9 ᠳ᠋ᠤᠭᠡᠷ ᠰᠠᠷ᠎ᠠ ᠵᠢᠨ 16᠎ᠤ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠸᠠᠩ ᠶᠦᠩ ᠳᠤᠮᠳᠠᠳᠤ ᠤᠯᠤᠰ᠎ᠤᠨ ᠵᠡᠮᠳᠡᠭᠴᠤᠳ᠎ᠤᠨ ᠳᠤᠯᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ᠃
ᠸᠠᠩ ᠶᠦᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠠ᠋ᠷᠡᠰ ᠪᠠᠳᠤ ᠤᠳᠤᠷᠢᠳᠤᠯᠭ᠎ᠠ ᠳᠤᠤᠷ᠎ᠠ ᠮᠠᠨ᠎ᠤ ᠤᠯᠤᠰ᠎ᠤᠨ ᠵᠡᠮᠳᠡᠭᠴᠤᠳ᠎ᠤᠨ ᠠᠵᠢᠯ ᠢᠯᠡᠳᠳᠡ ᠠᠮᠵᠢᠯᠳᠠ ᠤᠯᠵᠤ᠂ ᠵᠡᠮᠳᠡᠭᠴᠤᠳ᠎ᠤᠨ ᠠᠮᠢᠳᠤᠷᠠᠯ ᠪᠤᠯᠤᠨ ᠠ᠋ᠷᠭᠡ ᠠᠰᠢᠭ᠎ᠤᠨ ᠪᠠᠳᠤᠯᠠᠪᠤᠷᠢ ᠦᠷᠬᠦᠯᠵᠢᠯᠡᠨ ᠰᠠᠢ᠌ᠵᠢᠷᠠᠵᠤ᠂ ᠵᠡᠮᠳᠡᠭᠴᠤᠳ᠎ᠤᠨ ᠨᠡᠢ᠌ᠭᠡᠮ᠎ᠤᠨ ᠦᠢ᠍ᠯᠡᠰ᠎ᠲᠤ ᠤᠷᠤᠯᠴᠠᠬᠤ ᠴᠢᠳᠠᠪᠤᠷᠢ ᠳᠠᠰᠤᠷᠠᠯᠳᠠ ᠦᠭᠡᠢ ᠨᠡᠮᠡᠭᠳᠡᠨ᠂ ᠵᠡᠮᠳᠡᠭᠴᠤᠳ᠎ᠤᠨ ᠦᠢ᠍ᠯᠡᠰ᠎ᠤᠨ ᠳᠡᠯᠡᠭᠡᠢ ᠳ᠋ᠠᠬᠢᠨ᠎ᠤ ᠨᠦᠯᠦᠭᠡ ᠢᠯᠡᠳᠳᠡ ᠳᠡᠭᠡᠭᠰᠢᠯᠡᠪᠡ᠃ ᠤᠳᠤᠬᠠᠨ᠎ᠳᠤ ᠪᠠ ᠬᠤᠢ᠌ᠰᠢᠳᠠ ᠵᠢᠨ ᠨᠢᠭᠡ ᠬᠤᠭᠤᠴᠠᠭ᠋ᠠᠨ᠎ᠤ ᠵᠡᠮᠳᠡᠭᠴᠤᠳ᠎ᠤᠨ ᠦᠢ᠍ᠯᠡᠰ᠎ᠤᠨ ᠬᠦᠭᠵᠢᠯᠳᠡ᠎ᠨᠢ ᠰᠢᠨ᠎ᠠ ᠪᠠᠢ᠌ᠳᠠᠯ ᠰᠢᠨ᠎ᠠ ᠠ᠋ᠬᠦᠷᠭᠡ ᠰᠢᠨ᠎ᠠ ᠱᠠᠭ᠋ᠠᠷᠳᠠᠯᠭ᠎ᠠ᠎ᠳᠤ ᠳᠤᠯᠭ᠋ᠠᠷᠠᠵᠤ ᠪᠠᠢ᠌ᠭ᠎ᠠ ᠪᠠᠢ᠌ᠳᠠᠯ᠎ᠳᠤ ᠴᠢᠭᠯᠡᠬᠦᠯᠦᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠳᠠᠯ᠎ᠠ᠎ᠪᠠᠷ ᠳᠤᠤᠱᠯᠠᠭᠤᠯᠵᠤ᠂ ᠨᠠᠮ᠎ᠤᠨ ᠳᠦᠪ ᠬᠤᠷᠢᠶ᠎ᠠ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠵᠡᠮᠳᠡᠭᠴᠤᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠳᠦᠷᠭᠡᠳᠭᠡᠵᠤ᠂ ᠬᠦᠳᠡᠭᠡ ᠳᠤᠰᠬᠤᠨ᠎ᠤ ᠵᠡᠮᠳᠡᠭᠴᠤᠳᠢ ᠳᠤᠭᠳᠠᠭᠰᠠᠨ ᠴᠠᠭᠲᠤᠨᠢ ᠶᠠᠳᠠᠭᠤ᠎ᠠᠴᠠ ᠠᠩᠬᠢᠵᠢᠷᠠᠭᠤᠯᠬᠤ ᠵᠢ ᠪᠠᠳᠤᠯᠠᠨ᠂ ᠵᠡᠮᠳᠡᠭᠴᠤᠳ᠎ᠤᠨ ᠰᠤᠷᠭ᠋ᠠᠨ ᠬᠦᠮᠦᠵᠢᠯ᠎ᠢ ᠴᠢᠩᠭ᠋ᠠᠳᠬᠠᠵᠤ᠂ ᠠᠵᠢᠯ ᠤᠯᠭᠤᠬᠤ ᠪᠠ ᠵᠡᠮᠳᠡᠭ ᠪᠤᠯᠬᠤ ᠵᠢ ᠤᠷᠢᠳᠴᠢᠯᠠᠨ ᠰᠡᠷᠭᠡᠢ᠌ᠯᠡᠬᠦ᠂ ᠠ᠋ᠷᠡᠬᠦᠯᠵᠢᠬᠦᠯᠬᠦ᠂ ᠵᠡᠮᠲᠡᠭᠴᠤᠳᠢ ᠰᠠᠭ᠋ᠠᠳ ᠳᠣᠳᠬᠠᠷ ᠦᠭᠡᠢ ᠪᠣᠯᠭ᠋ᠠᠬᠤ ᠳᠦᠬᠦᠭᠡᠷᠦᠮᠵᠢ ᠵᠢ ᠳᠡᠬᠦᠯᠳᠡᠷᠵᠢᠬᠦᠯᠬᠦ ᠵᠡᠷᠭᠡ ᠤᠯᠠᠨ ᠨᠡᠢ᠌ᠳᠡ ᠵᠢᠨ ᠦᠢ᠍ᠯᠡᠴᠢᠯᠡᠭᠡ ᠵᠢ ᠠ᠋ᠷᠴᠢᠮᠵᠢᠬᠦᠯᠦᠨ᠂ ᠤᠯᠠᠨ ᠤᠯᠤᠰ᠎ᠤᠨ ᠬᠠᠮᠳᠤᠷᠠᠯᠴᠠᠭ᠎ᠠ ᠰᠤᠯᠢᠯᠴᠠᠭ᠎ᠠ᠎ᠪᠠᠨ ᠬᠦᠨᠵᠡᠭᠡᠢ᠌ᠷᠡᠬᠦᠯᠬᠦ ᠭᠡᠷᠡᠭᠳᠡᠢ᠃ ᠨᠠᠮ᠎ᠤᠨ ᠵᠡᠮᠳᠡᠭᠴᠤᠳ᠎ᠤᠨ ᠠᠵᠢᠯ᠎ᠤᠨ ᠳᠤᠬᠠᠢ ᠤᠳᠤᠷᠢᠳᠤᠯᠭ᠎ᠠ᠎ᠪᠠᠨ ᠪᠦᠬᠦ ᠳᠠᠯ᠎ᠠ᠎ᠪᠠᠷ ᠴᠢᠩᠭ᠋ᠠᠳᠬᠠᠵᠤ᠂ ᠵᠡᠮᠳᠡᠭᠴᠤᠳ᠎ᠤᠨ ᠦᠢ᠍ᠯᠡᠰ᠎ᠤᠨ ᠬᠦᠭᠵᠢᠯᠳᠡ ᠵᠢᠨ ᠳᠦᠷᠢᠮ ᠪᠤᠯᠤᠨ ᠠᠵᠢᠯ᠎ᠤᠨ ᠳᠤᠭᠳᠠᠴᠠ ᠵᠢ ᠳᠡᠬᠦᠯᠳᠡᠷᠵᠢᠬᠦᠯᠦᠨ᠂ ᠵᠡᠮᠳᠡᠭᠴᠤᠳ᠎ᠤᠨ ᠬᠤᠯᠪᠤᠭ᠋ᠠᠨ᠎ᠤ ᠦᠭᠡᠷᠡᠴᠢᠯᠡᠯᠳᠡ ᠪᠤᠯᠤᠨ ᠳᠤᠰ ᠪᠡᠶ᠎ᠡ ᠵᠢᠨ ᠪᠦᠳᠦᠭᠡᠨ ᠪᠠᠢ᠌ᠭᠤᠯᠤᠯᠳᠠ᠎ᠪᠠᠨ ᠴᠢᠩᠭ᠋ᠠᠳᠬᠠᠵᠤ᠂ ᠵᠡᠮᠳᠡᠭᠴᠤᠳ᠎ᠲᠤ ᠦᠢ᠍ᠯᠡᠴᠢᠯᠡᠬᠦ ᠴᠢᠳᠠᠪᠤᠷᠢ ᠪᠤᠯᠤᠨ ᠳᠦᠪᠰᠢᠨ ᠵᠶ᠋ᠡᠨ ᠦᠨᠡᠨᠬᠦ ᠳᠡᠭᠡᠭᠰᠢᠯᠡᠬᠦᠯᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