ᠨᠤᠮᠢᠨ ᠤᠷᠴᠢᠭᠤᠯᠪᠠ
ᠨᠢᠭᠡᠳᠦᠭᠡᠷ ᠵᠦᠢ᠍ᠯ᠄ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡ᠊ᠨᠳᠡᠯ᠎ᠤᠨ ᠭᠡᠮ ᠰᠤᠭᠤᠭ᠎ᠢ ᠵᠦᠢ ᠵᠣᠬᠢᠰᠲᠠᠢ ᠮᠠᠭ᠋ᠠᠳᠯᠠᠨ ᠲᠣᠭᠲᠠᠭ᠋ᠠᠵᠤ᠂ ᠴᠠᠭ ᠲᠤᠬᠠᠢᠳᠤᠨᠢ ᠠᠷᠢᠯᠭ᠋ᠠᠬᠤ ᠵᠢᠨ ᠲᠦᠯᠤᠬᠡ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭ᠋ᠠᠬᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠥᠷᠥᠯ᠎ᠤᠨ ᠲᠤᠨᠤᠭ ᠲᠥᠬᠦᠭᠡᠷᠦᠮᠵᠢ ᠵᠢᠨ ᠠᠶᠤᠯ ᠦᠭᠡᠢ ᠵᠢᠨ ᠬᠠᠤᠯᠢ》 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠠᠶᠤᠯ ᠦᠭᠡᠢ ᠵᠢᠨ ᠦᠨᠳᠦᠰᠦᠨ ᠵᠢᠷᠤᠮᠵᠢᠯ》 ᠵᠡᠷᠭᠡ ᠬᠠᠤᠯᠢ ᠴᠠᠭ᠋ᠠᠵᠠ ᠬᠠᠤᠯᠢ ᠲᠦᠷᠢᠮ ᠪᠣᠯᠣᠨ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠦᠨᠳᠦᠰᠦᠯᠡᠨ ᠲᠤᠰ ᠪᠠᠷᠢᠮᠵᠢᠶ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ᠄ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠠᠶᠤᠯ ᠦᠬᠡᠢ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠡᠷᠭᠡ ᠦᠨᠳᠦᠰᠦᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠭᠰᠠᠨ ᠦᠭᠡᠢ᠎ᠠᠴᠠ ᠪᠣᠯᠵᠤ᠂ ᠬᠥᠮᠥᠨ ᠬᠠᠷ᠎ᠠ ᠬᠦᠨᠳᠦ ᠶᠡᠬᠡ ᠦᠬᠦᠵᠦ ᠰᠢᠷᠬᠠᠲᠤᠬᠤ᠂ ᠡᠳ᠋ ᠬᠥᠷᠥᠩᠭᠡ᠎ᠳᠤ ᠬᠦᠨᠳᠦ ᠶᠡᠬᠡ ᠬᠣᠬᠢᠷᠠᠯ ᠤᠴᠠᠷᠠᠭᠤᠯᠵᠤ ᠮᠡᠳᠡᠬᠦ᠎ᠳᠤ ᠭᠦᠷᠪᠡᠯ ᠬᠦᠨᠳᠦ ᠶᠡᠬᠡ ᠡᠨᠳᠡᠯ᠎ᠤᠨ ᠭᠡᠮ ᠰᠤᠭᠤᠭ᠎ᠢ ᠣᠷᠣᠰᠢᠵᠤ ᠪᠠᠢ᠌ᠬᠤ᠎ᠪᠠᠷ ᠮᠠᠭ᠋ᠠᠳᠯᠠᠨ ᠲᠣᠭᠲᠠᠭ᠋ᠠᠬᠤ ᠬᠡᠷᠡᠭᠲᠡᠢ᠃
ᠭᠤᠷᠪᠠᠳᠤᠭ᠋ᠠᠷ ᠵᠦᠢ᠍ᠯ᠄ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡ᠊ᠨᠳᠡᠯ᠎ᠤᠨ ᠭᠡᠮ ᠰᠤᠭᠤᠭ ᠳᠤ ᠭᠣᠣᠯᠳᠠᠭᠤ ᠲᠠᠷᠠᠭ᠋ᠠᠬᠢ ᠬᠡᠳᠦᠨ ᠲᠠᠯ᠎ᠠ ᠪᠠᠭᠲᠠᠨ᠎ᠠ᠄
