ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠯᠢ ᠺᠸ ᠴᠢᠶᠠᠩ᠄ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠠᠴᠠ ᠳᠤᠮᠳᠠᠳᠤ ᠤᠯᠤᠰ᠎ᠲᠤ ᠠᠵᠢᠯᠯᠠᠵᠤ ᠪᠠᠢ᠌ᠭ᠎ᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠳᠤ ᠳᠦᠬᠦᠮ ᠦᠵᠡᠬᠦᠯᠦᠨ᠎ᠡ
ᠨᠡᠶᠢᠲᠡᠯᠡᠭᠰᠡᠨ ᠴᠠᠭ᠄ 2018-11-27

                         
     9 ᠳ᠋ᠤᠭᠡᠷ ᠰᠠᠷ᠎ᠠ ᠵᠢᠨ 30᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ᠄ 《ᠳᠤᠮᠳᠠᠳᠤ ᠤᠯᠤᠰ᠎ᠤᠨ ᠵᠠᠰᠠᠭ᠎ᠤᠨ ᠤᠷᠳᠤᠨ ᠤᠯᠠᠮ ᠪᠦᠳᠦᠮᠵᠢᠳᠡᠢ ᠠᠷᠭ᠎ᠠ ᠭᠡᠮᠵᠢᠶ᠎ᠡ ᠠᠪᠴᠤ ᠪᠠᠢ᠌ᠭ᠋ᠠᠳ ᠳᠤᠮᠳᠠᠳᠤ ᠤᠯᠤᠰ᠎ᠲᠤ ᠠᠵᠢᠯᠯᠠᠵᠤ ᠪᠠᠢ᠌ᠭ᠎ᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠳᠤ ᠳᠦᠬᠦᠮ ᠦᠵᠡᠬᠦᠯᠦᠨ᠎ᠡ》 ᠭᠡᠵᠤ ᠢᠯᠡᠷᠭᠡᠢ᠌ᠯᠡᠵᠡᠢ᠃
      ᠳᠤᠰ ᠠ᠋ᠳᠤᠷ᠎ᠤᠨ ᠦᠳᠡ ᠵᠢᠨ ᠬᠤᠢ᠌ᠨ᠎ᠠ᠂ ᠯᠢ ᠺᠸ ᠴᠢᠶᠠᠩ ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ 2018 