ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠣᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠲᠦᠷᠢᠮ》
ᠨᠡᠶᠢᠲᠡᠯᠡᠭᠰᠡᠨ ᠴᠠᠭ᠄ 2022-12-30

                                 ᠬᠡᠬᠡᠨᠳᠤᠶᠠᠭ᠎ᠠ ᠤᠷᠴᠢᠭᠤᠯᠪᠠ

ᠶᠢᠰᠦᠳᠦᠭᠡᠷ ᠪᠦᠯᠦᠭ        ᠬᠠᠤᠯᠢ ᠵᠢᠨ ᠬᠠᠷᠢᠭᠤᠴᠠᠯᠭ᠎ᠠ


     ᠲᠠᠯᠠᠨ ᠭᠤᠷᠪᠠᠳᠤᠭ᠋ᠠᠷ ᠵᠦᠢ᠍ᠯ᠄ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ ᠵᠢᠨ ᠲᠤᠬᠠᠢ《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠢ ᠰᠢᠳᠬᠡᠬᠦ ᠲᠣᠭᠲᠠᠭ᠋ᠠᠯ ᠭᠠᠷᠭ᠋ᠠᠭᠰᠠᠨ ᠪᠠᠢ᠌ᠪᠠᠯ  ᠲᠡᠷᠡ ᠲᠣᠭᠲᠠᠭ᠋ᠠᠯ᠎ᠢ ᠵᠢᠷᠤᠮᠯᠠᠨ᠎ᠠ᠃
     ᠳᠠᠯᠠᠨ ᠳᠥᠷᠪᠡᠳᠦᠭᠡᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠣᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂  ᠲᠠᠷᠠᠭ᠋ᠠᠬᠢ ᠠᠵᠢᠯᠯᠠᠭ᠎ᠠ ᠵᠢᠨ ᠨᠢᠭᠡ ᠵᠢ ᠬᠢᠭᠰᠡᠨ ᠪᠤᠯ ᠰᠢᠭᠤᠳ ᠬᠠᠷᠢᠭᠤᠴᠠᠵᠤ ᠪᠠᠢ᠌ᠭ᠎ᠠ ᠭᠣᠣᠯᠴᠢᠯᠠᠨ ᠬᠠᠮᠢᠶᠠᠷᠬᠤ ᠠᠵᠢᠯᠲᠠᠨ ᠪᠣᠯᠣᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠰ᠎ᠲᠤ ᠬᠠᠤᠯᠢ ᠶᠣᠰᠣᠭ᠋ᠠᠷ ᠰᠢᠢ᠍ᠳᠬᠡᠨ᠎ᠡ᠃ ᠶᠠᠯ᠎ᠠ ᠪᠤᠯᠤᠬᠰᠠᠨ ᠪᠤᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄ (ᠨᠢᠭᠡ) ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠲᠥᠯᠦᠪᠵᠢᠭᠦᠯᠭᠡ ᠵᠢ ᠲᠣᠭᠲᠠᠭ᠋ᠠᠯ ᠶᠣᠰᠣᠭ᠋ᠠᠷ ᠵᠣᠬᠢᠶᠠᠭᠰᠠᠨ ᠦᠭᠡᠢ᠃ (ᠬᠣᠶᠠᠷ) ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠲᠦᠬᠦᠬᠡᠷᠤᠮᠵᠢ ᠵᠢ ᠲᠣᠭᠲᠠᠭ᠋ᠠᠯ ᠶᠣᠰᠣᠭ᠋ᠠᠷ ᠲᠣᠬᠢᠷᠠᠭᠤᠯᠤᠨ ᠪᠦᠲᠦᠭᠡᠨ ᠪᠠᠢ᠌ᠭᠤᠯᠤᠭᠰᠠᠨ ᠦᠭᠡᠢ᠃ (ᠭᠤᠷᠪᠠ) ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ᠎ᠪᠠᠨ ᠲᠣᠭᠲᠠᠭ᠋ᠠᠯ ᠶᠣᠰᠣᠭ᠋ᠠᠷ ᠭᠦᠢ᠍ᠴᠡᠳᠬᠡᠭᠰᠡᠨ ᠦᠭᠡᠢ᠎ᠠᠴᠠ ᠪᠣᠯᠵᠤ ᠬᠦᠨᠳᠦ ᠨᠣᠴᠢᠲᠠᠢ ᠤᠷᠰᠢᠭ ᠲᠠᠲᠠᠭᠰᠠᠨ᠃ (ᠳᠥᠷᠪᠡ) ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠭᠰᠠᠨ ᠦᠭᠡᠢ᠃ (ᠲᠠᠪᠤ) ᠬᠦᠯᠢᠶᠡᠵᠦ ᠠᠪᠤᠭᠰᠠᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ ᠵᠢ ᠴᠠᠭ ᠲᠤᠬᠠᠢ᠎ᠳᠤ᠎ᠨᠢ ᠪᠠᠢ᠌ᠴᠠᠭ᠋ᠠᠨ ᠰᠢᠢ᠍ᠳᠪᠦᠷᠢᠯᠡᠭᠰᠡᠨ ᠦᠭᠡᠢ᠃ (ᠵᠢᠷᠭᠤᠭ᠎ᠠ) ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠭᠰᠠᠨ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
     ᠳᠠᠯᠠᠨ ᠲᠠᠪᠤᠳᠤᠭ᠋ᠠᠷ ᠵᠦᠢ᠍ᠯ᠄ ᠲᠣᠰ ᠳᠦᠷᠢᠮ᠎ᠤᠨ ᠠᠷᠪᠠᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ᠎ᠠᠴᠠ ᠵᠥᠷᠢᠴᠡᠵᠦ᠂  ᠢᠵᠢ ᠪᠦᠷᠢᠳᠦᠭᠦᠯᠦᠭᠰᠡᠨ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢ ᠲᠣᠭᠲᠠᠭ᠋ᠠᠯ ᠶᠣᠰᠣᠭ᠋ᠠᠷ ᠪᠠᠢ᠌ᠭᠤᠯᠤᠭᠰᠠᠨ ᠦᠭᠡᠢ ᠪᠥᠭᠡᠳ ᠦᠨ᠎ᠡ ᠲᠥᠯᠥᠪᠦᠷᠢ ᠦᠭᠡᠢ᠎ᠪᠠᠷ ᠲᠤᠰᠢᠶᠠᠨ ᠥᠭᠴᠦ ᠬᠡᠷᠡᠭᠯᠡᠭᠦᠯᠦᠭᠰᠡᠨ ᠦᠭᠡᠢ  ᠪᠤᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠎ᠤᠨ᠎ᠬᠢᠨ ᠲᠤᠬᠳᠠᠬᠰᠠᠨ ᠬᠤᠭᠤᠴᠠᠭ᠋ᠠᠨ᠎ᠳᠤ ᠵᠠᠯᠠᠷᠠᠭᠤᠯᠬᠤ ᠵᠢ ᠵᠠᠷᠯᠢᠬᠳᠠᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠢᠵᠢ ᠪᠦᠷᠢᠳᠦᠭᠦᠯᠦᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠪᠠᠢ᠌ᠭᠤᠯᠤᠭᠰᠠᠨ ᠦᠨ᠎ᠡ ᠵᠢᠨ ᠬᠣᠶᠠᠷ ᠳᠠᠬᠢᠨ᠎ᠠᠴᠠ ᠲᠠᠪᠤᠨ ᠳᠠᠬᠢᠨ᠎ᠤ ᠲᠤᠳᠤᠷ᠎ᠠ ᠵᠣᠭᠣᠰ ᠵᠶ᠋ᠠᠷ ᠲᠤᠷᠭ᠋ᠠᠨ᠎ᠠ᠃
     ᠳᠠᠯᠠᠨ ᠵᠢᠷᠭᠤᠳᠤᠭ᠋ᠠᠷ ᠵᠦᠢ᠍ᠯ᠄ ᠲᠣᠰ ᠳᠦᠷᠢᠮ᠎ᠤᠨ ᠠᠷᠪᠠᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠨ᠂ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠬᠡᠷᠡᠭᠯᠡᠯᠲᠡ ᠵᠢᠨ ᠰᠢᠨᠵᠢ ᠴᠢᠨᠠᠷ᠎ᠢ ᠳᠤᠷ᠎ᠠ᠎ᠪᠠᠷ ᠵᠶ᠋ᠠᠨ ᠬᠤᠪᠢᠷᠠᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ  ᠲᠦᠬᠦᠬᠡᠷᠤᠮᠵᠢ ᠵᠢ ᠡᠵᠡᠯᠡᠭᠰᠡᠨ᠂ ᠬᠣᠬᠢᠷᠠᠭᠤᠯᠤᠭᠰᠠᠨ ᠪᠤᠶᠤ ᠳᠤᠷ᠎ᠠ᠎ᠪᠠᠷ ᠵᠶ᠋ᠠᠨ ᠨᠤᠷᠠᠭ᠋ᠠᠭᠰᠠᠨ  ᠪᠤᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠭᠤᠯᠵᠤ᠂ ᠬᠠᠤᠯᠢ᠎ᠠᠴᠠ ᠵᠥᠷᠢᠴᠡᠵᠦ ᠣᠯᠣᠭᠰᠠᠨ ᠣᠯᠵᠠᠪᠤᠷᠢ ᠪᠠᠢ᠌ᠪᠠᠯ ᠬᠤᠷᠢᠶᠠᠵᠤ ᠠᠪᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ 5 ᠲᠦᠮᠨ᠎ᠠᠴᠠ 10 ᠲᠦᠮᠡᠨ ᠲᠥᠭᠥᠷᠢᠭ᠎ᠤᠨ ᠲᠤᠳᠤᠷ᠎ᠠ ᠵᠣᠭᠣᠰ ᠵᠶ᠋ᠠᠷ ᠲᠤᠷᠭ᠋ᠠᠨ᠎ᠠ᠃ ᠦᠢ᠍ᠯᠡ ᠪᠠᠢ᠌ᠳᠠᠯ᠎ᠨᠢ ᠨᠣᠴᠢᠲᠠᠢ  ᠪᠤᠯ 10 ᠲᠦᠮᠨ᠎ᠠᠴᠠ 30 ᠲᠦᠮᠡᠨ ᠲᠥᠭᠥᠷᠢᠭ ᠲᠤᠳᠤᠷ᠎ᠠ ᠵᠣᠭᠣᠰ ᠵᠶ᠋ᠠᠷ ᠲᠤᠷᠭ᠋ᠠᠨ᠎ᠠ᠃
