ᠬᠤᠤᠰᠪᠠᠶᠠᠷ ᠤᠷᠴᠢᠭᠤᠯᠪᠠ
ᠠᠷᠪᠠᠨ ᠲᠠᠪᠤᠳᠤᠭ᠋ᠠᠷ ᠵᠦᠢ᠍ᠯ ᠭᠠᠵᠠᠷ᠎ᠤᠨ ᠨᠡᠷ᠎ᠡ ᠵᠢ ᠬᠡᠷᠡᠭᠯᠡᠬᠦ᠎ᠳᠡᠭᠡᠨ ᠪᠠᠷᠢᠮᠵᠢᠶ᠎ᠠ᠂ ᠵᠢᠷᠤᠮᠵᠢᠯ᠎ᠲᠠᠢ ᠪᠠᠢ᠌ᠬᠤ ᠬᠡᠷᠡᠭᠲᠡᠢ᠃
ᠭᠠᠵᠠᠷ᠎ᠤᠨ ᠨᠡᠷ᠎ᠡ ᠵᠢ ᠷᠣᠮᠠ ᠴᠠᠭ᠋ᠠᠨ ᠲᠤᠯᠤᠭ᠋ᠠᠢ᠎ᠪᠠᠷ ᠠᠪᠢᠶᠠᠴᠢᠯᠠᠨ ᠪᠢᠴᠢᠬᠦ᠎ᠳᠤ 《ᠬᠢᠲᠠᠳ ᠬᠡᠯᠡᠨ᠎ᠤ ᠠᠪᠢᠶ᠎ᠠ ᠲᠡᠮᠳᠡᠭᠯᠡᠬᠦ ᠲᠥᠰᠥᠯ》 ᠵᠶ᠋ᠡᠷ ᠨᠢᠭᠡᠳᠦᠯᠲᠡᠢ ᠵᠢᠷᠤᠮᠵᠢᠯ ᠪᠣᠯᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ ᠨᠡᠷ᠎ᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠮᠲᠤᠷᠠᠨ ᠲᠣᠭᠲᠠᠭ᠋ᠠᠭᠰᠠᠨ ᠳᠦᠷᠢᠮ ᠶᠣᠰᠣᠭ᠋ᠠᠷ ᠠᠪᠢᠶᠠᠴᠢᠯᠠᠨ ᠪᠢᠴᠢᠨ᠎ᠡ᠃
ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠵᠥᠪᠰᠢᠶᠡᠷᠡᠭᠰᠡᠨ ᠭᠠᠵᠠᠷ᠎ᠤᠨ ᠨᠡᠷᠡᠰ᠎ᠨᠢ ᠪᠠᠷᠢᠮᠵᠢᠶᠠᠲᠤ ᠭᠠᠵᠠᠷ᠎ᠤᠨ ᠨᠡᠷᠡᠰ ᠪᠣᠯᠣᠨ᠎ᠠ᠃
ᠪᠠᠷᠢᠮᠵᠢᠶᠠᠲᠤ ᠭᠠᠵᠠᠷ᠎ᠤᠨ ᠨᠡᠷᠡᠰ᠎ᠨᠢ ᠭᠠᠵᠠᠷ᠎ᠤᠨ ᠨᠡᠷᠡᠰ᠎ᠤᠨ ᠬᠡᠷᠡᠭᠯᠡᠭᠡᠨ᠎ᠤ ᠦᠰᠦᠭ᠎ᠤᠨ ᠳᠠᠭᠤᠳᠠᠯᠭ᠎ᠠ ᠵᠢ ᠬᠢᠨᠠᠨ ᠲᠣᠭᠲᠠᠭ᠋ᠠᠬᠤ ᠵᠢᠷᠤᠮᠵᠢᠯ ᠪᠠ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠂ ᠭᠠᠳᠠᠭ᠋ᠠᠳᠤ ᠬᠡᠯᠡᠨ᠎ᠤ ᠭᠠᠵᠠᠷ᠎ᠤᠨ ᠨᠡᠷᠡᠰ᠎ᠢ ᠬᠢᠲᠠᠳ ᠦᠰᠦᠭ ᠵᠶ᠋ᠡᠷ ᠣᠷᠴᠢᠭᠤᠯᠤᠨ ᠪᠢᠴᠢᠬᠦ ᠵᠡᠷᠭᠡ ᠵᠢᠷᠤᠮᠵᠢᠯᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ᠄ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢ ᠨᠢᠭᠡᠳᠦᠯᠲᠡᠢ ᠪᠠᠢ᠌ᠭᠤᠯᠵᠤ᠂ ᠪᠠᠷᠢᠮᠵᠢᠶᠠᠲᠤ ᠭᠠᠵᠠᠷ᠎ᠤᠨ ᠨᠡᠷᠡᠰ ᠵᠡᠷᠭᠡ ᠮᠡᠳᠡᠭᠡ ᠵᠠᠩᠭᠢ ᠵᠢ ᠨᠡᠢ᠌ᠲᠡᠯᠡᠨ᠂ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠣᠯᠠᠨ ᠲᠦᠮᠡᠨ᠎ᠤ ᠠᠮᠢᠳᠤᠷᠠᠯ᠂ ᠨᠡᠢ᠌ᠭᠡᠮ᠎ᠤᠨ ᠵᠠᠰᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠳᠤ ᠦᠢ᠍ᠯᠡᠴᠢᠯᠡᠬᠦ ᠢᠳᠡᠪᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠲᠥᠬᠥᠮ ᠳᠥᠲᠡᠴᠢᠯᠡᠯᠲᠡ ᠵᠢᠨ ᠲᠦᠪᠰᠢᠨ᠎ᠢ ᠳᠡᠭᠡᠭᠰᠢᠯᠡᠭᠦᠯᠦᠨ᠂ ᠣᠯᠠᠨ ᠲᠦᠮᠡᠨ᠎ᠤ ᠬᠡᠷᠡᠭᠯᠡᠬᠦ᠎ᠳᠤ ᠲᠥᠬᠥᠮ ᠦᠵᠡᠭᠦᠯᠦᠨ᠎ᠡ᠃
ᠠᠷᠪᠠᠨ ᠳᠣᠯᠣᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠪᠠᠢ᠌ᠭᠤᠯᠵᠤ ᠬᠤᠪᠢᠶᠠᠯᠴᠠᠬᠤ ᠬᠡᠷᠡᠭᠳᠡᠢ᠃
ᠠᠷᠪᠠᠨ ᠨᠠᠢ᠍ᠮᠠᠳᠤᠭ᠋ᠠᠷ ᠵᠦᠢ᠍ᠯ᠄ ᠲᠠᠷᠠᠭ᠋ᠠᠬᠢ ᠬᠡᠪᠴᠢᠶᠡᠨ᠎ᠳᠤ ᠡᠷᠬᠡᠪᠰᠢ ᠪᠠᠷᠢᠮᠵᠢᠶᠠᠲᠤ ᠭᠠᠵᠠᠷ᠎ᠤᠨ ᠨᠡᠷ᠎ᠡ ᠵᠢ ᠬᠡᠷᠡᠭᠯᠡᠬᠦ ᠬᠡᠷᠡᠭᠲᠡᠢ᠄
(ᠨᠢᠭᠡ) ᠭᠠᠵᠠᠷ᠎ᠤᠨ ᠨᠡᠷ᠎ᠡ ᠵᠢᠨ ᠢᠯᠡᠳᠬᠡᠮᠵᠢ ᠲᠡᠮᠳᠡᠭ᠂ ᠵᠠᠮ ᠬᠠᠷᠢᠯᠴᠠᠭ᠋ᠠᠨ᠎ᠤ ᠢᠯᠡᠳᠬᠡᠮᠵᠢ ᠲᠡᠮᠳᠡᠭ᠂ ᠵᠠᠷ᠎ᠤᠨ ᠫᠠᠢ᠌ᠰᠠ ᠢᠯᠡᠷᠬᠡᠢ᠌ᠯᠡᠯ ᠵᠡᠷᠭᠡ᠃
(ᠬᠣᠶᠠᠷ) ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠰᠣᠨᠢᠨ ᠮᠡᠳᠡᠭᠡᠨ᠎ᠤ ᠵᠠᠭᠤᠴᠢᠯᠠᠭᠤᠷ ᠪᠠ ᠵᠠᠰᠠᠭ᠎ᠤᠨ ᠣᠷᠳᠣᠨ᠎ᠤ ᠰᠦᠯᠵᠢᠶ᠎ᠡ ᠵᠡᠷᠭᠡ ᠤᠯᠠᠨ ᠨᠡᠶ᠋ᠢᠲᠡ ᠵᠢᠨ ᠲᠠᠪᠴᠠᠩ ᠵᠶ᠋ᠠᠷ ᠨᠡᠢ᠌ᠲᠡᠯᠡᠭᠰᠡᠨ ᠮᠡᠳᠡᠭᠡ ᠵᠠᠩᠭᠢ᠃