ᠤᠨ᠎ᠤ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ ᠤᠯᠤᠭᠰᠠᠨ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ ᠵᠢᠴᠢ ᠭᠡᠷ ᠪᠦᠯᠢ ᠵᠢᠨ᠎ᠬᠢᠨ᠎ᠲᠠᠢ ᠠᠭᠤᠯᠵᠠᠪᠠ᠃ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ ᠪᠤᠯ ᠳᠤᠮᠳᠠᠳᠤ ᠤᠯᠤᠰ᠎ᠤᠨ ᠤᠳᠤᠬᠢᠴᠢᠯᠠᠯᠳᠠ ᠵᠢᠨ ᠪᠦᠳᠦᠭᠡᠨ ᠪᠠᠢ᠌ᠭᠤᠯᠤᠯᠳᠠ᠎ᠳᠤ ᠯᠤᠳᠤ ᠶᠡᠭᠡ ᠬᠤᠪᠢ ᠨᠡᠮᠡᠷᠢ ᠦᠵᠡᠬᠦᠯᠦᠭᠰᠡᠨ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠢ ᠱᠠᠩᠨᠠᠨ ᠬᠦᠬᠢᠬᠦᠯᠬᠦ ᠬᠠᠮᠤᠭ᠎ᠤᠨ ᠳᠡᠭᠡᠳᠤ ᠱᠠᠩᠨᠠᠯ ᠪᠤᠯᠤᠨ᠎ᠠ᠃ ᠠ᠋ᠨᠡ ᠵᠢᠯ 21 ᠤᠯᠤᠰ᠎ᠤᠨ 50 ᠳᠤᠰᠬᠠᠢ ᠮᠡᠷᠭᠡᠵᠢᠯᠳᠡᠨ ᠳᠤᠰ ᠱᠠᠩᠨᠠᠯ᠎ᠢ ᠬᠦᠷᠳᠡᠵᠡᠢ᠃
      ᠳ᠋ᠸᠨ᠋ᠮᠠᠷᠺᠠ ᠵᠢᠨ ᠳᠤᠰᠬᠠᠢ ᠮᠡᠷᠭᠡᠵᠢᠯᠳᠡᠨ ᠶᠢᠩᠭᠸᠨ᠂ ᠺᠤᠯᠤᠰᠸᠨ ᠯᠢ ᠺᠸ ᠴᠢᠶᠠᠩ᠎ᠳᠤ ᠳᠡᠳᠡᠨ᠎ᠤ ᠳᠤᠮᠳᠠᠳᠤ ᠤᠯᠤᠰ᠎ᠲᠠᠬᠢ ᠠᠵᠤ ᠠᠬᠤᠢ᠌ᠯᠠᠯ᠎ᠤᠨ ᠦᠢ᠍ᠯᠡᠳᠪᠤᠷᠢᠯᠡᠭᠰᠡᠨ ᠰᠢᠨ᠎ᠠ ᠨᠢᠭᠡᠨ ᠦᠶ᠎ᠡ ᠵᠢᠨ ᠳᠤᠯᠠᠭ᠋ᠠᠨ᠎ᠢ ᠡᠵᠡᠮᠳᠡᠬᠦ ᠨᠡᠭᠡᠯᠡᠭᠡᠢ᠎ᠪᠠᠨ ᠳᠠᠨᠢᠯᠴᠠᠭᠤᠯᠵᠤ᠂ ᠭ᠋ᠸᠷᠮᠠᠨ᠎ᠤ ᠳᠤᠰᠬᠠᠢ ᠮᠡᠷᠭᠡᠵᠢᠯᠳᠡᠨ ᠳ᠋ᠡᠷᠸᠢ ᠨᠢᠭᠡᠨ ᠵᠢᠷᠤᠭ ᠭᠠᠷᠭ᠋ᠠᠭ᠋ᠠᠳ ᠳᠤᠮᠳᠠᠳᠤ ᠤᠯᠤᠰ᠎ᠲᠤ ᠪᠡᠯᠡ ᠤᠷᠤᠭᠤᠯᠤᠨ ᠦᠢ᠍ᠯᠡᠳᠪᠤᠷᠢᠯᠡᠭᠰᠡᠨ ᠰᠢᠨ᠎ᠠ ᠠ᠋ᠨ᠋ᠸᠷᠬᠢ ᠵᠢᠨ ᠮᠠᠰᠢᠨ ᠳᠡᠷᠭᠡ᠎ᠪᠠᠨ ᠳᠠᠨᠢᠯᠴᠠᠭᠤᠯᠪᠠ᠃ 《ᠯᠠᠪᠸ ᠵᠢᠨ ᠠ᠋ᠳᠤᠷ᠎ᠤᠨ ᠳᠡᠮᠳᠡᠭᠯᠡᠯ》᠎ᠢ ᠪᠢᠴᠢᠭᠰᠡᠨ ᠰᠦᠮᠲ᠋ᠤᠮᠠᠰ᠂ ᠯᠠᠪᠸ ᠯᠢ ᠺᠸ ᠴᠢᠶᠠᠩ᠎ᠳᠤ ᠯᠠᠪᠸ ᠵᠢᠨ ᠤᠭᠰᠠᠭ᠎ᠠ ᠳᠦᠷᠦᠯ ᠪᠤᠯᠤᠨ ᠳᠤᠮᠳᠠᠳᠤ ᠵᠢᠨ ᠬᠠᠷᠢᠴᠠᠭ᠎ᠠ᠎ᠪᠠᠨ ᠬᠦᠤᠷᠨᠢᠪᠡ᠃
      ᠯᠢ ᠺᠸ ᠴᠢᠶᠠᠩ᠄ 《ᠪᠢᠳᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠤ ᠳᠤᠮᠳᠠᠳᠤ ᠤᠯᠤᠰ᠎ᠤᠨ ᠬᠦᠭᠵᠢᠯᠳᠡ᠎ᠳᠤ ᠤᠷᠤᠯᠴᠠᠬᠤ ᠵᠢ ᠪᠠᠶᠠᠷᠯᠠᠨ ᠤᠭᠳᠤᠵᠤ ᠪᠠᠢ᠌ᠭ᠎ᠠ ᠮᠦᠷᠳᠡᠭᠡᠨ ᠳᠠᠨᠠᠷ᠎ᠤᠨ ᠤᠷᠳᠤ ᠬᠤᠭᠤᠴᠠᠭ᠎ᠠ᠎ᠪᠠᠷ ᠳᠤᠮᠳᠠᠳᠤ ᠤᠯᠤᠰ᠎ᠤᠨ ᠬᠦᠭᠵᠢᠯᠳᠡ ᠵᠢ ᠳᠡᠮᠵᠢᠵᠤ ᠬᠠᠪᠰᠤᠷᠤᠭᠰᠠᠨ᠎ᠳᠤ ᠳᠠᠯᠠᠷᠬᠠᠵᠤ ᠪᠠᠢ᠌ᠨ᠎ᠠ》 ᠭᠡᠪᠡ᠃ ᠯᠢ ᠺᠸ ᠴᠢᠶᠠᠩ 《ᠨᠡᠨᠵᠢᠩ᠎ᠤᠨ ᠶᠡᠭᠡ ᠬᠢᠳᠤᠯᠭ᠎ᠠ》 ᠵᠢᠨ ᠠ᠋ᠭᠦᠰᠤᠯ ᠳᠡᠬᠦᠰᠭᠡᠯ᠎ᠢ ᠳᠡᠮᠳᠡᠭᠯᠡᠭᠰᠡᠨ 《ᠯᠠᠪᠸ ᠵᠢᠨ ᠠ᠋ᠳᠤᠷ᠎ᠤᠨ ᠳᠡᠮᠳᠡᠭᠯᠡᠯ》᠎ᠢ ᠤᠨᠴᠠᠯᠠᠨ ᠳᠤᠷᠠᠳᠴᠤ᠄ 《ᠪᠢᠳᠠ ᠳᠠᠨᠠᠷ᠎ᠤᠨ ᠳᠤᠮᠳᠠᠳᠤ ᠤᠯᠤᠰ᠎ᠤᠨ ᠠᠷᠠᠳ ᠳᠦᠮᠡᠨ᠎ᠳᠤ ᠰᠠᠢ᠌ᠨ ᠵᠶ᠋ᠡᠷ ᠬᠠᠨᠳᠤᠵᠤ ᠳᠦᠪ ᠶᠤᠰᠤ ᠵᠢ ᠠ᠋ᠷᠬᠢᠮᠯᠡᠭᠰᠡᠨ ᠳᠡᠤᠭᠡ ᠵᠢ ᠮᠠᠷᠳᠠᠬᠤ ᠦᠭᠡᠢ᠂ ᠠ᠋ᠳᠡᠭᠡᠷ ᠳᠡᠤᠭᠡ ᠵᠢ ᠳᠤᠮᠳᠠᠳᠤ ᠤᠯᠤᠰ᠎ᠤᠨ ᠠᠷᠠᠳ ᠳᠦᠮᠡᠨ ᠦᠨᠢ ᠠ᠋ᠬᠦᠷᠢᠳᠡ ᠴᠡᠭᠡᠵᠢᠯᠠᠨ᠎ᠠ》 ᠭᠡᠵᠤ ᠭᠡᠯᠡᠪᠡ᠃
      ᠯᠢ ᠺᠸ ᠴᠢᠶᠠᠩ᠂ ᠠ᠋ᠨᠡ ᠵᠢᠯ ᠪᠤᠯ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ᠎ᠤᠨ ᠤᠢ ᠪᠤᠯᠤᠨ᠎ᠠ᠂ ᠳᠤᠮᠳᠠᠳᠤ ᠤᠯᠤᠰ 40 ᠵᠢᠯ᠎ᠤᠨ ᠳᠤᠷᠰᠢ᠎ᠳᠤ ᠨᠡᠭᠡᠭᠡᠯᠳᠡ ᠬᠢᠬᠦ ᠵᠢ ᠦᠷᠭᠡᠳᠭᠡᠬᠦ᠎ᠪᠠᠷ ᠦᠭᠡᠷᠡᠴᠢᠯᠡᠯᠳᠡ ᠵᠢ ᠳᠠᠢ᠌ᠴᠢᠯᠠᠵᠤ ᠬᠦᠭᠵᠢᠯᠳᠡ ᠵᠢ ᠠᠬᠢᠭᠤᠯᠪᠠ᠃ ᠳᠤᠮᠳᠠᠳᠤ ᠤᠯᠤᠰ ᠬᠤᠢ᠌ᠰᠢᠳᠠ ᠨᠡᠭᠡᠭᠡᠯᠳᠡ ᠬᠢᠬᠦ᠎ᠪᠠᠨ ᠭᠣᠢ᠌ᠪᠢᠰᠢ ᠦᠭᠡᠢ᠎ᠪᠠᠷ ᠦᠷᠬᠦᠯᠵᠢᠯᠡᠨ ᠦᠷᠭᠡᠳᠬᠡᠨ᠎ᠡ ᠭᠡᠵᠤ ᠭᠡᠯᠡᠪᠡ᠃
      ᠯᠢ ᠺᠸ ᠴᠢᠶᠠᠩ᠄ 《ᠳᠤᠮᠳᠠᠳᠤ ᠤᠯᠤᠰ ᠨᠡᠩ ᠢᠳᠡᠪᠬᠢᠳᠡᠢ᠂ ᠨᠡᠭᠡᠭᠡᠯᠳᠡ᠎ᠲᠠᠢ᠂ ᠪᠦᠳᠦᠮᠵᠢᠳᠡᠢ ᠴᠢᠳᠠᠪᠤᠷᠢᠳᠠᠨ ᠤᠷᠤᠭᠤᠯᠤᠨ ᠠᠪᠴᠢᠷᠠᠬᠤ ᠳᠦᠷᠦ ᠵᠢᠨ ᠪᠤᠳᠤᠯᠭ᠎ᠠ ᠵᠢ ᠭᠡᠷᠡᠭᠵᠢᠬᠦᠯᠵᠤ᠂ ᠴᠢᠳᠠᠪᠤᠷᠢᠳᠠᠨ᠎ᠳᠤ ᠦᠢ᠍ᠯᠡᠴᠢᠯᠡᠬᠦ ᠪᠠᠳᠤᠯᠠᠪᠤᠷᠢ ᠵᠢᠨ ᠰᠢᠰᠲᠸᠮ ᠵᠶ᠋ᠠᠨ ᠰᠢᠯᠢᠳᠡᠭᠵᠢᠬᠦᠯᠦᠨ᠎ᠠ》᠃ 《ᠭᠠᠳᠠᠭ᠋ᠠᠳᠤ ᠵᠢᠨ ᠬᠦᠮᠦᠨ ᠳᠤᠮᠳᠠᠳᠤ ᠤᠯᠤᠰ᠎ᠲᠤ ᠢᠷᠡᠵᠤ ᠠᠵᠢᠯᠯᠠᠬᠤ᠂ ᠠᠮᠢᠳᠤᠷᠠᠵᠤ ᠰᠠᠭᠤᠬᠤ ᠵᠡᠷᠭᠡ᠎ᠳᠤ ᠳᠦᠬᠦᠮ ᠦᠵᠡᠬᠦᠯᠬᠦ ᠳᠤᠭᠳᠠᠴᠠ ᠵᠢ ᠪᠠᠢ᠌ᠭᠤᠯᠤᠨ ᠠᠪᠴᠠᠯᠳᠤᠭᠤᠯᠬᠤ᠎ᠪᠠᠷ ᠳᠠᠮᠵᠢᠭᠤᠯᠤᠨ᠂ ᠭᠠᠳᠠᠭ᠋ᠠᠳᠤ ᠵᠢᠨ ᠬᠦᠮᠦᠨ᠎ᠤ ᠳᠤᠮᠳᠠᠳᠤ ᠤᠯᠤᠰ᠎ᠲᠤ ᠢᠷᠡᠵᠤ ᠠᠵᠢᠯᠯᠠᠬᠤ ᠬᠦᠢ᠍ᠴᠡᠳᠭᠡᠯ᠎ᠢ 〈ᠨᠢᠭᠡ ᠰᠦᠯᠵᠢᠶ᠎ᠠ〉᠎ᠪᠠᠷ ᠬᠦᠢ᠍ᠴᠡᠳᠭᠡᠬᠦ ᠵᠡᠷᠭᠡ ᠵᠢ ᠳᠦᠷᠭᠡᠨ ᠪᠡᠶᠡᠯᠡᠬᠦᠯᠦᠨ᠎ᠡ》 ᠭᠡᠪᠡ᠃
      ᠯᠢ ᠺᠸ ᠴᠢᠶᠠᠩ᠂ ᠳᠤᠮᠳᠠᠳᠤ ᠤᠯᠤᠰ᠎ᠤᠨ ᠵᠠᠰᠠᠭ᠎ᠤᠨ ᠤᠷᠳᠤᠨ ᠡᠯ᠎ᠡ ᠤᠯᠤᠰ᠎ᠤᠨ ᠳᠤᠰᠬᠠᠢ ᠮᠡᠷᠭᠡᠵᠢᠯᠳᠡᠨ᠎ᠳᠤ ᠠᠳᠠᠯᠢ᠎ᠪᠠᠷ ᠬᠠᠨᠳᠤᠵᠤ᠂ ᠨᠡᠩ ᠤᠯᠠᠨ ᠠᠵᠠ ᠳᠤᠬᠢᠶᠠᠯ ᠤᠯᠭᠤᠨ᠂ ᠮᠡᠳᠡᠯᠭᠡ ᠵᠢᠨ ᠦᠮᠴᠢᠯᠠᠯ᠎ᠤᠨ ᠠ᠋ᠷᠭᠡ ᠵᠢ᠎ᠨᠢ ᠰᠠᠢ᠌ᠳᠤᠷ ᠬᠠᠮᠠᠭ᠋ᠠᠯᠠᠨ᠎ᠠ᠃ ᠭᠡᠷᠪᠡ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠤ ᠮᠡᠳᠡᠯᠭᠡ ᠵᠢᠨ ᠦᠮᠴᠢᠯᠡᠯ᠎ᠤᠨ ᠠ᠋ᠷᠭᠡ᠎ᠳᠤ ᠬᠠᠯᠳᠠᠭᠰᠠᠨ ᠵᠡᠷᠭᠡ ᠠᠰᠠᠭᠤᠳᠠᠯ ᠭᠠᠷᠪᠠᠯ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠶᠤ ᠡᠯ᠎ᠡ ᠱᠠᠳᠤᠨ᠎ᠤ ᠵᠠᠰᠠᠭ᠎ᠤᠨ ᠤᠷᠳᠤᠨ᠎ᠳᠤ ᠰᠢᠭᠤᠳ ᠮᠡᠳᠡᠬᠦᠯᠵᠤ᠂ ᠳᠤᠮᠳᠠᠳᠤ ᠤᠯᠤᠰ᠎ᠤᠨ ᠵᠠᠰᠠᠭ᠎ᠤᠨ ᠤᠷᠳᠤᠨ ᠳᠡᠭᠡᠳᠤ ᠭᠡᠮᠵᠢᠶ᠎ᠡ᠎ᠪᠠᠷ ᠴᠢᠬᠤᠯᠠᠴᠢᠯᠠᠨ ᠴᠢᠩᠭ᠎ᠠ᠎ᠪᠠᠷ ᠳᠤᠷᠭ᠋ᠠᠨ ᠰᠢᠢ᠍ᠳᠪᠤᠷᠢᠯᠡᠬᠦ ᠭᠡᠷᠡᠭᠳᠡᠢ ᠭᠡᠵᠤ ᠴᠢᠬᠤᠯᠠᠴᠢᠯᠠᠪᠠ᠃
      ᠯᠢ ᠺᠸ ᠴᠢᠶᠠᠩ᠄ 《ᠭᠠᠳᠠᠭ᠋ᠠᠳᠤ ᠵᠢᠨ ᠴᠢᠳᠠᠪᠤᠷᠢᠳᠠᠨ ᠪᠤᠯᠤᠨ ᠤᠶᠤᠨ ᠤᠬᠠᠭ᠋ᠠᠨ᠎ᠨᠢ ᠳᠤᠮᠳᠠᠳᠤ ᠤᠯᠤᠰ᠎ᠤᠨ ᠰᠢᠨ᠎ᠠ ᠵᠢ ᠠ᠋ᠬᠦᠳᠬᠦ ᠰᠢᠰᠲᠸᠮ᠎ᠤᠨ ᠴᠢᠬᠤᠯᠠ ᠪᠦᠷᠢᠯᠳᠦᠬᠦᠨ ᠭᠡᠰᠡᠭ ᠪᠤᠯᠤᠨ᠎ᠠ》᠃ 《ᠨᠡᠩ ᠤᠯᠠᠨ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ ᠳᠤᠮᠳᠠᠳᠤ ᠤᠯᠤᠰ᠎ᠤᠨ ᠰᠢᠨᠡᠴᠢᠯᠡᠯᠲᠡ ᠬᠦᠭᠵᠢᠯᠲᠡ᠎ᠳᠤ ᠨᠡᠩ ᠶᠡᠭᠡ ᠦᠢ᠍ᠯᠡᠳᠤᠯ ᠦᠵᠡᠬᠦᠯᠬᠦ ᠵᠢ ᠪᠠᠶᠠᠷᠯᠠᠨ ᠤᠭᠳᠤᠵᠤ ᠪᠠᠢ᠌ᠨ᠎ᠠ᠂ ᠳᠤᠮᠳᠠᠳᠤ ᠭᠠᠳᠠᠭ᠋ᠠᠳᠤ ᠵᠢᠨ ᠴᠢᠳᠠᠪᠤᠷᠢᠳᠠᠨ ᠭᠠᠷ ᠬᠤᠯᠪᠤᠯᠴᠠᠨ ᠬᠠᠮᠳᠤᠪᠠᠷ ᠴᠢᠷᠮᠠᠢ᠌ᠵᠤ ᠳᠡᠯᠡᠭᠡᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠪᠤᠯᠤᠨ ᠪᠤᠯᠪᠠᠰᠤᠨ᠎ᠤ ᠳᠠᠪᠰᠢᠯᠳᠠ ᠵᠢ ᠠᠬᠢᠭᠤᠯᠤᠨ᠂ ᠠᠵᠤ ᠠᠬᠤᠢ ᠵᠢᠨ ᠳᠡᠯᠡᠭᠡᠢ᠌ᠵᠢᠯᠳᠡ ᠵᠢᠨ ᠠ᠋ᠷᠡᠬᠦᠯ ᠵᠶ᠋ᠡᠷ ᠬᠦᠭᠵᠢᠬᠦ ᠵᠢ ᠠᠬᠢᠭᠤᠯᠬᠤ ᠵᠢ ᠬᠦᠰᠡᠵᠤ ᠪᠠᠢ᠌ᠨ᠎ᠠ》 ᠭᠡᠵᠤ ᠭᠡᠯᠡᠪᠡ᠃


ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠤᠤ ᠺᠸ ᡁᠢ ᠪᠦᠬᠦ ᠤᠯᠤᠰ᠎ᠤᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠲᠸᠯᠸᠢᠰ ᠬᠤᠷᠠᠯ ᠳᠡᠭᠡᠷ᠎ᠡ ᠰᠢᠨ᠎ᠠ ᠴᠠᠭ ᠦᠶ᠎ᠡ ᠵᠢᠨ ᠰᠦᠷᠳᠡᠬᠦᠯᠦᠯ᠎ᠢ ᠠ᠋ᠰᠡᠷᠬᠦᠴᠡᠬᠦ ᠠᠵᠢᠯ᠎ᠤᠨ ᠰᠢᠨ᠎ᠠ ᠪᠠᠢ᠌ᠳᠠᠯ᠎ᠢ ᠴᠢᠷᠮᠠᠢ᠌ᠨ ᠪᠤᠢ ᠪᠤᠯᠭ᠋ᠠᠰᠤᠭ᠋ᠠᠢ ᠭᠡᠪᠡ
ᠬᠠᠨ ᠵᠸᠩ ᠰᠢᠶᠠᠩᠭ᠋ᠠᠩ᠎ᠤᠨ ᠠᠵᠢᠯᠴᠢᠨ᠎ᠤ ᠡᠪᠯᠡᠯ᠎ᠤᠨ ᠬᠤᠯᠪᠤᠭ᠋ᠠᠳᠤ ᠬᠤᠷᠠᠯ᠎ᠤᠨ ᠠᠢ᠌ᠯᠴᠢᠯᠠᠬᠤ ᠪᠦᠯᠬᠦᠮ᠎ᠲᠠᠢ ᠠᠭᠤᠯᠵᠠᠪᠠ
ᠸᠠᠩ ᠢ ᠳᠠᠯᠠᠨ ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠶᠡᠭᠡ ᠬᠤᠷᠠᠯ᠎ᠤᠨ ᠠ᠋ᠩ᠎ᠤᠨ ᠮᠠᠷᠭᠤᠯᠳᠤᠭ᠋ᠠᠨ᠎ᠳᠤ ᠤᠷᠤᠯᠴᠠᠵᠤ ᠶᠠᠷᠢᠶ᠎ᠠ ᠳᠠᠯᠪᠢᠪᠠ
ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠨᠦᠬᠦᠷᠯᠡᠯ ᠱᠠᠩᠨᠠᠯ᠎ᠤᠨ ᠱᠠᠩᠨᠠᠯ ᠤᠯᠭᠤᠬᠤ ᠶᠤᠰᠤᠯᠠᠯ ᠪᠡᠭᠡᠵᠢᠩ᠎ᠳᠤ ᠶᠠᠪᠤᠭᠳᠠᠵᠤ ᠯᠢᠦ ᠠ᠋ᠾᠸ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ
ᠯᠢ ᠺᠸ ᠴᠢᠶᠠᠩ ᠵᠸᠵᠢᠶᠠᠩ᠎ᠳᠤ ᠰᠢᠨᠵᠢᠯᠠᠨ ᠪᠠᠢ᠌ᠴᠠᠭ᠋ᠠᠬᠤ ᠵᠢᠨ ᠬᠠᠮᠳᠤ ᠠᠵᠤ ᠠᠬᠤᠢ᠌ᠯᠠᠯ᠎ᠤᠨ᠎ᠬᠢᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠬᠤᠷᠠᠯᠳᠤᠭᠤᠯᠵᠠᠢ
 
            