ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠵᠤᠭᠤᠰᠤᠨ᠎ᠳᠤ ᠠᠷᠪᠢᠳᠠᠢ ᠴᠠᠭ᠎ᠲᠤ ᠭᠠᠮᠳᠠᠢ ᠬᠦᠴᠦᠨ᠎ᠳᠤ ᠠᠷᠪᠢᠳᠠᠢ ᠠᠷᠠᠳ᠎ᠤᠨ ᠠᠮᠢᠳᠤᠷᠠᠯ᠎ᠳᠤ ᠬᠤᠯᠪᠤᠭᠳᠠᠬᠤ ᠵᠦᠢ᠍ᠯ᠎ᠤᠳ
ᠨᠡᠶᠢᠲᠡᠯᠡᠭᠰᠡᠨ ᠴᠠᠭ᠄ 2018-07-16

           
      ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 16᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠨᠢᠭᠡᠯᠡ ᠰᠦᠯᠵᠢᠶᠡᠨ ᠳᠡᠭᠡᠷ᠎ᠠ ᠪᠦᠬᠦᠨ᠎ᠢ ᠬᠦᠢ᠍ᠴᠡᠳᠭᠡᠬᠦ ᠪᠡ ᠠᠵᠤ ᠠᠬᠤᠢ᠌ᠯᠠᠯ ᠤᠯᠠᠨ ᠳᠦᠮᠡᠨ᠎ᠤ ᠭᠡᠷᠡᠭ ᠶᠠᠪᠤᠳᠠᠯ ᠬᠦᠢ᠍ᠴᠡᠳᠭᠡᠬᠦ᠎ᠳᠤ 《ᠨᠢᠭᠡᠯᠡ ᠠ᠋ᠬᠦᠳᠡ᠎ᠪᠠᠷ ᠤᠷᠤᠬᠤ》᠂ 《ᠬᠠᠮᠤᠭ ᠤᠯᠠᠨ᠎ᠳᠤ᠎ᠪᠠᠨ ᠨᠢᠭᠡᠯᠡ ᠤᠳᠠᠭ᠎ᠠ ᠬᠦᠶᠦᠬᠦ》 ᠵᠢ ᠠᠬᠢᠭᠤᠯᠬᠤ ᠠᠵᠢᠯ᠎ᠢ ᠪᠠᠢ᠌ᠷᠢᠯᠠᠭᠤᠯᠪᠠ; ᠨᠢᠭᠡ᠎ᠳᠤ ᠤᠯᠤᠰ᠂ ᠮᠤᠵᠢ ᠤᠷᠤᠨ᠂ ᠬᠤᠳᠠ ᠵᠢᠨ ᠭᠤᠷᠪᠠᠨ ᠱᠠᠳᠤᠨ᠎ᠤ ᠬᠤᠯᠪᠤᠭ᠋ᠠᠯᠠᠭᠰᠠᠨ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠠᠪᠴᠠᠩ᠎ᠢ ᠨᠡᠢ᠌ᠳᠭᠡᠨ ᠪᠠᠢ᠌ᠭᠤᠯᠵᠤ᠂ ᠬᠠᠤᠯᠢ᠎ᠪᠠᠷ ᠳᠤᠭᠳᠠᠭ᠋ᠠᠭᠰᠠᠨ ᠪᠤᠶᠤ ᠨᠢᠭᠤᠴᠠ ᠵᠢ ᠬᠠᠮᠠᠭ᠋ᠠᠠᠯᠬᠤ᠎ᠳᠤ ᠬᠤᠯᠪᠤᠭᠳᠠᠭᠰᠠᠨ᠎ᠢ ᠭᠠᠷᠭ᠋ᠠᠪᠠᠯ ᠪᠤᠰᠤᠳ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠳᠠᠪᠴᠠᠩ ᠳᠡᠭᠡᠷ᠎ᠠ ᠬᠦᠢ᠍ᠴᠡᠳᠭᠡᠨ᠎ᠡ᠃ ᠬᠤᠶᠠᠷ᠎ᠲᠤ ᠤᠴᠢᠷ ᠶᠠᠪᠤᠳᠠᠯ ᠬᠦᠢ᠍ᠴᠡᠳᠭᠡᠬᠦ ᠴᠢᠬᠤᠯᠠ ᠨᠦᠬᠦᠴᠡᠯ᠎ᠢ ᠪᠠᠷᠢᠮᠵᠢᠶᠠᠵᠢᠭᠤᠯᠵᠤ᠂ ᠠ᠋ᠷᠭᠡᠪᠰᠢ ᠳᠤᠬᠠᠢ ᠵᠢᠨ ᠳᠠᠯᠠᠪᠤᠷ᠎ᠲᠤ ᠬᠦᠷᠴᠤ ᠬᠦᠢ᠍ᠴᠡᠳᠭᠡᠬᠦ ᠵᠦᠢ᠍ᠯ᠎ᠳᠠᠬᠢ 《ᠬᠠᠮᠤᠭ ᠤᠯᠠᠨ᠎ᠳᠤ᠎ᠪᠠᠨ ᠨᠢᠭᠡ ᠤᠳᠠᠭ᠎ᠠ ᠬᠦᠶᠦᠬᠦ》 ᠵᠦᠢ᠍ᠯ᠎ᠤᠨ ᠭᠠᠷᠴᠠᠭ᠎ᠢ ᠨᠡᠢ᠌ᠳᠡᠯᠡᠨ᠂ ᠠ᠋ᠮᠤᠨ᠎ᠠ ᠴᠤᠩᠬᠤᠪᠴᠢ ᠳᠡᠭᠡᠷ᠎ᠠ ᠨᠢᠭᠡᠳᠦᠯᠳᠡᠢ ᠬᠦᠯᠢᠶᠡᠨ ᠠᠪᠴᠤ᠂ ᠠᠷᠤ᠎ᠳᠤ᠎ᠨᠢ ᠳᠦᠷᠦᠯ ᠬᠤᠪᠢᠶᠠᠨ ᠬᠦᠢ᠍ᠴᠡᠳᠭᠡᠵᠤ᠂ ᠨᠢᠭᠡ ᠴᠤᠩᠬᠤᠪᠴᠢ᠎ᠪᠠᠷ ᠭᠠᠷᠭ᠋ᠠᠵᠤ ᠦᠭᠬᠦ ᠵᠢ ᠠᠬᠢᠭᠤᠯᠤᠨ᠎ᠠ᠃ ᠭᠤᠷᠪᠠ᠎ᠳᠤ ᠤᠴᠢᠷ ᠶᠠᠪᠤᠳᠠᠯ ᠬᠦᠢ᠍ᠴᠡᠳᠭᠡᠬᠦ ᠭᠤᠭᠴᠤᠭ᠎ᠠ ᠵᠢ ᠳᠦᠬᠦᠮᠴᠢᠯᠠᠵᠤ᠂ ᠬᠠᠮᠳᠤᠪᠠᠷ ᠠᠰᠢᠭᠯᠠᠵᠤ ᠪᠤᠯᠬᠤ ᠮᠠᠲᠸᠷᠢᠶᠠᠯ᠎ᠢ ᠳᠠᠬᠢᠨ ᠳᠠᠪᠳᠠᠨ ᠳᠤᠰᠢᠶᠠᠯᠭ᠋ᠠᠬᠤ ᠦᠭᠡᠢ ᠪᠠᠢ᠌ᠬᠤ ᠮᠦᠷᠳᠡᠭᠡᠨ ᠬᠤᠯᠪᠤᠭᠳᠠᠯ ᠪᠦᠬᠦᠢ ᠳᠤᠭᠳᠠᠭ᠋ᠠᠯ᠎ᠢ ᠳᠡᠬᠦᠯᠳᠡᠷᠵᠢᠬᠦᠯᠦᠨ᠂ ᠠ᠋ᠯᠸᠺᠲᠷᠤᠨ ᠭᠡᠷᠡᠴᠢ ᠲᠡᠮᠲᠡᠭ᠎ᠤᠨ ᠮᠡᠳᠡᠷᠡᠬᠦᠢ ᠵᠢᠨ ᠳᠡᠯᠭᠡᠷᠡᠬᠦ ᠵᠢ ᠳᠦᠷᠭᠡᠳᠭᠡᠨ᠎ᠡ᠃ ᠳᠦᠷᠪᠡ᠎ᠳᠤ ᠳ᠋ᠠᠢ᠌ᠲ᠋ᠠ ᠵᠢ ᠬᠠᠮᠳᠤᠪᠠᠷ ᠠ᠋ᠳ᠋ᠯᠡᠨ ᠬᠠᠷᠢᠯᠴᠠᠨ ᠰᠤᠯᠢᠯᠴᠠᠬᠤ ᠳᠠᠪᠴᠠᠩ ᠪᠠᠢ᠌ᠭᠤᠯᠤᠨ᠎ᠠ᠃ ᠵᠠᠰᠠᠭ᠎ᠤᠨ ᠶᠠᠪᠤᠳᠠᠯ᠎ᠤᠨ ᠮᠡᠳᠡᠭᠡ ᠵᠠᠩᠬᠢ ᠵᠢᠨ ᠰᠢᠰᠲᠸᠮ᠎ᠢ ᠱᠠᠭ᠋ᠠᠷᠳᠠᠯᠭ᠎ᠠ ᠶᠤᠰᠤᠭ᠋ᠠᠷ ᠦᠭᠡᠷᠡᠴᠢᠯᠡᠵᠤ ᠵᠣᠯᠭ᠋ᠠᠭᠤᠯᠤᠭ᠎ᠠ ᠦᠭᠡᠢ᠎ᠳᠤ᠎ᠨᠢ ᠰᠢᠨ᠎ᠡ ᠳᠦᠷᠦᠯ ᠵᠦᠢ᠍ᠯ ᠵᠦᠪᠰᠢᠶᠡᠷᠡᠵᠤ ᠦᠭᠬᠦ ᠦᠭᠡᠢ ᠪᠦᠭᠡᠳ ᠵᠠᠷᠤᠳᠠᠯ ᠮᠦᠩᠬᠦ ᠪᠠᠭᠤᠯᠭ᠋ᠠᠵᠤ ᠦᠭᠬᠦ ᠦᠭᠡᠢ᠃ ᠳᠠᠪᠤ᠎ᠳᠤ ᠳ᠋ᠠᠢ᠌ᠲ᠋ᠠ ᠵᠢ ᠬᠠᠮᠳᠤᠪᠠᠷ ᠠ᠋ᠳ᠋ᠯᠡᠬᠦ ᠠᠮᠤᠷ ᠳᠦᠪᠰᠢᠨ᠎ᠤ ᠪᠠᠳᠤᠯᠠᠭ᠎ᠠ᠎ᠪᠠᠨ ᠴᠢᠩᠭ᠋ᠠᠳᠬᠠᠵᠤ᠂ ᠨᠢᠭᠤᠴᠠ ᠮᠡᠳᠡᠭᠡ ᠵᠠᠩᠬᠢ ᠵᠢ ᠬᠠᠤᠯᠢ᠎ᠪᠠᠷ ᠬᠠᠮᠠᠭ᠋ᠠᠯᠠᠨ᠎ᠠ᠃ 2019 ᠤᠨ᠎ᠤ ᠰᠡᠬᠦᠯᠴᠢ ᠪᠤᠯᠬᠤ᠎ᠳᠤ ᠰᠦᠯᠵᠢᠶᠡᠨ ᠳᠡᠭᠡᠷ᠎ᠠ ᠬᠦᠢ᠍ᠴᠡᠳᠭᠡᠵᠤ ᠪᠤᠯᠬᠤᠢ᠌ᠴᠠ ᠮᠤᠵᠢ ᠤᠷᠤᠨ᠎ᠤ ᠱᠠᠳᠤ᠂ ᠬᠤᠳᠠ ᠰᠢᠶᠠᠨ᠎ᠤ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯ᠎ᠢ ᠳᠤᠰ ᠳᠤᠰ 90% ᠪᠠ 70%᠎ᠠᠴᠠ ᠳᠤᠤᠷ᠎ᠠ ᠪᠠᠢ᠌ᠯᠭ᠋ᠠᠵᠤ ᠪᠤᠯᠬᠤ ᠦᠭᠡᠢ ᠭᠡᠵᠡᠢ᠃
      ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 16᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠪᠠᠢ᠌ᠭᠤᠯᠬᠤ ᠳᠡᠰ ᠳᠠᠷᠠᠭ᠋ᠠᠯᠠᠯ᠎ᠢ ᠤᠯᠠᠮ ᠨᠢᠭᠡ ᠠᠯᠬᠤᠮ ᠳᠦᠬᠦᠮᠴᠢᠯᠡᠨ᠂ 6 ᠳ᠋ᠤᠭ᠋ᠠᠷ ᠰᠠᠷ᠎ᠠ ᠵᠢᠨ 30᠎ᠤ ᠠ᠋ᠳᠤᠷ᠎ᠠᠴᠠ ᠠ᠋ᠬᠢᠯᠡᠨ ᠪᠦᠬᠦ ᠤᠯᠤᠰ᠎ᠲᠤ ᠭᠠᠳᠠᠭ᠋ᠠᠳᠤ ᠪᠠᠯᠡ ᠵᠢᠨ ᠬᠤᠳᠠᠯᠳᠤᠭ᠋ᠠᠨ᠎ᠤ ᠶᠠᠪᠤᠳᠠᠯ᠎ᠤᠨ ᠳᠠᠩᠰᠨ ᠳᠡᠮᠳᠡᠭᠯᠡᠬᠦ ᠪᠡ ᠦᠢ᠍ᠯᠡᠳᠪᠤᠷᠢ ᠬᠤᠳᠠᠯᠳᠤᠭ᠎ᠠ ᠵᠢᠨ ᠳᠠᠩᠰᠠᠯᠠᠯᠳᠠ᠎ᠳᠤ 《ᠨᠢᠭᠡ ᠢᠵᠢ ᠬᠦᠰᠦᠨᠦᠭᠳᠤ ᠭᠡᠷᠡᠭᠯᠡᠨ᠂ ᠨᠢᠭᠡ ᠴᠤᠩᠬᠤᠪᠴᠢ᠎ᠪᠠᠷ ᠭᠠᠷᠳᠠᠮ ᠬᠦᠢ᠍ᠴᠡᠳᠭᠡᠬᠦ》 ᠵᠢ ᠭᠡᠷᠡᠭᠵᠢᠬᠦᠯᠵᠤ᠂ 《ᠴᠠᠭ᠋ᠠᠰᠤ ᠵᠠᠷᠤᠬᠤ ᠦᠭᠡᠢ》᠂ 《ᠨᠢᠭᠤᠷ ᠤᠴᠠᠷᠠᠬᠤ ᠦᠭᠡᠢ》᠂ 《ᠵᠠᠷᠤᠳᠠᠯ ᠳᠤᠰᠢᠶᠠᠬᠤ ᠦᠭᠡᠢ》 ᠵᠢ ᠪᠡᠶᠡᠯᠡᠬᠦᠯᠦᠨ᠂ ᠭᠠᠷᠳᠠᠮ ᠬᠦᠢ᠍ᠴᠡᠳᠭᠡᠬᠦ ᠴᠠᠭ᠎ᠢ ᠶᠡᠭᠡᠪᠡᠷ ᠪᠤᠭᠤᠨᠢᠰᠬᠠᠨ᠎ᠠ᠃ ᠪᠠᠩᠬᠢ᠂ ᠪᠤᠭᠤᠮᠳᠠ᠂ ᠭᠠᠢ᠌ᠯᠢ ᠵᠢᠨ ᠶᠠᠪᠤᠳᠠᠯ᠂ ᠭᠠᠳᠠᠭ᠋ᠠᠳᠤ ᠭᠤᠪᠢᠭᠤᠯᠭ᠎ᠠ ᠵᠡᠷᠭᠡ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠨᠢ ᠮᠡᠳᠡᠭᠡ ᠵᠠᠩᠬᠢ ᠵᠢ ᠵᠢᠩᠬᠢᠨᠢ᠎ᠪᠠᠷ ᠬᠠᠮᠳᠤᠪᠠᠷ ᠠ᠋ᠳ᠋ᠯᠡᠵᠤ᠂ ᠬᠤᠯᠪᠤᠭ᠋ᠠᠯᠠᠨ ᠬᠠᠮᠢᠶᠠᠷᠬᠤ ᠵᠢ ᠠᠬᠢᠭᠤᠯᠤᠨ᠎ᠠ ᠭᠡᠵᠤ ᠳᠤᠭᠳᠠᠭ᠋ᠠᠵᠠᠢ᠃