(ᠭᠤᠷᠪᠠ) ᠬᠠᠤᠯᠢ ᠴᠠᠭ᠋ᠠᠵᠠ ᠵᠢᠨ ᠪᠢᠴᠢᠭ ᠬᠠᠷ᠎ᠠ᠂ ᠪᠡᠶ᠎ᠡ ᠵᠢᠨ ᠬᠢᠷᠢ ᠬᠡᠮ᠎ᠤᠨ ᠭᠡᠷᠡᠴᠢ᠂ ᠲᠠᠸᠠᠷ᠎ᠤᠨ ᠭᠡᠷ ᠪᠠᠢ᠌ᠰᠢᠩ᠎ᠢ ᠤᠷᠢᠳᠴᠢᠯᠠᠨ ᠬᠤᠳᠠᠯᠳᠤᠬᠤ ᠵᠥᠪᠰᠢᠶᠡᠷᠡᠯ᠎ᠤᠨ ᠦᠨᠡᠮᠯᠡᠯ᠂ ᠦᠯᠦ ᠬᠥᠳᠡᠯᠬᠦ ᠬᠥᠷᠥᠩᠭᠡ ᠵᠢᠨ ᠡᠷᠬᠡ ᠵᠢᠨ ᠬᠠᠷᠢᠶᠠᠯᠠᠯ᠎ᠤᠨ ᠦᠨᠡᠮᠯᠡᠯ ᠵᠡᠷᠭᠡ ᠡᠯ᠎ᠡ ᠲᠦᠷᠦᠯ᠎ᠤᠨ ᠠᠯᠪᠠᠨ ᠪᠢᠴᠢᠭ᠂ ᠭᠡᠷᠡᠴᠢ ᠦᠨᠡᠮᠯᠡᠯ᠃
(ᠳᠥᠷᠪᠡ) ᠲᠣᠯᠢ ᠪᠢᠴᠢᠭ ᠵᠡᠷᠭᠡ ᠪᠠᠭ᠋ᠠᠵᠢ ᠬᠡᠷᠡᠭᠰᠡᠯ᠎ᠤᠨ ᠲᠦᠷᠦᠯ ᠪᠠ ᠵᠢᠭ᠋ᠠᠬᠤ ᠮᠠᠲ᠋ᠧᠷᠢᠶᠠᠯ ᠵᠢᠭ᠋ᠠᠨ ᠰᠤᠷᠭ᠋ᠠᠬᠤ ᠵᠢᠨ ᠬᠠᠪᠰᠤᠷᠤᠮᠵᠢ ᠪᠢᠴᠢᠭ ᠵᠡᠷᠭᠡ ᠰᠤᠷᠤᠯᠴᠠᠯᠭ᠎ᠠ ᠵᠢᠨ ᠲᠦᠷᠦᠯ᠎ᠤᠨ ᠢᠯᠡ ᠬᠡᠪᠯᠡᠭᠳᠡᠬᠦᠨ᠃
(ᠲᠠᠪᠤ) ᠨᠡᠢ᠌ᠭᠡᠮ ᠨᠡᠶ᠋ᠢᠲᠡ᠎ᠳᠤ ᠢᠯᠠ᠎ᠪᠠᠷ ᠨᠡᠢ᠌ᠲᠡᠯᠡᠭᠰᠡᠨ ᠭᠠᠵᠠᠷ᠎ᠤᠨ ᠵᠢᠷᠤᠭ᠃
(ᠵᠢᠷᠭᠤᠭ᠎ᠠ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠠᠷᠢᠮᠵᠢᠶᠠᠲᠤ ᠭᠠᠵᠠᠷ᠎ᠤᠨ ᠨᠡᠷᠡᠰ᠎ᠢ ᠬᠡᠷᠡᠭᠯᠡᠬᠦ ᠶᠣᠰᠣᠲᠠᠢ ᠪᠤᠰᠤᠳ ᠪᠠᠢ᠌ᠳᠠᠯ᠎ᠤᠳ᠃
ᠠᠷᠪᠠ ᠶᠢᠰᠦᠳᠦᠭᠡᠷ ᠵᠦᠢ᠍ᠯ᠄ ᠪᠠᠷᠢᠮᠵᠢᠶᠠᠲᠤ ᠭᠠᠵᠠᠷ᠎ᠤᠨ ᠨᠡᠷᠡᠰ ᠪᠠ ᠬᠠᠮᠢᠶ᠎ᠠ ᠪᠦᠬᠦᠢ ᠮᠡᠳᠡᠭᠡ ᠵᠠᠩᠭᠢ ᠵᠢ ᠭᠠᠵᠠᠷ᠎ᠤᠨ ᠨᠡᠷᠡᠰ᠎ᠤᠨ ᠲᠡᠮᠳᠡᠭ ᠳᠡᠭᠡᠷ᠎ᠡ ᠲᠣᠳᠣᠷᠬᠠᠢ᠌ᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ᠎ᠤᠨ ᠨᠡᠷᠡᠰ᠎ᠤᠨ ᠲᠡᠮᠳᠡᠭ᠎ᠢ ᠳᠤᠷ᠎ᠠ᠎ᠪᠠᠷ ᠵᠶ᠋ᠠᠨ ᠵᠣᠬᠢᠶᠠᠵᠤ᠂ ᠨᠤᠷᠠᠭ᠋ᠠᠵᠤ᠂ ᠰᠢᠯᠵᠢᠭᠦᠯᠵᠦ᠂ ᠪᠠᠯᠠᠯᠤᠨ ᠵᠠᠰᠠᠵᠤ᠂ ᠬᠠᠯᠬᠠᠯᠠᠵᠤ᠂ ᠡᠪᠳᠡᠨ ᠰᠦᠢ᠍ᠳᠬᠡᠵᠦ ᠪᠣᠯᠬᠤ ᠦᠭᠡᠢ᠃
ᠬᠣᠷᠢᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ᠎ᠤᠨ ᠨᠡᠷᠡᠰ᠎ᠤᠨ ᠲᠡᠮᠳᠡᠭ᠎ᠢ ᠪᠠᠢ᠌ᠷᠢᠯᠠᠭᠤᠯᠬᠤ ᠪᠠ ᠬᠠᠮᠢᠶᠠᠷᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ᠄ ᠰᠢᠭᠤᠳ ᠬᠠᠷᠢᠶ᠎ᠠ ᠬᠣᠲᠠ᠂ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠬᠡᠪᠴᠢᠶᠡᠨ ᠳᠣᠲᠣᠷ᠎ᠠ ᠪᠠᠷᠢᠮᠵᠢᠶᠠᠲᠤ ᠭᠠᠵᠠᠷ᠎ᠤᠨ ᠨᠡᠷᠡᠰ᠎ᠢ ᠦᠨᠳᠦᠰᠦᠯᠡᠨ ᠪᠠᠷᠢᠮᠵᠢᠶᠠᠲᠤ ᠬᠠᠶᠢᠭ᠎ᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠢᠯᠡᠳᠬᠡᠮᠵᠢ ᠲᠡᠮᠳᠡᠭ ᠲᠠᠯᠪᠢᠬᠤ ᠬᠡᠷᠡᠭᠲᠡᠢ᠃ ᠬᠣᠷᠢᠨ ᠬᠣᠶᠠᠳᠤᠭ᠋ᠠᠷ ᠵᠦᠢ᠍ᠯ᠄ ᠪᠠᠷᠢᠮᠵᠢᠶᠠᠲᠤ ᠭᠠᠵᠠᠷ᠎ᠤᠨ ᠨᠡᠷᠡᠰ᠎ᠤᠨ ᠬᠡᠪᠯᠡᠭᠳᠡᠬᠦᠨ᠎ᠢ ᠭᠠᠵᠠᠷ᠎ᠤᠨ ᠨᠡᠷᠡᠰ᠎ᠤᠨ ᠪᠠᠢ᠌ᠭᠤᠯᠤᠮᠵᠢ ᠵᠢᠨ᠎ᠬᠢᠨ ᠡᠮᠬᠢᠳᠬᠡᠨ ᠬᠡᠪᠯᠡᠭᠦᠯᠬᠦ ᠠᠵᠢᠯ᠎ᠢ ᠬᠠᠷᠢᠭᠤᠴᠠᠨ᠎ᠠ᠃ ᠡᠭᠦᠨ᠎ᠳᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠨᠡᠷᠡᠢ᠌ᠳᠦᠯ᠎ᠢ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠪᠣᠳᠠᠲᠠᠢ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ ᠪᠠᠢ᠌ᠭ᠎ᠠ ᠰᠠᠯᠠᠭ᠎ᠠ ᠮᠥᠴᠢᠷ ᠡᠮᠬᠢᠳᠬᠡᠨ ᠬᠡᠪᠯᠡᠭᠦᠯᠦᠨ᠎ᠡ᠃