     ᠳᠠᠯᠠᠨ ᠳᠣᠯᠣᠳᠤᠭ᠋ᠠᠷ ᠵᠦᠢ᠍ᠯ᠄ ᠲᠣᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠲᠠᠷᠠᠭ᠋ᠠᠬᠢ ᠠᠵᠢᠯᠯᠠᠭ᠎ᠠ ᠵᠢᠨ ᠠᠯᠢ ᠨᠢᠭᠡ ᠵᠢ ᠬᠢᠪᠡᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠠᠯᠠᠷᠠᠭᠤᠯᠬᠤ ᠵᠢ ᠵᠠᠷᠯᠢᠬᠳᠠᠵᠤ᠂ ᠰᠡᠷᠡᠮᠵᠢᠯᠡᠬᠦᠯᠤᠨ᠎ᠡ᠃ ᠦᠢᠯᠡ ᠪᠠᠢ᠌ᠳᠠᠯ᠎ᠨᠢ ᠨᠣᠴᠢᠲᠠᠢ ᠪᠤᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠦᠮᠨ᠎ᠠᠴᠠ 3 ᠲᠦᠮᠡᠨ ᠲᠥᠭᠥᠷᠢᠭ᠎ᠤᠨ ᠲᠤᠳᠤᠷ᠎ᠠ ᠵᠣᠭᠣᠰ ᠵᠶ᠋ᠠᠷ ᠲᠣᠷᠭ᠋ᠠᠨ᠎ᠠ᠄ (ᠨᠢᠭᠡ) ᠪᠠᠢ᠌ᠭᠤᠯᠤᠮᠵᠢ᠎ᠳᠤ ᠢᠷᠡᠬᠦ ᠰᠠᠭᠤᠬᠤ ᠦᠶ᠎ᠡ᠎ᠳᠤ ᠲᠤᠬᠳᠠᠭ᠋ᠠᠯ ᠶᠤᠰᠤᠭ᠋ᠠᠷ  ᠦᠨᠡᠯᠡᠭᠰᠡᠨ ᠦᠭᠡᠢ᠃ (ᠬᠣᠶᠠᠷ)  ᠪᠠᠢ᠌ᠭᠤᠯᠤᠮᠵᠢ᠎ᠳᠤ ᠰᠠᠭᠤᠭ᠎ᠠ ᠨᠠᠰᠤᠲᠠᠨ ᠪᠤᠶᠤ ᠣᠷᠣᠯᠠᠭᠴᠢ᠎ᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠯᠡᠯᠴᠡᠭᠡᠷ ᠦᠯᠦ ᠲᠣᠭᠲᠠᠭ᠋ᠠᠭᠰᠠᠨ᠃ (ᠭᠤᠷᠪᠠ) ᠲᠣᠭᠲᠠᠭ᠋ᠠᠭᠰᠠᠨ ᠪᠠᠷᠢᠮᠵᠢᠶ᠎ᠠ ᠪᠤᠶᠤ ᠵᠢᠷᠤᠮᠵᠢᠯ ᠶᠣᠰᠣᠭ᠋ᠠᠷ ᠦᠢ᠍ᠯᠡᠴᠢᠯᠡᠭᠡ ᠦᠯᠦ ᠬᠠᠩᠭ᠋ᠠᠭᠰᠠᠨ᠃ (ᠳᠥᠷᠪᠡ) ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠲᠶᠦᠬᠦᠬᠡᠷᠤᠮᠵᠢ ᠵᠢ ᠠᠰᠢᠭᠯᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠣᠷᠢᠯᠲᠠ᠎ᠲᠠᠢ ᠬᠠᠮᠢᠶ᠎ᠠ ᠦᠭᠡᠢ ᠠᠵᠢᠯᠯᠠᠭ᠎ᠠ ᠥᠷᠨᠢᠭᠦᠯᠦᠭᠰᠡᠨ᠃ (ᠲᠠᠪᠤ) ᠦᠢ᠍ᠯᠡᠴᠢᠯᠡᠭᠡ᠎ᠪᠠᠨ ᠲᠦᠷ ᠵᠣᠭᠰᠤᠭ᠋ᠠᠬᠤ ᠪᠤᠶᠤ ᠳᠠᠭᠤᠰᠬᠠᠬᠤ᠎ᠳᠤ᠎ᠪᠠᠨ ᠪᠠᠢ᠌ᠭᠤᠯᠤᠮᠵᠢ᠎ᠳᠤ ᠰᠠᠭᠤᠭ᠎ᠠ ᠨᠠᠰᠤᠲᠠᠢ᠌ᠴᠤᠳ᠎ᠢ ᠲᠣᠭᠲᠠᠭ᠋ᠠᠯ ᠶᠣᠰᠣᠭ᠋ᠠᠷ ᠲᠣᠬᠢᠲᠠᠢ ᠲᠥᠪᠬᠢᠨᠡᠭᠦᠯᠦᠭᠰᠡᠨ ᠦᠭᠡᠢ᠃ ᠡᠮᠦᠨᠡᠬᠢ ᠦᠢ᠍ᠯᠡ ᠠᠵᠢᠯᠯᠠᠭ᠎ᠠ ᠵᠢᠨ ᠠᠯᠢ ᠨᠢᠭᠡ ᠵᠢ ᠬᠢᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠬᠣᠯᠪᠣᠭᠳᠠᠯ ᠪᠦᠬᠦᠢ ᠲᠡᠳᠬᠦᠮᠵᠢ᠂ ᠬᠠᠷᠠᠭ᠋ᠠᠯᠵᠠᠯ᠎ᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠵᠣᠭᠰᠤᠭ᠋ᠠᠬᠤ ᠪᠤᠶᠤ ᠬᠦᠴᠦᠨ ᠦᠭᠡᠢ ᠪᠣᠯᠭ᠋ᠠᠵᠤ ᠪᠣᠯᠣᠨ᠎ᠠ᠃
