ᠬᠤᠤᠰᠪᠠᠶᠠᠷ ᠤᠷᠴᠢᠭᠤᠯᠪᠠ
ᠶᠢᠰᠦᠳᠦᠭᠡᠷ ᠵᠦᠢ᠍ᠯ᠄ ᠭᠠᠵᠠᠷ᠎ᠤᠨ ᠨᠡᠷᠡᠰ᠎ᠨᠢ ᠲᠤᠰᠬᠠᠢ ᠨᠡᠷ᠎ᠡ ᠪᠠ ᠨᠡᠢ᠌ᠳᠡᠮ ᠨᠡᠷ᠎ᠡ ᠭᠡᠬᠦ ᠬᠣᠶᠠᠷ ᠬᠡᠰᠡᠭ ᠵᠶ᠋ᠡᠷ ᠪᠦᠷᠢᠯᠳᠦᠨ᠎ᠡ᠃ ᠭᠠᠵᠠᠷ᠎ᠤᠨ ᠨᠡᠷᠡᠰ᠎ᠢ ᠨᠡᠷᠡᠢ᠌ᠳᠬᠦ᠎ᠳᠤ ᠲᠠᠷᠠᠭ᠋ᠠᠬᠢ ᠲᠣᠭᠲᠠᠭ᠋ᠠᠯ᠎ᠤᠳ᠎ᠢ ᠵᠢᠷᠤᠮᠯᠠᠬᠤ ᠬᠡᠷᠡᠭᠲᠡᠢ᠄
(ᠨᠢᠭᠡ) ᠤᠳᠬ᠎ᠠ᠎ᠨᠢ ᠲᠣᠳᠣᠷᠬᠠᠢ᠂ ᠡᠷᠡᠭᠦᠯ ᠴᠢᠭᠢᠷᠠᠭ᠂ ᠨᠡᠶ᠋ᠢᠲᠡ ᠵᠢᠨ ᠡᠮᠬᠢ ᠵᠢᠷᠤᠮ ᠪᠠ ᠰᠠᠢ᠌ᠨ ᠰᠠᠢ᠌ᠬᠠᠨ ᠬᠡᠪ ᠵᠠᠩᠰᠢᠯ᠎ᠠᠴᠠ ᠵᠥᠷᠢᠴᠡᠬᠦ ᠦᠭᠡᠢ ᠪᠠᠢ᠌ᠬᠤ᠃
(ᠬᠣᠶᠠᠷ) ᠭᠠᠵᠠᠷ ᠵᠦᠢ ᠵᠢᠨ ᠪᠣᠳᠠᠲᠤ ᠴᠣᠭᠴᠠ ᠵᠢᠨ ᠪᠣᠳᠠᠲᠤ ᠭᠠᠵᠠᠷ ᠣᠷᠣᠨ᠂ ᠬᠡᠪᠴᠢᠶ᠎ᠡ᠂ ᠰᠢᠨᠵᠢ ᠴᠢᠨᠠᠷ ᠵᠡᠷᠭᠡ ᠣᠨᠴᠠᠯᠢᠭᠲᠤ ᠨᠡᠢ᠌ᠴᠡᠭᠰᠡᠨ ᠪᠠᠢ᠌ᠬᠤ᠃
(ᠭᠤᠷᠪᠠ) ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠵᠦ᠂ ᠴᠥᠭᠡᠨ ᠬᠡᠷᠡᠭᠯᠡᠭᠳᠡᠬᠦ ᠦᠰᠦᠭ᠎ᠢ ᠬᠡᠷᠡᠭᠯᠡᠬᠦ᠎ᠠᠴᠠ ᠵᠠᠢ᠌ᠯᠠᠰᠬᠢᠬᠦ᠃
(ᠲᠤᠢ᠌ᠷᠪᠡ) ᠡᠩ᠎ᠤᠨ ᠪᠠᠢ᠌ᠳᠠᠯ᠎ᠳᠤ ᠬᠥᠮᠥᠨ᠎ᠤ ᠨᠡᠷᠡᠰ᠎ᠢ ᠭᠠᠵᠠᠷ᠎ᠤᠨ ᠨᠡᠷ᠎ᠡ ᠪᠣᠯᠭ᠋ᠠᠬᠤ ᠦᠬᠡᠢ᠂ ᠲᠦᠷᠤ ᠵᠢᠨ ᠤᠳᠤᠷᠢᠳᠬᠤ ᠬᠥᠮᠥᠨ᠎ᠤ ᠨᠡᠷ᠎ᠡ᠎ᠪᠠᠷ ᠭᠠᠵᠠᠷ᠎ᠤᠨ ᠨᠡᠷ᠎ᠡ ᠪᠣᠯᠭ᠋ᠠᠬᠤ ᠦᠬᠡᠢ᠃
(ᠲᠠᠪᠤ) ᠭᠠᠳᠠᠭ᠋ᠠᠳᠤ ᠤᠯᠤᠰ᠎ᠤᠨ ᠬᠥᠮᠥᠨ᠎ᠤ ᠨᠡᠷ᠎ᠡ᠂ ᠭᠠᠵᠠᠷ᠎ᠤᠨ ᠨᠡᠷ᠎ᠡ᠎ᠪᠠᠷ ᠭᠠᠵᠠᠷ᠎ᠤᠨ ᠨᠡᠷ᠎ᠡ ᠪᠣᠯᠭ᠋ᠠᠬᠤ ᠦᠬᠡᠢ᠃
(ᠵᠢᠷᠭᠤᠭ᠎ᠠ) ᠠᠵᠤ ᠠᠬᠤᠢ᠌ᠯᠠᠯ᠎ᠤᠨ ᠨᠡᠷᠡᠢ᠌ᠳᠦᠯ ᠪᠤᠶᠤ ᠲᠠᠸᠠᠷ᠎ᠤᠨ ᠲᠡᠮᠳᠡᠭᠲᠦ ᠵᠢᠨ ᠨᠡᠷᠡᠢ᠌ᠳᠦᠯ ᠵᠶ᠋ᠡᠷ ᠭᠠᠵᠠᠷ᠎ᠤᠨ ᠨᠡᠷ᠎ᠡ ᠪᠣᠯᠭ᠋ᠠᠬᠤ ᠦᠬᠡᠢ᠃
(ᠲᠤᠯᠦᠭ᠎ᠠ) ᠤᠯᠤᠰ᠎ᠤᠨ ᠳᠣᠲᠣᠭ᠋ᠠᠳᠤ ᠵᠢᠨ ᠨᠠᠷᠠᠲᠠᠢ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠵᠢᠨ ᠨᠡᠷᠡᠢ᠌ᠳᠦᠯ᠂ ᠪᠦᠬᠦ ᠤᠯᠤᠰ᠎ᠤᠨ ᠬᠡᠪᠴᠢᠶᠡᠨ᠎ᠳᠤ᠎ᠬᠢ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠨᠡᠷᠡᠢ᠌ᠳᠦᠯ ᠵᠶ᠋ᠡᠷ ᠲᠠᠬᠢᠨᠳᠠ ᠨᠡᠷᠡᠯᠡᠵᠤ ᠪᠣᠯᠬᠤ ᠦᠬᠡᠢ ᠪᠥᠭᠡᠳ ᠠᠳᠠᠯᠢ ᠳᠠᠭᠤᠳᠠᠯᠭ᠎ᠠ᠎ᠲᠠᠢ ᠪᠠᠢ᠌ᠬᠤ᠎ᠠᠴᠠ ᠵᠠᠢ᠌ᠯᠠᠰᠬᠢᠬᠦ ᠬᠡᠷᠡᠭᠲᠡᠢ᠃