(ᠨᠢᠭᠡ) ᠴᠢᠬᠤᠯᠠ ᠲᠥᠬᠦᠭᠡᠷᠦᠮᠵᠢ᠎ᠳᠤ ᠬᠦᠨᠳᠦ ᠨᠣᠴᠢᠲᠠᠢ ᠭᠡᠮ ᠰᠣᠭᠣᠭ ᠣᠷᠣᠰᠢᠵᠤ ᠪᠠᠢ᠌ᠬᠤ᠃
(ᠬᠣᠶᠠᠷ) ᠠᠶᠤᠯ ᠦᠬᠡᠢ ᠦᠢ᠍ᠯᠡᠳᠪᠦᠷᠢᠯᠡᠯ᠎ᠤᠨ ᠬᠣᠯᠪᠣᠭᠳᠠᠯ ᠪᠦᠬᠦᠢ ᠬᠢᠷᠢ ᠬᠡᠮ ᠬᠢᠷᠢ ᠴᠢᠳᠠᠮᠵᠢ᠎ᠨᠢ ᠬᠠᠤᠯᠢ᠎ᠪᠠᠷ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠦᠯᠦ ᠨᠡᠢ᠌ᠴᠡᠭᠰᠡᠨ᠃
(ᠭᠤᠷᠪᠠ) ᠡᠳᠦᠷ ᠲᠤᠳᠤᠮ᠎ᠤᠨ ᠬᠠᠮᠢᠶᠠᠷᠤᠯᠲᠠ᠎ᠳᠤ ᠬᠦᠨᠳᠦ ᠨᠣᠴᠢᠲᠠᠢ ᠠᠰᠠᠭᠤᠳᠠᠯ ᠣᠷᠣᠰᠢᠵᠤ ᠪᠠᠢ᠌ᠬᠤ᠃
(ᠳᠥᠷᠪᠡ) ᠬᠠᠤᠯᠢ ᠲᠣᠭᠲᠠᠭ᠋ᠠᠯ᠎ᠠᠴᠠ ᠬᠦᠨᠳᠦ ᠨᠣᠴᠢᠲᠠᠢ ᠵᠥᠷᠢᠴᠡᠨ ᠦᠢ᠍ᠯᠡᠴᠢᠯᠡᠭᠡ ᠬᠠᠩᠭ᠋ᠠᠬᠤ᠃
(ᠲᠠᠪᠤ) ᠬᠥᠮᠥᠨ ᠬᠠᠷ᠎ᠠ ᠦᠬᠦᠵᠤ ᠰᠢᠷᠬᠠᠳᠤᠬᠤ᠂ ᠡᠳ᠋ ᠬᠥᠷᠥᠩᠭᠡ᠎ᠳᠤ ᠬᠦᠨᠳᠦ ᠶᠡᠬᠡ ᠬᠣᠬᠢᠷᠠᠯ᠎ᠳᠤ ᠤᠴᠠᠷᠠᠭᠤᠯᠵᠤ ᠮᠡᠳᠡᠬᠦ ᠪᠤᠰᠤᠳ ᠬᠦᠨᠳᠦ ᠶᠡᠬᠡ ᠡ᠊ᠨᠳᠡᠯ᠎ᠤᠨ ᠭᠡᠮ ᠰᠤᠭᠤᠭ᠃
ᠳᠥᠷᠪᠡᠳᠦᠭᠡᠷ ᠵᠦᠢ᠍ᠯ᠄ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠬᠤᠯᠠ ᠲᠥᠬᠦᠭᠡᠷᠦᠮᠵᠢ᠎ᠳᠤ ᠬᠦᠨᠳᠦ ᠨᠣᠴᠢᠲᠠᠢ ᠳᠤᠲᠠᠭᠳᠠᠯ᠎ᠲᠠᠢ ᠪᠠᠢ᠌ᠬᠤ᠎ᠨᠢ ᠭᠣᠣᠯᠳᠠᠭᠤ᠄
(ᠨᠢᠭᠡ) ᠪᠠᠷᠢᠯᠭ᠎ᠠ ᠵᠢᠨ ᠲᠦᠬᠦᠬᠡᠷᠤᠮᠵᠢ ᠵᠢ ᠬᠢᠨᠠᠨ ᠲᠣᠭᠲᠠᠭ᠋ᠠᠯᠭ᠋ᠠᠬᠤ᠎ᠪᠠᠷ ᠳᠠᠮᠵᠢᠭ᠋ᠠᠳ C ᠲᠡᠰ᠂ D ᠲᠡᠰ᠎ᠤᠨ ᠨᠤᠷᠠᠬᠤ ᠠᠶᠤᠯᠲᠠᠢ ᠭᠡᠷ ᠪᠠᠢ᠌ᠰᠢᠩ᠎ᠳᠤ ᠬᠠᠷᠢᠶᠠᠯᠠᠭᠳᠠᠬᠤ ᠪᠤᠶᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠎ᠠᠴᠠ ᠪᠠᠷᠢᠯᠭ᠎ᠠ ᠵᠢᠨ ᠠᠶᠤᠯ ᠦᠭᠡᠢ ᠵᠢᠨ ᠲᠠᠯ᠎ᠠ᠎ᠪᠠᠷ ᠬᠦᠨᠳᠦ ᠶᠡᠬᠡ ᠭᠡᠮ ᠰᠤᠭᠤᠭ ᠣᠷᠣᠰᠢᠵᠤ ᠪᠠᠢ᠌ᠬᠤ ᠵᠢ ᠰᠤᠳᠤᠯᠤᠨ ᠮᠠᠭ᠋ᠠᠳᠯᠠᠭᠰᠠᠨ᠃
(ᠬᠣᠶᠠᠷ) ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠭᠠᠯ ᠤᠨᠲᠠᠷᠠᠭ᠋ᠠᠬᠤ ᠵᠡᠷᠭᠡ ᠰᠠᠯᠠᠭ᠎ᠠ ᠮᠥᠴᠢᠷ᠎ᠤᠨ ᠪᠠᠢ᠌ᠴᠠᠭ᠋ᠠᠯᠲᠠ ᠪᠤᠶᠤ ᠬᠦᠨᠳᠡᠯᠡᠨ᠎ᠤ ᠲᠤᠰᠬᠠᠢ ᠪᠠᠢ᠌ᠭᠤᠯᠤᠮᠵᠢ ᠵᠢᠨ ᠦᠨᠡᠯᠡᠯᠳᠡ᠎ᠪᠠᠷ ᠲᠠᠮᠵᠢᠨ ᠪᠠᠷᠢᠯᠭ᠎ᠠ ᠵᠢᠨ ᠭᠠᠯ᠎ᠢ ᠰᠡᠷᠭᠡᠢ᠌ᠯᠡᠬᠦ ᠵᠢᠷᠤᠭ ᠲᠥᠯᠥᠪᠯᠡᠭᠡ᠂ ᠭᠠᠯ ᠰᠡᠷᠭᠡᠢ᠌ᠯᠡᠨ ᠭᠠᠯ ᠤᠨᠲᠠᠷᠠᠭ᠋ᠠᠬᠤ᠂ ᠴᠠᠬᠢᠯᠭ᠋ᠠᠨ᠂ ᠰᠢᠲᠠᠮᠠᠬᠠᠢ ᠬᠡᠢ ᠵᠡᠷᠭᠡ ᠲᠥᠬᠦᠭᠡᠷᠦᠮᠵᠢ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ᠂ ᠭᠠᠯ ᠤᠨᠲᠠᠷᠠᠭ᠋ᠠᠬᠤ ᠮᠡᠷᠭᠡᠵᠢᠯ᠎ᠤᠨ ᠨᠥᠬᠥᠴᠡᠯ᠎ᠢ ᠪᠦᠷᠢᠳᠦᠭᠦᠯᠦᠭᠰᠡᠨ ᠦᠭᠡᠢ᠂ ᠬᠦᠨᠳᠦ ᠶᠡᠬᠡ ᠡ᠊ᠨᠳᠡᠯ᠎ᠤᠨ ᠭᠡᠮ ᠰᠤᠭᠤᠭ ᠣᠷᠣᠰᠢᠵᠤ ᠪᠠᠢ᠌ᠬᠤ ᠵᠢ ᠮᠠᠭ᠋ᠠᠳᠯᠠᠨ ᠲᠤᠬᠳᠠᠭ᠋ᠠᠬᠰᠠᠨ᠃
(ᠭᠤᠷᠪᠠ) ᠲᠣᠭᠲᠠᠭ᠋ᠠᠯ᠎ᠢ ᠵᠥᠷᠢᠴᠡᠨ ᠰᠢᠲᠠᠮᠠᠬᠠᠢ ᠮᠠᠲ᠋ᠧᠷᠢᠶᠠᠯ ᠵᠶ᠋ᠠᠷ ᠭᠣᠣᠯ ᠮᠠᠲ᠋ᠧᠷᠢᠶᠠᠯ ᠪᠣᠯᠭ᠋ᠠᠭᠰᠠᠨ ᠥᠩᠭᠡᠲᠦ ᠪᠣᠯᠣᠳ ᠬᠠᠪᠲᠠᠰᠤ᠎ᠪᠠᠷ ᠪᠦᠳᠤᠬᠡᠨ ᠪᠠᠶ᠋ᠢᠭᠤᠯᠬᠤ ᠪᠤᠶᠤ ᠰᠢᠲᠠᠮᠠᠬᠠᠢ ᠮᠠᠲ᠋ᠧᠷᠢᠶᠠᠯ᠎ᠢ ᠶᠡᠬᠡ᠎ᠪᠠᠷ ᠬᠡᠷᠡᠭᠯᠡᠨ ᠵᠠᠰᠠᠵᠤ ᠴᠢᠮᠡᠭᠯᠡᠬᠦ᠃
(ᠳᠥᠷᠪᠡ) ᠵᠥᠪᠰᠢᠶᠡᠷᠡᠯ ᠣᠯᠣᠭᠰᠠᠨ ᠦᠭᠡᠢ᠎ᠪᠠᠷ ᠦᠢ᠍ᠯᠡᠳᠪᠦᠷᠢᠯᠡᠭᠰᠡᠨ᠂ ᠰᠢᠯᠭ᠋ᠠᠨ ᠪᠠᠢ᠌ᠴᠠᠭ᠋ᠠᠯᠭ᠋ᠠᠭᠰᠠᠨ ᠦᠭᠡᠢ ᠪᠤᠶᠤ ᠰᠢᠯᠭ᠋ᠠᠨ ᠪᠠᠢ᠌ᠴᠠᠭ᠋ᠠᠯᠭ᠋ᠠᠭ᠋ᠠᠳ ᠬᠢᠷᠢ ᠲᠡᠩᠴᠡᠭᠰᠡᠨ ᠦᠭᠡᠢ᠂ ᠤᠯᠤᠰ᠎ᠠᠴᠠ ᠲᠣᠳᠣᠷᠬᠠᠢ ᠵᠠᠷᠯᠢᠭᠳᠠᠨ ᠴᠠᠭ᠋ᠠᠵᠠᠯᠠᠬᠰᠠᠨ᠂ ᠬᠡᠷᠡᠭᠴᠡᠭᠡ᠎ᠠᠴᠠ ᠭᠠᠷᠭ᠋ᠠᠭᠰᠠᠨ ᠴᠠᠬᠢᠯᠭ᠋ᠠᠨ ᠱᠠᠲᠤ᠂ ᠬᠦᠸᠸᠯᠤ᠂ ᠬᠡᠢ ᠵᠢᠨ ᠬᠣᠭᠣᠯᠠᠢ ᠵᠡᠷᠭᠡ ᠣᠨᠴᠠ ᠲᠦᠷᠦᠯ᠎ᠤᠨ ᠲᠤᠨᠤᠭ ᠲᠥᠬᠦᠭᠡᠷᠦᠮᠵᠢ ᠵᠢ ᠬᠡᠷᠡᠭᠯᠡᠭᠰᠡᠨ᠃
ᠲᠠᠪᠤᠳᠤᠭ᠋ᠠᠷ ᠵᠦᠢ᠍ᠯ᠄ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠬᠢᠷᠢ ᠬᠡᠮ ᠬᠢᠷᠢ ᠴᠢᠳᠠᠮᠵᠢ᠎ᠨᠢ ᠱᠠᠭ᠋ᠠᠷᠳᠠᠯᠭ᠎ᠠ᠎ᠳᠤ ᠦᠯᠤ ᠨᠡᠢ᠌ᠴᠡᠬᠦ᠎ᠨᠢ ᠭᠣᠣᠯᠳᠠᠭᠤ᠄
(ᠨᠢᠭᠡ) ᠳᠣᠲᠣᠭ᠋ᠠᠳᠤ᠎ᠳᠤ᠎ᠪᠠᠨ ᠡᠮᠴᠢᠯᠡᠭᠡᠨ᠎ᠤ ᠪᠠᠢ᠌ᠭᠤᠯᠤᠮᠵᠢ ᠪᠠᠢ᠌ᠭᠤᠯᠴᠢᠬᠠᠭ᠋ᠠᠳ ᠬᠠᠤᠯᠢ ᠶᠣᠰᠣᠭ᠋ᠠᠷ ᠡᠮᠴᠢᠯᠡᠭᠡᠨ᠎ᠤ ᠪᠠᠢ᠌ᠭᠤᠯᠤᠮᠵᠢ ᠵᠢᠨ ᠠᠵᠢᠯ ᠡᠷᠬᠢᠯᠡᠬᠦ ᠵᠥᠪᠰᠢᠶᠡᠷᠡᠯ᠎ᠤᠨ ᠦᠨᠡᠮᠯᠡᠯ ᠣᠯᠣᠭᠰᠠᠨ ᠦᠭᠡᠢ᠂ ᠬᠠᠤᠯᠢ ᠶᠣᠰᠣᠭ᠋ᠠᠷ ᠳᠠᠩᠰᠠᠯᠠᠭᠤᠯᠤᠭᠰᠠᠨ ᠦᠭᠡᠢ᠃
(ᠬᠣᠶᠠᠷ) ᠳᠣᠲᠣᠭ᠋ᠠᠳᠤ᠎ᠳᠤ᠎ᠪᠠᠨ ᠬᠣᠭᠣᠯᠠᠨ ᠭᠡᠷ ᠪᠠᠢ᠌ᠭᠤᠯᠴᠢᠬᠠᠭ᠋ᠠᠳ ᠢᠳᠡᠭᠡᠨ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠣᠯᠣᠭᠰᠠᠨ ᠦᠭᠡᠢ᠃
(ᠭᠤᠷᠪᠠ) ᠵᠣᠬᠢᠴᠠᠩᠭᠤᠢ ᠬᠢᠷᠢ ᠬᠡᠮ ᠣᠯᠣᠭᠰᠠᠨ ᠦᠭᠡᠢ ᠬᠥᠮᠥᠨ᠎ᠢ ᠬᠡᠷᠡᠭᠯᠡᠨ ᠣᠨᠴᠠ ᠲᠦᠷᠦᠯ᠎ᠤᠨ ᠲᠤᠨᠤᠭ ᠲᠥᠬᠦᠭᠡᠷᠦᠮᠵᠢ ᠵᠢᠨ ᠠᠶᠤᠯ ᠦᠬᠡᠢ ᠵᠢᠨ ᠬᠠᠮᠢᠶᠠᠷᠤᠯᠲᠠ᠂ ᠪᠠᠢ᠌ᠴᠠᠭ᠋ᠠᠨ ᠬᠡᠮᠵᠢᠯᠲᠡ ᠵᠡᠷᠭᠡ ᠠᠵᠢᠯ᠎ᠢ ᠬᠢᠯᠭᠡᠬᠦ᠃
(ᠳᠥᠷᠪᠡ) ᠬᠣᠯᠪᠣᠭᠳᠠᠯ ᠪᠦᠬᠦᠢ ᠦᠨᠡᠮᠯᠡᠯ ᠣᠯᠣᠭᠰᠠᠨ ᠦᠭᠡᠢ᠂ ᠭᠠᠯ ᠤᠨᠲᠠᠷᠠᠭ᠋ᠠᠬᠤ ᠡᠵᠡᠮᠳᠡᠯ᠎ᠤᠨ ᠲᠥᠬᠦᠭᠡᠷᠦᠮᠵᠢ ᠵᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠦᠭᠡᠢ ᠬᠥᠮᠥᠰ ᠵᠶ᠋ᠡᠷ ᠭᠠᠯ ᠤᠨᠲᠠᠷᠠᠭ᠋ᠠᠬᠤ ᠡᠵᠡᠮᠳᠡᠯ᠎ᠤᠨ ᠲᠠᠰᠤᠭ᠎ᠤᠨ ᠵᠢᠵᠢᠭᠦᠷᠯᠡᠭᠴᠢ ᠪᠣᠯᠭ᠋ᠠᠬᠤ᠃
(ᠲᠠᠪᠤ) ᠲᠤᠰᠬᠠᠢ ᠪᠣᠯᠪᠠᠰᠤᠷᠠᠯ ᠭᠥᠷᠳᠡᠭᠰᠡᠨ ᠤᠢ᠌ᠭᠡᠢ ᠪᠥᠭᠡᠳ ᠵᠣᠬᠢᠴᠠᠩᠭᠤᠢ ᠬᠢᠷᠢ ᠬᠡᠮ ᠣᠯᠣᠭᠰᠠᠨ ᠴᠠᠬᠢᠯᠭ᠋ᠠᠨ᠎ᠤ ᠠᠵᠢᠯᠴᠢᠨ᠂ ᠬᠡᠢ᠎ᠪᠠᠷ ᠭᠠᠩᠨᠠᠬᠤ ᠵᠡᠷᠭᠡ ᠣᠨᠴᠠ ᠲᠤᠢ᠌ᠷᠦᠯᠤᠨ ᠠᠵᠢᠯ ᠬᠢᠭᠰᠡᠳ᠎ᠤᠨ ᠠᠵᠢᠯᠯᠠᠬᠤ ᠵᠢ ᠵᠦᠪᠰᠢᠶᠡᠷᠡᠭᠰᠡᠨ᠃
ᠵᠢᠷᠭᠤᠳᠤᠭ᠋ᠠᠷ ᠵᠦᠢ᠍ᠯ᠄ ᠨᠠᠰᠤᠵᠢᠯ᠎ᠤᠨ ᠪᠠᠢ᠌ᠭᠤᠯᠤᠮᠵᠢ ᠵᠢᠨ ᠡᠳᠦᠷ ᠲᠤᠲᠤᠮ᠎ᠤᠨ ᠬᠠᠮᠢᠶᠠᠷᠤᠯᠲᠠ᠎ᠳᠤ ᠬᠦᠨᠳᠦ ᠨᠣᠴᠢᠲᠠᠢ ᠠᠰᠠᠭᠤᠳᠠᠯ ᠣᠷᠣᠰᠢᠵᠤ ᠪᠠᠢ᠌ᠭ᠎ᠠ᠎ᠨᠢ ᠭᠣᠣᠯᠳᠠᠭᠤ᠄
(ᠨᠢᠭᠡ) ᠠᠮᠤᠷ᠎ᠢ ᠬᠠᠮᠠᠭ᠋ᠠᠯᠠᠬᠤ᠂ ᠭᠠᠯ ᠤᠨᠲᠠᠷᠠᠭ᠋ᠠᠬᠤ᠂ ᠢᠳᠡᠭᠡᠨ ᠵᠡᠷᠭᠡ ᠡᠯ᠎ᠡ ᠵᠦᠢ᠍ᠯ᠎ᠤᠨ ᠠᠶᠤᠯ ᠦᠬᠡᠢ ᠵᠢᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠭᠰᠠᠨ ᠦᠭᠡᠢ ᠪᠤᠶᠤ ᠬᠣᠯᠪᠣᠭᠳᠠᠯ ᠪᠦᠬᠦᠢ ᠠᠶᠤᠯ ᠦᠬᠡᠢ ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠦᠭᠡᠢ᠃