     ᠳᠠᠯᠠᠨ ᠨᠠᠢ᠍ᠮᠠᠳᠤᠭ᠋ᠠᠷ ᠵᠦᠢ᠍ᠯ᠄ ᠲᠣᠰ ᠳᠦᠷᠢᠮ᠎ᠤᠨ ᠲᠠᠪᠢᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠨᠢ ᠨᠠᠰᠤᠲᠠᠢ᠌ᠴᠤᠳ᠎ᠢ ᠬᠠᠷᠢᠶᠠᠵᠤ᠂ ᠳᠣᠷᠣᠮᠵᠢᠯᠠᠵᠤ᠂ ᠬᠠᠯᠠ ᠦᠵᠡᠭᠦᠯᠵᠦ᠂ ᠵᠣᠳᠣᠭᠰᠠᠨ᠂ ᠨᠠᠰᠤᠲᠠᠢ᠌ᠴᠤᠳ᠎ᠤᠨ ᠡᠳ᠋ ᠮᠥᠩᠭᠥ ᠵᠢ ᠬᠤᠯᠠᠭ᠋ᠠᠢ᠌ᠯᠠᠵᠤ᠂ ᠮᠡᠬᠡᠯᠡᠨ ᠠᠪᠬᠤ᠂ ᠠᠯᠪᠠᠳᠠᠯᠭ᠎ᠠ᠎ᠪᠠᠷ  ᠠᠪᠬᠤ ᠪᠤᠶᠤ ᠵᠣᠷᠢᠭᠤᠳᠠ ᠰᠦᠢ᠍ᠳᠬᠡᠵᠦ᠂ ᠦᠢ᠍ᠯᠡᠴᠢᠯᠡᠭᠡᠨ᠎ᠤ ᠠᠵᠢᠯᠯᠠᠭ᠎ᠠ ᠵᠢᠨ ᠳᠤᠮᠳᠠ ᠣᠯᠵᠤ ᠮᠡᠳᠡᠭᠰᠡᠨ ᠨᠠᠰᠤᠲᠠᠢ᠌ᠴᠤᠳ᠎ᠤᠨ ᠬᠤᠪᠢ ᠵᠢᠨ ᠨᠢᠭᠤᠴᠠ ᠵᠢ ᠵᠠᠳᠠᠷᠠᠭᠤᠯᠤᠭᠰᠠᠨ ᠪᠤᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ  ᠰᠢᠬᠦᠮᠵᠢᠯᠡᠵᠤ᠂  ᠵᠠᠯᠠᠷᠠᠭᠤᠯᠬᠤ ᠵᠢ ᠵᠠᠷᠯᠢᠬᠳᠠᠨ᠎ᠠ; ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢ ᠵᠥᠷᠢᠴᠡᠭᠰᠡᠨ ᠠᠵᠢᠯᠯᠠᠭ᠎ᠠ ᠪᠤᠯᠤᠬᠰᠠᠨ ᠪᠤᠯ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠬᠡᠯ ᠥᠭᠭᠦᠨ᠎ᠡ᠃ ᠶᠠᠯ᠎ᠠ ᠪᠤᠯᠤᠬᠰᠠᠨ ᠪᠤᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
     ᠳᠠᠯᠠ ᠶᠢᠰᠦᠳᠦᠭᠡᠷ ᠵᠦᠢ᠍ᠯ᠄ ᠲᠤᠰ ᠳᠦᠷᠢᠮ᠎ᠤᠨ ᠵᠢᠷᠠᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠨ᠂ ᠳᠠᠩᠰᠠᠯᠠᠭᠤᠯᠬᠤ ᠵᠡᠷᠭᠡ ᠬᠠᠮᠢᠶ᠎ᠠ ᠪᠦᠬᠦᠢ ᠭᠠᠷᠳᠠᠮ᠎ᠢ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ᠎ᠪᠠᠷ ᠨᠠᠰᠤᠵᠢᠯ᠎ᠤᠨ ᠠᠰᠠᠷᠠᠮᠵᠢ  ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠦᠭᠰᠡᠨ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠎ᠤᠨ ᠣᠷᠳᠣᠨ᠎ᠤ ᠠᠷᠠᠳ᠎ᠤᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ᠎ᠬᠢᠨ ᠬᠠᠤᠯᠢ ᠶᠣᠰᠣᠭ᠋ᠠᠷ ᠰᠢᠢ᠍ᠳᠪᠦᠷᠢᠯᠡᠨ᠎ᠡ᠃


ᠠᠷᠪᠠᠳᠤᠭ᠋ᠠᠷ ᠪᠦᠯᠦᠭ  ᠲᠠᠭ᠋ᠠᠯᠳᠤᠭᠤᠯᠤᠬᠰᠠᠨ ᠳᠦᠷᠢᠮ


     ᠨᠠᠶᠠᠳᠤᠭ᠋ᠠᠷ ᠵᠦᠢ᠍ᠯ᠄ ᠲᠤᠰ ᠳᠦᠷᠢᠮ᠎ᠢ 2022 ᠣᠨ᠎ᠤ 1 ᠳ᠋ᠤᠬᠡᠷ ᠰᠠᠷ᠎ᠠ ᠵᠢᠨ 1᠎ᠤ ᠡᠳᠦᠷ᠎ᠠᠴᠠ  ᠬᠡᠷᠡᠭᠵᠢᠭᠦᠯᠦᠨ᠎ᠡ᠃


  ᠤᠷᠴᠢᠭᠤᠯᠤᠬ᠍ᠴᠢ ᠵᠢᠨ ᠬᠠᠶᠢᠭ᠄ ᠦᠪᠤᠷ ᠮᠤᠡᠭᠭᠤᠯ᠎ᠤᠨ ᠰᠤᠷᠭ᠋ᠠᠨ ᠬᠦᠮᠤᠵᠢᠯ᠎ᠤᠨ ᠬᠡᠪᠯᠡᠯ᠎ᠤᠨ ᠬᠤᠷᠢᠶ᠎ᠠ

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠦᠷᠢᠮ》ᠨᠢᠭᠡᠳᠦᠭᠡᠷ ᠪᠦᠯᠦᠭ ᠶᠡᠷᠦᠩᠬᠡᠢ ᠳᠦᠷᠢᠮ
《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠦᠷᠢᠮ》 ᠬᠣᠶᠠᠳᠤᠭ᠋ᠠᠷ ᠪᠦᠯᠦᠭ ᠭᠠᠵᠠᠷ᠎ᠤᠨ ᠨᠡᠷ᠎ᠡ ᠵᠢ ᠨᠡᠷᠡᠢ᠌ᠳᠬᠦ᠂ ᠨᠡᠷᠡᠰ᠎ᠢ ᠬᠠᠯᠠᠬᠤ
《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠦᠷᠢᠮ》 ᠭ᠊ ᠊ᠤᠷᠪᠠᠳᠤᠭ᠋ᠠᠷ ᠪᠦᠯᠦᠭ ᠭᠠᠵᠠᠷ᠎ᠤᠨ ᠨᠡᠷᠡᠰ᠎ᠢ ᠬᠡᠷᠡᠭᠯᠡᠬᠦ
《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠦᠷᠢᠮ》 ᠳᠥᠷᠪᠡᠳᠦᠭᠡᠷ ᠪᠦᠯᠦᠭ ᠭᠠᠵᠠᠷ᠎ᠤᠨ ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ
ᠭᠠᠵᠠᠷ᠎ᠤᠨ ᠨᠡᠷᠡᠰ᠎ᠤᠨ ᠬᠠᠮᠢᠶᠠᠷᠤᠯᠳᠠ ᠵᠢᠨ ᠲᠦᠷᠢᠮ᠄ ᠲᠠᠪᠤᠳᠤᠭ᠋ᠠᠷ ᠪᠦᠯᠦᠭ ᠬᠢᠨᠠᠯᠲᠠ ᠲᠠᠯᠪᠢᠬᠤ᠂ ᠪᠠᠢ᠌ᠴᠠᠭ᠋ᠠᠬᠤ
 
            