(ᠨᠠᠢ᠍ᠮᠠ) ᠠᠳᠠᠯᠢ ᠨᠢᠭᠡᠨ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠢᠶᠠᠩ᠂ ᠪᠠᠯᠭ᠋ᠠᠰᠤᠨ᠎ᠤ ᠨᠡᠷᠡᠢ᠌ᠳᠦᠯ᠂ ᠠᠳᠠᠯᠢ ᠨᠢᠭᠡᠨ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠠᠴᠠᠭ᠋ᠠᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠪᠠᠢ᠌ᠭ᠎ᠠ ᠭᠠᠵᠠᠷ᠎ᠤᠨ ᠨᠡᠷᠡᠢ᠌ᠳᠦᠯ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠷᠡᠢ᠌ᠳᠦᠯ᠂ ᠪᠦᠳᠦᠬᠡᠨ ᠪᠠᠢ᠌ᠭᠤᠯᠤᠬᠰᠠᠨ ᠠᠳᠠᠯᠢ ᠨᠢᠬᠡ ᠭᠠᠵᠠᠷ ᠣᠷᠣᠨ᠎ᠤ ᠳᠣᠲᠣᠷᠠᠬᠢ ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠬᠤᠷᠢᠶᠠᠯᠠᠯ᠂ ᠠᠰᠠᠷ ᠲᠠᠭᠲᠤ ᠵᠢᠨ ᠨᠡᠷᠡᠢ᠌ᠳᠦᠯ ᠵᠶ᠋ᠠᠷ ᠲᠠᠬᠢᠨᠳᠠ ᠨᠡᠷᠡᠯᠡᠵᠦ ᠪᠣᠯᠬᠤ ᠦᠭᠡᠢ ᠪᠥᠭᠡᠳ ᠳᠠᠭᠤᠳᠠᠯᠭ᠎ᠠ ᠠᠳᠠᠯᠢ ᠪᠠᠢ᠌ᠬᠤ᠎ᠠᠴᠠ ᠵᠠᠢ᠌ᠯᠠᠰᠬᠢᠨ᠎ᠡ᠃
(ᠶᠢᠰᠦ) ᠤᠯᠤᠰ᠎ᠤᠨ ᠳᠣᠲᠣᠭ᠋ᠠᠳᠤ ᠵᠢᠨ ᠠᠯᠳᠠᠷᠲᠤ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ᠂ ᠲᠡᠦᠬᠡ ᠰᠣᠶᠣᠯ᠎ᠤᠨ ᠥᠪ᠎ᠤᠨ ᠪᠠᠭᠤᠷᠢ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠬᠡᠪᠴᠢᠶᠡᠨ᠎ᠠᠴᠠ ᠳᠠᠪᠠᠭᠰᠠᠨ ᠭᠠᠵᠠᠷ ᠵᠦᠢ ᠵᠢᠨ ᠪᠣᠳᠠᠲᠤ ᠴᠣᠭᠴᠠ ᠵᠢᠨ ᠨᠡᠷᠡᠢ᠌ᠳᠦᠯ ᠵᠶ᠋ᠡᠷ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠲᠤᠰᠬᠠᠢ ᠨᠡᠷ᠎ᠡ ᠪᠣᠯᠭ᠋ᠠᠬᠤ ᠦᠭᠡᠢ᠃
(ᠠᠷᠪᠠ) ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭ᠋ᠠᠨ ᠬᠦᠴᠦᠨ᠂ ᠴᠢᠮᠡᠭᠡ ᠬᠣᠯᠪᠣᠭ᠎ᠠ᠂ ᠴᠠᠭ ᠠᠭᠤᠷ ᠲᠦᠬᠦᠬᠡᠷᠤᠮᠨᠵᠢ ᠵᠢᠨ ᠨᠡᠷᠡᠢ᠌ᠳᠦᠯ᠎ᠨᠢ ᠡᠩ᠎ᠤᠨ ᠪᠠᠢ᠌ᠳᠠᠯ᠎ᠳᠤ ᠪᠠᠢ᠌ᠭ᠎ᠠ ᠭᠠᠵᠠᠷ᠎ᠤᠨ ᠭᠠᠵᠠᠷ᠎ᠤᠨ ᠨᠡᠷᠡᠰ᠎ᠲᠠᠢ ᠨᠢᠭᠡᠳᠦᠯᠲᠡᠢ ᠪᠠᠢ᠌ᠯᠭ᠋ᠠᠬᠤ ᠬᠡᠷᠡᠭᠲᠡᠢ᠃
ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠭᠠᠵᠠᠷ᠎ᠤᠨ ᠨᠡᠷᠡᠰ᠎ᠢ ᠨᠡᠷᠡᠢ᠌ᠳᠬᠦ ᠳᠦᠷᠢᠮ᠎ᠤᠨ ᠲᠤᠬᠠᠢ ᠠᠰ᠎ᠲᠤ᠎ᠪᠠᠨ ᠲᠣᠭᠲᠠᠭ᠋ᠠᠯ᠎ᠲᠠᠢ ᠪᠤᠯ ᠠᠰ᠎ᠲᠤ᠎ᠪᠠᠨ ᠲᠤᠬᠳᠠᠭ᠋ᠠᠯ᠎ᠢ ᠵᠢᠷᠤᠮᠯᠠᠨ᠎ᠠ᠃
ᠠᠷᠪᠠᠳᠤᠭ᠋ᠠᠷ ᠵᠦᠢ᠍ᠯ᠄ ᠭᠠᠵᠠᠷ᠎ᠤᠨ ᠨᠡᠷᠡᠰ᠎ᠢ ᠬᠠᠤᠯᠢ ᠶᠣᠰᠣᠭ᠋ᠠᠷ ᠨᠡᠷᠡᠢ᠌ᠳᠦᠭᠰᠡᠨᠤ ᠳᠠᠷᠠᠭ᠎ᠠ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠬᠤᠪᠢᠷᠠᠯᠲᠠ᠂ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠪᠠᠢ᠌ᠭ᠋ᠠᠯᠢ ᠵᠢᠨ ᠬᠤᠪᠢᠷᠠᠯᠲᠠ ᠵᠡᠷᠭᠡ ᠰᠢᠯᠲᠠᠭ᠋ᠠᠨ᠎ᠠᠴᠠ ᠪᠣᠯᠵᠤ ᠭᠠᠵᠠᠷ᠎ᠤᠨ ᠨᠡᠷ᠎ᠡ ᠵᠢᠨ ᠨᠡᠷ᠎ᠡ ᠨᠢᠳᠡᠷ᠎ᠨᠢ ᠨᠡᠢ᠌ᠴᠡᠬᠦ᠎ᠪᠠᠨ ᠪᠤᠯᠢᠪᠠᠯ ᠨᠡᠷ᠎ᠡ ᠵᠢ᠎ᠨᠢ ᠴᠠᠭ ᠲᠤᠬᠠᠢᠳᠤᠨᠢ ᠬᠠᠯᠠᠬᠤ ᠬᠡᠷᠡᠭᠲᠡᠢ᠃ ᠭᠠᠵᠠᠷ᠎ᠤᠨ ᠨᠡᠷᠡᠰ᠎ᠢ ᠬᠠᠯᠠᠬᠤ᠎ᠳᠤ ᠲᠤᠰ ᠳᠦᠷᠢᠮ᠎ᠤᠨ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠲᠡᠦᠬᠡ ᠰᠣᠶᠣᠯ᠎ᠤᠨ ᠴᠢᠬᠤᠯᠠ ᠦᠨ᠎ᠡ ᠦᠷᠳᠡᠭ᠎ᠲᠠᠢ᠂ ᠳᠤᠮᠳᠠᠳᠤ ᠵᠢᠨ ᠲᠡᠦᠬᠡ ᠰᠣᠶᠣᠯ᠎ᠤᠨ ᠰᠤᠳᠠᠰᠤ ᠵᠢ ᠬᠠᠷᠠᠭᠤᠯᠤᠭᠰᠠᠨ ᠭᠠᠵᠠᠷ᠎ᠤᠨ ᠨᠡᠷᠡᠰ᠎ᠢ ᠡᠩ᠎ᠤᠨ ᠪᠠᠢ᠌ᠳᠠᠯ᠎ᠳᠤ ᠬᠠᠯᠠᠵᠤ ᠪᠣᠯᠬᠤ ᠦᠭᠡᠢ᠃
ᠠᠷᠪᠠᠨ ᠨᠢᠭᠡᠳᠦᠭᠡᠷ ᠵᠦᠢ᠍ᠯ᠄ ᠪᠠᠢ᠌ᠭᠤᠯᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠡᠷᠭᠡ᠎ᠨᠢ ᠭᠠᠵᠠᠷ᠎ᠤᠨ ᠨᠡᠷᠡᠰ᠎ᠢ ᠨᠡᠷᠡᠢ᠌ᠳᠬᠦ᠂ ᠨᠡᠷᠡᠰ᠎ᠢ ᠬᠠᠯᠠᠬᠤ᠎ᠪᠠᠷ ᠭᠤᠶᠤᠴᠢᠯᠠᠬᠤ᠎ᠳᠤ ᠭᠤᠶᠤᠴᠢᠯᠠᠯ᠎ᠤᠨ ᠪᠢᠴᠢᠭ ᠲᠤᠰᠢᠶᠠᠬᠤ ᠬᠡᠷᠡᠭᠲᠡᠢ᠃ ᠭᠤᠶᠤᠴᠢᠯᠠᠯ᠎ᠤᠨ ᠪᠢᠴᠢᠭ᠎ᠲᠤ ᠲᠠᠷᠠᠭ᠋ᠠᠬᠢ ᠮᠠᠲ᠋ᠧᠷᠢᠶᠠᠯ᠎ᠤᠳ᠎ᠢ ᠪᠠᠭᠲᠠᠭ᠋ᠠᠭᠰᠠᠨ ᠪᠠᠢ᠌ᠬᠤ ᠬᠡᠷᠡᠭᠲᠡᠢ᠄