(ᠬᠣᠶᠠᠷ) ᠣᠨᠴᠠ ᠲᠦᠷᠦᠯ᠎ᠤᠨ ᠲᠤᠨᠤᠭ ᠲᠥᠬᠦᠭᠡᠷᠦᠮᠵᠢ᠂ ᠴᠠᠬᠢᠯᠭ᠋ᠠᠨ᠂ ᠰᠢᠲᠠᠮᠠᠬᠠᠢ ᠬᠡᠢ᠂ ᠠᠮᠤᠷ᠎ᠢ ᠬᠠᠮᠠᠭ᠋ᠠᠯᠠᠬᠤ᠂ ᠭᠠᠯ ᠤᠨᠲᠠᠷᠠᠭ᠋ᠠᠬᠤ᠂ ᠲᠦᠭᠰᠢᠭᠦᠷᠢ ᠵᠢ ᠮᠡᠳᠡᠭᠦᠯᠬᠦ᠂ ᠪᠠᠴᠢᠮ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠵᠡᠷᠭᠡ ᠲᠥᠬᠦᠭᠡᠷᠦᠮᠵᠢ ᠵᠢ ᠲᠣᠭᠲᠠᠮᠠᠯ ᠬᠤᠭᠤᠴᠠᠭ᠎ᠠ᠎ᠲᠠᠢ ᠪᠠᠢ᠌ᠴᠠᠭ᠋ᠠᠬᠤ ᠪᠠ ᠪᠠᠢ᠌ᠩᠭᠤ ᠵᠢᠨ ᠴᠢᠨᠠᠷᠲᠠᠢ᠎ᠪᠠᠷ ᠬᠠᠮᠠᠭ᠋ᠠᠯᠠᠨ ᠠᠷᠠᠴᠢᠯᠠᠭᠰᠠᠨ ᠦᠭᠡᠢ᠎ᠠᠴᠠ ᠪᠣᠯᠵᠤ᠂ ᠬᠡᠪ᠎ᠤᠨ ᠪᠠᠢ᠌ᠳᠠᠯ ᠵᠶ᠋ᠠᠷ ᠬᠡᠷᠡᠭᠯᠡᠬᠦ ᠠᠷᠭ᠎ᠠ ᠦᠭᠡᠢ ᠪᠣᠯᠭ᠋ᠠᠭᠰᠠᠨ᠃
(ᠭᠤᠷᠪᠠ) ᠪᠠᠴᠢᠮ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠯ ᠶᠣᠰᠣᠭ᠋ᠠᠷ ᠲᠣᠭᠲᠠᠭ᠋ᠠᠭᠰᠠᠨ ᠦᠭᠡᠢ ᠪᠤᠶᠤ ᠪᠠᠴᠢᠮ ᠢ ᠠᠷᠭ᠋ᠠᠴᠠᠭ᠋ᠠᠬᠤ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠦᠭᠰᠡᠨ ᠦᠭᠡᠢ᠃
(ᠳᠥᠷᠪᠡ) 24 ᠴᠠᠭ ᠵᠶ᠋ᠠᠷ ᠵᠢᠵᠢᠭᠦᠷᠯᠡᠬᠦ ᠳᠦᠷᠢᠮ᠎ᠢ ᠨᠠᠢ᠌ᠳᠠᠪᠤᠷᠢᠵᠢᠭᠤᠯᠤᠭᠰᠠᠨ ᠦᠭᠡᠢ᠂ ᠡᠳᠦᠷ ᠲᠤᠲᠤᠮ᠎ᠤᠨ ᠠᠶᠤᠯ ᠦᠬᠡᠢ ᠵᠢᠨ ᠲᠣᠭᠣᠷᠢᠨ ᠪᠠᠢ᠌ᠴᠠᠭ᠋ᠠᠯᠲᠠ ᠬᠢᠭᠰᠡᠨ ᠦᠭᠡᠢ ᠪᠤᠶᠤ ᠲᠣᠭᠣᠷᠢᠨ ᠪᠠᠢ᠌ᠴᠠᠭ᠋ᠠᠯᠲᠠ ᠬᠢᠭᠡᠳ ᠢᠯᠡᠷᠡᠭᠦᠯᠦᠭᠰᠡᠨ ᠠᠮᠤᠷ ᠲᠦᠪᠰᠢᠨ᠎ᠤ ᠲᠣᠪᠣᠢ᠌ᠮ᠎ᠠ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠦᠭᠡᠢ᠃
(ᠲᠠᠪᠤ) ᠠᠶᠤᠯ ᠦᠭᠡᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ ᠬᠢᠭᠰᠡᠨ ᠦᠭᠡᠢ᠂ ᠬᠣᠯᠪᠣᠭᠳᠠᠯ ᠪᠦᠬᠦᠢ ᠠᠵᠢᠯᠲᠠᠨ ᠭᠠᠯ ᠤᠨᠲᠠᠷᠠᠭ᠋ᠠᠬᠤ᠂ ᠠᠮᠤᠷ᠎ᠢ ᠬᠠᠮᠠᠭ᠋ᠠᠯᠠᠬᠤ ᠵᠡᠷᠭᠡ ᠲᠥᠬᠦᠭᠡᠷᠦᠮᠵᠢ ᠵᠢ ᠬᠡᠷᠡᠭᠯᠡᠵᠦ ᠴᠢᠳᠠᠬᠤ ᠦᠭᠡᠢ᠂ ᠠᠮᠢ ᠵᠢᠭᠤᠲᠠᠬᠤ ᠵᠠᠮ᠎ᠢ ᠡᠵᠡᠮᠰᠢᠭᠰᠡᠨ ᠦᠭᠡᠢ᠃
