ᠬᠡᠬᠡᠨᠳᠤᠶᠠᠭ᠎ᠠ ᠤᠷᠴᠢᠭᠤᠯᠪᠠ
ᠳᠣᠯᠣᠳᠤᠭ᠋ᠠᠷ ᠪᠦᠯᠦᠭ ᠲᠡᠳᠬᠦᠮᠵᠢ ᠵᠢᠨ ᠪᠠᠲᠤᠯᠠᠭ᠎ᠠ
ᠲᠠᠪᠢᠨ ᠭᠤᠷᠪᠠᠳᠤᠭ᠋ᠠᠷ ᠵᠦᠢ᠍ᠯ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠦᠪᠰᠢᠨ᠂ ᠡᠳ᠋᠎ᠤᠨ ᠵᠠᠰᠠᠭ᠎ᠤᠨ ᠪᠠᠢ᠌ᠳᠠᠯ ᠪᠣᠯᠣᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠡᠷᠭᠡ ᠪᠠᠢ᠌ᠳᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠷᠢᠨ ᠬᠠᠭᠤᠳᠠᠰᠤ ᠵᠢ ᠲᠣᠭᠲᠠᠭ᠋ᠠᠬᠤ ᠵᠢᠨ ᠬᠠᠮᠲᠤ ᠨᠡᠢ᠌ᠲᠡᠯᠡᠬᠦ ᠬᠡᠷᠡᠭᠲᠡᠢ᠃
ᠠᠢ᠌ᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠭᠠᠵᠠᠷ ᠣᠷᠣᠨ᠎ᠤ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠷᠢᠨ ᠬᠠᠭᠤᠳᠠᠰᠤ ᠵᠢᠨ ᠰᠠᠭᠤᠷᠢᠨ ᠳᠡᠭᠡᠷ᠎ᠡ᠂ ᠦᠢ᠍ᠯᠡᠴᠢᠯᠡᠭᠡᠨ᠎ᠤ ᠠᠭᠤᠯᠭ᠎ᠠ᠎ᠪᠠᠨ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠵᠦ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠷᠢᠨ ᠬᠠᠭᠤᠳᠠᠰᠤ ᠵᠢ ᠲᠤᠬᠳᠠᠭ᠋ᠠᠵᠤ ᠨᠡᠢ᠌ᠲᠡᠯᠡᠬᠦ ᠵᠢᠨ ᠬᠠᠮᠲᠤ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠳᠠᠩᠰᠠᠯᠠᠭᠤᠯᠤᠨ᠎ᠠ᠃
ᠲᠠᠪᠢᠨ ᠳᠥᠷᠪᠡᠳᠦᠭᠡᠷ ᠵᠦᠢ᠍ᠯ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠦᠭᠬᠦ ᠵᠢᠨ ᠵᠢᠯᠤᠭᠣᠳᠬᠤ ᠴᠢᠨᠠᠷᠲᠠᠢ ᠭᠠᠷᠴᠠᠭ᠎ᠲᠤ ᠣᠷᠣᠭᠤᠯᠬᠤ ᠬᠡᠷᠡᠭᠲᠡᠢ᠃
ᠠᠢ᠌ᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠷᠴᠠᠭ᠎ᠤᠨ ᠶᠣᠰᠣᠭ᠋ᠠᠷ ᠵᠠᠰᠠᠭ᠎ᠤᠨ ᠣᠷᠳᠣᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠴᠤ ᠦᠭᠭᠦ ᠵᠢ ᠠᠬᠢᠭᠤᠯᠵᠤ᠂ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠰᠤᠪᠢᠯᠠᠯᠲᠠ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ ᠵᠡᠷᠭᠡ ᠦᠢ᠍ᠯᠡᠴᠢᠯᠡᠭᠡ ᠵᠢ ᠭᠣᠣᠯᠳᠠᠯᠭ᠎ᠠ᠎ᠲᠠᠢ ᠬᠤᠳᠠᠯᠳᠤᠨ ᠠᠪᠴᠤ ᠦᠭᠭᠦᠨ᠎ᠡ᠃
ᠲᠠᠪᠢᠨ ᠲᠠᠪᠤᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠤᠭᠤᠳ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠳᠠᠭ᠋ᠠᠳᠬᠠᠯ᠂ ᠠᠰᠠᠷᠠᠮᠵᠢ ᠪᠠ. ᠲᠤᠰᠠᠯᠠᠮᠵᠢ ᠵᠢ ᠬᠠᠷᠢᠯᠴᠠᠨ ᠵᠣᠯᠭ᠋ᠠᠭᠤᠯᠤᠭᠰᠠᠨ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ ᠪᠠᠲᠤᠯᠠᠭ᠎ᠠ ᠵᠢᠨ ᠳᠦᠷᠢᠮ᠎ᠢ ᠪᠠᠢ᠌ᠭᠤᠯᠵᠤ᠂ ᠪᠡᠶ᠎ᠡ᠎ᠳᠤ᠎ᠪᠠᠨ ᠵᠦᠪ ᠦᠬᠡᠢ ᠪᠤᠯᠤᠭ᠋ᠠᠳ ᠤᠳᠠᠵᠤ ᠪᠠᠢ᠌ᠭ᠎ᠠ ᠨᠠᠰᠤᠲᠠᠢ᠌ᠴᠤᠳ ᠬᠣᠲᠠ ᠬᠥᠳᠡᠭᠡ ᠵᠢᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠠᠰᠠᠷᠠᠮᠵᠢ ᠵᠢᠨ ᠦᠢ᠍ᠯᠡᠴᠢᠯᠡᠬᠡ᠂ ᠪᠠᠢ᠌ᠭᠤᠯᠤᠮᠵᠢ ᠵᠢᠨ ᠨᠠᠰᠤᠵᠢᠯ᠎ᠤᠨ ᠦᠢ᠍ᠯᠡᠴᠢᠯᠡᠭᠡ ᠵᠢ ᠦᠷᠭᠦᠯᠵᠢᠯᠡᠨ ᠭᠥᠷᠳᠡᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ᠃
ᠲᠠᠪᠢᠨ ᠵᠢᠷᠭᠤᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠬᠦ ᠳᠦᠷᠢᠮ᠎ᠢ ᠪᠦᠷᠢᠨᠰᠢᠭᠦᠯᠵᠦ᠂ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠨᠠᠰᠤᠲᠠᠢ᠌ᠴᠤᠳ᠎ᠲᠤ ᠤᠯᠤᠰ᠎ᠤᠨ ᠨᠢᠭᠡᠳᠦᠯᠲᠡᠢ ᠪᠠᠷᠢᠮᠵᠢᠶ᠎ᠠ ᠶᠣᠰᠣᠭ᠋ᠠᠷ ᠴᠢᠳᠠᠪᠤᠷᠢ ᠵᠢᠨ ᠶᠡᠷᠦᠩᠬᠡᠢ᠌ᠯᠡᠭᠰᠡᠨ ᠦᠨᠡᠯᠡᠯᠳᠡ ᠬᠢᠵᠤ ᠦᠭᠭᠦ ᠬᠡᠷᠡᠭᠲᠡᠢ᠃ ᠮᠥᠨ ᠦᠨᠡᠯᠡᠯᠳᠡ ᠵᠢᠨ ᠳ᠋ᠦᠩ᠎ᠢ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠢ᠍ᠯᠡᠴᠢᠯᠡᠭᠡ ᠵᠢ ᠭᠥᠯᠢᠶᠡᠨ ᠠᠪᠬᠤ ᠦᠨᠳᠦᠰᠦᠯᠡᠯ ᠪᠣᠯᠭ᠋ᠠᠨ᠎ᠠ᠃
ᠲᠠᠪᠢᠨ ᠳᠣᠯᠣᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠠᠰᠤᠲᠠᠢ᠌ᠴᠤᠳ᠎ᠤᠨ ᠦᠳᠡᠬᠦᠰ᠎ᠤᠨ ᠨᠦᠬᠦᠪᠤᠷᠢ᠂ ᠠᠮᠢᠳᠤᠷᠠᠯ᠎ᠨᠢ ᠬᠦᠴᠢᠷᠳᠡᠯᠲᠡᠢ ᠨᠠᠰᠤᠲᠠᠢ᠌ᠴᠤᠳ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠨᠥᠬᠥᠪᠦᠷᠢ᠂ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠭ᠋ᠠᠵᠤ ᠳᠡᠶ᠋ᠢᠯᠬᠦ ᠦᠭᠡᠢ ᠭᠡᠵᠦ ᠮᠠᠭ᠋ᠠᠳᠯᠠᠨ ᠲᠣᠭᠲᠠᠭ᠋ᠠᠭᠰᠠᠨ ᠬᠦᠴᠢᠷᠳᠡᠯᠳᠡᠢ ᠨᠠᠰᠤᠲᠠᠢ᠌ᠴᠤᠳ᠎ᠢ ᠠᠰᠠᠷᠠᠨ ᠰᠤᠪᠢᠯᠠᠬᠤ ᠨᠥᠬᠥᠪᠦᠷᠢ᠂ ᠨᠠᠰᠤᠲᠠᠢ᠌ᠴᠤᠳ᠎ᠤᠨ ᠡᠨᠳᠡᠯ᠎ᠤᠨ ᠭᠡᠮᠲᠦᠯ᠎ᠤᠨ ᠳᠠᠭ᠋ᠠᠳᠬᠠᠯ ᠵᠡᠷᠭᠡ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠳᠦᠷᠢᠮ᠎ᠢ ᠪᠦᠷᠢᠨᠰᠢᠭᠦᠯᠬᠦ ᠬᠡᠷᠡᠭᠲᠡᠢ᠃
ᠲᠠᠪᠢᠨ ᠨᠠᠢ᠍ᠮᠠᠳᠤᠭ᠋ᠠᠷ ᠵᠦᠢ᠍ᠯ᠄ ᠨᠥᠬᠥᠴᠡᠯ᠎ᠳᠤ ᠨᠡᠶ᠋ᠢᠴᠡᠬᠦ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠤᠭᠤᠳ ᠵᠣᠬᠢᠴᠠᠩᠭᠤᠢ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠂ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠯᠲᠠ ᠵᠢ ᠬᠠᠰᠤᠵᠤ ᠬᠡᠯᠲᠦᠷᠢᠭᠦᠯᠬᠦ ᠪᠠ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ᠂ ᠡᠵᠡᠩᠨᠡᠯᠲᠡ ᠵᠢᠨ ᠨᠥᠬᠥᠪᠦᠷᠢ ᠵᠡᠷᠭᠡ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢ ᠬᠠᠤᠯᠢ ᠶᠣᠰᠣᠭ᠋ᠠᠷ ᠬᠦᠷᠲᠡᠵᠦ ᠪᠣᠯᠣᠨ᠎ᠠ᠃
ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠤᠷᠤᠬᠤ ᠵᠢ ᠵᠣᠷᠢᠭᠵᠢᠭᠤᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠭᠰᠠᠨ ᠪᠠᠢ᠌ᠪᠠᠯ᠂ ᠵᠣᠬᠢᠴᠠᠩᠭᠤᠢ ᠨᠥᠬᠥᠪᠦᠷᠢ ᠣᠯᠵᠤ ᠪᠣᠯᠣᠨ᠎ᠠ᠃
ᠲᠠᠪᠢ ᠶᠢᠰᠦᠳᠦᠭᠡᠷ ᠵᠦᠢ᠍ᠯ᠄ ᠮᠦᠡᠭᠭᠦᠨ ᠬᠦᠢ᠍ᠯᠬᠡᠬᠡᠨ᠎ᠤ ᠪᠠᠢ᠌ᠭᠤᠯᠤᠮᠵᠢ ᠪᠠᠩᠬᠢ ᠵᠢᠨ ᠵᠢᠭᠡᠯᠡᠯᠭᠡ᠂ ᠪᠡᠯᠡ ᠬᠤᠷᠠᠮᠳᠤᠭᠤᠯᠬᠤ ᠲᠦᠷᠢᠶᠡᠰᠤᠯᠡᠬᠦᠯᠬᠦ᠂ ᠢᠲᠡᠭᠡᠮᠵᠢᠲᠦ ᠨᠠᠶ᠋ᠢᠳᠠᠯᠭ᠎ᠠ ᠵᠢᠨ ᠲᠥᠯᠥᠪᠯᠡᠭᠡ ᠵᠡᠷᠬᠡ ᠠᠷᠭ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠪᠠ ᠬᠣᠯᠪᠣᠭᠳᠠᠯ ᠪᠦᠬᠦᠢ ᠠᠵᠤ ᠠᠬᠤᠢ᠌ᠯᠠᠯ᠎ᠳᠤ ᠪᠡᠯᠨ ᠬᠤᠷᠠᠮᠳᠤᠭᠤᠯᠬᠤ ᠲᠡᠮᠵᠢᠯᠬᠡ ᠦᠵᠡᠬᠦᠯᠬᠦ ᠵᠢ ᠵᠣᠷᠢᠭᠵᠢᠭᠤᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡᠨ᠎ᠤ ᠬᠥᠭᠵᠢᠯᠲᠡ ᠵᠢ ᠠᠬᠢᠭᠤᠯᠵᠤ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠨᠠᠰᠤᠲᠠᠢ᠌ᠴᠤᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠣᠯᠠᠨ ᠶᠠᠡᠭᠵᠤ᠎ᠳᠤ ᠨᠠᠰᠤᠵᠢᠯ᠎ᠤᠨ ᠠᠰᠠᠷᠠᠮᠵᠢ ᠵᠢᠨ ᠮᠥᠩᠭᠥᠨ ᠭᠦᠢ᠍ᠯᠭᠡᠭᠡᠨ᠎ᠤ ᠦᠢ᠍ᠯᠡᠳᠬᠦᠨ᠎ᠢ ᠨᠡᠭᠡᠭᠡᠨ ᠬᠥᠭᠵᠢᠭᠦᠯᠬᠦ ᠵᠢ ᠳᠡᠮᠵᠢᠵᠦ᠂ ᠨᠡᠢ᠌ᠭᠡᠮ᠎ᠤᠨ ᠨᠠᠰᠤᠵᠢᠯ᠎ᠤᠨ ᠠᠰᠠᠷᠠᠮᠵᠢ ᠵᠢᠨ ᠡᠳ᠋ ᠪᠠᠶᠠᠯᠢᠭ᠎ᠤᠨ ᠨᠥᠭᠡᠴᠡ ᠵᠢ ᠨᠡᠮᠡᠭᠳᠡᠬᠦᠯᠤᠨ᠎ᠡ᠃
