ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢ ᠲᠤᠰᠬᠠᠢ ᠮᠡᠷᠭᠡᠵᠢᠯᠲᠡᠨ ᠨᠤᠲᠠᠯᠠᠬᠤ ᠳᠦᠷᠢᠮ》
ᠨᠡᠶᠢᠲᠡᠯᠡᠭᠰᠡᠨ ᠴᠠᠭ᠄ 2023-09-01

                                    ᠬᠤᠤᠰᠪᠠᠶᠠᠷ ᠤᠷᠴᠢᠭᠤᠯᠪᠠ

     ᠨᠢᠭᠡᠳᠦᠭᠡᠷ ᠵᠦᠢ᠍ᠯ᠄ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢ ᠲᠤᠰᠬᠠᠢ ᠮᠡᠷᠭᠡᠵᠢᠯᠲᠡᠨ᠎ᠤ ᠨᠤᠲᠠᠯᠠᠬᠤ ᠠᠵᠢᠯ᠎ᠢ ᠤᠯᠠᠮ ᠵᠢᠷᠤᠮᠵᠢᠭᠤᠯᠬᠤ ᠵᠢᠨ ᠲᠦᠯᠤᠬᠡ 《ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠳᠦᠷᠢᠮ》 《ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》 ᠵᠢ ᠦᠨᠳᠦᠰᠦᠯᠡᠨ ᠲᠣᠰ ᠳᠦᠷᠢᠮ᠎ᠢ ᠲᠣᠭᠲᠠᠭ᠋ᠠᠪᠠ᠃
   ᠬᠣᠶᠠᠳᠤᠭ᠋ᠠᠷ ᠵᠦᠢ᠍ᠯ᠄ 《ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠳᠦᠷᠢᠮ》᠎ᠳᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠦᠢ᠍ᠯᠡᠰ᠎ᠢ ᠮᠡᠳᠡᠭᠦᠯᠬᠦ᠎ᠳᠤ ᠲᠤᠰᠬᠠᠢ ᠮᠡᠷᠭᠡᠵᠢᠯᠲᠡᠨ ᠵᠶ᠋ᠡᠷ ᠨᠤᠲᠠᠯᠠᠭᠤᠯᠬᠤ ᠬᠡᠷᠡᠭᠲᠡᠢ᠃
   ᠭᠤᠷᠪᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠎ᠨᠢ ᠵᠠᠰᠠᠭ ᠵᠠᠬᠢᠷᠭ᠋ᠠᠨ᠎ᠤ ᠣᠷᠣᠨ  ᠬᠤᠪᠢᠶᠠᠷᠢᠯᠠᠯ᠎ᠢ ᠬᠤᠪᠢᠷᠠᠭᠤᠯᠬᠤ ᠲᠤᠰᠬᠠᠢ ᠮᠡᠷᠭᠡᠵᠢᠯᠲᠡᠨ᠎ᠤ ᠨᠤᠲᠠᠯᠠᠬᠤ ᠳᠦᠷᠢᠮ᠎ᠢ ᠪᠠᠢ᠌ᠭᠤᠯᠵᠤ᠂ ᠵᠠᠰᠠᠭ ᠵᠠᠬᠢᠷᠭ᠋ᠠᠨ᠎ᠤ ᠬᠤᠪᠢᠶᠠᠷᠢᠯᠠᠯ᠎ᠢ ᠬᠤᠪᠢᠷᠠᠭᠤᠯᠬᠤ ᠲᠤᠰᠬᠠᠢ ᠮᠡᠷᠭᠡᠵᠢᠯᠲᠡᠨ᠎ᠤ ᠨᠤᠲᠠᠯᠠᠬᠤ ᠠᠵᠢᠯ᠎ᠢ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ᠃
   ᠳᠥᠷᠪᠡᠳᠦᠭᠡᠷ ᠵᠦᠢ᠍ᠯ᠄ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢ ᠨᠤᠲᠠᠯᠠᠯᠲᠠ ᠵᠢᠨ ᠬᠤᠷᠠᠯ ᠬᠢᠬᠦ᠂ ᠪᠢᠴᠢᠭ ᠵᠶ᠋ᠡᠷ ᠯᠠᠪᠯᠠᠬᠤ᠂ ᠨᠠᠶ᠋ᠢᠳᠠᠯᠭ᠎ᠠ᠎ᠪᠠᠷ ᠯᠠᠪᠯᠠᠬᠤ ᠵᠡᠷᠭᠡ ᠠᠷᠭ᠎ᠠ᠎ᠪᠠᠷ ᠶᠠᠪᠤᠭᠳᠠᠭᠤᠯᠵᠤ ᠪᠣᠯᠣᠨ᠎ᠠ᠃