(ᠵᠢᠷᠭᠤᠭ᠎ᠠ) ᠪᠠᠷᠢᠯᠭ᠎ᠠ ᠵᠢᠨ ᠠᠵᠢᠯ ᠵᠡᠷᠭᠡ ᠣᠨᠴᠠᠭ᠋ᠠᠶ ᠪᠠᠢ᠌ᠳᠠᠯ᠎ᠠᠴᠠ ᠪᠣᠯᠵᠤ ᠴᠠᠬᠢᠯᠭ᠋ᠠᠨ ᠵᠶ᠋ᠠᠷ ᠭᠠᠩᠨᠠᠬᠤ ᠵᠡᠷᠭᠡ ᠢᠯᠡ ᠭᠠᠯ ᠨᠣᠴᠣᠭ᠋ᠠᠬᠤ ᠠᠵᠢᠯ᠎ᠢ ᠬᠢᠬᠦ ᠴᠢᠬᠤᠯᠠᠲᠠᠢ ᠪᠠᠢ᠌ᠬᠤ᠎ᠳᠤ ᠲᠣᠭᠲᠠᠭ᠋ᠠᠯ ᠶᠣᠰᠣᠭ᠋ᠠᠷ ᠢᠯᠨ ᠭᠠᠯ ᠨᠤᠴᠤᠭ᠋ᠠᠬᠤ ᠵᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ᠎ᠢ ᠦᠯᠦ ᠬᠢᠭᠰᠡᠨ᠃
ᠳᠣᠯᠣᠳᠤᠭ᠋ᠠᠷ ᠵᠦᠢ᠍ᠯ᠄ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠤᠯᠢ ᠲᠣᠭᠲᠠᠭ᠋ᠠᠯ᠎ᠠᠴᠠ ᠬᠦᠨᠳᠦ ᠨᠣᠴᠢᠲᠠᠢ ᠵᠥᠷᠢᠴᠡᠵᠦ ᠦᠢ᠍ᠯᠡᠴᠢᠯᠡᠭᠡ ᠬᠠᠩᠭ᠋ᠠᠬᠤ ᠭᠡᠳᠡᠭ᠎ᠨᠢ ᠭᠣᠣᠯᠳᠠᠭᠤ᠄
(ᠨᠢᠭᠡ) ᠨᠠᠰᠤᠲᠠᠢ᠌ᠴᠤᠳ᠎ᠤᠨ ᠦᠷᠦᠭᠡ ᠪᠤᠶᠤ ᠠᠮᠠᠷᠠᠯᠲᠠ ᠵᠢᠨ ᠦᠷᠦᠭᠡ ᠵᠢ ᠭᠠᠵᠠᠷ ᠳᠣᠣᠷᠠᠬᠢ ᠦᠷᠦᠭᠡ᠂ ᠬᠠᠭ᠋ᠠᠰ ᠭᠠᠵᠠᠷ ᠳᠣᠣᠷᠠᠬᠢ ᠦᠷᠦᠭᠡ᠎ᠳᠤ ᠪᠠᠢ᠌ᠷᠢᠯᠠᠭᠤᠯᠬᠤ᠃
(ᠬᠣᠶᠠᠷ) ᠳᠣᠲᠣᠭ᠋ᠠᠳᠤ᠎ᠳᠤ᠎ᠪᠠᠨ ᠬᠣᠭᠣᠯᠠᠨ ᠭᠡᠷ ᠭᠠᠷᠭ᠋ᠠᠭ᠋ᠠᠳ ᠲᠦᠭᠦᠬᠡᠢ ᠮᠠᠲᠸᠷᠢᠶᠠᠯ᠎ᠢ ᠬᠢᠵᠠᠭ᠋ᠠᠷᠯᠠᠬᠤ᠂ ᠬᠣᠭᠣᠯᠠᠨ᠎ᠤ ᠰᠠᠪᠠ ᠬᠡᠷᠡᠭᠰᠡᠯ ᠤᠮᠳᠠᠭ᠋ᠠᠨ᠎ᠤ ᠰᠠᠪᠠ ᠬᠡᠷᠡᠭᠰᠡᠯ᠎ᠢ ᠤᠬᠢᠶᠠᠨ ᠴᠡᠪᠡᠷᠯᠡᠵᠦ ᠠᠷᠢᠭᠤᠳᠬᠠᠬᠤ᠂ ᠢᠳᠡᠭᠡᠨ᠎ᠤ ᠦᠯᠢᠭᠡᠷ ᠶᠠᠩᠵᠤ ᠦᠯᠡᠳᠡᠭᠡᠬᠦ ᠵᠡᠷᠭᠡ ᠳᠦᠷᠢᠮ᠎ᠢ ᠴᠢᠩᠭ᠎ᠠ ᠬᠡᠷᠡᠭᠵᠢᠭᠦᠯᠦᠭᠰᠡᠨ ᠦᠭᠡᠢ᠃
(ᠭᠤᠷᠪᠠ) ᠢᠳᠡᠭᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ ᠣᠯᠣᠭᠰᠠᠨ ᠦᠭᠡᠢ ᠬᠣᠭᠣᠯᠠ ᠬᠠᠩᠭ᠋ᠠᠬᠤ ᠨᠢᠬᠡᠴᠨ ᠵᠢᠨ᠎ᠬᠢᠨ᠎ᠠᠴᠠ ᠬᠣᠭᠣᠯᠠ ᠵᠠᠬᠢᠶᠠᠯᠠᠭᠰᠠᠨ ᠪᠤᠶᠤ ᠵᠠᠬᠢᠶᠠᠯᠠᠨ ᠠᠪᠤᠭᠰᠠᠨ ᠢᠳᠡᠭᠡᠨ ᠵᠶ᠋ᠡᠨ ᠱᠠᠭ᠋ᠠᠷᠳᠠᠯᠭ᠎ᠠ ᠶᠣᠰᠣᠭ᠋ᠠᠷ ᠪᠠᠢ᠌ᠴᠠᠭ᠋ᠠᠨ ᠰᠢᠯᠭ᠋ᠠᠭᠰᠠᠨ ᠦᠭᠡᠢ᠃
(ᠳᠥᠷᠪᠡ) ᠨᠠᠰᠤᠲᠠᠢ᠌ᠴᠤᠳ᠎ᠤᠨ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠳᠤ ᠬᠦᠨᠳᠦ ᠶᠡᠬᠡ ᠬᠣᠣᠷ ᠬᠥᠨᠥᠭᠡᠯ ᠤᠴᠠᠷᠠᠭᠤᠯᠵᠤ ᠮᠡᠳᠡᠬᠦ ᠬᠠᠯᠳᠠᠪᠤᠷᠢᠲᠤ ᠡᠪᠡᠳᠴᠢᠨ᠎ᠲᠠᠢ ᠪᠠᠢ᠌ᠬᠤ ᠵᠢ ᠣᠯᠵᠤ ᠮᠡᠳᠡᠭᠰᠡᠨ ᠪᠠᠢ᠌ᠲᠠᠯ᠎ᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠭᠰᠡᠨ ᠦᠭᠡᠢ᠃
ᠨᠠᠢ᠍ᠮᠠᠳᠤᠭ᠋ᠠᠷ ᠵᠦᠢ᠍ᠯ᠄ ᠬᠥᠮᠥᠨ ᠬᠠᠷ᠎ᠠ ᠦᠬᠦᠵᠤ ᠰᠢᠷᠬᠠᠳᠤᠬᠤ᠂ ᠡᠳ᠋ ᠬᠥᠷᠥᠩᠭᠡ᠎ᠳᠤ ᠬᠦᠨᠳᠦ ᠶᠡᠬᠡ ᠬᠣᠬᠢᠷᠠᠯ᠎ᠳᠤ ᠤᠴᠠᠷᠠᠭᠤᠯᠵᠤ ᠮᠡᠳᠡᠬᠦ ᠪᠤᠰᠤᠳ ᠬᠦᠨᠳᠦ ᠶᠡᠬᠡ ᠡ᠊ᠨᠳᠡᠯ᠎ᠤᠨ ᠭᠡᠮ ᠰᠤᠭᠤᠭ ᠭᠡᠳᠡᠭ᠎ᠨᠢ ᠭᠣᠣᠯᠳᠠᠭᠤ ᠲᠠᠷᠠᠭ᠋ᠠᠬᠢ ᠵᠦᠢ᠍ᠯ᠎ᠢ ᠵᠢᠭ᠋ᠠᠵᠤ ᠪᠠᠢ᠌ᠨ᠎ᠠ᠄
(ᠨᠢᠭᠡ) ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠣᠩᠭᠣᠭᠰᠠᠨ ᠭᠠᠵᠠᠷ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠬᠦ ᠦᠭᠡᠢ᠂ ᠨᠣᠴᠣᠮᠠᠲᠠᠭ᠋ᠠᠢ ᠳᠡᠯᠪᠡᠷᠡᠮᠡᠲᠡᠭᠡᠢ᠂ ᠬᠣᠣᠷ ᠬᠥᠨᠥᠭᠡᠯ᠎ᠲᠠᠢ ᠵᠡᠷᠭᠡ ᠠᠶᠤᠯᠲᠤ ᠪᠣᠳᠠᠰ᠎ᠤᠨ ᠦᠢ᠍ᠯᠡᠳᠪᠦᠷᠢᠯᠡᠯ᠂ ᠡᠵᠡᠩᠨᠡᠯᠲᠡ ᠵᠢᠨ ᠲᠠᠯᠠᠪᠤᠷᠯᠤᠭᠠ ᠠᠶᠤᠯ ᠦᠬᠡᠢ ᠵᠢᠨ ᠵᠠᠢᠲᠠᠢ ᠪᠠᠢ᠌ᠯᠭ᠋ᠠᠬᠤ ᠪᠤᠶᠤ ᠪᠠᠢ᠌ᠭ᠋ᠠᠯᠢ ᠵᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ᠎ᠤᠨ ᠬᠦᠨᠳᠦ ᠶᠡᠬᠡ ᠪᠠᠢ᠌ᠭ᠋ᠠᠯᠢ ᠵᠢᠨ ᠭᠠᠮᠰᠢᠭ ᠣᠷᠣᠰᠢᠵᠤ ᠪᠠᠢ᠌ᠬᠤ ᠵᠢ ᠮᠠᠭ᠋ᠠᠳᠯᠠᠨ ᠲᠣᠭᠲᠠᠭ᠋ᠠᠬᠤ ᠲᠦᠭᠰᠢᠭᠦᠷᠢ ᠶᠡᠬᠡᠲᠡᠢ ᠣᠷᠣᠨ ᠪᠦᠰᠡ᠎ᠳᠤ ᠪᠠᠢ᠌ᠷᠢᠯᠠᠬᠰᠠᠨ᠃
(ᠬᠣᠶᠠᠷ) ᠠᠶᠤᠯ᠎ᠠᠴᠠ ᠵᠠᠢ᠌ᠯᠠᠬᠤ ᠵᠠᠮ᠂ ᠠᠶᠤᠯ ᠦᠭᠡᠢ ᠬᠠᠭ᠋ᠠᠯᠭ᠎ᠠ᠂ ᠭᠠᠯ ᠤᠨᠲᠠᠷᠠᠭ᠋ᠠᠬᠤ ᠲᠡᠷᠭᠡᠨ᠎ᠤ ᠨᠡᠪᠲᠡᠷᠡᠬᠦ ᠵᠠᠮ ᠡᠵᠡᠯᠡᠭᠰᠡᠨ ᠪᠤᠶᠤ ᠪᠢᠳᠡᠬᠦᠮᠵᠢᠯᠡᠭᠰᠡᠨ᠃