ᠵᠢᠷᠠᠳᠤᠭ᠋ᠠᠷ ᠵᠦᠢ᠍ᠯ᠄ ᠳᠡᠭᠡᠳᠦ ᠰᠤᠷᠭ᠋ᠠᠭᠤᠯᠢ ᠪᠣᠯᠣᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠪᠠ ᠬᠢᠴᠢᠶᠡᠯ ᠨᠡᠭᠡᠭᠡᠬᠦ ᠵᠢ ᠥᠪᠡᠷᠲᠡᠭᠡᠨ ᠵᠠᠰᠠᠬᠤ ᠣᠷᠣᠨ᠎ᠠᠴᠠ ᠳᠡᠮᠵᠢᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠰᠣᠷᠣᠭᠴᠢ ᠡᠯᠰᠡᠬᠦ ᠬᠡᠪᠴᠢᠶ᠎ᠡ ᠵᠢ ᠥᠷᠭᠡᠳᠬᠡᠨ᠎ᠡ᠃
ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠢ᠌ᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠬᠢᠴᠢᠶᠡᠯ ᠨᠡᠭᠡᠭᠡᠬᠦ ᠵᠢ ᠵᠣᠷᠢᠭᠵᠢᠭᠤᠯᠵᠤ᠂ ᠠᠵᠢᠯ᠎ᠤᠨ ᠪᠠᠢ᠌ᠷᠢ᠎ᠳᠤ ᠭᠠᠷᠬᠤ᠂ ᠠᠵᠢᠯ᠎ᠤᠨ ᠪᠠᠢ᠌ᠷᠢ ᠰᠣᠯᠢᠬᠤ᠂ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠡᠯ᠎ᠡ ᠲᠥᠷᠥᠯ᠎ᠤᠨ ᠪᠣᠯᠪᠠᠰᠤᠷᠠᠯ᠎ᠢ ᠥᠷᠨᠢᠭᠦᠯᠦᠨ᠎ᠡ᠃
ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶ᠎ᠠ ᠪᠦᠬᠦᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠲᠤᠰᠬᠠᠢ ᠮᠡᠷᠭᠡᠵᠢᠯ᠎ᠤᠨ ᠣᠨᠣᠯ᠎ᠤᠨ ᠮᠡᠳᠡᠯᠭᠡ ᠪᠠ ᠦᠢ᠍ᠯᠡᠳᠦᠯᠭᠡ ᠵᠢᠨ ᠤᠷ᠎ᠠ ᠴᠢᠳᠠᠪᠤᠷᠢ᠎ᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠦᠨ᠎ᠡ᠃
ᠵᠢᠷᠠᠨ ᠨᠢᠭᠡᠳᠦᠭᠡᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠣᠲᠠ ᠬᠥᠳᠡᠭᠡ ᠵᠢᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠯᠤᠭ᠎ᠠ ᠵᠣᠯᠭ᠋ᠠᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠂ ᠲᠥᠷᠥ ᠵᠢᠨ ᠪᠣᠳᠣᠯᠭ᠎ᠠ ᠵᠢᠨ ᠯᠠᠪᠯᠠᠭ᠎ᠠ ᠥᠭᠬᠦ᠂ ᠰᠦᠯᠵᠢᠶᠡᠨ ᠲᠡᠬᠡᠷ᠎ᠡ ᠦᠢ᠍ᠯᠡᠴᠢᠯᠡᠬᠦ ᠵᠡᠷᠬᠡ ᠦᠢ᠍ᠯᠡᠴᠢᠯᠡᠬᠡ ᠬᠠᠡᠭᠭ᠋ᠠᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠡᠬᠢ ᠪᠠᠶᠠᠯᠢᠭ᠎ᠤᠨ ᠮᠡᠳᠡᠭᠡ ᠵᠠᠩᠭᠢ ᠵᠢ ᠡᠮᠬᠢᠯᠡᠨ ᠨᠡᠢ᠌ᠯᠡᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠬᠠᠮᠵᠢᠯᠴᠠᠨ ᠬᠠᠮᠲᠤᠷᠠᠯᠴᠠᠬᠤ ᠪᠠ ᠮᠡᠳᠡᠭᠡ ᠵᠠᠩᠭᠢ ᠵᠢ ᠬᠠᠮᠳᠤ᠎ᠪᠠᠷ ᠭᠥᠷᠳᠡᠬᠦ ᠵᠢ ᠪᠡᠶᠡᠯᠡᠭᠦᠯᠬᠦ ᠬᠡᠷᠡᠭᠲᠡᠢ᠃
ᠵᠢᠷᠠᠨ ᠬᠣᠶᠠᠳᠤᠭ᠋ᠠᠷ ᠵᠦᠢ᠍ᠯ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠶᠠᠩᠵᠤ ᠵᠢᠨ ᠨᠠᠰᠤᠵᠢᠯ᠎ᠤᠨ ᠦᠢ᠍ᠯᠡᠴᠢᠯᠡᠭᠡ ᠪᠠ ᠦᠢ᠍ᠯᠡᠳᠬᠦᠨ᠎ᠤ ᠬᠠᠩᠭ᠋ᠠᠯᠭ᠎ᠠ ᠵᠢ ᠥᠷᠭᠡᠳᠬᠡᠨ᠂ ᠨᠠᠰᠤᠵᠢᠯ᠎ᠤᠨ ᠠᠰᠠᠷᠠᠨ ᠰᠤᠪᠢᠯᠠᠬᠤ ᠦᠢ᠍ᠯᠡᠴᠢᠯᠡᠭᠡ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠬᠡᠷᠡᠭᠰᠡᠯ᠂ ᠣᠶᠤᠨᠴᠢ ᠨᠠᠰᠤᠵᠢᠯ᠎ᠤᠨ ᠠᠰᠠᠷᠠᠮᠵᠢ᠂ ᠨᠠᠰᠤᠲᠠᠢ᠌ᠴᠤᠳ᠎ᠤᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠪᠠᠢ᠌ᠬᠤ᠂ ᠨᠠᠰᠤᠵᠢᠯ᠎ᠤᠨ ᠮᠥᠩᠭᠥᠨ ᠭᠦᠢ᠍ᠯᠭᠡᠭᠡ ᠵᠡᠷᠭᠡ ᠬᠦᠷᠢᠶ᠎ᠡ ᠴᠠᠷᠠᠭ᠎ᠠ᠎ᠳᠤ ᠨᠠᠰᠤᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠭᠣᠣᠯᠳᠠᠯᠭ᠎ᠠ᠎ᠲᠠᠢ ᠠᠬᠢᠭᠤᠯᠬᠤ ᠬᠡᠷᠡᠭᠲᠡᠢ᠃
ᠤᠯᠤᠰ᠎ᠤᠨ ᠥᠮᠴᠢᠯᠡᠯᠲᠦ ᠬᠥᠷᠥᠩᠭᠡ ᠪᠠ ᠨᠡᠢ᠌ᠭᠡᠮ᠎ᠤᠨ ᠬᠥᠷᠥᠩᠭᠡ ᠵᠢᠨ ᠨᠠᠰᠤᠵᠢᠯ᠎ᠤᠨ ᠠᠵᠤ ᠦᠢ᠍ᠯᠡᠰ᠎ᠲᠤ᠎ᠬᠢ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠵᠣᠷᠢᠭᠵᠢᠭᠤᠯᠤᠨ᠎ᠠ᠃
