2018 ᠤᠨ᠎ᠤ 8 ᠳ᠋ᠤᠭ᠋ᠠᠷ ᠰᠠᠷ᠎ᠠ ᠵᠢᠨ 2᠎ᠤᠨ ᠠ᠋ᠳᠤᠷ᠎ᠤᠨ ᠦᠳᠡ ᠵᠢᠨ ᠬᠤᠢ᠌ᠨ᠎ᠠ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠰᠢᠩᠭ᠋ᠠᠫᠤᠷ᠎ᠲᠤ ᠬᠤᠷᠠᠯᠳᠤᠬᠰᠠᠨ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ (10+1) ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠳᠤ ᠤᠷᠤᠯᠴᠠᠭᠰᠠᠨ᠎ᠤ ᠳᠠᠷᠠᠭ᠎ᠠ ᠳᠤᠮᠳᠠᠳᠤ ᠭᠠᠳᠠᠭ᠋ᠠᠳᠤ ᠵᠢᠨ ᠰᠤᠨᠢᠨ ᠮᠡᠳᠡᠭᠡᠨ᠎ᠤ ᠵᠠᠭᠤᠴᠢᠯᠠᠭᠤᠷ᠎ᠲᠤ ᠪᠠᠢ᠌ᠳᠠᠯ ᠮᠡᠳᠡᠭᠳᠡᠬᠦ ᠬᠤᠷᠠᠯ ᠬᠢᠪᠠ᠃
ᠸᠠᠩ ᠢ᠎ᠠᠴᠠ ᠪᠢ ᠰᠠᠶᠢᠬᠠᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠠᠷᠪᠠᠨ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠲᠠᠢ ᠬᠠᠮᠳᠤ᠎ᠪᠠᠷ 10+1 ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ ᠬᠢᠪᠡ᠃ ᠠ᠋ᠨᠡ ᠠ᠋ᠳᠤᠷ᠎ᠤᠨ ᠬᠤᠷᠠᠯ᠎ᠨᠢ ᠤᠤᠯ᠎ᠤᠨ ᠠᠯᠢ ᠴᠤ᠌ ᠵᠢᠯ᠎ᠤᠨ ᠬᠤᠷᠠᠯ᠎ᠠᠴᠠ ᠨᠡᠩ ᠠ᠋ᠶ᠎ᠡ ᠵᠤᠬᠢᠴᠠᠩᠭᠤᠢ᠂ ᠨᠡᠩ ᠳᠤᠭᠳᠠᠭᠤᠨ᠂ ᠨᠡᠩ ᠨᠦᠬᠦᠷᠰᠡᠭ ᠪᠠᠢ᠌ᠯ᠎ᠠ᠃ ᠠ᠋ᠨᠡ᠎ᠨᠢ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠤᠯᠤᠰ᠎ᠤᠳ᠎ᠤᠨ ᠬᠤᠭᠤᠷᠤᠨᠳᠤ ᠵᠢᠨ ᠢᠳᠡᠭᠡᠯᠴᠡᠭᠡ ᠤᠯᠠᠮ ᠵᠶ᠋ᠡᠷ ᠨᠡᠮᠡᠭᠳᠡᠵᠤ᠂ ᠳᠡᠮᠵᠢᠯᠴᠡᠭᠡ ᠤᠯᠠᠮ ᠵᠶ᠋ᠡᠷ ᠪᠠᠳᠤ ᠪᠤᠯᠤᠭᠰᠠᠨ᠎ᠢ ᠳᠠᠬᠢᠨᠳᠠ ᠬᠠᠷᠠᠭᠤᠯᠪᠠ ᠭᠡᠵᠤ ᠢᠯᠡᠷᠭᠡᠢ᠌ᠯᠡᠪᠡ᠃
ᠸᠠᠩ ᠢ᠎ᠠᠴᠠ ᠠ᠋ᠨᠡ ᠠ᠋ᠳᠤᠷ᠎ᠤᠨ ᠬᠤᠷᠠᠯ᠎ᠤᠨ ᠬᠠᠮᠤᠭ ᠶᠡᠭᠡ ᠬᠢᠯᠡᠰ ᠴᠡᠭ ᠪᠤᠯ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠤᠯᠤᠰ 《ᠠ᠋ᠮᠤᠨᠡᠳᠤ ᠳᠠᠯᠠᠢ ᠵᠢᠨ ᠠᠵᠢᠯᠯᠭ᠋ᠠᠨᠤ ᠳᠦᠷᠢᠮ》 COC᠎ᠤᠨ ᠳᠦᠰᠦᠪ᠎ᠢ ᠵᠦᠪᠳᠡᠯᠴᠡᠭᠰᠡᠨ ᠶᠠᠪᠤᠳᠠᠯ ᠪᠤᠯᠤᠨ᠎ᠠ᠃ ᠠ᠋ᠨᠡ᠎ᠨᠢ COC ᠵᠦᠪᠳᠡᠯᠴᠡᠭᠡᠷ ᠰᠢᠨ᠎ᠠ ᠠᠬᠢᠯᠳᠠ᠎ᠲᠠᠢ ᠪᠤᠯᠤᠭᠰᠠᠨ᠎ᠢ ᠬᠠᠷᠠᠭᠤᠯᠪᠠ᠃ ᠳᠤᠬᠠᠢ᠌ᠯᠠᠪᠠᠯ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠤᠯᠤᠰ᠎ᠤᠳ ᠬᠠᠮᠳᠤᠷᠠᠨ ᠨᠢᠭᠡ ᠪᠠᠢ᠌ᠰᠢᠩ ᠪᠠᠷᠢᠬᠤ᠎ᠪᠠᠷ ᠵᠢᠱ᠌ᠢᠶᠠᠯᠠᠵᠤ ᠶᠠᠷᠢᠶ᠎ᠠ᠂ ᠦᠩᠭᠡᠷᠡᠭᠰᠡᠨ᠎ᠳᠤ 11 ᠤᠯᠤᠰ᠎ᠨᠢ 11 ᠵᠦᠢ᠍ᠯ᠎ᠤᠨ ᠵᠢᠷᠤᠭ ᠳᠦᠯᠦᠪᠯᠡᠭᠡ ᠳᠤᠭᠳᠠᠭ᠋ᠠᠬᠤ ᠪᠠᠢ᠌ᠭᠰᠠᠨ ᠪᠤᠯ ᠤᠳᠤ ᠪᠢᠳᠠ ᠬᠠᠷᠢᠨ ᠨᠢᠭᠡ ᠯᠡ ᠵᠦᠢ᠍ᠯ᠎ᠤᠨ ᠵᠢᠷᠤᠭ ᠳᠦᠯᠦᠪᠯᠡᠭᠡ ᠳᠤᠭᠳᠠᠭ᠋ᠠᠬᠤ ᠪᠤᠯᠵᠤ ᠰᠠᠭᠤᠷᠢ ᠵᠢ ᠪᠠᠳᠤᠳᠬᠠᠬᠤ ᠪᠤᠯᠪᠠ᠂ ᠳᠡᠬᠦᠨᠴᠢᠯᠠᠨ ᠳᠦᠷᠪᠡᠨ ᠨᠢᠷᠤᠭᠤ ᠨᠠᠢ᠍ᠮᠠᠨ ᠳᠤᠯᠭ᠋ᠠᠭᠤᠷᠢᠲᠠᠢ ᠪᠠᠢ᠌ᠰᠢᠩ ᠪᠠᠷᠢᠬᠤ ᠪᠤᠯᠪᠠ᠃ ᠳᠠᠷᠠᠭ᠎ᠠ ᠠᠯᠬᠤᠮ᠎ᠳᠤ ᠪᠤᠳᠠᠳᠠᠢ ᠳᠦᠰᠦᠯ ᠳᠤᠪᠬᠢᠮᠠᠯᠢ ᠵᠦᠪᠳᠡᠯᠴᠡᠬᠦ ᠱᠠᠳᠤᠨ᠎ᠳᠤ ᠤᠷᠤᠵᠤ᠂ ᠭᠠᠳᠠᠭ᠋ᠠᠳᠤ ᠨᠦᠯᠦᠭᠡᠯᠡᠯ ᠦᠭᠡᠢ ᠪᠠᠢ᠌ᠳᠠᠯ᠎ᠳᠤ COC ᠵᠦᠪᠳᠡᠯᠴᠡᠭᠡᠷ ᠳᠦᠷᠭᠡᠨ ᠠᠬᠢᠬᠤ ᠪᠤᠯᠤᠨ᠎ᠠ᠃ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠤᠯᠤᠰ᠎ᠤᠳ ᠬᠠᠮᠳᠤ᠎ᠪᠠᠷ ᠠ᠋ᠮᠤᠨᠡᠳᠤ ᠳᠠᠯᠠᠢ ᠵᠢᠨ ᠠ᠋ᠩᠭᠡ ᠳᠡᠢ᠌ᠪᠤᠩ ᠪᠤᠯᠤᠨ ᠳᠤᠭᠳᠠᠭᠤᠨ ᠪᠠᠢ᠌ᠳᠠᠯ᠎ᠢ ᠬᠠᠮᠠᠭ᠋ᠠᠯᠠᠬᠤ ᠴᠢᠳᠠᠪᠤᠷᠢ᠎ᠲᠠᠢ᠂ ᠬᠠᠮᠳᠤ᠎ᠪᠠᠷ ᠰᠠᠬᠢᠨ ᠵᠢᠷᠤᠮᠯᠠᠬᠤ ᠭᠠᠵᠠᠷ ᠤᠷᠤᠨ᠎ᠤ ᠳᠦᠷᠢᠮ ᠵᠶ᠋ᠠᠨ ᠵᠦᠪᠳᠡᠯᠴᠠᠨ ᠳᠤᠬᠢᠷᠠᠬᠤ ᠴᠢᠳᠠᠪᠤᠷᠢ᠎ᠲᠠᠢ ᠭᠡᠳᠡᠭ᠎ᠢ ᠪᠤᠳᠠᠳᠤ ᠶᠠᠪᠤᠳᠠᠯ ᠭᠡᠷᠡᠴᠢᠯᠡᠬᠦ ᠪᠤᠯᠤᠨ᠎ᠠ ᠭᠡᠵᠤ ᠭᠡᠯᠡᠪᠡ᠃
ᠸᠠᠩ ᠢ ᠪᠠᠰᠠ ᠠ᠋ᠨᠡ ᠠ᠋ᠳᠤᠷ᠎ᠤᠨ ᠬᠤᠷᠠᠯ᠎ᠤᠨ ᠬᠠᠮᠤᠭ᠎ᠤᠨ ᠶᠡᠭᠡ ᠠᠮᠵᠢᠯᠳᠠ ᠤᠯᠤᠯᠳᠠ ᠪᠤᠯ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠷᠢᠴᠠᠭ᠎ᠠ ᠳᠤᠭ᠎ᠠ ᠭᠡᠮᠵᠢᠶ᠎ᠡ᠎ᠠᠴᠠ ᠴᠢᠨᠠᠷ᠎ᠤᠨ ᠦᠰᠦᠷᠦᠯᠳᠡ ᠵᠢ ᠪᠡᠶᠡᠯᠡᠬᠦᠯᠵᠤ᠂ ᠳᠦᠷᠭᠡᠨ ᠬᠦᠭᠵᠢᠯᠳᠡ ᠵᠢᠨ ᠠ᠋ᠬᠢᠨ᠎ᠤ ᠬᠤᠭᠤᠴᠠᠭ᠎ᠠ᠎ᠠᠴᠠ ᠳᠡᠰ ᠳᠡᠪᠰᠢᠨ ᠪᠤᠯᠪᠠᠰᠤᠷᠠᠩᠭᠤᠢ ᠪᠤᠯᠤᠭᠰᠠᠨ ᠬᠤᠭᠤᠴᠠᠭ᠋ᠠᠨ᠎ᠳᠤ ᠤᠷᠤᠭᠰᠠᠨ ᠶᠠᠪᠤᠳᠠᠯ ᠪᠤᠯᠤᠨ᠎ᠠ᠃ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠷᠢᠴᠠᠭ᠎ᠠ ᠪᠦᠬᠦ ᠳᠠᠯ᠎ᠠ ᠵᠢᠨ ᠬᠦᠭᠵᠢᠯᠳᠠ ᠵᠢᠨ ᠰᠢᠨ᠎ᠠ ᠱᠠᠳᠤᠨ᠎ᠳᠤ ᠤᠷᠤᠭᠰᠠᠨ ᠭᠡᠵᠤ ᠭᠡᠯᠡᠵᠤ ᠪᠤᠯᠤᠨ᠎ᠠ᠃ ᠪᠢᠳᠡ ᠠᠵᠠ ᠳᠤᠬᠢᠶᠠᠯ᠎ᠢ ᠬᠠᠮᠳᠤ᠎ᠪᠠᠷ ᠠᠰᠢᠭᠯᠠᠨ᠂ ᠦᠷᠢᠰᠦᠯᠳᠦᠭᠡᠨ᠎ᠢ ᠬᠠᠮᠳᠤ᠎ᠪᠠᠷ ᠢᠯᠡᠵᠤ᠂ ᠨᠡᠩ ᠨᠢᠬᠳᠠ ᠬᠠᠷᠢᠴᠠᠭ᠎ᠠ᠎ᠲᠠᠢ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠪᠠᠢ᠌ᠭᠤᠯᠬᠤ ᠪᠤᠯᠤᠨ᠎ᠠ᠃
ᠶᠠᠭᠤᠨ᠎ᠤ ᠣᠷᠢᠳ ᠬᠠᠮᠳᠤᠷᠠᠯᠴᠠᠭ᠋ᠠᠨ᠎ᠤ ᠳᠦᠯᠦᠪᠵᠢᠬᠦᠯᠭᠡ ᠰᠢᠨ᠎ᠠ ᠱᠠᠳᠤᠨ᠎ᠳᠤ ᠠᠬᠢᠪᠠ᠃ ᠬᠤᠶᠠᠷ ᠳᠠᠯ᠎ᠠ᠎ᠪᠠᠷ ᠵᠶ᠋ᠡᠨ 《ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠋ᠠᠨ᠎ᠤ 2030 ᠤᠨ᠎ᠤ ᠠᠯᠤᠰ᠎ᠤᠨ ᠳᠦᠰᠦᠯ》᠎ᠳᠤ ᠬᠠᠮᠳᠤ ᠵᠢᠨ ᠳᠠᠨᠢᠯᠳᠠ᠎ᠲᠠᠢ ᠪᠤᠯᠵᠤ᠂ ᠳᠤᠰ ᠳᠤᠰ ᠶᠠᠪᠤᠴᠠ᠎ᠪᠠᠨ ᠬᠦᠢ᠍ᠴᠡᠳᠭᠡᠭᠰᠡᠨᠤ ᠳᠠᠷᠠᠭ᠎ᠠ ᠠ᠋ᠨᠡ ᠵᠢᠯ᠎ᠤᠨ 11 ᠳ᠋ᠤᠭᠡᠷ ᠰᠠᠷ᠎ᠠ᠎ᠳᠤ ᠬᠢᠬᠦ ᠤᠳᠤᠷᠢᠳᠬᠤ ᠬᠦᠮᠤᠰ᠎ᠤᠨ ᠬᠤᠷᠠᠯ᠎ᠳᠤ ᠳᠡᠪᠰᠢᠬᠦᠯᠦᠨ ᠨᠡᠢ᠌ᠳᠡᠯᠡᠬᠦᠯᠬᠦ ᠪᠤᠯᠤᠨ᠎ᠠ᠃ ᠠ᠋ᠨᠡᠬᠦ ᠴᠢᠬᠤᠯᠠ ᠪᠢᠴᠢᠭ ᠮᠠᠲᠸᠷᠢᠶᠠᠯ᠎ᠨᠢ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠷᠢᠴᠠᠭ᠎ᠠ ᠵᠢᠨ ᠬᠦᠭᠵᠢᠯᠳᠡ ᠵᠢᠨ ᠬᠠᠨᠳᠤᠰᠢ ᠵᠢ ᠵᠢᠭ᠋ᠠᠵᠤ᠂ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠮᠳᠤᠷᠠᠯᠴᠠᠭ᠎ᠠ ᠵᠢ ᠠᠬᠢᠭᠤᠯᠬᠤ ᠪᠤᠯᠤᠨ᠎ᠠ᠃
ᠬᠤᠶᠠᠷ᠎ᠲᠤ ᠠᠮᠤᠷ ᠳᠦᠪᠰᠢᠨ ᠬᠠᠮᠳᠤᠷᠠᠯᠴᠠᠭ᠎ᠠ ᠰᠢᠨ᠎ᠠ ᠱᠠᠳᠤᠨ᠎ᠳᠤ ᠠᠬᠢᠪᠠ᠃ ᠬᠤᠶᠠᠷ ᠳᠠᠯ᠎ᠠ᠎ᠪᠠᠷ ᠵᠶ᠋ᠡᠨ ᠠ᠋ᠨᠡ ᠵᠢᠯ᠎ᠤᠨ 10 ᠳ᠋ᠤᠭ᠋ᠠᠷ ᠰᠠᠷ᠎ᠠ᠎ᠳᠤ ᠳᠡᠯᠡᠢ ᠳᠡᠭᠡᠷ᠎ᠠ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠮᠳᠤᠷᠠᠭᠰᠠᠨ ᠰᠤᠷᠢᠯᠳᠠ ᠬᠢᠬᠦ ᠵᠢ ᠵᠦᠪᠰᠢᠶᠡᠷᠡᠪᠡ᠃ ᠪᠢᠳᠡ ᠠ᠋ᠨᠡᠬᠦ ᠰᠤᠷᠢᠯᠳᠠ᠎ᠪᠠᠷ ᠳᠠᠮᠵᠢᠭᠤᠯᠤᠨ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠴᠡᠷᠢᠭ᠎ᠤᠨ ᠶᠠᠪᠤᠳᠠᠯ᠎ᠤᠨ ᠶᠠᠪᠤᠯᠴᠠᠭ᠎ᠠ ᠪᠤᠯᠤᠨ ᠠᠮᠤᠷ ᠳᠦᠪᠰᠢᠨ᠎ᠤ ᠬᠠᠮᠳᠤᠷᠠᠯᠴᠠᠭ᠎ᠠ᠎ᠪᠠᠨ ᠦᠷᠭᠡᠳᠭᠡᠵᠤ᠂ ᠠᠮᠤᠷ ᠳᠦᠪᠰᠢᠨ᠎ᠤ ᠦᠷᠢᠰᠦᠯᠳᠦᠭᠡᠨ᠎ᠢ ᠬᠠᠮᠳᠤ᠎ᠪᠠᠷ ᠠᠷᠭ᠋ᠠᠴᠠᠵᠤ᠂ ᠭᠠᠵᠠᠷ ᠤᠷᠤᠨ᠎ᠤ ᠠᠮᠤᠷ ᠳᠤᠭᠳᠠᠭᠤᠨ᠎ᠢ ᠬᠠᠮᠳᠤ᠎ᠪᠠᠷ ᠬᠠᠮᠠᠭ᠋ᠠᠯᠠᠨ᠎ᠠ᠃
ᠭᠤᠷᠪᠠ᠎ᠳᠤ ᠰᠢᠨ᠎ᠠ ᠵᠢ ᠠ᠋ᠬᠦᠳᠦᠭᠰᠡᠨ ᠬᠠᠮᠳᠤᠷᠠᠯᠴᠠᠭ᠎ᠠ ᠰᠢᠨ᠎ᠠ ᠱᠠᠳᠤᠨ᠎ᠳᠤ ᠠᠬᠢᠪᠠ᠃ ᠠ᠋ᠨᠡ ᠵᠢᠯ ᠪᠤᠯ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠰᠢᠨ᠎ᠠ ᠵᠢ ᠠ᠋ᠬᠦᠳᠬᠦ ᠵᠢᠯ ᠪᠤᠯᠤᠨ᠎ᠠ᠃ ᠪᠢᠳᠠ ᠠ᠋ᠨᠡ ᠳᠠᠯ᠎ᠠ᠎ᠪᠠᠷ ᠨᠠᠯᠢᠶᠠᠳ ᠰᠠᠢ᠌ᠨ ᠳᠤᠷᠰᠢᠯᠭ᠎ᠠ ᠬᠤᠷᠠᠮᠳᠤᠭᠤᠯᠵᠤ᠂ ᠤᠯᠠᠨ ᠳᠠᠯ᠎ᠠ᠎ᠪᠠᠷ ᠬᠠᠮᠳᠤᠷᠠᠨ ᠠᠵᠢᠯᠯᠠᠭᠰᠠᠨ ᠶᠤᠮ᠃ ᠬᠤᠶᠠᠷ ᠳᠠᠯ᠎ᠠ᠎ᠪᠠᠷ ᠵᠶ᠋ᠡᠨ ᠤᠶᠤᠨᠴᠢ ᠬᠤᠳᠠ᠂ ᠳᠤᠭ᠋ᠠᠴᠢᠯᠠᠭᠰᠠᠨ ᠠᠵᠤ ᠠᠬᠤᠢ᠂ ᠬᠢᠮᠠᠯ ᠤᠶᠤᠨ᠂ ᠢᠨᠲᠸᠷ ᠰᠦᠯᠵᠢᠶ᠎ᠠ + ᠵᠡᠷᠭᠡ ᠰᠢᠨ᠎ᠠ ᠭᠡᠯᠪᠡᠷᠢ ᠵᠢᠨ ᠰᠢᠨ᠎ᠠ ᠬᠦᠷᠢᠶ᠎ᠠ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠵᠤ᠂ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠰᠢᠨ᠎ᠠ ᠵᠢ ᠠ᠋ᠬᠦᠳᠦᠭᠰᠡᠨ ᠬᠠᠮᠳᠤᠷᠠᠯᠴᠠᠭ᠎ᠠ ᠵᠢᠨ ᠬᠦᠭᠵᠢᠯᠳᠡ ᠵᠢ ᠠᠬᠢᠭᠤᠯᠤᠨ᠎ᠠ᠃
ᠳᠦᠷᠪᠡ᠎ᠳᠤ ᠬᠦᠮᠦᠨ ᠨᠡᠢ᠌ᠭᠡᠮ᠎ᠤᠨ ᠶᠠᠪᠤᠯᠴᠠᠭ᠎ᠠ ᠰᠤᠯᠢᠯᠴᠠᠭ᠎ᠠ ᠰᠢᠨ᠎ᠠ ᠱᠠᠳᠤᠨ᠎ᠳᠤ ᠠᠬᠢᠪᠠ᠃ ᠬᠤᠶᠠᠷ ᠳᠠᠯ᠎ᠠ᠎ᠪᠠᠷ ᠵᠶ᠋ᠡᠨ ᠳᠠᠷᠠᠭ᠎ᠠ ᠵᠢᠯ᠎ᠢ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠵᠠᠭᠤᠴᠢᠯᠠᠭᠤᠷ᠎ᠤᠨ ᠰᠤᠯᠢᠯᠴᠠᠭ᠎ᠠ ᠶᠠᠪᠤᠯᠴᠠᠭ᠋ᠠᠨ᠎ᠤ ᠵᠢᠯ ᠵᠶ᠋ᠡᠷ ᠳᠤᠭᠳᠠᠭ᠋ᠠᠬᠤ ᠵᠢ ᠵᠦᠪᠰᠢᠶᠡᠷᠡᠵᠤ᠂ ᠰᠤᠷᠭ᠋ᠠᠨ ᠬᠦᠮᠦᠵᠢᠯ᠂ ᠵᠤᠭ᠋ᠠᠴᠠᠯ᠂ ᠵᠠᠯᠠᠭᠤᠴᠤᠳ ᠵᠡᠷᠭᠡ ᠬᠦᠷᠢᠶ᠎ᠠ ᠴᠠᠷᠠᠭ᠎ᠠ ᠵᠢᠨ ᠤᠯᠤᠯᠴᠠᠭ᠎ᠠ ᠪᠤᠯᠤᠨ ᠬᠠᠮᠳᠤᠷᠠᠯᠴᠠᠭ᠎ᠠ᠎ᠪᠠᠨ ᠦᠷᠭᠡᠳᠭᠡᠨ᠂ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠤᠯᠤᠰ᠎ᠤᠨ ᠠᠷᠠᠳ᠎ᠤᠨ ᠤᠢ᠌ᠯᠠᠭ᠋ᠠᠯᠴᠠᠭ᠎ᠠ ᠵᠢ ᠠᠬᠢᠭᠤᠯᠤᠨ᠎ᠠ᠃
ᠳᠠᠪᠤ᠎ᠳᠤ ᠪᠡᠯᠡ ᠮᠦᠩᠬᠦ ᠵᠢᠨ ᠪᠠᠳᠤᠯᠠᠪᠤᠷᠢ ᠰᠢᠨ᠎ᠠ ᠱᠠᠳᠤᠨ᠎ᠳᠤ ᠠᠬᠢᠪᠠ᠃ ᠳᠤᠮᠳᠠᠳᠤ ᠵᠢᠨ᠎ᠬᠢᠨ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠬᠠᠮᠳᠤᠷᠠᠯᠴᠠᠭ᠋ᠠᠨ᠎ᠤ ᠰᠠᠭᠤᠷᠢ ᠮᠦᠩᠬᠦ ᠵᠢ ᠨᠡᠮᠡᠭᠳᠡᠬᠦᠯᠬᠦ ᠵᠢᠨ ᠬᠠᠮᠳᠤ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠨᠠᠷᠢᠨ ᠪᠢᠴᠢᠭ᠎ᠤᠨ ᠭᠠᠵᠠᠷ᠎ᠲᠤ ᠰᠠᠭᠤᠷᠢ ᠮᠦᠩᠬᠦᠨ᠎ᠤ ᠬᠠᠮᠢᠶᠠᠷᠤᠯᠳᠠ ᠵᠢᠨ ᠪᠦᠯᠬᠦᠮ ᠪᠠᠢ᠌ᠭᠤᠯᠵᠤ᠂ ᠬᠤᠶᠠᠷ ᠳᠠᠯ᠎ᠠ ᠵᠢᠨ ᠪᠣᠳᠠᠲᠠᠢ᠌ᠴᠢᠯᠠᠭᠰᠠᠨ ᠬᠠᠮᠳᠤᠷᠠᠯᠴᠠᠭ᠋ᠠᠨᠳᠤ ᠳᠤᠯᠭ᠋ᠠᠭᠤᠷᠢᠯᠠᠯᠢ ᠬᠠᠩᠭ᠋ᠠᠨ᠎ᠠ ᠭᠡᠵᠤ ᠢᠯᠡᠷᠭᠡᠢ᠌ᠯᠡᠪᠡ᠃