(ᠭᠤᠷᠪᠠ) ᠪᠠᠴᠢᠮ᠎ᠢ ᠠᠷᠭ᠋ᠠᠴᠠᠠᠭ᠋ᠠᠬᠤ ᠭᠡᠷᠡᠯᠲᠦᠭᠦᠯᠭᠡ᠂ ᠠᠶᠤᠯ᠎ᠠᠴᠠ ᠵᠢᠭᠤᠳᠠᠬᠤ ᠵᠢᠭ᠋ᠠᠯᠲᠠ ᠲᠡᠮᠳᠡᠭ᠂ ᠠᠶᠤᠯ ᠦᠬᠡᠢ ᠬᠠᠭ᠋ᠠᠯᠭ᠎ᠠ ᠵᠢᠨ ᠵᠢᠭ᠋ᠠᠯᠲᠠ ᠲᠡᠮᠳᠡᠭ ᠪᠤᠶᠤ ᠬᠣᠯᠪᠣᠭᠳᠠᠯ ᠪᠦᠬᠦᠢ ᠵᠢᠭ᠋ᠠᠯᠲᠠ ᠲᠡᠮᠳᠡᠭ ᠲᠠᠯᠪᠢᠭᠰᠠᠨ ᠦᠭᠡᠢ᠎ᠪᠠᠷ ᠬᠠᠯᠬᠠᠯᠠᠭᠳᠠᠭᠰᠠᠨ᠃
ᠶᠢᠰᠦᠳᠦᠭᠡᠷ ᠵᠦᠢ᠍ᠯ᠄ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ᠎ᠳᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡᠨᠳᠡᠯ᠎ᠤᠨ ᠬᠡᠮ ᠰᠤᠭᠤᠭ᠎ᠢ ᠮᠠᠭ᠋ᠠᠳᠯᠠᠨ ᠲᠣᠭᠲᠠᠭ᠋ᠠᠬᠤ᠎ᠳᠤ ᠠᠰᠲᠠᠭ᠋ᠠᠨ ᠲᠣᠭᠲᠠᠭ᠋ᠠᠯ᠎ᠲᠠᠢ ᠪᠤᠯ ᠲᠡᠷᠡ ᠲᠣᠭᠲᠠᠭ᠋ᠠᠯ᠎ᠢ ᠬᠡᠷᠡᠭᠯᠡᠨ᠎ᠡ᠃
ᠠᠷᠪᠠᠳᠤᠭ᠋ᠠᠷ ᠵᠦᠢ᠍ᠯ᠄ ᠪᠠᠢ᠌ᠳᠠᠯ᠎ᠨᠢ ᠪᠤᠳᠤᠯᠢᠶᠠᠨᠲᠠᠢ᠂ ᠬᠦᠨᠳᠦ ᠶᠡᠬᠡ ᠡ᠊ᠨᠳᠡᠯ᠎ᠤᠨ ᠬᠡᠮ ᠰᠤᠭᠤᠭ ᠮᠥᠨ ᠡᠰᠡᠬᠦ ᠵᠢ ᠰᠢᠭᠤᠳ ᠮᠠᠭ᠋ᠠᠳᠯᠠᠨ ᠲᠣᠭᠲᠠᠭ᠋ᠠᠬᠤ᠎ᠳᠤ ᠪᠡᠷᠬᠡᠲᠡᠢ ᠪᠤᠯ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠵᠥᠪᠳᠡᠯᠴᠡᠬᠦ ᠪᠤᠶᠤ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠡᠷᠭᠡ ᠵᠢ ᠦᠨᠳᠦᠰᠦᠯᠡᠨ ᠰᠤᠳᠤᠯᠤᠨ ᠨᠤᠲᠠᠯᠠᠭᠰᠠᠨ᠎ᠤ ᠲᠠᠷᠠᠭ᠎ᠠ ᠶᠡᠷᠦᠩᠬᠡᠢ᠌ᠯᠡᠨ ᠮᠠᠭ᠋ᠠᠳᠯᠠᠨ ᠲᠣᠭᠲᠠᠭ᠋ᠠᠵᠤ ᠪᠣᠯᠣᠨ᠎ᠠ᠃
ᠠᠷᠪᠠᠨ ᠨᠢᠭᠡᠳᠦᠭᠡᠷ ᠵᠦᠢ᠍ᠯ᠄ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠣᠰ ᠪᠠᠷᠢᠮᠵᠢᠶ᠎ᠠ ᠵᠢ ᠦᠨᠳᠦᠰᠦᠯᠡᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ ᠪᠠᠢ᠌ᠭ᠋ᠠᠳ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡᠨᠳᠡᠯ᠎ᠤᠨ ᠬᠡᠮ ᠰᠤᠭᠤᠭ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠲᠤᠬᠳᠠᠭ᠋ᠠᠨ᠎ᠠ᠃
ᠠᠷᠪᠠᠨ ᠬᠣᠶᠠᠳᠤᠭ᠋ᠠᠷ ᠵᠦᠢ᠍ᠯ᠄ ᠲᠤᠰ ᠪᠠᠷᠢᠮᠵᠢᠶ᠎ᠠ ᠵᠢ ᠨᠡᠢ᠌ᠲᠡᠯᠡᠭᠰᠡᠨ ᠡᠳᠦᠷ᠎ᠠᠴᠠ ᠬᠡᠷᠡᠭᠵᠢᠭᠦᠯᠦᠨ᠎ᠡ᠂ ᠲᠠᠪᠤᠨ ᠵᠢᠯ ᠬᠦᠴᠦᠨ᠎ᠲᠠᠢ᠃