   ᠲᠠᠪᠤᠳᠤᠭ᠋ᠠᠷ ᠵᠦᠢ᠍ᠯ᠄ ᠲᠤᠰᠬᠠᠢ ᠮᠡᠷᠭᠡᠵᠢᠯᠲᠡᠨ᠎ᠤ ᠨᠤᠳᠠᠯᠠᠬᠤ ᠠᠭᠤᠯᠭ᠎ᠠ
   (ᠨᠢᠭᠡ) ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢᠨ ᠴᠢᠬᠤᠯᠠ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠵᠦᠢ ᠶᠣᠰᠣᠴᠢ ᠴᠢᠨᠠᠷ᠃
  (ᠬᠣᠶᠠᠷ) ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠤᠭᠰᠠᠨ᠎ᠤ ᠠᠵᠤ ᠠᠬᠤᠢ ᠨᠡᠢ᠌ᠭᠡᠮ᠎ᠤᠨ ᠦᠷ᠎ᠡ ᠠᠰᠢᠭ᠃
  (ᠭᠤᠷᠪᠠ) ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠬᠤᠪᠢᠷᠠᠯᠲᠠ ᠵᠢᠨ ᠪᠣᠯᠣᠮᠵᠢᠲᠤ ᠴᠢᠨᠠᠷ ᠪᠠ ᠣᠷᠣᠰᠢᠵᠤ ᠮᠡᠳᠡᠬᠦ ᠲᠦᠭᠰᠢᠭᠦᠷᠢ᠃
   (ᠳᠥᠷᠪᠡ) ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠤᠪᠢᠷᠠᠭᠤᠯᠤᠯᠳᠠ ᠵᠢᠨ ᠲᠡᠦᠬᠡ ᠰᠣᠶᠣᠯ᠎ᠤᠨ ᠤᠯᠠᠮᠵᠢᠯᠠᠯ᠎ᠤᠨ ᠨᠥᠯᠥᠭᠡ᠃
   (ᠲᠠᠪᠤ) ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠢ ᠬᠤᠪᠢᠷᠠᠭᠤᠯᠬᠤ ᠲᠥᠰᠥᠯ ᠪᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠲᠤᠬᠠᠢ ᠰᠠᠨᠠᠯ ᠰᠠᠨᠠᠭᠤᠯᠭ᠎ᠠ᠃
   (ᠵᠢᠷᠭᠤᠭ᠎ᠠ) ᠪᠤᠰᠤᠳ ᠬᠠᠮᠢᠶ᠎ᠠ ᠪᠦᠬᠦᠢ ᠠᠭᠤᠯᠭ᠎ᠠ᠃

   ᠵᠢᠷᠭᠤᠳᠤᠭ᠋ᠠᠷ ᠵᠦᠢ᠍ᠯ᠄ ᠨᠤᠳᠠᠯᠠᠬᠤ ᠠᠵᠢᠯ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ
   (ᠨᠢᠭᠡ) ᠮᠡᠳᠡᠭᠦᠯᠬᠦ ᠵᠦᠢ᠍ᠯᠡᠰ᠎ᠲᠤ ᠬᠡᠷᠡᠭᠰᠡᠬᠦ ᠲᠤᠰᠬᠠᠢ ᠮᠡᠷᠭᠡᠵᠢᠯᠲᠡᠨ᠎ᠤ ᠲᠥᠷᠥᠯ ᠢᠯᠭ᠋ᠠᠯ᠎ᠢ ᠦᠨᠳᠦᠰᠦᠯᠡᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ 5᠎ᠠᠴᠠ 7 ᠲᠤᠰᠬᠠᠢ ᠮᠡᠷᠭᠡᠵᠢᠯᠲᠡᠨ᠎ᠢ ᠲᠣᠭᠲᠠᠭ᠋ᠠᠨ᠎ᠠ;