(ᠨᠢᠭᠡ) ᠨᠡᠷᠡᠢ᠌ᠳᠬᠦ᠂ ᠨᠡᠷ᠎ᠡ ᠵᠢ᠎ᠨᠢ ᠬᠠᠯᠠᠬᠤ ᠲᠥᠰᠥᠯ ᠪᠠ ᠤᠴᠢᠷ ᠰᠢᠯᠲᠠᠭ᠋ᠠᠨ᠃
(ᠬᠣᠶᠠᠷ) ᠭᠠᠵᠠᠷ ᠵᠦᠢ ᠵᠢᠨ ᠪᠣᠳᠠᠲᠤ ᠴᠣᠭᠴᠠ ᠵᠢᠨ ᠣᠷᠣᠨ ᠪᠠᠢ᠌ᠷᠢ᠂ ᠬᠡᠪᠴᠢᠶ᠎ᠡ᠂ ᠰᠢᠨᠵᠢ ᠴᠢᠨᠠᠷ ᠵᠡᠷᠭᠡ ᠦᠨᠳᠦᠰᠦᠨ ᠪᠠᠢ᠌ᠳᠠᠯ᠃
(ᠭᠤᠷᠪᠠ) ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ ᠨᠡᠷ᠎ᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠳᠡᠪᠰᠢᠭᠦᠯᠦᠨ ᠲᠤᠰᠢᠶᠠᠬᠤ ᠬᠡᠷᠡᠭᠲᠡᠢ ᠭᠡᠵᠦ ᠲᠣᠭᠲᠠᠭ᠋ᠠᠭᠰᠠᠨ ᠪᠤᠰᠤᠳ ᠮᠠᠲ᠋ᠧᠷᠢᠶᠠᠯ᠃
ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠢ ᠨᠡᠷᠡᠢ᠌ᠳᠬᠦ᠂ ᠨᠡᠷᠡᠰ᠎ᠢ ᠬᠠᠯᠠᠬᠤ᠎ᠳᠤ 《ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠳᠦᠷᠢᠮ》᠎ᠤᠨ ᠲᠣᠭᠲᠠᠭ᠋ᠠᠯ ᠶᠣᠰᠣᠭ᠋ᠠᠷ ᠲᠦᠭᠰᠢᠭᠦᠷᠢ ᠵᠢ ᠦᠨᠡᠯᠡᠭᠰᠡᠨ ᠮᠡᠳᠡᠭᠦᠯᠦᠯᠲᠡ᠂ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠨ ᠮᠡᠳᠡᠭᠦᠯᠦᠯᠲᠡ᠂ ᠨᠡᠢ᠌ᠭᠡᠮ᠎ᠤᠨ᠎ᠬᠢᠨ᠎ᠠᠴᠠ ᠬᠤᠷᠢᠶᠠᠭᠰᠠᠨ ᠵᠡᠷᠭᠡ ᠰᠠᠨᠠᠯ᠎ᠤᠨ ᠮᠡᠳᠡᠭᠦᠯᠦᠯᠲᠡ ᠵᠢ ᠲᠤᠰᠢᠶᠠᠬᠤ ᠬᠡᠷᠡᠭᠲᠡᠢ᠃ ᠪᠤᠰᠤᠳ ᠭᠠᠵᠠᠷ᠎ᠤᠨ ᠨᠡᠷᠡᠰ᠎ᠢ ᠨᠡᠷᠡᠢ᠌ᠳᠬᠦ᠂ ᠨᠡᠷᠡᠰ᠎ᠢ ᠬᠠᠯᠠᠬᠤ᠎ᠳᠤ᠂ ᠨᠡᠢ᠌ᠭᠡᠮ᠎ᠤᠨ ᠨᠥᠯᠥᠭᠡ᠂ ᠲᠤᠰᠬᠠᠢ ᠮᠡᠷᠭᠡᠵᠢᠯ᠎ᠤᠨ ᠴᠢᠨᠠᠷ᠂ ᠮᠡᠷᠭᠡᠵᠢᠯ᠎ᠤᠨ ᠰᠢᠨᠵᠢ ᠪᠠ ᠣᠯᠠᠨ ᠲᠦᠮᠡᠨ᠎ᠤ ᠠᠮᠢᠳᠤᠷᠠᠯ᠎ᠯᠤᠭ᠎ᠠ ᠬᠢᠷᠢ ᠨᠢᠭᠲᠠ ᠪᠠᠢ᠌ᠬᠤ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠶᠡᠷᠦᠩᠬᠡᠢ᠌ᠯᠡᠨ ᠦᠨᠡᠯᠡᠵᠤ᠂ ᠲᠤᠰᠬᠠᠢ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠰᠠᠨᠠᠯ ᠬᠤᠷᠢᠶᠠᠬᠤ ᠵᠢ ᠵᠣᠬᠢᠶᠠᠨ ᠪᠠᠢ᠌ᠭᠤᠯᠤᠨ ᠥᠷᠨᠢᠭᠦᠯᠬᠦ ᠵᠢᠨ ᠬᠠᠮᠲᠤ ᠬᠠᠮᠢᠶ᠎ᠠ ᠪᠦᠬᠦᠢ ᠮᠡᠳᠡᠭᠦᠯᠦᠯᠲᠡ ᠵᠢ ᠲᠤᠰᠢᠶᠠᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ᠄ ᠭᠠᠵᠠᠷ᠎ᠤᠨ ᠨᠡᠷ᠎ᠡ ᠵᠢ ᠨᠡᠷᠡᠢ᠌ᠳᠬᠦ᠂ ᠨᠡᠷᠡᠰ᠎ᠢ ᠬᠠᠯᠠᠬᠤ ᠵᠢ ᠵᠥᠪᠰᠢᠶᠡᠷᠡᠬᠦ᠎ᠳᠤ ᠲᠠᠷᠠᠭ᠋ᠠᠬᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠄
(ᠨᠢᠭᠡ) ᠲᠡᠦᠬᠡ ᠰᠣᠶᠣᠯ᠎ᠤᠨ ᠴᠢᠬᠤᠯᠠ ᠦᠨ᠎ᠡ ᠦᠷᠳᠡᠭ᠎ᠲᠠᠢ᠂ ᠳᠤᠮᠳᠠᠳᠤ ᠵᠢᠨ ᠲᠡᠦᠬᠡ ᠰᠣᠶᠣᠯ᠎ᠤᠨ ᠰᠤᠳᠠᠰᠤ ᠵᠢ ᠬᠠᠷᠠᠭᠤᠯᠤᠭᠰᠠᠨ ᠪᠠ ᠴᠢᠬᠤᠯᠠ ᠶᠡᠬᠡ ᠨᠡᠢ᠌ᠭᠡᠮ᠎ᠤᠨ ᠨᠥᠯᠥᠭᠡ᠎ᠲᠠᠢ ᠤᠯᠤᠰ᠎ᠤᠨ ᠳᠣᠲᠣᠭ᠋ᠠᠳᠤ ᠵᠢᠨ ᠨᠡᠷᠡᠳᠦ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠪᠤᠶᠤ ᠬᠣᠶᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠠᠴᠠ ᠳᠡᠭᠡᠭᠰᠢᠬᠢ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠵᠢ ᠨᠡᠷᠡᠢ᠌ᠳᠬᠦ᠂ ᠨᠡᠷᠡᠰ᠎ᠢ ᠬᠠᠯᠠᠬᠤ᠎ᠳᠤ ᠬᠣᠯᠪᠣᠭᠳᠠᠬᠤ᠃ ᠬᠢᠯᠢ ᠬᠢᠵᠠᠭ᠋ᠠᠷ ᠣᠷᠣᠨ᠎ᠤ ᠤᠯᠤᠰ᠎ᠤᠨ ᠬᠢᠯᠢ ᠵᠢᠨ ᠱᠤᠭᠤᠮ᠎ᠤᠨ ᠴᠢᠭᠯᠡᠯ᠎ᠳᠤ ᠬᠣᠯᠪᠣᠭᠳᠠᠬᠤ ᠪᠠ ᠲᠡᠯᠡᠶ ᠳᠡᠭᠡᠷᠡᠬᠢ ᠠᠷᠠᠯ ᠬᠣᠢ᠌ᠭ᠎ᠲᠤ ᠬᠣᠯᠪᠣᠭᠳᠠᠬᠤ᠂ ᠠᠷᠠᠯ ᠪᠣᠱ᠌ᠣᠭᠠ ᠵᠢᠨ ᠬᠠᠷᠢᠶᠠᠯᠠᠯ᠎ᠤᠨ ᠵᠠᠭ᠋ᠠᠭ ᠪᠠ ᠬᠢᠯᠢ ᠵᠢᠨ ᠵᠠᠭ᠋ᠠᠭ᠎ᠤᠨ ᠭᠡᠷ᠎ᠡ ᠪᠠ ᠵᠥᠪᠯᠡᠨ ᠲᠣᠭᠲᠠᠭ᠋ᠠᠭᠰᠠᠨ ᠪᠢᠴᠢᠭ᠎ᠲᠤ ᠣᠷᠣᠭᠤᠯᠤᠭᠰᠠᠨ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠪᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠪᠠᠢ᠌ᠭ᠎ᠠ ᠭᠠᠵᠠᠷ ᠵᠡᠷᠭᠡ ᠵᠢᠨ ᠰᠠᠭᠤᠭ᠋ᠠᠯᠢ ᠠᠷᠠᠳ᠎ᠤᠨ ᠴᠡᠭ᠎ᠢ ᠨᠡᠷᠡᠢ᠌ᠳᠬᠦ᠂ ᠬᠠᠯᠠᠬᠤ᠎ᠳᠤ᠂ ᠬᠠᠮᠢᠶ᠎ᠠ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠶᠤᠴᠢᠯᠠᠯ ᠭᠠᠷᠭ᠋ᠠᠵᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠰᠠᠭᠤᠭ᠋ᠠᠯᠢ ᠠᠷᠠᠳ ᠦᠭᠡᠢ ᠲᠠᠯᠠᠢ ᠵᠢᠨ ᠠᠷᠠᠯ᠂ ᠲᠠᠯᠠᠢ ᠵᠢᠨ ᠣᠷᠣᠨ᠂ ᠲᠠᠯᠠᠢ ᠵᠢᠨ ᠢᠷᠤᠭ᠋ᠠᠷ᠎ᠤᠨ ᠭᠠᠵᠠᠷ ᠵᠦᠢ ᠵᠢᠨ ᠪᠣᠳᠠᠲᠤ ᠴᠣᠭᠴᠠ ᠵᠢ ᠨᠡᠷᠡᠢ᠌ᠳᠬᠦ ᠪᠠ ᠬᠠᠯᠠᠬᠤ᠎ᠳᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠵᠥᠪᠰᠢᠶᠡᠷᠡᠨ᠎ᠡ᠃ ᠪᠤᠰᠤᠳ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠵᠢ ᠨᠡᠷᠡᠢ᠌ᠳᠬᠦ᠂ ᠬᠠᠯᠠᠬᠤ᠎ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ ᠶᠣᠰᠣᠭ᠋ᠠᠷ ᠵᠥᠪᠰᠢᠶᠡᠷᠡᠨ᠎ᠡ᠃
(ᠬᠣᠶᠠᠷ) ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠢ ᠨᠡᠷᠡᠢ᠌ᠳᠬᠦ᠂ ᠨᠡᠷᠡᠰ᠎ᠢ ᠬᠠᠯᠠᠬᠤ᠎ᠳᠤ 《ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠲᠤᠢ᠌ᠷᠢᠮ》᠎ᠤᠨ ᠲᠣᠭᠲᠠᠭ᠋ᠠᠯ ᠶᠣᠰᠣᠭ᠋ᠠᠷ ᠵᠥᠪᠰᠢᠶᠡᠷᠡᠨ᠎ᠡ᠃
(ᠭᠤᠷᠪᠠ) ᠲᠤᠰ ᠵᠦᠢ᠍ᠯ᠎ᠤᠨ ᠨᠢᠭᠡᠳᠦᠭᠡᠷ ᠵᠤᠷᠪᠤᠰ᠎ᠲᠤ ᠲᠣᠭᠲᠠᠭ᠋ᠠᠭᠰᠠᠨ᠎ᠠᠴᠠ ᠭᠠᠳᠠᠨᠠᠬᠢ ᠭᠠᠴᠠᠭ᠋ᠠᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠪᠠᠢ᠌ᠭ᠎ᠠ ᠭᠠᠵᠠᠷ᠎ᠢ ᠨᠡᠷᠡᠢ᠌ᠳᠬᠦ᠂ ᠨᠡᠷᠡᠰ᠎ᠢ ᠬᠠᠯᠠᠬᠤ᠎ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ ᠶᠣᠰᠣᠭ᠋ᠠᠷ ᠵᠥᠪᠰᠢᠶᠡᠷᠡᠨ᠎ᠡ᠃
(ᠲᠦᠷᠪᠡ) ᠬᠤᠳᠠ ᠵᠢᠨ ᠴᠡᠴᠡᠷᠯᠢᠭ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠨᠡᠷᠡᠢ᠌ᠳᠬᠦ᠂ ᠨᠡᠷᠡᠰ᠎ᠢ ᠬᠠᠯᠠᠬᠤ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠥᠪᠰᠢᠶᠡᠷᠡᠭᠦᠯᠦᠨ᠎ᠡ᠃
(ᠲᠠᠪᠤ) ᠵᠡᠭᠡᠯᠢ ᠭᠤᠳᠤᠮᠵᠢ ᠵᠢ ᠨᠡᠷᠡᠢ᠌ᠳᠬᠦ᠂ ᠨᠡᠷᠡᠰ᠎ᠢ ᠬᠠᠯᠠᠬᠤ᠎ᠳᠤ ᠰᠢᠭᠤᠳ ᠬᠠᠷᠢᠶ᠎ᠠ ᠬᠣᠲᠠ᠂ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠨ᠎ᠡ᠃
