᠷᠦᠢ᠍ᠭᠤᠸᠠᠢ ᠵᠢᠨ ᠬᠠᠷᠢᠴᠠᠭ᠋ᠠᠨ᠎ᠤ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ ᠵᠢᠨ ᠠᠯᠤᠰ᠎ᠤᠨ ᠬᠠᠷᠠᠯᠳᠠ ᠵᠢ ᠬᠦᠢ᠍ᠴᠡᠳ ᠢᠯᠡᠷᠡᠬᠦᠯᠪᠡ᠃ ᠬᠤᠶᠠᠷ ᠳᠠᠯ᠎ᠠ᠎ᠪᠠᠷ ᠵᠶ᠋ᠡᠨ ᠪᠦᠬᠦ ᠳᠠᠯ᠎ᠠ ᠵᠢᠨ ᠬᠠᠷᠢᠯᠴᠠᠭ᠎ᠠ ᠶᠠᠪᠤᠯᠴᠠᠭ᠎ᠠ᠎ᠪᠠᠨ ᠪᠠᠷᠢᠮᠳᠠᠯᠠᠵᠤ᠂ ᠭᠤᠤᠯᠯᠠᠭᠴᠢ ᠠᠰᠢᠭ ᠳᠤᠰᠠ ᠪᠠ ᠴᠢᠬᠤᠯᠠ ᠶᠡᠭᠡ ᠠᠰᠠᠭᠤᠳᠠᠯ ᠳᠡᠭᠡᠷ᠎ᠠ ᠦᠷᠬᠦᠯᠵᠢᠯᠡᠨ ᠬᠠᠷᠢᠯᠴᠠᠨ ᠳᠡᠮᠵᠢᠪᠡᠯ ᠵᠤᠬᠢᠨ᠎ᠠ᠃ ᠦᠷᠦᠢ᠍ᠭᠤᠸᠠᠢ ᠵᠢᠨ᠎ᠬᠢᠨ ᠢᠳᠡᠪᠬᠢᠳᠡᠢ ᠦᠢ᠍ᠯᠡᠳᠤᠯ ᠵᠶ᠋ᠡᠨ ᠦᠷᠬᠦᠯᠵᠢᠯᠡᠨ ᠪᠠᠳᠠᠷᠠᠭᠤᠯᠵᠤ᠂ ᠳᠤᠮᠳᠠᠳᠤ ᠤᠯᠤᠰ ᠪᠤᠯᠤᠨ ᠠ᠋ᠮᠤᠨᠡᠳᠤ ᠠᠮᠸᠷᠢᠺᠠ ᠵᠢᠨ ᠬᠠᠮᠳᠤ ᠵᠢᠨ ᠵᠠᠬ᠎ᠠ ᠳᠡᠯᠭᠡᠬᠦᠷ᠎ᠤᠨ ᠭᠡᠯᠡᠯᠴᠡᠭᠡᠷ ᠬᠠᠮᠳᠤᠷᠠᠯᠴᠠᠭ᠋ᠠᠨ᠎ᠤ ᠰᠢᠨ᠎ᠠ ᠬᠦᠭᠵᠢᠯᠳᠡ ᠵᠢ ᠠᠬᠢᠭᠤᠯᠬᠤ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
ᠨᠢᠡᠸᠨ᠂ ᠳᠤᠮᠳᠠᠳᠤ ᠤᠯᠤᠰ᠎ᠲᠠᠢ 《ᠨᠢᠭᠡ ᠪᠦᠰᠡ ᠨᠢᠭᠡ ᠵᠠᠮ》᠎ᠢ ᠬᠠᠮᠳᠤ᠎ᠪᠠᠷ ᠪᠠᠢ᠌ᠭᠤᠯᠬᠤ ᠰᠠᠨᠠᠮᠵᠢ ᠵᠢᠨ ᠪᠢᠴᠢᠭ᠎ᠲᠤ ᠭᠠᠷᠤᠨ ᠦᠰᠦᠭ ᠵᠢᠷᠤᠭᠰᠠᠨ ᠠᠩᠬᠠᠳᠠᠭᠴᠢ ᠠ᠋ᠮᠤᠨᠡᠳᠤ ᠠᠮᠸᠷᠢᠺᠠ ᠵᠢᠨ ᠬᠠᠮᠳᠤ ᠵᠢᠨ ᠵᠠᠬ᠎ᠠ ᠳᠡᠯᠭᠡᠬᠦᠷ᠎ᠤᠨ ᠤᠯᠤᠰ ᠪᠤᠯᠤᠭᠰᠠᠨ᠎ᠤ ᠬᠤᠪᠢ᠎ᠳᠤ᠂ ᠦᠷᠦᠢ᠍ᠭᠤᠸᠠᠢ ᠵᠢᠨ᠎ᠬᠢᠨ ᠳᠤᠷᠠᠳᠠᠶ᠎ᠠ ᠠ᠋ᠨᠡᠬᠦ ᠠᠵᠠ ᠳᠤᠬᠢᠶᠠᠯ᠎ᠢ ᠡᠵᠡᠮᠳᠡᠵᠤ᠂ ᠠ᠋ᠮᠤᠨᠡᠳᠤ ᠠᠮᠸᠷᠢᠺᠠ ᠵᠢᠨ ᠬᠠᠮᠳᠤ ᠵᠢᠨ ᠵᠠᠬ᠎ᠠ ᠳᠡᠯᠭᠡᠬᠦᠷ ᠪᠤᠯᠤᠨ ᠳᠤᠮᠳᠠᠳᠤ ᠤᠯᠤᠰ᠎ᠤᠨ ᠬᠠᠷᠢᠴᠠᠭ᠎ᠠ ᠵᠢ ᠰᠠᠢ᠌ᠵᠢᠷᠠᠭᠤᠯᠬᠤ᠎ᠪᠠᠷ ᠴᠢᠷᠮᠠᠢ᠌ᠨ᠎ᠠ ᠭᠡᠵᠤ ᠢᠯᠡᠷᠭᠡᠢ᠌ᠯᠡᠪᠡ᠃