   (ᠬᠣᠶᠠᠷ) ᠲᠤᠰᠬᠠᠢ ᠮᠡᠷᠭᠡᠵᠢᠯᠲᠡᠨ᠎ᠳᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠤᠪᠢᠷᠠᠯᠲᠠ ᠵᠢᠨ ᠵᠦᠢ᠍ᠯᠡᠰ᠎ᠢ ᠮᠡᠳᠡᠭᠦᠯᠬᠦ ᠬᠣᠯᠪᠣᠭᠳᠠᠯ ᠪᠦᠬᠦᠢ ᠮᠡᠳᠡᠭᠦᠯᠦᠯᠲᠡ ᠵᠢᠨ ᠮᠠᠲ᠋ᠧᠷᠢᠶᠠᠯ᠎ᠢ ᠬᠠᠩᠭ᠋ᠠᠨ᠎ᠠ᠃
   (ᠭᠤᠷᠪᠠ) ᠲᠤᠰᠬᠠᠢ ᠮᠡᠷᠭᠡᠵᠢᠯᠲᠡᠨ ᠪᠡᠶ᠎ᠡ᠎ᠪᠠᠨ ᠳᠠᠭ᠋ᠠᠭ᠋ᠠᠵᠤ ᠬᠢᠨᠠᠨ ᠪᠠᠢ᠌ᠴᠠᠭ᠋ᠠᠵᠤ ᠰᠤᠳᠤᠯᠤᠨ᠎ᠠ᠃
   (ᠳᠥᠷᠪᠡ) ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ ᠬᠤᠷᠠᠯᠳᠤᠭᠤᠯᠵᠤ ᠲᠤᠰᠬᠠᠢ ᠮᠡᠷᠭᠡᠵᠢᠯᠲᠡᠨ᠎ᠤ ᠰᠠᠨᠠᠯ᠎ᠢ ᠰᠣᠨᠣᠰᠬᠤ ᠪᠤᠶᠤ ᠲᠤᠰᠬᠠᠢ ᠮᠡᠷᠭᠡᠵᠢᠯᠲᠡᠨ ᠵᠶ᠋ᠡᠷ ᠨᠤᠲᠠᠯᠠᠯᠲᠠ ᠵᠢᠨ ᠰᠠᠨᠠᠯ᠎ᠢ ᠪᠢᠴᠢᠭ ᠵᠶ᠋ᠡᠷ ᠬᠠᠩᠭ᠋ᠠᠯᠭ᠋ᠠᠨ᠎ᠠ᠃
   (ᠲᠠᠪᠤ) ᠲᠤᠰᠬᠠᠢ ᠮᠡᠷᠭᠡᠵᠢᠯᠲᠡᠨ᠎ᠤ ᠰᠠᠨᠠᠯ᠎ᠢ ᠦᠨᠳᠦᠰᠦᠯᠡᠨ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠨ ᠮᠡᠳᠡᠭᠦᠯᠦᠯᠲᠡ ᠵᠢ ᠪᠦᠷᠢᠯᠳᠦᠭᠦᠯᠦᠨ᠎ᠡ᠃

  ᠳᠣᠯᠣᠳᠤᠭ᠋ᠠᠷ ᠵᠦᠢ᠍ᠯ᠄ ᠨᠤᠳᠠᠯᠠᠬᠤ ᠬᠤᠷᠠᠯ᠎ᠤᠨ ᠵᠢᠷᠤᠮ
   (ᠨᠢᠭᠡ) ᠵᠠᠰᠠᠭ ᠵᠠᠬᠢᠷᠭ᠋ᠠᠨ᠎ᠤ ᠬᠤᠪᠢᠶᠠᠷᠢᠯᠠᠯ᠎ᠢ ᠬᠤᠪᠢᠷᠠᠭᠤᠯᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠋ᠠᠲᠠᠨ᠎ᠨᠢ ᠵᠠᠰᠠᠭ ᠵᠠᠬᠢᠷᠭ᠋ᠠᠨ᠎ᠤ ᠬᠤᠪᠢᠶᠠᠷᠢᠯᠠᠯ᠎ᠢ ᠬᠤᠪᠢᠷᠠᠭᠤᠯᠤᠭᠰᠠᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠬᠤ᠃
   (ᠬᠣᠶᠠᠷ) ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠪᠦᠷᠢᠯᠳᠦᠭᠦᠨ ᠨᠠᠷ ᠵᠠᠰᠠᠭ ᠵᠠᠬᠢᠷᠭ᠋ᠠᠨ᠎ᠤ ᠣᠷᠣᠨ  ᠬᠤᠪᠢᠶᠠᠷᠢᠯᠠᠯ᠎ᠢ ᠬᠤᠪᠢᠷᠠᠭᠤᠯᠬᠤ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠲᠤᠯᠭ᠋ᠠᠨ ᠠᠰᠠᠭᠤᠵᠤ᠂ ᠨᠤᠲᠠᠯᠠᠯᠲᠠ ᠵᠢᠨ ᠰᠠᠨᠠᠯ ᠵᠶ᠋ᠠᠨ ᠨᠡᠢ᠌ᠲᠡᠯᠡᠨ᠎ᠡ᠃
