ᠬᠤᠤᠰᠪᠠᠶᠠᠷ ᠤᠷᠴᠢᠭᠤᠯᠪᠠ
ᠨᠢᠭᠡᠳᠦᠭᠡᠷ ᠵᠦᠢ᠍ᠯ᠄ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠵᠤ᠂ ᠠᠵᠤ ᠠᠬᠤᠢ ᠨᠡᠢ᠌ᠬᠡᠮ᠎ᠤᠨ ᠬᠥᠭᠵᠢᠯᠲᠡ᠂ ᠠᠷᠠᠳ᠎ᠤᠨ ᠠᠮᠢᠳᠤᠷᠠᠯ ᠪᠠ ᠤᠯᠠᠨ ᠤᠯᠤᠰ᠎ᠤᠨ ᠬᠠᠷᠢᠯᠴᠠᠭ᠋ᠠᠨ᠎ᠤ ᠬᠡᠷᠡᠭᠴᠡᠭᠡ᠎ᠳᠤ ᠵᠣᠬᠢᠴᠠᠭᠤᠯᠤᠨ᠂ ᠳᠤᠮᠳᠠᠳᠤ ᠵᠢᠨ ᠰᠢᠯᠢᠳᠡᠭ ᠰᠣᠶᠣᠯ᠎ᠢ ᠤᠯᠠᠮᠵᠢᠯᠠᠨ ᠬᠥᠭᠵᠢᠭᠦᠯᠬᠦ ᠵᠢᠨ ᠲᠥᠯᠥᠭᠡ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ᠄ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷᠠᠬᠢ ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠬᠤ᠂ ᠬᠡᠷᠡᠭᠯᠡᠬᠦ᠂ ᠰᠣᠶᠣᠯ᠎ᠤᠨ ᠬᠠᠮᠠᠭ᠋ᠠᠯᠠᠯᠲᠠ ᠪᠠ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯᠯᠠᠭ᠎ᠠ᠎ᠳᠤ ᠲᠣᠰ ᠳᠦᠷᠢᠮ᠎ᠢ ᠬᠡᠷᠡᠭᠯᠡᠨ᠎ᠡ᠃
ᠭᠤᠷᠪᠠᠳᠤᠭ᠋ᠠᠷ ᠵᠦᠢ᠍ᠯ᠄ ᠲᠤᠰ ᠳᠦᠷᠢᠮ᠎ᠳᠤ ᠬᠡᠯᠡᠵᠦ ᠪᠠᠢ᠌ᠭ᠎ᠠ ᠭᠠᠵᠠᠷ᠎ᠤᠨ ᠨᠡᠷᠡᠰ᠎ᠲᠤ ᠲᠠᠷᠠᠭ᠋ᠠᠬᠢ ᠵᠦᠢ᠍ᠯ ᠪᠠᠭᠲᠠᠨ᠎ᠠ᠄
(ᠨᠢᠭᠡ) ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠵᠢᠨ ᠨᠡᠷᠡᠢ᠌ᠳᠦᠯ᠃
(ᠬᠣᠶᠠᠷ) ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠨᠡᠷᠡᠢ᠌ᠳᠦᠯ᠃
(ᠭᠤᠷᠪᠠ) ᠭᠠᠴᠠᠭ᠋ᠠᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠪᠠᠢ᠌ᠭ᠎ᠠ ᠭᠠᠵᠠᠷ᠎ᠤᠨ ᠨᠡᠷᠡᠢ᠌ᠳᠦᠯ᠃
(ᠳᠥᠷᠪᠡ) ᠬᠤᠳᠠ᠎ᠳᠤ᠎ᠬᠢ ᠴᠡᠴᠡᠷᠯᠢᠭ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠨᠡᠷᠡᠢ᠌ᠳᠦᠯ᠃
(ᠲᠠᠪᠤ) ᠵᠡᠭᠡᠯᠢ ᠭᠤᠳᠤᠮᠵᠢ ᠵᠢᠨ ᠨᠡᠷᠡᠢ᠌ᠳᠦᠯ᠃
(ᠵᠢᠷᠭᠤᠭ᠎ᠠ) ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠬᠤᠷᠢᠶᠠᠯᠠᠯ᠂ ᠠᠰᠠᠷ ᠪᠠᠷᠢᠯᠭ᠎ᠠ ᠵᠢᠨ ᠨᠡᠷᠡᠢ᠌ᠳᠦᠯ᠃
(ᠲᠤᠯᠤᠭ᠎ᠠ) ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭ᠋ᠠᠨ ᠬᠦᠴᠦ᠂ ᠮᠡᠳᠡᠭᠡ ᠬᠣᠯᠪᠣᠭ᠎ᠠ᠂ ᠴᠠᠭ ᠠᠭᠤᠷ᠎ᠤᠨ ᠲᠥᠬᠦᠭᠡᠷᠦᠮᠵᠢ ᠵᠢᠨ ᠨᠡᠷᠡᠢ᠌ᠳᠦᠯ᠃
(ᠨᠠᠢ᠍ᠮᠠ) ᠭᠠᠵᠠᠷ ᠵᠦᠢ ᠵᠢᠨ ᠴᠢᠬᠤᠯᠠ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠪᠤᠰᠤᠳ ᠭᠠᠵᠠᠷ ᠵᠦᠢ ᠵᠢᠨ ᠪᠣᠳᠠᠲᠤ ᠴᠣᠭᠴᠠ ᠵᠢᠨ ᠨᠡᠷᠡᠢ᠌ᠳᠦᠯ᠃
ᠳᠥᠷᠪᠡᠳᠦᠭᠡᠷ ᠵᠦᠢ᠍ᠯ᠄ ᠭᠠᠵᠠᠷ᠎ᠤᠨ ᠨᠡᠷᠡᠰ᠎ᠤᠨ ᠬᠠᠮᠢᠶᠠᠷᠤᠯᠲᠠ᠎ᠳᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠢ ᠨᠡᠷᠡᠢ᠌ᠳᠬᠦ᠂ ᠬᠠᠯᠠᠬᠤ᠂ ᠭᠠᠵᠠᠷ᠎ᠤᠨ ᠨᠡᠷ᠎ᠡ ᠵᠢ ᠨᠡᠷᠡᠢ᠌ᠳᠬᠦ᠂ ᠬᠠᠯᠠᠬᠤ᠂ ᠬᠡᠷᠡᠭᠯᠡᠬᠦ᠎ᠨᠢ ᠤᠯᠤᠰ᠎ᠤᠨ ᠨᠤᠲᠤᠭ ᠳᠡᠪᠢᠰᠬᠡᠷ᠎ᠤᠨ ᠡᠷᠬᠡ ᠮᠡᠳᠡᠯ᠂ ᠠᠮᠤᠷ ᠲᠦᠪᠰᠢᠨ᠂ ᠭᠠᠳᠠᠭ᠋ᠠᠳᠤ ᠬᠠᠷᠢᠯᠴᠠᠭ᠎ᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠡᠷᠭᠡ ᠴᠢᠬᠤᠯᠠ ᠶᠡᠬᠡ ᠬᠡᠷᠡᠭ ᠶᠠᠪᠤᠳᠠᠯ᠎ᠳᠤ ᠬᠤᠯᠪᠤᠬᠳᠠᠪᠠᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠠᠮ᠎ᠤᠨ ᠲᠥᠪ ᠬᠣᠷᠢᠶ᠎ᠠ᠎ᠳᠤ ᠮᠡᠳᠡᠭᠦᠯᠬᠦ ᠬᠡᠷᠡᠭᠲᠡᠢ᠃