(ᠵᠢᠷᠭᠤᠭ᠎ᠠ) ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠬᠤᠷᠢᠶᠠᠯᠠᠯ᠂ ᠠᠰᠠᠷ ᠪᠠᠢ᠌ᠰᠢᠩ᠎ᠢ ᠨᠡᠷᠡᠢ᠌ᠳᠬᠦ᠂ ᠨᠡᠷᠡᠰ᠎ᠢ ᠬᠠᠯᠠᠬᠤ᠎ᠳᠤ ᠰᠢᠭᠤᠳ ᠬᠠᠷᠢᠶ᠎ᠠ ᠬᠣᠲᠠ᠂ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷ᠎ᠡ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠵᠥᠪᠰᠢᠶᠡᠷᠡᠨ᠎ᠡ;
(ᠲᠤᠯᠤᠭ᠎ᠠ) ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭ᠋ᠠᠨ ᠬᠦᠴᠦ᠂ ᠮᠡᠳᠡᠭᠡ ᠬᠣᠯᠪᠣᠭ᠎ᠠ᠂ ᠴᠠᠭ ᠠᠭᠤᠷ᠎ᠤᠨ ᠲᠥᠬᠦᠭᠡᠷᠦᠮᠵᠢ ᠵᠢ ᠨᠡᠷᠡᠢ᠌ᠳᠬᠦ᠂ ᠨᠡᠷᠡᠰ᠎ᠢ ᠬᠠᠯᠠᠬᠤ᠎ᠳᠤ ᠪᠠᠢ᠌ᠳᠠᠯ᠎ᠢ ᠦᠨᠳᠦᠰᠦᠯᠡᠨ ᠪᠠᠢ᠌ᠭ᠎ᠠ ᠭᠠᠵᠠᠷ᠎ᠤᠨ ᠵᠶ᠋ᠠᠨ ᠬᠣᠯᠪᠣᠭᠳᠠᠯ ᠪᠦᠬᠦᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠵᠤ᠂ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠬᠦ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ᠄ ᠭᠠᠵᠠᠷ᠎ᠤᠨ ᠨᠡᠷᠡᠰ᠎ᠢ ᠨᠡᠷᠡᠢ᠌ᠳᠬᠦ᠂ ᠨᠡᠷᠡᠰ᠎ᠢ ᠬᠠᠯᠠᠭᠰᠠᠨ᠎ᠤ ᠳᠠᠷᠠᠭ᠎ᠠ ᠵᠥᠪᠰᠢᠶᠡᠷᠡᠭᠰᠡᠨ ᠪᠠᠢ᠌ᠭᠤᠯᠭ᠎ᠠ᠎ᠨᠢ ᠵᠥᠪᠰᠢᠶᠡᠷᠡᠭᠰᠡᠨ ᠡᠳᠦᠷ᠎ᠠᠴᠠ 15 ᠬᠤᠨᠤᠭ᠎ᠤᠨ ᠳᠣᠲᠣᠷ᠎ᠠ ᠲᠠᠷᠠᠭ᠋ᠠᠬᠢ ᠲᠣᠭᠲᠠᠭ᠋ᠠᠯ ᠶᠣᠰᠣᠭ᠋ᠠᠷ ᠮᠡᠳᠡᠬᠦᠯᠵᠤ ᠳᠠᠩᠰᠠᠯᠠᠭᠤᠯᠬᠤ ᠬᠡᠷᠡᠭᠲᠡᠢ᠄
(ᠨᠢᠭᠡ) ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠭᠠᠵᠠᠷ᠎ᠤᠨ ᠨᠡᠷᠡᠰ᠎ᠢ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ ᠳᠠᠩᠰᠠᠯᠠᠭᠤᠯᠵᠤ᠂ ᠳᠠᠩᠰᠠᠯᠠᠭᠤᠯᠤᠭᠰᠠᠨ ᠮᠠᠲ᠋ᠧᠷᠢᠶᠠᠯ᠎ᠢ ᠰᠢᠭᠤᠳ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ᠎ᠬᠢᠨ᠎ᠳᠤ ᠬᠦᠷᠬᠡᠨ᠎ᠡ᠃
