ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠦᠷᠢᠮ》 ᠳᠥᠷᠪᠡᠳᠦᠭᠡᠷ ᠪᠦᠯᠦᠭ ᠭᠠᠵᠠᠷ᠎ᠤᠨ ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ
ᠨᠡᠶᠢᠲᠡᠯᠡᠭᠰᠡᠨ ᠴᠠᠭ᠄ 2023-06-14

                ᠬᠤᠤᠰᠪᠠᠶᠠᠷ ᠤᠷᠴᠢᠭᠤᠯᠪᠠ

  ᠬᠣᠷᠢᠨ ᠭᠤᠷᠪᠠᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠮᠠᠨ᠎ᠤ ᠤᠯᠤᠰ᠎ᠤᠨ ᠭᠠᠵᠠᠷ᠎ᠤᠨ ᠨᠡᠷᠡᠰ᠎ᠤᠨ ᠲᠡᠦᠬᠡ ᠪᠠ ᠪᠣᠳᠠᠲᠤ ᠪᠠᠢ᠌ᠳᠠᠯ᠎ᠠᠴᠠ ᠡᠭᠦᠰᠴᠦ᠂ ᠭᠠᠵᠠᠷ᠎ᠤᠨ  ᠨᠡᠷᠡᠰ᠎ᠤᠨ ᠰᠣᠶᠣᠯ᠎ᠤᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢ ᠴᠢᠩᠭ᠋ᠠᠳᠬᠠᠵᠤ᠂ ᠭᠠᠵᠠᠷ᠎ᠤᠨ ᠨᠡᠷᠡᠰ᠎ᠤᠨ ᠰᠣᠶᠣᠯ᠎ᠢ ᠵᠣᠬᠢᠶᠠᠨ ᠪᠠᠢ᠌ᠭᠤᠯᠤᠨ ᠰᠤᠳᠤᠯᠵᠤ᠂ ᠤᠯᠠᠮᠵᠢᠯᠠᠨ ᠵᠠᠯᠭ᠋ᠠᠮᠵᠢᠯᠠᠬᠤ ᠬᠡᠷᠡᠭᠲᠡᠢ᠃
     ᠬᠣᠷᠢᠨ ᠳᠥᠷᠪᠡᠳᠦᠭᠡᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠢ ᠪᠥᠭᠡᠳ ᠨᠥᠬᠥᠴᠡᠯ᠎ᠳᠤ ᠨᠡᠢ᠌ᠴᠡᠬᠦ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠢ ᠬᠠᠤᠯᠢ ᠶᠣᠰᠣᠭ᠋ᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠬᠡᠪᠴᠢᠶᠡᠨ᠎ᠳᠤ ᠤᠷᠤᠭᠤᠯᠬᠤ ᠬᠡᠷᠡᠭᠳᠡᠢ᠃
     ᠬᠣᠷᠢᠨ ᠲᠠᠪᠤᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠡᠦᠬᠡ ᠰᠣᠶᠣᠯ᠎ᠤᠨ ᠴᠢᠬᠤᠯᠠ ᠦᠨ᠎ᠡ ᠦᠷᠲᠡᠭ᠎ᠲᠠᠢ᠂ ᠳᠤᠮᠳᠠᠳᠤ ᠵᠢᠨ ᠲᠡᠦᠬᠡ ᠰᠣᠶᠣᠯ᠎ᠤᠨ ᠰᠤᠳᠠᠰᠤ ᠵᠢ ᠬᠠᠷᠠᠭᠤᠯᠤᠭᠰᠠᠨ ᠭᠠᠵᠠᠷ᠎ᠤᠨ ᠨᠡᠷᠡᠰ᠎ᠢ ᠨᠡᠢ᠌ᠳᠡᠮ ᠪᠠᠢ᠌ᠴᠠᠭ᠋ᠠᠵᠤ᠂ ᠴᠤᠭᠯᠠᠭᠤᠯᠬᠤ᠂ ᠲᠡᠮᠳᠡᠭᠯᠡᠬᠦ᠂ ᠪᠦᠷᠢᠳᠬᠡᠬᠦ ᠵᠡᠷᠭᠡ ᠠᠵᠢᠯ᠎ᠢ ᠰᠠᠢ᠌ᠲᠤᠷ ᠬᠢᠵᠦ᠂ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠲᠣᠭᠲᠠᠭ᠋ᠠᠬᠤ ᠬᠡᠷᠡᠭᠲᠡᠢ᠃ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠭᠠᠵᠠᠷ᠎ᠤᠨ ᠨᠡᠷᠡᠰ᠎ᠢ ᠦᠨᠡᠬᠡᠷ ᠬᠠᠯᠠᠬᠤ ᠴᠢᠬᠤᠯᠠᠲᠠᠢ ᠪᠤᠯ ᠪᠠᠢ᠌ᠭ᠎ᠠ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠤᠬᠢᠴᠠᠬᠰᠠᠨ  ᠬᠠᠮᠠᠭ᠋ᠠᠯᠠᠯᠲᠠ ᠵᠢᠨ ᠠᠷᠭ᠎ᠠ ᠵᠢ ᠤᠷᠢᠳᠴᠢᠯᠠᠨ ᠲᠣᠭᠲᠠᠭ᠋ᠠᠬᠤ ᠬᠡᠷᠡᠭᠲᠡᠢ᠃
     ᠬᠣᠷᠢᠨ ᠵᠢᠷᠭᠤᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ᠎ᠤᠨ  ᠨᠡᠷᠡᠰ᠎ᠤᠨ ᠲᠠᠨᠭ᠌ᠰᠠ ᠡᠪᠬᠡᠮᠡᠯ᠎ᠤᠨ ᠬᠠᠮᠢᠶᠠᠷᠤᠯᠳᠠ ᠵᠢᠨ ᠠᠵᠢᠯ᠎ᠢ ᠰᠠᠢ᠌ᠳᠤᠷ ᠬᠢᠬᠦ ᠬᠡᠷᠡᠭᠳᠡᠢ᠃ ᠭᠠᠵᠠᠷ᠎ᠤᠨ  ᠨᠡᠷᠡᠰ᠎ᠤᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠪᠣᠳᠠᠲᠠᠢ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ  ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠳᠠᠩᠰᠠ ᠡᠪᠬᠡᠮᠡᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠤᠨ᠎ᠬᠢᠨ᠎ᠲᠠᠢ ᠬᠠᠮᠳᠤᠷᠠᠵᠤ ᠲᠤᠬᠳᠠᠭ᠋ᠠᠬᠤ ᠬᠡᠷᠡᠭᠳᠡᠢ᠃
     ᠬᠣᠷᠢᠨ ᠳᠣᠯᠣᠳᠤᠭ᠋ᠠᠷ ᠵᠦᠢ᠍ᠯ᠄ ᠤᠯᠤᠰ᠎ᠠᠴᠠ ᠠᠷᠠᠳ ᠢᠷᠭᠡᠨ᠂ ᠠᠵᠤ ᠠᠬᠤᠢ᠌ᠯᠠᠯ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠭᠠᠵᠠᠷ᠎ᠤᠨ ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ ᠵᠢᠨ ᠠᠵᠢᠯᠯᠠᠭ᠎ᠠ᠎ᠳᠤ ᠣᠷᠣᠯᠴᠠᠬᠤ ᠵᠢ ᠤᠯᠤᠰ᠎ᠠᠴᠠ ᠵᠤᠷᠢᠬ᠍ᠵᠢᠭᠤᠯᠤᠨ᠎ᠠ᠃