ᠵᠢᠷᠠᠨ ᠭᠤᠷᠪᠠᠳᠤᠭ᠋ᠠᠷ ᠵᠦᠢ᠍ᠯ᠄ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠪᠠᠢ᠌ᠭᠤᠯᠤᠮᠵᠢ ᠪᠠ ᠠᠵᠤ ᠠᠬᠤᠢ᠌ᠯᠠᠯ᠎ᠤᠨ ᠨᠠᠰᠤᠵᠢᠯᠲᠠ᠎ᠳᠤ ᠵᠣᠬᠢᠴᠠᠬᠤ ᠣᠶᠤᠨᠴᠢ ᠦᠢ᠍ᠯᠡᠳᠬᠦᠨ᠎ᠢ ᠰᠤᠳᠤᠯᠤᠨ ᠨᠡᠭᠡᠭᠡᠬᠦ ᠵᠢ ᠵᠣᠷᠢᠭᠵᠢᠭᠤᠯᠵᠤ᠂ ᠨᠠᠰᠤᠲᠠᠢ᠌ᠴᠤᠳ᠎ᠢ ᠬᠥᠲᠥᠯᠥᠨ ᠵᠢᠯᠤᠭᠣᠳᠴᠤ ᠬᠠᠪᠰᠤᠷᠴᠤ ᠪᠠᠢ᠌ᠭ᠋ᠠᠳ ᠮᠡᠳᠡᠭᠡ ᠵᠠᠩᠭᠢᠵᠢᠯᠲᠠ ᠵᠢᠨ ᠨᠡᠢ᠌ᠭᠡᠮ᠎ᠳᠤ ᠠᠭᠤᠰᠤᠯᠴᠠᠭᠤᠯᠤᠨ᠎ᠠ᠃ ᠨᠠᠰᠤᠲᠠᠢ᠌ᠴᠤᠳ᠎ᠲᠤ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ᠎ᠳᠤ᠎ᠪᠠᠨ ᠨᠠᠰᠤᠲᠠᠢ᠌ᠴᠤᠳ᠎ᠤᠨ ᠳᠠᠳᠬᠠᠯ᠎ᠢ ᠭᠦᠢ᠍ᠴᠡᠳ ᠬᠦᠨᠳᠦᠳᠬᠡᠵᠦ᠂ ᠤᠯᠠᠮᠵᠢᠯᠠᠯᠲᠤ ᠦᠢ᠍ᠯᠡᠴᠢᠯᠡᠭᠡᠨ᠎ᠤ ᠠᠷᠭ᠎ᠠ ᠵᠢ ᠦᠯᠡᠳᠡᠭᠡᠵᠦ ᠲᠡᠭᠦᠯᠳᠡᠷᠵᠢᠭᠦᠯᠬᠦ ᠬᠡᠷᠡᠭᠲᠡᠢ᠃
ᠵᠢᠷᠠᠨ ᠳᠥᠷᠪᠡᠳᠦᠭᠡᠷ ᠵᠦᠢ᠍ᠯ᠄ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠨᠢ ᠨᠠᠰᠤᠲᠠᠢ᠌ᠴᠤᠳ᠎ᠲᠤ ᠦᠢ᠍ᠯᠡᠴᠢᠯᠡᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠵᠦ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠭᠡᠷᠡᠴᠢᠯᠡᠬᠦ᠂ ᠦᠨᠡᠯᠡᠬᠦ ᠰᠢᠰᠲᠸᠮ᠎ᠢ ᠲᠡᠭᠦᠯᠳᠡᠷᠵᠢᠭᠦᠯᠦᠨ᠂ ᠰᠠᠢ᠌ᠨ ᠲᠤᠷᠠᠴᠤᠤᠯ᠎ᠤᠨ ᠦᠢ᠍ᠯᠡᠴᠢᠯᠡᠬᠦ ᠴᠠᠭ᠂ ᠦᠢ᠍ᠯᠡᠴᠢᠯᠡᠬᠦ ᠠᠭᠤᠯᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠵᠡᠷᠭᠡ ᠲᠠᠯ᠎ᠠ᠎ᠪᠠᠷ ᠲᠡᠮᠳᠡᠭᠯᠡᠬᠦ ᠪᠠ ᠦᠨᠡᠯᠡᠵᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠱᠠᠩᠨᠠᠬᠤ᠂ ᠬᠠᠷᠢᠭᠤ ᠥᠭᠬᠦ᠂ ᠬᠠᠷᠢᠯᠴᠠᠨ ᠬᠠᠪᠰᠤᠷᠤᠯᠴᠠᠬᠤ ᠵᠡᠷᠭᠡ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
ᠤᠷᠴᠢᠭᠤᠯᠤᠬ᠍ᠴᠢ ᠵᠢᠨ ᠬᠠᠶᠢᠭ᠄ ᠦᠪᠤᠷ ᠮᠤᠡᠭᠭᠤᠯ᠎ᠤᠨ ᠰᠤᠷᠭ᠋ᠠᠨ ᠬᠦᠮᠤᠵᠢᠯ᠎ᠤᠨ ᠬᠡᠪᠯᠡᠯ᠎ᠤᠨ ᠬᠤᠷᠢᠶ᠎ᠠ