     5 ᠳ᠋ᠤᠭ᠋ᠠᠷ ᠰᠠᠷ᠎ᠠ ᠵᠢᠨ 16᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠠᠴᠠ ᠨᠢᠭᠡ᠎ᠳᠤ᠂ 2018 ᠤᠨ᠎ᠤ 5 ᠳ᠋ᠤᠭ᠋ᠠᠷ ᠰᠠᠷ᠎ᠠ ᠵᠢᠨ 1᠎ᠤ ᠠ᠋ᠳᠤᠷ᠎ᠠᠴᠠ 2019 ᠤᠨ᠎ᠤ 12 ᠳ᠋ᠤᠭ᠋ᠠᠷ ᠰᠠᠷ᠎ᠠ ᠵᠢᠨ 31᠎ᠤ ᠠ᠋ᠳᠤᠷ ᠪᠤᠯᠳᠠᠯ᠎ᠠ ᠪᠠᠷᠠᠭ᠋ᠠᠨ᠎ᠤ ᠬᠦᠢ᠍ᠯᠭᠡᠭᠡᠨ᠎ᠤ ᠠᠵᠤ ᠠᠬᠤᠢ᠌ᠯᠠᠯ᠎ᠤᠨ ᠳᠠᠭ᠋ᠠᠭ᠋ᠠᠴᠢᠯᠠᠨ ᠳᠦᠷᠢᠶᠡᠰᠦᠯᠡᠭᠰᠡᠨ ᠶᠡᠭᠡ ᠭᠡᠮᠵᠢᠶᠡᠨ᠎ᠤ ᠪᠠᠷᠠᠭ᠎ᠠ ᠲᠠᠸᠠᠷ ᠬᠦᠮᠦᠷᠭᠡᠯᠡᠨ ᠬᠠᠳᠠᠭ᠋ᠠᠯᠠᠬᠤ ᠳᠦᠬᠦᠭᠡᠷᠦᠮᠵᠢ ᠵᠢᠨ ᠭᠡᠷᠡᠭᠰᠡᠬᠦ ᠭᠠᠵᠠᠷ᠎ᠠᠴᠠ ᠬᠤᠷᠢᠶᠠᠬᠤ ᠬᠤᠳᠠ ᠪᠠᠯᠭ᠋ᠠᠰᠤᠨ᠎ᠤ ᠭᠠᠵᠠᠷ ᠰᠢᠷᠦᠢ ᠵᠢᠨ ᠭᠡᠷᠡᠭᠯᠡᠯᠳᠡ ᠵᠢᠨ ᠭᠠᠢ᠌ᠯᠢ ᠵᠢ ᠬᠠᠭ᠋ᠠᠰ ᠵᠶ᠋ᠡᠷ ᠪᠠᠭᠤᠷᠠᠭᠤᠯᠤᠨ᠎ᠠ᠃ ᠠ᠋ᠬᠦᠨ᠎ᠤ ᠬᠠᠮᠳᠤ ᠠ᠋ᠨᠡ ᠵᠢᠯ᠎ᠤᠨ 7 ᠳ᠋ᠤᠭ᠋ᠠᠷ ᠰᠠᠷ᠎ᠠ ᠵᠢᠨ 1᠎ᠤ ᠠ᠋ᠳᠤᠷ᠎ᠠᠴᠠ 2021 ᠤᠨ᠎ᠤ 6 ᠳ᠋ᠤᠭ᠋ᠠᠷ ᠰᠠᠷ᠎ᠠ ᠵᠢᠨ 30᠎ᠤ ᠠ᠋ᠳᠤᠷ ᠪᠤᠯᠳᠠᠯ᠎ᠠ ᠴᠢᠷᠦᠬᠦᠯ ᠳᠡᠷᠭᠡ᠎ᠠᠴᠠ ᠬᠤᠷᠢᠶᠠᠬᠤ ᠮᠠᠰᠢᠨ ᠳᠡᠷᠭᠡ ᠬᠤᠳᠠᠯᠳᠤᠨ ᠠᠪᠬᠤ ᠭᠠᠢ᠌ᠯᠢ ᠵᠢ ᠬᠠᠭ᠋ᠠᠰ ᠵᠶ᠋ᠡᠷ ᠪᠠᠭᠤᠷᠠᠭᠤᠯᠤᠨ᠎ᠠ᠃ ᠬᠤᠶᠠᠷ᠎ᠲᠤ᠂ ᠠ᠋ᠨᠡ ᠵᠢᠯ᠎ᠤᠨ ᠰᠡᠬᠦᠯᠴᠢ᠎ᠠᠴᠠ ᠠ᠋ᠮᠤᠨ᠎ᠠ ᠠᠴᠢᠶᠠᠨ᠎ᠤ ᠳᠡᠭᠡᠭᠡᠪᠤᠷᠢ ᠵᠢᠨ ᠮᠠᠰᠢᠨ ᠳᠡᠷᠭᠡᠨ᠎ᠤ ᠤᠨ᠎ᠤ ᠪᠠᠢ᠌ᠴᠠᠭ᠋ᠠᠯᠳᠠ᠂ ᠵᠢᠯ᠎ᠤᠨ ᠡᠴᠤᠰ᠎ᠤᠨ ᠬᠢᠨᠠᠨ ᠪᠠᠢ᠌ᠴᠠᠭ᠋ᠠᠯᠳᠠ ᠪᠤᠯᠤᠨ ᠮᠠᠰᠢᠨ ᠲᠡᠷᠭᠡᠨ᠎ᠤ ᠪᠤᠬᠢᠷ ᠭᠡᠢ ᠭᠠᠳᠠᠭᠰᠢᠯᠠᠭᠤᠯᠬᠤ ᠪᠠᠷᠢᠮᠵᠢᠶ᠎ᠠ ᠵᠢᠨ ᠪᠠᠢ᠌ᠴᠠᠭ᠋ᠠᠯᠳᠠ ᠵᠢ ᠨᠡᠢ᠌ᠯᠡᠬᠦᠯᠵᠤ 《ᠭᠤᠷᠪᠠᠨ ᠪᠠᠢ᠌ᠴᠠᠭ᠋ᠠᠯᠳᠠ》 ᠵᠢ ᠨᠢᠭᠡᠳᠭᠡᠨ᠎ᠡ᠃ 4.5 ᠳᠤᠨ ᠵᠢᠴᠢ ᠳᠡᠬᠦᠨ᠎ᠠᠴᠠ ᠳᠤᠷᠤᠭᠰᠢᠬᠢ ᠠ᠋ᠩ᠎ᠤᠨ ᠠᠴᠢᠶᠠᠨ᠎ᠤ ᠳᠡᠭᠡᠭᠡᠪᠤᠷᠢ ᠠ᠋ᠷᠬᠢᠯᠡᠬᠦ ᠬᠢᠷᠢ ᠭᠡᠮ᠎ᠤᠨ ᠦᠨᠡᠮᠯᠡᠯ ᠪᠤᠯᠤᠨ ᠮᠠᠰᠢᠨ ᠳᠡᠷᠭᠡᠨ᠎ᠤ ᠡᠵᠡᠩᠨᠡᠯᠳᠡ ᠵᠢᠨ ᠦᠨᠡᠮᠯᠡᠯ᠎ᠢ ᠬᠦᠴᠦᠨ ᠦᠭᠡᠢ ᠪᠤᠯᠭ᠋ᠠᠨ᠎ᠠ᠃ ᠠᠴᠢᠶ᠎ᠠ ᠳᠡᠭᠡᠭᠡᠪᠤᠷᠢ ᠵᠢᠨ ᠮᠠᠰᠢᠨ ᠳᠡᠷᠭᠡᠨ᠎ᠳᠤ ᠮᠤᠵᠢ ᠠᠯᠤᠰᠯᠠᠨ ᠤᠨᠳᠤᠤ ᠭᠠᠵᠠᠷ᠎ᠲᠤ ᠰᠢᠯᠭ᠋ᠠᠨ ᠪᠠᠢ᠌ᠴᠭ᠋ᠠᠠᠯᠳᠠ ᠬᠢᠵᠤ ᠪᠤᠯᠦᠨ᠎ᠠ᠃ ᠭᠤᠷᠪᠠ᠎ᠳᠤ ᠳᠦᠷᠭᠡᠨ ᠵᠠᠮ᠎ᠤᠨ ᠮᠤᠵᠢ ᠵᠢᠨ ᠵᠠᠭ᠋ᠠᠭ᠎ᠤᠨ ᠰᠦᠢ᠍ᠳᠭᠡᠯ ᠬᠤᠷᠢᠶᠠᠬᠤ ᠦᠷᠳᠡᠭᠡ ᠵᠢ ᠬᠠᠰᠤᠨ᠎ᠠ᠃ ᠠ᠋ᠳ᠋ ᠪᠠᠷᠠᠭ᠋ᠠᠨ᠎ᠤ ᠬᠦᠢ᠍ᠯᠭᠡᠭᠡᠨ᠎ᠤ ᠠᠵᠤ ᠠᠬᠤᠢ᠌ᠯᠠᠯ᠎ᠤᠨ ᠰᠠᠯᠪᠤᠷᠢ ᠪᠠᠢ᠌ᠭᠤᠯᠤᠮᠵᠢ ᠪᠠᠢ᠌ᠭᠤᠯᠬᠤ ᠭᠠᠷᠳᠠᠮ ᠢ᠊ᠨ᠎ᠠ᠃ ᠳᠡᠭᠡᠷᠡᠬᠢ ᠠᠷᠭ᠎ᠠ ᠭᠡᠮᠵᠢᠶ᠎ᠡ ᠪᠠ ᠭᠠᠢ᠌ᠯᠢ ᠳᠠᠳᠠᠪᠤᠷᠢ ᠵᠢᠨ ᠳᠤᠬᠢᠷᠠᠭᠤᠯᠤᠯᠳᠠ ᠵᠢ ᠭᠡᠷᠡᠭᠵᠢᠬᠦᠯᠦᠭᠰᠡᠨ᠎ᠤ ᠳᠠᠷᠠᠭ᠎ᠠ ᠳᠡᠮᠤᠷ ᠵᠠᠮ᠎ᠤᠨ ᠳᠡᠭᠡᠭᠡᠪᠤᠷᠢ ᠵᠢᠨ ᠦᠨ᠎ᠠ ᠬᠠᠩᠰᠢ ᠵᠢ ᠵᠤᠬᠢᠬᠤ ᠭᠡᠮᠵᠢᠶ᠎ᠡ᠎ᠪᠠᠷ ᠪᠠᠭᠤᠷᠠᠭᠤᠯᠵᠤ᠂ ᠪᠠᠷᠤᠭᠴᠠᠭ᠋ᠠᠯᠠᠪᠠᠯ ᠪᠦᠬᠦ ᠵᠢᠯ᠎ᠳᠤ ᠠ᠋ᠳ᠋ ᠪᠠᠷᠠᠭ᠋ᠠᠨ᠎ᠤ ᠬᠦᠢ᠍ᠯᠭᠡᠭᠡᠨ᠎ᠤ ᠦᠪᠡᠷ᠎ᠤᠨ ᠦᠷᠳᠡᠭ 120 ᠳ᠋ᠦᠩᠰᠢᠭᠤᠷ ᠭᠠᠷᠤᠢ ᠳᠦᠬᠦᠷᠢᠭ ᠪᠠᠭᠤᠷᠠᠬᠤ ᠪᠤᠯᠤᠨ᠎ᠠ ᠭᠡᠵᠡᠢ᠃
      ᠤᠢ᠌ᠷ᠎ᠠ᠎ᠳᠤ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ᠎ᠠᠴᠠ 《ᠠᠵᠤ ᠠᠬᠤᠢ᠌ᠯᠠᠯ ᠠ᠋ᠷᠬᠢᠯᠡᠬᠦ ᠭᠠᠷᠳᠠᠮ ᠬᠦᠢ᠍ᠴᠡᠳᠭᠡᠬᠦ ᠴᠠᠭ᠎ᠢ ᠤᠯᠠᠮ ᠨᠢᠭᠡ ᠠᠯᠬᠤᠮ ᠪᠤᠭᠤᠨᠢᠰᠬᠠᠬᠤ ᠳᠤᠬᠠᠢ ᠰᠠᠨᠠᠯ》᠎ᠢ ᠭᠡᠪᠯᠡᠨ ᠳᠠᠷᠬᠠᠭ᠋ᠠᠵᠤ᠂ ᠰᠠᠨᠠᠯ᠎ᠳᠤ ᠳᠠᠩᠰᠠᠯᠠᠭᠤᠯᠬᠤ ᠴᠠᠭ᠎ᠢ 5 ᠠᠵᠢᠯ᠎ᠤᠨ ᠠ᠋ᠳᠤᠷ᠂ ᠳᠠᠮᠠᠭ᠎ᠠ ᠰᠡᠢ᠌ᠯᠬᠦ ᠵᠢ 1 ᠠᠵᠢᠯ᠎ᠤᠨ ᠠ᠋ᠳᠤᠷ᠂ ᠰᠢᠨ᠎ᠠ᠎ᠪᠠᠷ ᠠ᠋ᠷᠬᠢᠯᠡᠭᠰᠡᠨ ᠠᠵᠤ ᠠᠬᠤᠢ᠌ᠯᠠᠯ᠎ᠤᠨ ᠠᠩᠬ᠎ᠠ ᠣᠳᠠᠭ᠋ᠠᠨ᠎ᠤ ᠪᠠᠷᠢᠮᠳᠠ ᠠᠪᠬᠤ ᠴᠠᠭ᠎ᠢ 2 ᠠᠵᠢᠯ᠎ᠤᠨ ᠠ᠋ᠳᠤᠷ ᠳᠤᠳᠤᠷ᠎ᠠ ᠬᠦᠢ᠍ᠴᠡᠳᠭᠡᠵᠤ ᠳᠠᠭᠤᠰᠬᠠᠬᠤ᠎ᠪᠠᠷ ᠱᠠᠭ᠋ᠠᠷᠳᠠᠵᠠᠢ᠃ 2018 ᠤᠨ᠎ᠤ ᠵᠢᠯ᠎ᠤᠨ ᠡᠴᠤᠰ᠎ᠠᠴᠠ ᠠ᠋ᠮᠤᠨ᠎ᠠ ᠡᠯ᠎ᠡ ᠰᠢᠭᠤᠳ ᠬᠠᠷᠢᠶ᠎ᠠ ᠬᠤᠳᠠ᠂ ᠳᠤᠰᠠᠭ᠋ᠠᠷ ᠳᠦᠯᠦᠪᠯᠡᠭᠡᠳᠤ ᠬᠤᠳᠠ᠂ ᠳᠡᠳ᠋ ᠮᠤᠵᠢ ᠵᠢᠨ ᠳᠡᠰ᠎ᠤᠨ ᠬᠤᠳᠠ ᠪᠤᠯᠤᠨ ᠮᠤᠵᠢ ᠤᠷᠤᠨ᠎ᠤ ᠳᠦᠪ᠎ᠨᠢ ᠠᠵᠤ ᠠᠬᠤᠢ᠌ᠯᠠᠯ ᠠ᠋ᠷᠬᠢᠯᠡᠬᠦ ᠭᠠᠷᠳᠠᠮ ᠬᠦᠢ᠍ᠴᠡᠳᠭᠡᠬᠦ ᠴᠠᠭ᠎ᠢ ᠬᠠᠭ᠋ᠠᠰ ᠢᠯᠡᠬᠦᠤ᠎ᠪᠠᠷ ᠪᠤᠭᠤᠨᠢᠰᠬᠠᠵᠤ᠂ ᠤᠳᠤᠬᠠᠨ᠎ᠤ ᠳᠡᠭᠰᠢᠳᠭᠡᠭᠡᠳ 20 ᠠᠵᠢᠯ᠎ᠤᠨ ᠠ᠋ᠳᠤᠷ᠎ᠤᠨ ᠴᠠᠭ ᠭᠡᠷᠡᠭᠰᠡᠳᠡᠭ ᠪᠠᠢ᠌ᠭᠰᠠᠨ᠎ᠢ 8.5 ᠠᠵᠢᠯ᠎ᠤᠨ ᠠ᠋ᠳᠤᠷ ᠭᠡᠷᠡᠭᠰᠡᠬᠦ ᠪᠤᠯᠭ᠋ᠠᠵᠤ᠂ 2019 ᠤᠨ᠎ᠤ ᠳᠡᠭᠡᠳᠤ ᠬᠠᠭ᠋ᠠᠰ ᠵᠢᠯ᠎ᠳᠤ ᠪᠦᠬᠦ ᠤᠯᠤᠰ ᠵᠶ᠋ᠡᠷ ᠵᠶ᠋ᠡᠨ ᠠ᠋ᠨᠡᠬᠦ ᠬᠠᠷᠠᠯᠳᠠ᠎ᠳᠤ ᠬᠦᠷᠬᠦ ᠭᠡᠷᠡᠭᠳᠡᠢ ᠭᠡᠵᠤ ᠱᠠᠭ᠋ᠠᠷᠳᠠᠵᠠᠢ᠃