   (ᠭᠤᠷᠪᠠ) ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠪᠦᠷᠢᠯᠳᠦᠭᠦᠨ ᠨᠠᠷ ᠵᠠᠰᠠᠭ ᠵᠠᠬᠢᠷᠭ᠋ᠠᠨ᠎ᠤ ᠣᠷᠣᠨ  ᠬᠤᠪᠢᠶᠠᠷᠢᠯᠠᠯ᠎ᠢ ᠬᠤᠪᠢᠷᠠᠭᠤᠯᠬᠤ ᠤᠴᠢᠷ ᠶᠠᠪᠤᠳᠠᠯ᠎ᠢ ᠬᠠᠮᠲᠤᠷᠠᠨ ᠵᠥᠪᠯᠡᠨ᠎ᠡ᠃
   (ᠳᠥᠷᠪᠡ) ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠪᠢᠴᠢᠭ᠎ᠤᠨ ᠰᠠᠨᠠᠯ᠎ᠢ ᠪᠦᠷᠢᠯᠳᠦᠭᠦᠯᠵᠦ᠂ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠪᠦᠷᠢᠯᠳᠦᠭᠦᠨ ᠨᠠᠷ ᠨᠤᠲᠠᠯᠠᠯᠲᠠ ᠵᠢᠨ ᠰᠠᠨᠠᠯ ᠳᠡᠭᠡᠷ᠎ᠡ ᠭᠠᠷ᠎ᠤᠨ ᠦᠰᠦᠭ ᠵᠢᠷᠤᠭᠰᠠᠨ᠎ᠤ ᠲᠠᠷᠠᠭ᠎ᠠ ᠨᠤᠲᠠᠯᠠᠯᠲᠠ ᠵᠢ ᠵᠣᠬᠢᠶᠠᠨ ᠪᠠᠢ᠌ᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠳᠡᠪᠰᠢᠭᠦᠯᠦᠨ ᠲᠤᠰᠢᠶᠠᠨ᠎ᠠ᠃

   ᠨᠠᠢ᠍ᠮᠠᠳᠤᠭ᠋ᠠᠷ ᠵᠦᠢ᠍ᠯ᠄ ᠲᠤᠰᠬᠠᠢ ᠮᠡᠷᠬᠡᠵᠢᠯᠳᠡᠨ ᠪᠢᠴᠢᠭ ᠵᠶ᠋ᠡᠷ ᠯᠠᠪᠯᠠᠬᠤ ᠠᠷᠭ᠎ᠠ᠎ᠪᠠᠷ ᠨᠤᠳᠠᠯᠠᠪᠠᠯ ᠲᠤᠰᠬᠠᠢ ᠮᠡᠷᠭᠡᠵᠢᠯᠲᠡᠨ ᠪᠡᠶ᠎ᠡ᠎ᠪᠠᠨ ᠳᠠᠭ᠋ᠠᠭ᠋ᠠᠵᠤ ᠬᠢᠨᠠᠨ ᠪᠠᠢ᠌ᠴᠠᠭ᠋ᠠᠵᠤ ᠰᠤᠳᠤᠯᠤᠭᠰᠠᠨ᠎ᠤ ᠲᠠᠷᠠᠭ᠎ᠠ ᠪᠢᠴᠢᠭᠯᠡᠭᠰᠡᠨ ᠰᠠᠨᠠᠯ ᠵᠶ᠋ᠠᠨ ᠲᠤᠰᠢᠶᠠᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠨ ᠮᠡᠳᠡᠭᠦᠯᠦᠯᠲᠡ ᠵᠢ ᠬᠤᠷᠢᠶᠠᠩᠭᠤᠢ᠌ᠯᠠᠨ ᠪᠦᠷᠢᠯᠳᠦᠭᠦᠯᠦᠨ᠎ᠡ᠃
   ᠶᠢᠰᠦᠳᠦᠭᠡᠷ ᠵᠦᠢ᠍ᠯ᠄ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ᠎ᠪᠠᠷ ᠮᠡᠳᠡᠭᠦᠯᠬᠦ ᠵᠦᠢ᠍ᠯᠡᠰ᠎ᠢ  ᠬᠦᠨᠳᠡᠯᠡᠨ᠎ᠤ ᠪᠠᠢ᠌ᠭᠤᠯᠤᠮᠵᠢ᠎ᠳᠤ ᠨᠠᠢ᠌ᠳᠠᠵᠤ ᠯᠠᠪᠯᠠᠭᠤᠯᠤᠨ ᠨᠤᠲᠠᠯᠠᠭᠤᠯᠤᠭᠰᠠᠨ ᠪᠤᠯ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ᠎ᠪᠠᠷ ᠯᠠᠪᠯᠠᠭ᠎ᠠ ᠦᠢ᠍ᠯᠡᠴᠢᠯᠡᠭᠡᠨ᠎ᠤ ᠠᠵᠢᠯ ᠲᠥᠷᠥᠯ᠎ᠤᠨ ᠬᠢᠷᠢ ᠬᠡᠮ᠎ᠲᠠᠢ ᠪᠠ ᠨᠥᠬᠥᠴᠡᠯ᠎ᠳᠤ ᠨᠡᠢ᠌ᠴᠡᠬᠦ ᠲᠤᠰᠬᠠᠢ ᠮᠡᠷᠭᠡᠵᠢᠯᠲᠡᠨ᠎ᠤ ᠬᠦᠨᠳᠡᠯᠡᠨ᠎ᠤ ᠪᠠᠢ᠌ᠭᠤᠯᠤᠮᠵᠢ᠎ᠳᠤ ᠨᠠᠢ᠌ᠳᠠᠵᠤ ᠨᠤᠲᠠᠯᠠᠭᠤᠯᠵᠤ ᠪᠣᠯᠣᠨ᠎ᠠ᠃ ᠨᠤᠲᠠᠯᠠᠬᠤ ᠵᠢᠷᠤᠮ᠎ᠢ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠶᠠᠪᠤᠭᠤᠯᠤᠨ᠎ᠠ᠃
   ᠠᠷᠪᠠᠳᠤᠭ᠋ᠠᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢ ᠨᠤᠲᠠᠯᠠᠬᠤ ᠲᠤᠰᠬᠠᠢ ᠮᠡᠷᠬᠡᠵᠢᠯᠳᠡᠨ᠎ᠤ ᠬᠦᠮᠦᠷᠬᠡ ᠪᠠᠢ᠌ᠭᠤᠯᠬᠤ ᠶᠤᠰᠤᠳᠠᠢ᠃ ᠨᠥᠬᠥᠴᠡᠯ᠎ᠲᠠᠢ ᠠᠢ᠌ᠮᠠᠭ ᠬᠣᠲᠠ᠎ᠨᠢ ᠠᠢ᠌ᠮᠠᠭ ᠬᠣᠲᠠ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢ ᠨᠤᠲᠠᠯᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠢ᠌ᠭᠤᠯᠵᠤ ᠪᠣᠯᠣᠨ᠎ᠠ᠃ ᠠᠢ᠌ᠮᠠᠭ ᠬᠣᠲᠠ ᠪᠤᠯᠤᠨ ᠬᠣᠰᠢᠭᠤ ᠰᠢᠶᠠᠨ (ᠬᠣᠲᠠ᠂ ᠲᠣᠭᠣᠷᠢᠭ)᠎ᠨᠢ ᠵᠠᠰᠠᠭ ᠵᠠᠬᠢᠷᠭ᠋ᠠᠨ᠎ᠤ ᠣᠷᠣᠨ  ᠬᠤᠪᠢᠶᠠᠷᠢᠯᠠᠯ᠎ᠢ ᠬᠤᠪᠢᠷᠠᠭᠤᠯᠬᠤ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢ ᠵᠣᠬᠢᠶᠠᠨ ᠪᠠᠶ᠋ᠢᠭᠤᠯᠬᠤ᠎ᠳᠤ᠎ᠪᠠᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠨᠤᠲᠠᠯᠠᠯᠲᠠ ᠵᠢᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠤᠰᠬᠠᠢ ᠮᠡᠷᠭᠡᠵᠢᠯᠲᠡᠨ᠎ᠢ ᠰᠣᠩᠭᠣᠨ ᠠᠪᠴᠤ ᠪᠣᠯᠣᠨ᠎ᠠ᠃
   ᠠᠷᠪᠠᠨ ᠨᠢᠭᠡᠳᠦᠭᠡᠷ ᠵᠦᠢ᠍ᠯ᠄ ᠲᠤᠰᠬᠠᠢ ᠮᠡᠷᠭᠡᠵᠢᠯᠲᠡᠨ᠎ᠤ ᠬᠥᠮᠥᠷᠭᠡ᠎ᠨᠢ ᠤᠯᠤᠰ ᠲᠦᠷᠦ᠂ ᠠᠵᠤ ᠠᠬᠤᠢ᠂ ᠲᠡᠦᠬᠡ᠂ ᠰᠣᠶᠣᠯ᠂ ᠭᠠᠵᠠᠷ ᠵᠦᠢ᠂ ᠦᠨᠳᠦᠰᠦᠲᠡᠨ᠂ ᠬᠠᠤᠯᠢ ᠴᠠᠭ᠋ᠠᠵᠠ᠂ ᠤᠯᠠᠨ ᠨᠡᠶ᠋ᠢᠲᠡ ᠵᠢᠨ ᠬᠠᠮᠢᠶᠠᠷᠤᠯᠲᠠ᠂ ᠬᠤᠳᠠ ᠵᠢᠨ ᠲᠥᠯᠦᠪᠵᠢᠭᠦᠯᠭᠡ᠂ ᠨᠡᠢ᠌ᠭᠡᠮ᠎ᠤᠨ ᠵᠠᠰᠠᠯᠲᠠ ᠵᠡᠷᠭᠡ ᠤᠨᠤᠯ᠎ᠤᠨ ᠰᠤᠳᠤᠯᠭ᠋ᠠᠨ ᠪᠤᠶᠤ ᠦᠢ᠍ᠯᠡᠳᠦᠯᠭᠡ ᠵᠢᠨ ᠠᠵᠢᠯ ᠬᠢᠵᠦ ᠪᠠᠢ᠌ᠭ᠎ᠠ ᠲᠤᠰᠬᠠᠢ ᠮᠡᠷᠭᠡᠵᠢᠯ᠎ᠤᠨ ᠠᠵᠢᠯᠲᠠᠨ ᠵᠶ᠋ᠠᠷ ᠪᠦᠷᠢᠯᠳᠦᠨ᠎ᠡ᠃

   ᠠᠷᠪᠠᠨ ᠬᠣᠶᠠᠳᠤᠭ᠋ᠠᠷ ᠵᠦᠢ᠍ᠯ᠄ ᠲᠤᠰᠬᠠᠢ ᠮᠡᠷᠭᠡᠵᠢᠯᠲᠡᠨ ᠲᠠᠷᠠᠭ᠋ᠠᠬᠢ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