ᠭᠠᠵᠠᠷ᠎ᠤᠨ ᠨᠡᠷᠡᠰ᠎ᠤᠨ ᠬᠠᠮᠢᠶᠠᠷᠤᠯᠲᠠ᠎ᠨᠢ ᠤᠯᠤᠰ᠎ᠤᠨ ᠡᠷᠬᠡ ᠮᠡᠳᠡᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠎ᠳᠤ ᠠᠰᠢᠭᠲᠠᠢ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠪᠠᠳᠠᠷᠠᠭᠤᠯᠬᠤ᠎ᠳᠤ ᠠᠰᠢᠭᠲᠠᠢ᠂ ᠤᠯᠤᠰ᠎ᠤᠨ ᠵᠠᠰᠠᠯᠲᠠ ᠵᠢᠨ ᠰᠢᠰᠲᠸᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠳᠤ ᠠᠰᠢᠭᠲᠠᠢ᠂ ᠳᠤᠮᠳᠠᠳᠤ ᠵᠢᠨ ᠰᠢᠯᠢᠳᠡᠭ ᠰᠣᠶᠣᠯ᠎ᠢ ᠤᠯᠠᠮᠵᠢᠯᠠᠨ ᠬᠥᠭᠵᠢᠭᠦᠯᠬᠦ᠎ᠳᠤ ᠠᠰᠢᠭᠲᠠᠢ ᠪᠠᠢ᠌ᠬᠤ ᠬᠡᠷᠡᠭᠲᠡᠢ᠃
ᠭᠠᠵᠠᠷ᠎ᠤᠨ ᠨᠡᠷᠡᠰ᠎ᠢ ᠬᠠᠷᠢᠴᠠᠩᠭᠤᠢ ᠲᠣᠭᠲᠠᠭᠤᠨ ᠪᠠᠢ᠌ᠯᠭ᠋ᠠᠬᠤ ᠬᠡᠷᠡᠭᠲᠡᠢ᠃ ᠵᠥᠪᠰᠢᠶᠡᠷᠡᠭᠦᠯᠦᠭᠰᠡᠨ ᠦᠭᠡᠢ ᠪᠣᠯ ᠭᠠᠵᠠᠷ᠎ᠤᠨ ᠨᠡᠷ᠎ᠡ ᠵᠢ ᠨᠡᠷᠡᠢ᠌ᠳᠬᠦ ᠪᠠ ᠬᠠᠯᠠᠬᠤ ᠵᠢ ᠶᠠᠮᠠᠷᠪᠠ ᠬᠤᠪᠢ ᠬᠥᠮᠥᠨ ᠳᠤᠷ᠎ᠠ᠎ᠪᠠᠷ ᠵᠶ᠋ᠠᠨ ᠲᠣᠭᠲᠠᠭ᠋ᠠᠵᠤ ᠪᠣᠯᠬᠤ ᠦᠭᠡᠢ᠃
ᠲᠠᠪᠤᠳᠤᠭ᠋ᠠᠷ ᠵᠦᠢ᠍ᠯ᠄ ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠬᠤ᠂ ᠬᠡᠷᠡᠭᠯᠡᠬᠦ᠂ ᠰᠣᠶᠣᠯ᠎ᠢ ᠬᠠᠮᠠᠭ᠋ᠠᠯᠠᠬᠤ᠎ᠳᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠵᠤ᠂ ᠲᠤᠬᠠᠢ ᠵᠢᠨ ᠭᠠᠵᠠᠷ᠎ᠤᠨ ᠭᠠᠵᠠᠷ ᠵᠦᠢ᠂ ᠲᠡᠦᠬᠡ ᠪᠠ ᠰᠣᠶᠣᠯ᠎ᠤᠨ ᠣᠨᠴᠠᠯᠢᠭ᠎ᠢ ᠲᠤᠰᠬᠠᠵᠤ᠂ ᠲᠤᠬᠠᠢ ᠵᠢᠨ ᠭᠠᠵᠠᠷ᠎ᠤᠨ ᠤᠯᠠᠨ ᠲᠦᠮᠡᠨ᠎ᠤ ᠬᠦᠰᠡᠯ ᠰᠠᠨᠠᠭ᠎ᠠ ᠵᠢ ᠬᠦᠨᠳᠦᠳᠬᠡᠵᠦ᠂ ᠦᠢ᠍ᠯᠡᠳᠪᠦᠷᠢᠯᠡᠯ ᠠᠮᠢᠳᠤᠷᠠᠯ᠎ᠳᠤ ᠲᠦᠬᠦᠮ ᠦᠵᠡᠭᠦᠯᠬᠦ ᠬᠡᠷᠡᠭᠲᠡᠢ᠃
ᠵᠢᠷᠭᠤᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠵᠢᠯᠤᠭᠣᠳᠴᠤ᠂ ᠱᠠᠯᠠᠪᠳᠠᠭᠤᠯᠵᠤ᠂ ᠬᠢᠨᠠᠯᠲᠠ ᠲᠠᠯᠪᠢᠬᠤ ᠬᠡᠷᠡᠭᠳᠡᠢ᠃