ᠸᠠᠩ ᠢ ᠪᠠᠰᠠ ᠠ᠋ᠨᠡ ᠵᠢᠯ ᠪᠤᠯ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠪᠠᠢ᠌ᠭᠤᠯᠤᠭᠰᠠᠨ 15 ᠵᠢᠯ᠎ᠤᠨ ᠤᠢ ᠪᠤᠯᠤᠨ᠎ᠠ᠃ ᠰᠠᠶᠢᠬᠠᠨ ᠳᠡᠬᠦᠰᠦᠭᠰᠡᠨ ᠳᠤᠮᠳᠠᠳᠤ ᠤᠯᠤᠰ ᠪᠤᠯᠤᠨ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ᠎ᠤᠨ ᠬᠤᠷᠠᠯ᠎ᠨᠢ ᠬᠤᠶᠠᠷ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠮᠳᠤᠷᠠᠯᠴᠠᠭ᠋ᠠᠨ᠎ᠤ ᠳᠡᠭᠡᠳᠤ ᠳᠦᠪᠰᠢᠨ᠎ᠢ ᠬᠠᠷᠠᠭᠤᠯᠪᠠ᠃ ᠪᠢᠳᠠ ᠵᠡᠬᠦᠨ ᠠ᠋ᠮᠤᠨᠡᠳᠤ ᠠᠽᠢᠶ᠎ᠠ ᠵᠢᠨ ᠬᠤᠯᠪᠤᠭ᠎ᠠ ᠵᠢᠨ ᠡᠯ᠎ᠡ ᠤᠯᠤᠰ᠎ᠲᠠᠢ ᠬᠠᠮᠳᠤ᠎ᠪᠠᠷ ᠤᠳᠤ ᠵᠢᠨ ᠳᠤᠭᠳᠠᠴᠠ᠎ᠳᠠᠬᠢ ᠦᠢ᠍ᠯᠡᠳᠤᠯ ᠵᠶ᠋ᠡᠨ ᠰᠠᠢ᠌ᠳᠤᠷ ᠪᠠᠳᠠᠷᠠᠭᠤᠯᠤᠨ᠂ ᠬᠠᠷᠢᠯᠴᠠᠨ ᠬᠦᠨᠳᠦᠳᠭᠡᠬᠦ᠂ ᠠ᠋ᠷᠭᠡ ᠳᠡᠭᠰᠢ᠎ᠪᠠᠷ ᠵᠦᠪᠳᠡᠯᠴᠡᠬᠦ᠂ ᠴᠢᠯᠦᠭᠡᠳᠡᠢ᠂ ᠪᠠᠭᠳᠠᠭ᠋ᠠᠮᠵᠢᠳᠠᠢ᠂ ᠬᠠᠮᠳᠤ᠎ᠪᠠᠷ ᠠᠰᠢᠭ ᠬᠦᠷᠳᠡᠬᠦ ᠵᠡᠷᠭᠡ ᠭᠠᠵᠠᠷ ᠤᠷᠤᠨ᠎ᠤ ᠤᠷᠳᠤ ᠬᠤᠭᠤᠴᠠᠭ᠎ᠠ᠎ᠪᠠᠷ ᠪᠠᠷᠢᠮᠳᠠᠯᠠᠭᠰᠠᠨ ᠦᠨᠳᠦᠰᠤᠨ ᠵᠠᠷᠴᠢᠮ᠎ᠢ ᠵᠢᠷᠤᠮᠯᠠᠵᠤ᠂ ᠤᠯᠠᠨ ᠳᠠᠯᠠᠳᠤ ᠦᠵᠡᠯ᠎ᠢ ᠪᠠᠷᠢᠮᠳᠠᠯᠠᠨ᠂ ᠶᠠᠷᠢᠯᠴᠠᠵᠤ ᠵᠦᠪᠳᠡᠯᠴᠡᠬᠦ ᠵᠢ ᠪᠠᠷᠢᠮᠳᠠᠯᠠᠨ᠎ᠠ ᠭᠡᠵᠤ ᠢᠯᠡᠷᠭᠡᠢ᠌ᠯᠡᠪᠡ᠃