   (ᠨᠢᠭᠡ) ᠨᠡᠯᠢᠶᠡᠳ ᠥᠨᠳᠥᠷ ᠤᠯᠤᠰ ᠲᠤᠢ᠌ᠷᠦ ᠵᠢᠨ ᠬᠡᠪ ᠴᠢᠨᠠᠷ᠎ᠲᠠᠢ᠂ ᠴᠢᠩᠭ᠎ᠠ ᠬᠠᠷᠢᠭᠤᠴᠠᠯᠭ᠋ᠠᠲᠤ ᠰᠡᠳᠬᠢᠯᠭᠡ ᠪᠠ ᠠᠵᠢᠯ ᠦᠢ᠍ᠯᠡᠰ᠎ᠲᠤ᠎ᠪᠠᠨ ᠵᠢᠳᠬᠦᠳᠡᠭ᠂ ᠴᠢᠩᠭ᠎ᠠ ᠨᠢᠮᠪᠠᠢ ᠰᠢᠨᠵᠢᠯᠡᠬᠦ ᠤᠬᠠᠭ᠋ᠠᠨᠴᠢ ᠵᠣᠷᠢᠭ ᠰᠠᠨᠠᠭ᠎ᠠ᠎ᠲᠠᠢ᠂ ᠲᠤᠬᠠᠢ᠌ᠯᠠᠭᠰᠠᠨ ᠠᠵᠢᠯ᠎ᠤᠨ ᠰᠠᠢ᠌ᠨ ᠰᠠᠢ᠌ᠬᠠᠨ ᠶᠣᠰᠣ ᠮᠣᠷᠠᠯ᠎ᠲᠠᠢ ᠪᠠᠢ᠌ᠬᠤ᠃
   (ᠬᠣᠶᠠᠷ) ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠠᠵᠢᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠰᠠᠢ᠌ᠨ ᠮᠡᠳᠡᠬᠦ᠃
   (ᠭᠤᠷᠪᠠ) ᠡᠯᠪᠡᠭ ᠪᠠᠶᠠᠯᠢᠭ ᠤᠨᠦᠯ᠎ᠤᠨ ᠮᠡᠳᠡᠯᠭᠡ ᠪᠠ ᠪᠣᠳᠠᠲᠤ ᠪᠣᠯᠪᠠᠰᠤᠷᠠᠯ᠎ᠤᠨ ᠲᠤᠷᠰᠢᠯᠭ᠎ᠠ᠎ᠲᠠᠢ᠂ ᠬᠢᠵᠦ ᠪᠠᠢ᠌ᠭ᠎ᠠ ᠠᠵᠢᠯ᠎ᠤᠨ ᠬᠦᠷᠢᠶ᠎ᠡ ᠴᠠᠷᠠᠭ᠋ᠠᠨ᠎ᠳᠤ᠎ᠪᠠᠨ ᠲᠣᠪᠣᠢ᠌ᠮ᠎ᠠ ᠠᠮᠵᠢᠯᠲᠠ ᠣᠯᠵᠤ᠂ ᠨᠡᠯᠢᠶᠡᠳ ᠨᠡᠷ᠎ᠡ ᠬᠦᠨᠳᠦ᠎ᠲᠠᠢ᠂ ᠨᠡᠯᠢᠶᠡᠳ ᠶᠡᠷᠦᠩᠬᠡᠢ᠌ᠯᠡᠨ ᠰᠤᠳᠤᠯᠬᠤ᠂ ᠵᠠᠳᠠᠯᠤᠨ ᠮᠠᠭ᠋ᠠᠳᠯᠠᠬᠤ ᠴᠢᠳᠠᠪᠤᠷᠢ᠎ᠲᠠᠢ ᠪᠠᠢ᠌ᠬᠤ᠃
  (ᠳᠥᠷᠪᠡ) ᠲᠤᠬᠠᠢ᠌ᠯᠠᠭᠰᠠᠨ ᠠᠵᠢᠯ᠎ᠤᠨ ᠰᠠᠢ᠌ᠨ ᠰᠠᠢ᠌ᠬᠠᠨ ᠬᠡᠪ ᠪᠣᠯᠪᠠᠰᠤᠷᠠᠯ᠎ᠲᠠᠢ᠂ ᠵᠠᠷᠴᠢᠮ᠎ᠢ ᠪᠠᠷᠢᠮᠲᠠᠯᠠᠨ᠂ ᠲᠥᠪ ᠭᠣᠣᠯᠴᠢ ᠠᠷᠢᠭᠤᠨ ᠴᠢᠭᠴᠢ᠂ ᠤᠯᠤᠰ᠎ᠤᠨ ᠨᠢᠭᠤᠴᠠ ᠵᠢ ᠬᠠᠮᠠᠭ᠋ᠠᠯᠠᠬᠤ᠃

   ᠠᠷᠪᠠᠨ ᠭᠤᠷᠪᠠᠳᠤᠭ᠋ᠠᠷ ᠵᠦᠢ᠍ᠯ᠄ ᠲᠤᠰᠬᠠᠢ ᠮᠡᠷᠭᠡᠵᠢᠯᠲᠡᠨ ᠪᠣᠯᠣᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠤᠪᠢᠷᠠᠭᠰᠠᠨ ᠭᠠᠵᠠᠷ᠎ᠨᠢ ᠠᠰᠢᠭ ᠬᠣᠣᠷ᠎ᠤᠨ ᠬᠠᠷᠢᠴᠠᠭ᠎ᠠ᠎ᠲᠠᠢ ᠪᠤᠶᠤ ᠨᠤᠲᠠᠯᠠᠯᠲᠠ ᠵᠢᠨ ᠦᠷ᠎ᠡ ᠳ᠋ᠦᠩ᠎ᠤᠨ ᠲᠥᠪ ᠭᠣᠣᠯᠴᠢ ᠪᠠᠢ᠌ᠬᠤ ᠵᠢ ᠨᠥᠯᠥᠭᠡᠯᠡᠵᠦ ᠮᠡᠳᠡᠬᠦ ᠪᠤᠰᠤᠳ ᠬᠠᠷᠢᠴᠠᠭ᠎ᠠ᠎ᠲᠠᠢ ᠪᠤᠯ ᠰᠠᠨᠠᠭ᠋ᠠᠴᠢᠯᠠᠭ᠎ᠠ᠎ᠠᠴᠠ᠎ᠪᠠᠨ ᠵᠠᠢ᠌ᠯᠠᠬᠤ ᠬᠡᠷᠡᠭᠲᠡᠢ᠃ ᠲᠤᠰᠬᠠᠢ ᠮᠡᠷᠭᠡᠵᠢᠯᠲᠡᠨ ᠠᠳᠠᠯᠢ ᠨᠢᠭᠡᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠤᠴᠢᠷ ᠶᠠᠪᠤᠳᠠᠯ᠎ᠳᠤ ᠵᠥᠪᠬᠡᠨ ᠨᠢᠭᠡ ᠯᠡ ᠤᠳᠠᠭ᠎ᠠ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠬᠢᠬᠦ᠎ᠳᠤ ᠣᠷᠣᠯᠴᠠᠵᠤ ᠪᠣᠯᠣᠨ᠎ᠠ᠃