ᠳᠣᠯᠣᠳᠤᠭ᠋ᠠᠷ ᠵᠦᠢ᠍ᠯ᠄ ᠳᠣᠷᠣ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ (ᠲᠦᠷᠤ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ) ᠪᠦᠬᠦ ᠤᠯᠤᠰ᠎ᠤᠨ ᠭᠠᠵᠠᠷ᠎ᠤᠨ ᠨᠡᠷᠡᠰ᠎ᠤᠨ ᠠᠵᠢᠯ᠎ᠢ ᠨᠢᠬᠡᠳᠤᠯᠳᠡᠢ᠎ᠪᠠᠷ ᠬᠢᠨᠠᠨ ᠬᠠᠮᠢᠶᠠᠷᠤᠨ᠎ᠠ᠃
ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠭᠠᠳᠠᠭ᠋ᠠᠳᠤ ᠬᠠᠷᠢᠯᠴᠠᠭ᠎ᠠ᠂ ᠲᠤᠳᠤᠭ᠋ᠠᠳᠤ ᠵᠢ ᠬᠠᠮᠠᠭ᠋ᠠᠯᠠᠬᠤ᠂ ᠪᠠᠢ᠌ᠭ᠋ᠠᠯᠢ ᠵᠢᠨ ᠡᠬᠢ ᠪᠠᠶᠠᠯᠢᠭ᠂ ᠤᠷᠤᠨ ᠰᠠᠭᠤᠴᠨ ᠪᠠ ᠬᠤᠳᠠ ᠬᠦᠳᠡᠬᠡ ᠵᠢᠨ ᠪᠦᠳᠦᠬᠡᠨ ᠪᠠᠢ᠌ᠭᠤᠯᠤᠯᠳᠠ᠂ ᠵᠠᠮ ᠬᠠᠷᠢᠯᠴᠠᠭ᠎ᠠ ᠲᠡᠬᠡᠬᠡᠪᠤᠷᠢ᠂ ᠤᠰᠤᠨ ᠠᠰᠢᠬᠯᠠᠯᠳᠠ᠂ ᠰᠤᠶᠤᠯ ᠵᠢᠭᠤᠯᠴᠢᠯᠠᠯ᠂ ᠵᠠᠬ᠎ᠠ ᠲᠡᠯᠬᠡᠬᠦᠷ᠎ᠤᠨ ᠬᠢᠨᠠᠨ ᠬᠠᠮᠢᠶᠠᠷᠤᠯᠳᠠ᠂ ᠤᠢ ᠰᠢᠭᠤᠢ ᠨᠤᠳᠤᠭ ᠪᠡᠯᠴᠢᠬᠡᠷ᠂ ᠦᠬᠡ ᠬᠡᠯᠨ ᠦᠰᠦᠭ ᠪᠢᠴᠢᠭ᠎ᠤᠨ ᠠᠵᠢᠯ᠂ ᠰᠣᠨᠢᠨ ᠮᠡᠳᠡᠭᠡ ᠬᠡᠪᠯᠡᠯ ᠵᠡᠷᠭᠡ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠬᠠᠮᠢᠶ᠎ᠠ ᠪᠦᠬᠦᠢ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠭᠠᠵᠷ᠎ᠤᠨ ᠨᠡᠷᠡᠰ᠎ᠤᠨ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠣᠯᠪᠣᠭᠳᠠᠯ ᠪᠦᠬᠦᠢ ᠭᠠᠵᠠᠷ᠎ᠤᠨ ᠭᠠᠵᠠᠷ᠎ᠤᠨ ᠨᠡᠷᠡᠰ᠎ᠤᠨ ᠬᠠᠮᠨᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃
ᠨᠠᠢ᠍ᠮᠠᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠭᠠᠵᠠᠷ᠎ᠤᠨ ᠨᠡᠷ᠎ᠡ ᠵᠢᠨ ᠲᠥᠰᠥᠯ᠎ᠢ ᠨᠠᠢ᠌ᠷᠠᠭᠤᠯᠤᠨ ᠵᠣᠬᠢᠶᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠵᠦᠪᠰᠢᠶᠡᠷᠡᠭᠰᠡᠨ᠎ᠤ ᠲᠠᠷᠠᠭ᠎ᠠ ᠵᠤᠬᠢᠶᠠᠨ ᠪᠠᠢ᠌ᠭᠤᠯᠤᠨ ᠬᠡᠷᠡᠭᠵᠢᠬᠦᠯᠤᠨ᠎ᠡ᠃