ᠳᠦᠪ᠎ᠤᠨ ᠠ᠋ᠳ᠋᠎ᠤᠨ ᠵᠠᠰᠠᠭ᠎ᠠᠴᠠ 2018 ᠤᠨ᠎ᠤ ᠲᠦᠯᠣᠪᠤᠷᠢ ᠦᠭᠡᠢ ᠨᠡᠭᠡᠭᠡᠯᠲᠡ ᠵᠢᠨ ᠨᠦᠬᠦᠪᠤᠷᠢ ᠮᠦᠩᠬᠦ 51.85 ᠳ᠋ᠦᠩᠰᠢᠭᠤᠷ ᠳᠦᠬᠦᠷᠢᠭ᠎ᠢ ᠰᠢᠯᠵᠢᠬᠦᠯᠦᠨ ᠦᠭᠬᠦ ᠠᠷᠭ᠎ᠠ᠎ᠪᠠᠷ ᠳᠠᠮᠵᠢᠭᠤᠯᠤᠨ ᠪᠠᠭᠤᠯᠭ᠋ᠠᠵᠠᠢ᠃ ᠠ᠋ᠬᠦᠨ᠎ᠳᠤ ᠪᠦᠬᠦ ᠤᠯᠤᠰ᠎ᠤᠨ 1854 ᠮᠦᠽᠸᠢ ᠪᠤᠯᠤᠨ ᠳᠤᠷᠠᠰᠬᠠᠯ᠎ᠤᠨ ᠤᠷᠳᠤᠨ ᠵᠢᠴᠢ ᠪᠦᠬᠦ ᠤᠯᠤᠰ᠎ᠤᠨ ᠠ᠋ᠭᠡ ᠤᠷᠤᠨᠴᠢ ᠦᠵᠡᠯ᠎ᠤᠨ ᠬᠦᠮᠦᠵᠢᠯ᠎ᠤᠨ ᠰᠠᠭᠤᠷᠢᠨ᠂ 1123 ᠬᠤᠳᠠ ᠵᠢᠨ ᠳᠡᠰ᠎ᠤᠨ ᠪᠠ 5941 ᠰᠢᠶᠠᠨ᠎ᠤ ᠳᠡᠰ᠎ᠤᠨ ᠤᠷᠠᠨ ᠵᠢᠷᠤᠭ᠎ᠤᠨ ᠤᠷᠳᠤᠨ ᠪᠤᠯᠤᠨ ᠤᠯᠠᠨ ᠨᠡᠢ᠌ᠳᠡ ᠵᠢᠨ ᠨᠤᠮ᠎ᠤᠨ ᠰᠠᠩ ᠵᠢᠴᠢ ᠰᠤᠶᠤᠯ᠎ᠤᠨ ᠤᠷᠳᠤᠨ᠂ 41493 ᠰᠢᠶᠠᠩ ᠪᠠᠯᠭ᠋ᠠᠰᠤᠨ᠎ᠤ ᠰᠤᠶᠤᠯ᠎ᠤᠨ ᠦᠷᠳᠡᠭᠡ ᠪᠤᠯᠤᠨ ᠬᠤᠳᠠ ᠵᠢᠨ ᠨᠡᠢ᠌ᠭᠡᠮ ᠳᠤᠭᠤᠷᠢᠭ (ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ)᠎ᠤᠨ ᠰᠤᠶᠤᠯ᠎ᠤᠨ ᠳᠦᠪ᠎ᠤᠨ ᠲᠦᠯᠣᠪᠤᠷᠢ ᠦᠭᠡᠢ ᠨᠡᠭᠡᠭᠡᠯᠲᠡ ᠵᠢᠨ ᠨᠦᠬᠦᠪᠤᠷᠢ ᠮᠦᠩᠬᠦ ᠪᠠᠭᠳᠠᠨ᠎ᠠ᠃
      ᠣᠢ᠌ᠷ᠎ᠠ᠎ᠳᠤ ᠤᠯᠤᠰ᠎ᠤᠨ ᠦᠭᠡᠷᠡᠴᠢᠯᠡᠯᠳᠡ ᠬᠦᠭᠵᠢᠬᠦᠯᠦᠯᠳᠡ ᠵᠢᠨ ᠵᠦᠪᠯᠡᠯ᠎ᠠᠴᠠ 《ᠴᠠᠬᠢᠯᠭ᠋ᠠᠨ ᠬᠦᠴᠤᠨ᠎ᠤ ᠠᠵᠢᠯ ᠳᠦᠷᠦᠯ᠎ᠤᠨ ᠦᠷᠳᠡᠭ ᠨᠡᠮᠡᠭᠳᠡᠯ᠎ᠤᠨ ᠭᠠᠢ᠌ᠯᠢ ᠵᠢᠨ ᠨᠤᠷᠮ᠎ᠠ᠎ᠳᠤ ᠳᠤᠬᠢᠷᠠᠭᠤᠯᠤᠯᠳᠠ ᠬᠢᠵᠤ ᠠ᠋ᠩ᠎ᠤᠨ ᠦᠢ᠍ᠯᠡᠳᠪᠤᠷᠢ ᠬᠤᠳᠠᠯᠳᠤᠭ᠋ᠠᠨ᠎ᠤ ᠦᠢ᠍ᠯᠡᠰ᠎ᠤᠨ ᠭᠡᠷᠡᠭᠯᠡᠬᠦ ᠴᠠᠬᠢᠯᠭ᠋ᠠᠨ᠎ᠤ ᠦᠨ᠎ᠠ ᠬᠠᠩᠰᠢ ᠵᠢ ᠵᠤᠬᠢᠬᠤ ᠭᠡᠮᠵᠢᠶ᠎ᠡ᠎ᠪᠠᠷ ᠪᠠᠭᠤᠷᠠᠭᠤᠯᠬᠤ ᠳᠤᠬᠠᠢ ᠮᠡᠳᠡᠭᠳᠡᠯ》 ᠪᠠᠭᠤᠯᠭ᠋ᠠᠵᠤ᠂ ᠴᠠᠬᠢᠯᠭ᠋ᠠᠨ ᠬᠦᠴᠦᠨ᠎ᠤ ᠠᠵᠢᠯ ᠳᠦᠷᠦᠯ᠎ᠤᠨ ᠦᠷᠳᠡᠭ᠎ᠤᠨ ᠨᠡᠮᠡᠭᠳᠡᠯ ᠭᠠᠢ᠌ᠯᠢ ᠵᠢᠨ ᠨᠤᠷᠮ᠎ᠠ᠎ᠳᠤ ᠳᠤᠬᠢᠠᠷᠭᠤᠯᠤᠯᠳᠠ ᠬᠢᠵᠤ᠂ ᠴᠠᠬᠢᠯᠭ᠋ᠠᠨ ᠳᠤᠤᠷ᠎ᠤᠨ ᠠᠵᠤ ᠠᠬᠤᠢ᠌ᠯᠠᠯ᠎ᠤᠨ ᠦᠯᠡᠳᠡᠭᠡᠨ ᠰᠠᠭᠤᠯᠭ᠋ᠠᠬᠤ ᠭᠠᠢ᠌ᠯᠢ ᠵᠢᠨ ᠵᠤᠭᠤᠰ᠎ᠢ ᠨᠢᠭᠡ ᠯᠡ ᠳᠤᠤᠷ᠎ᠠ ᠪᠤᠴᠠᠭ᠋ᠠᠵᠤ ᠦᠭᠬᠦᠨ᠂ ᠪᠦᠬᠦᠨ᠎ᠢ ᠠ᠋ᠩ᠎ᠤᠨ ᠦᠢ᠍ᠯᠡᠳᠪᠤᠷᠢ ᠬᠤᠳᠠᠯᠳᠤᠭ᠋ᠠᠨ᠎ᠤ ᠦᠢ᠍ᠯᠡᠰ᠎ᠤᠨ ᠴᠠᠬᠢᠯᠭ᠋ᠠᠨ᠎ᠤ ᠦᠨ᠎ᠡ᠎ᠳᠤ ᠭᠡᠷᠡᠭᠯᠡᠨ᠎ᠡ ᠭᠡᠵᠡᠢ᠃ ᠪᠦᠷᠢᠳᠭᠡᠯ ᠵᠶ᠋ᠡᠷ ᠠ᠋ᠨᠡᠬᠦ ᠳᠤᠬᠢᠷᠠᠭᠤᠯᠤᠯᠳᠠ ᠵᠢᠨ ᠠᠷᠭ᠎ᠠ᠎ᠨᠢ 216 ᠳ᠋ᠦᠩᠰᠢᠭᠤᠷ ᠳᠦᠬᠦᠷᠢᠭ᠎ᠲᠤ ᠬᠤᠯᠪᠤᠭᠳᠠᠵᠤ᠂ ᠠ᠋ᠨᠡ᠎ᠨᠢ ᠠ᠋ᠩ᠎ᠤᠨ ᠦᠢ᠍ᠯᠡᠳᠪᠤᠷᠢ ᠬᠤᠳᠠᠯᠳᠤᠭ᠋ᠠᠨ᠎ᠤ ᠦᠢ᠍ᠯᠡᠰ᠎ᠤᠨ ᠴᠠᠬᠢᠯᠭ᠋ᠠᠨ᠎ᠤ ᠦᠨ᠎ᠠ ᠵᠢ 2.7%᠎ᠪᠠᠷ ᠪᠠᠭᠤᠷᠠᠭᠤᠯᠬᠤ ᠪᠤᠯᠤᠨ᠎ᠠ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠠᠨ ᠵᠸᠩ ᠬᠦᠬᠡᠮᠦᠢ᠍ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠠ᠋ᠷᠬᠢᠯᠡᠨ ᠬᠤᠷᠠᠯᠳᠤᠭᠤᠯᠪᠠ
ᠠᠺᠸᠨᠲ᠋ᠢᠨ᠎ᠤ ᠶᠡᠷᠦᠩᠭᠡᠢ᠌ᠯᠡᠭᠴᠢ ᠮᠠᠷᠺᠸᠯᠢ ᠸᠠᠩ ᠢ ᠵᠢ ᠬᠦᠯᠢᠶᠠᠨ ᠠᠪᠴᠤ ᠠᠭᠤᠯᠵᠠᠪᠠ
ᠨᠠᠰᠤᠲᠠᠳ᠎ᠢ ᠠᠰᠠᠷᠠᠬᠤ ᠮᠦᠩᠬᠦᠨ᠎ᠤ ᠬᠠᠮᠤᠭ ᠳᠤᠤᠷ᠎ᠠ ᠪᠠᠷᠢᠮᠵᠢᠶ᠎ᠠ ᠪᠤᠯᠤᠨ ᠤᠷᠤᠨ ᠰᠠᠭᠤᠴᠠ ᠵᠢᠨ ᠨᠠᠢ᠌ᠳᠠ ᠵᠢᠨ ᠬᠤᠷᠠᠮᠳᠤᠭᠤᠯᠭ᠎ᠠ ᠵᠢᠨ ᠮᠦᠩᠬᠦ ᠵᠢ ᠭᠠᠷᠭ᠋ᠠᠨ ᠠᠪᠬᠤ ᠵᠢᠴᠢ ᠰᠦᠯᠵᠢᠶᠠᠨ ᠪᠤᠯᠵᠤᠭ᠋ᠠᠨ ᠳᠡᠷᠭᠡ ᠵᠢ ᠵᠢᠷᠤᠮᠵᠢᠭᠤᠯᠬᠤ ᠳᠤᠬᠠᠢ
ᠰᠢᠶᠤᠤ ᠵᠢᠶᠸ ᠬᠦᠢ᠍ᠵᠸᠤ᠎ᠳᠤ ᠪᠠᠢ᠌ᠴᠠᠭ᠋ᠠᠨ ᠰᠤᠳᠤᠯᠤᠯᠳᠠ ᠬᠢᠪᠡ
ᠸᠸᠢ ᠹᠸᠩ ᠠ᠋ᠾᠸ ᠳᠠᠨᠽᠠᠨᠢᠶ᠎ᠠ ᠵᠢᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠴᠡᠷᠢᠭ᠎ᠤᠨ ᠰᠸᠯᠢᠩ᠎ᠲᠠᠢ ᠠᠭᠤᠯᠵᠠᠪᠠ
 
            