   ᠠᠷᠪᠠᠨ ᠳᠥᠷᠪᠡᠳᠦᠭᠡᠷ ᠵᠦᠢ᠍ᠯ ᠄ ᠨᠤᠲᠠᠯᠠᠯᠲᠠ ᠵᠢ ᠵᠣᠬᠢᠶᠠᠨ ᠪᠠᠢ᠌ᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠎ᠤᠨ᠎ᠬᠢᠨ ᠨᠤᠲᠠᠯᠠᠯᠲᠠ ᠵᠢᠨ ᠢᠯᠡ ᠴᠢᠨᠠᠷ᠂ ᠲᠥᠪ ᠭᠣᠣᠯᠴᠢ ᠴᠢᠨᠠᠷ᠂ ᠬᠦᠴᠦᠨ ᠪᠦᠬᠦᠢ ᠴᠢᠨᠠᠷ᠎ᠲᠤ ᠬᠠᠷᠢᠭᠤᠴᠠᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠤᠲᠠᠯᠠᠯᠲᠠ ᠵᠢᠨ ᠬᠤᠷᠠᠯ᠎ᠤᠨ ᠵᠢᠷᠤᠮ᠎ᠤᠨ ᠲᠣᠭᠲᠠᠭ᠋ᠠᠯ᠎ᠢ ᠵᠥᠷᠢᠴᠡᠭᠰᠡᠨ ᠪᠣᠯ ᠨᠤᠲᠠᠯᠠᠯᠲᠠ ᠵᠢ ᠲᠡᠬᠢᠵᠦ ᠵᠣᠬᠢᠶᠠᠨ ᠪᠠᠶ᠋ᠢᠭᠤᠯᠬᠤ ᠬᠡᠷᠡᠭᠲᠡᠢ᠃ ᠲᠤᠰᠬᠠᠢ ᠮᠡᠷᠭᠡᠵᠢᠯᠲᠡᠨ ᠪᠤᠶᠤ ᠨᠤᠲᠠᠯᠠᠯᠲᠠ ᠵᠢᠨ ᠠᠵᠢᠯ᠎ᠢ ᠡᠭᠦᠷᠭᠡᠯᠡᠵᠦ ᠪᠠᠢ᠌ᠭ᠎ᠠ ᠬᠦᠨᠳᠡᠯᠡᠨ᠎ᠤ ᠪᠠᠢ᠌ᠭᠤᠯᠤᠮᠵᠢ᠎ᠨᠢ ᠨᠤᠲᠠᠯᠠᠯᠲᠠ ᠵᠢᠨ ᠠᠵᠢᠯᠯᠠᠭ᠎ᠠ ᠵᠢᠨ ᠪᠡᠶ᠎ᠡ᠎ᠪᠠᠨ ᠳᠠᠭ᠋ᠠᠭ᠋ᠠᠬᠤ ᠴᠢᠨᠠᠷ᠂ ᠲᠥᠪ ᠭᠣᠣᠯᠴᠢ ᠴᠢᠨᠠᠷ᠂ ᠪᠤᠰᠤᠳᠴᠢ ᠴᠢᠨᠠᠷ᠎ᠲᠤ ᠬᠠᠷᠢᠭᠤᠴᠠᠨ᠎ᠠ᠃ ᠠᠵᠢᠯ ᠮᠡᠷᠭᠡᠵᠢᠯ᠎ᠤᠨ ᠶᠣᠰᠣ ᠮᠣᠷᠠᠯ ᠪᠠ ᠲᠣᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠪᠤᠯ ᠬᠠᠮᠢᠶ᠎ᠠ ᠪᠦᠬᠦᠢ ᠵᠦᠢ᠍ᠯᠡᠰ᠎ᠤᠨ ᠨᠤᠲᠠᠯᠠᠯᠲᠠ ᠵᠢ ᠬᠦᠴᠦᠨ ᠦᠭᠡᠢ ᠪᠣᠯᠭ᠋ᠠᠬᠤ ᠵᠢᠨ ᠬᠠᠮᠲᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠪᠤᠶᠤ ᠪᠠᠢ᠌ᠭᠤᠯᠤᠮᠵᠢ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠠᠵᠢᠯ᠎ᠳᠤ ᠣᠷᠣᠯᠴᠠᠬᠤ ᠬᠢᠷᠢ ᠬᠡᠮ᠎ᠢ ᠬᠦᠴᠦᠨ ᠦᠭᠡᠢ ᠪᠣᠯᠭ᠋ᠠᠨ᠎ᠠ᠃ ᠨᠤᠴᠢᠳᠠᠢ ᠮᠠᠭᠤ ᠨᠥᠯᠥᠭᠡ ᠭᠠᠷᠭ᠋ᠠᠭᠰᠠᠨ ᠪᠤᠯ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃ ᠮᠡᠳᠡᠭᠦᠯᠦᠭᠰᠡᠨ ᠲᠠᠯ᠎ᠠ᠎ᠨᠢ ᠲᠤᠰᠢᠶᠠᠭᠰᠠᠨ ᠮᠠᠲ᠋ᠧᠷᠢᠶᠠᠯ᠎ᠤᠨ ᠪᠥᠬᠥ ᠲᠠᠯ᠎ᠠ ᠵᠢᠨ ᠴᠢᠨᠠᠷ᠂ ᠦᠨᠡᠨ ᠪᠣᠳᠠᠲᠤ ᠴᠢᠨᠠᠷ᠂ ᠬᠦᠴᠦᠨ ᠪᠦᠬᠦᠢ ᠴᠢᠨᠠᠷ᠎ᠲᠤ ᠬᠠᠷᠢᠭᠤᠴᠠᠨ᠎ᠠ᠃ ᠬᠠᠩᠭ᠋ᠠᠭᠰᠠᠨ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ  ᠪᠤᠯ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠠᠷᠯᠢᠭᠳᠠᠨ ᠪᠤᠴᠠᠭ᠋ᠠᠯᠭ᠋ᠠᠵᠤ ᠨᠥᠬᠥᠪᠦᠷᠢᠯᠡᠨ ᠵᠠᠯᠠᠷᠠᠭᠤᠯᠤᠭᠤᠯᠵᠤ᠂ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ ᠦᠢ᠍ᠯᠡ ᠠᠵᠢᠯᠯᠠᠭ᠎ᠠ ᠵᠢ ᠵᠠᠷᠯᠠᠨ ᠰᠢᠭᠦᠮᠵᠢᠯᠡᠵᠦ ᠪᠣᠯᠣᠨ᠎ᠠ᠃
   ᠠᠷᠪᠠᠨ ᠲᠠᠪᠤᠳᠤᠭ᠋ᠠᠷ ᠵᠦᠢ᠍ᠯ᠄ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠣᠷᠣᠨ  ᠬᠤᠪᠢᠶᠠᠷᠢᠯᠠᠯ᠎ᠢ ᠬᠤᠪᠢᠷᠠᠭᠤᠯᠬᠤ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠵᠦ᠂  ᠵᠢᠷᠤᠮ ᠶᠣᠰᠣᠭ᠋ᠠᠷ ᠡᠪᠬᠡᠮᠡᠯᠯᠡᠨ ᠲᠠᠩᠰᠠ ᠡᠪᠬᠡᠮᠡᠯ᠎ᠳᠤ ᠣᠷᠣᠭᠤᠯᠵᠤ᠂ ᠲᠣᠬᠢᠲᠠᠢ ᠬᠠᠳᠠᠭ᠋ᠠᠯᠠᠬᠤ ᠬᠡᠷᠡᠭᠲᠡᠢ᠃
   ᠠᠷᠪᠠᠨ ᠵᠢᠷᠭᠤᠳᠤᠭ᠋ᠠᠷ ᠵᠦᠢ᠍ᠯ᠄ ᠲᠤᠰ ᠳᠦᠷᠢᠮ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃



 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡ᠊ᠨᠳᠡᠯ᠎ᠤᠨ ᠲᠠᠯᠳᠠ ᠭᠡᠮ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》
ᠨᠢᠬᠡ᠄ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠰᠢᠢ᠍ᠳᠪᠤᠷᠢ
ᠬᠤᠶᠠᠷ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠰᠢᠢ᠍ᠳᠪᠤᠷᠢ
ᠭᠤᠷᠪᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠰᠢᠢ᠍ᠳᠪᠤᠷᠢ
ᠲᠤᠮᠳᠠᠳᠤ ᠤᠯᠤᠰ᠎ᠤᠨ ᠢᠷᠬᠡᠳ᠎ᠤᠨ ᠬᠡᠤᠬᠡᠳ ᠦᠷᠡᠴᠢᠯᠡᠬᠦ ᠵᠢ ᠲᠠᠡᠭᠰᠠᠯᠠᠬᠤ ᠠᠷᠭ᠎ᠠ
 
            