 

ᠢᠷᠡᠯᠲᠡ᠄ ᠠᠷᠠᠳ᠎ᠤᠨ ᠶᠠᠪᠤᠳᠠᠯ᠎ᠤᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠠᠵᠠᠷ᠎ᠤᠨ ᠨᠡᠷᠡᠰ᠎ᠤᠨ ᠬᠠᠮᠢᠶᠠᠷᠤᠯᠳᠠ ᠵᠢᠨ ᠲᠦᠷᠢᠮ᠄ ᠲᠠᠪᠤᠳᠤᠭ᠋ᠠᠷ ᠪᠦᠯᠦᠭ ᠬᠢᠨᠠᠯᠲᠠ ᠲᠠᠯᠪᠢᠬᠤ᠂ ᠪᠠᠢ᠌ᠴᠠᠭ᠋ᠠᠬᠤ
ᠭᠠᠵᠠᠷ᠎ᠤᠨ ᠨᠡᠷᠡᠰ᠎ᠤᠨ ᠬᠠᠮᠢᠶᠠᠷᠤᠯᠳᠠ ᠵᠢᠨ ᠲᠦᠷᠢᠮ᠄ ᠵᠢᠷᠭᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠭᠠᠵᠠᠷ᠎ᠤᠨ ᠨᠡᠷᠡᠰ᠎ᠤᠨ ᠬᠠᠮᠢᠶᠠᠷᠤᠯᠳᠠ ᠵᠢᠨ ᠲᠦᠷᠢᠮ᠄ ᠳᠣᠯᠣᠳᠤᠭ᠋ᠠᠷ ᠪᠦᠯᠦᠭ (ᠲᠠᠭ᠋ᠠᠯᠳᠤᠭᠤᠯᠤᠬᠰᠠᠨ ᠳᠦᠷᠢᠮ)
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
 
            