(ᠬᠣᠶᠠᠷ) ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠭᠠᠵᠠᠷ᠎ᠤᠨ ᠨᠡᠷᠡᠰ᠎ᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠳᠠᠩᠰᠠᠯᠠᠭᠤᠯᠤᠨ᠎ᠠ᠂ ᠳᠠᠩᠰᠠᠯᠠᠭᠤᠯᠤᠭᠰᠠᠨ ᠮᠠᠲ᠋ᠧᠷᠢᠶᠠᠯ᠎ᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠬᠦᠷᠬᠡᠨ᠎ᠡ᠃
(ᠭᠤᠷᠪᠠ) ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷ᠎ᠡ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ᠎ᠤ ᠵᠥᠪᠰᠢᠶᠡᠷᠡᠭᠰᠡᠨ ᠭᠠᠵᠠᠷ ᠤᠨ ᠨᠡᠷᠡᠰ᠎ᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷ᠎ᠡ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
(ᠳᠥᠷᠪᠡ) ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠭᠠᠵᠠᠷ᠎ᠤᠨ ᠨᠡᠷᠡᠰ᠎ᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
ᠠᠷᠪᠠᠨ ᠳᠥᠷᠪᠡᠳᠦᠭᠡᠷ ᠵᠦᠢ᠍ᠯ᠄ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ᠎ᠤ ᠵᠥᠪᠰᠢᠶᠡᠷᠡᠭᠰᠡᠨ ᠭᠠᠵᠠᠷ᠎ᠤᠨ ᠨᠡᠷᠡᠰ᠎ᠢ ᠵᠥᠪᠰᠢᠶᠡᠷᠡᠭᠰᠡᠨ ᠡᠳᠦᠷ᠎ᠠᠴᠠ 15 ᠬᠤᠨᠤᠭ᠎ᠤᠨ ᠳᠣᠲᠣᠷ᠎ᠠ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷ᠎ᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠳᠤ ᠵᠠᠷᠯᠠᠨ ᠨᠡᠢ᠌ᠳᠡᠯᠡᠨ᠎ᠡ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠭᠠᠵᠠᠷ᠎ᠤᠨ ᠨᠡᠷᠡᠰ᠎ᠢ ᠲᠣᠭᠲᠠᠭ᠋ᠠᠯ ᠶᠣᠰᠣᠭ᠋ᠠᠷ ᠮᠡᠳᠡᠭᠦᠯᠦᠨ ᠳᠠᠩᠰᠠᠯᠠᠭᠤᠯᠤᠭᠰᠠᠨ ᠡᠳᠦᠷ᠎ᠠᠴᠠ 15 ᠬᠤᠨᠤᠭ᠎ᠤᠨ ᠳᠣᠲᠣᠷ᠎ᠠ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠳᠤ ᠵᠠᠷᠯᠠᠨ ᠨᠡᠢ᠌ᠲᠡᠯᠡᠨ᠎ᠡ᠃