ᠬᠣᠷᠢᠨ ᠨᠠᠢ᠍ᠮᠠᠳᠤᠭ᠋ᠠᠷ ᠵᠦᠢ᠍ᠯ᠄ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤᠨ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠤᠨ ᠨᠡᠷᠡᠰ᠎ᠤᠨ ᠵᠠᠰᠠᠭ ᠵᠠᠬᠢᠷᠭ᠋ᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠠᠵᠠᠷ ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠳᠤ᠎ᠬᠢ ᠵᠢᠯᠣᠭᠣᠳᠤᠯᠭ᠎ᠠ᠂ ᠬᠢᠨᠠᠯᠲᠠ᠎ᠪᠠᠨ ᠴᠢᠩᠭ᠋ᠠᠳᠬᠠᠬᠤ ᠬᠡᠷᠡᠭᠲᠡᠢ᠃ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠵᠢᠯᠤᠭᠤᠳᠴᠤ᠂ ᠬᠢᠨᠠᠬᠤ ᠬᠡᠷᠡᠭᠳᠡᠢ᠃
ᠬᠣᠷᠢ ᠶᠢᠰᠦᠳᠦᠭᠡᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠬᠤ᠂ ᠬᠡᠷᠡᠭᠯᠡᠬᠦ᠂ ᠰᠣᠶᠣᠯ᠎ᠤᠨ ᠬᠠᠮᠠᠭ᠋ᠠᠯᠠᠯᠲᠠ᠎ᠳᠤ ᠲᠠᠯᠪᠢᠬᠤ ᠬᠢᠨᠠᠯᠲᠠ ᠪᠠᠢ᠌ᠴᠠᠭ᠋ᠠᠯᠲᠠ᠎ᠪᠠᠨ ᠬᠠᠤᠯᠢ ᠶᠣᠰᠣᠭ᠋ᠠᠷ ᠴᠢᠩᠭ᠋ᠠᠳᠬᠠᠬᠤ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠴᠢᠳᠠᠪᠤᠷᠢ ᠵᠢᠨ ᠪᠠᠢ᠌ᠭᠤᠯᠤᠯᠳᠠ ᠵᠢ ᠴᠢᠡᠭᠭ᠋ᠠᠳᠬᠠᠬᠤ ᠬᠡᠷᠡᠭᠳᠡᠢ᠃
ᠭᠤᠴᠢᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠬᠢᠨᠠᠵᠤ ᠪᠠᠢ᠌ᠴᠠᠭ᠋ᠠᠬᠤ᠎ᠳᠤ᠎ᠪᠠᠨ ᠲᠠᠷᠠᠭ᠋ᠠᠬᠢ ᠠᠷᠭ᠎ᠠ ᠵᠢ ᠠᠪᠬᠤ ᠡᠷᠬᠡ᠎ᠲᠠᠢ᠄
(ᠨᠢᠭᠡ) ᠬᠣᠯᠪᠣᠭᠳᠠᠯ ᠪᠦᠬᠦᠢ ᠲᠤᠬᠠᠢ ᠵᠢᠨ ᠬᠥᠮᠥᠨ᠎ᠠᠴᠠ ᠯᠠᠪᠯᠠᠨ ᠠᠰᠠᠭᠤᠵᠤ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ᠎ᠳᠤ ᠬᠣᠯᠪᠣᠭᠳᠠᠬᠤ ᠪᠠᠢ᠌ᠳᠠᠯ᠎ᠢ ᠪᠠᠢ᠌ᠴᠠᠭ᠋ᠠᠨ᠎ᠠ᠃
(ᠬᠣᠶᠠᠷ) ᠬᠣᠯᠪᠣᠭᠳᠠᠯ ᠪᠦᠬᠦᠢ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ᠂ ᠪᠠᠭᠤᠯᠭ᠋ᠠᠨ ᠠᠪᠬᠤ᠃
(ᠭᠤᠷᠪᠠ) ᠭᠠᠵᠠᠷ᠎ᠤᠨ ᠨᠡᠷᠡᠰ᠎ᠤᠨ ᠬᠠᠤᠯᠢ ᠵᠢ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠢ᠌ᠬᠤ ᠰᠡᠵᠢᠭᠯᠡᠯᠲᠡᠢ ᠲᠠᠯᠠᠪᠤᠷ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠬᠤ᠃
(ᠳᠥᠷᠪᠡ) ᠭᠠᠵᠠᠷ᠎ᠤᠨ ᠨᠡᠷᠡᠰ᠎ᠤᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠬᠣᠯᠪᠣᠭᠳᠠᠭᠰᠠᠨ ᠡᠳ᠋ ᠪᠣᠳᠠᠰ᠎ᠢ ᠪᠠᠢ᠌ᠴᠠᠭ᠋ᠠᠬᠤ᠃
(ᠲᠠᠪᠤ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠠᠷᠭ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠡᠮᠦᠨᠡᠬᠢ ᠵᠦᠢ᠍ᠯ᠎ᠳᠤ ᠲᠣᠭᠲᠠᠭ᠋ᠠᠭᠰᠠᠨ ᠡᠷᠬᠡ ᠲᠤᠰᠢᠶᠠᠯ᠎ᠢ ᠬᠠᠤᠯᠢ ᠶᠣᠰᠣᠭ᠋ᠠᠷ ᠭᠦᠢ᠍ᠴᠡᠳᠬᠡᠬᠦ ᠦᠶ᠎ᠡ᠎ᠳᠤ᠂ ᠲᠤᠬᠠᠢ ᠵᠢᠨ ᠬᠥᠮᠥᠨ᠎ᠨᠢ ᠬᠠᠪᠰᠤᠷᠴᠤ᠂ ᠬᠠᠮᠵᠢᠯᠴᠠᠬᠤ ᠬᠡᠷᠡᠭᠲᠡᠢ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
ᠭᠤᠴᠢᠨ ᠨᠢᠭᠡᠳᠦᠭᠡᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠬᠢᠨᠠᠯᠲᠠ ᠲᠠᠯᠪᠢᠵᠤ ᠪᠠᠢ᠌ᠴᠠᠭ᠋ᠠᠬᠤ ᠶᠠᠪᠤᠴᠠ᠎ᠳᠤ᠎ᠪᠠᠨ ᠭᠠᠵᠠᠷ᠎ᠤᠨ ᠨᠡᠷ᠎ᠡ ᠵᠢ ᠨᠡᠷᠡᠢ᠌ᠳᠬᠦ᠂ ᠬᠠᠯᠠᠬᠤ᠂ ᠬᠡᠷᠡᠭᠯᠡᠬᠦ᠂ ᠰᠣᠶᠣᠯ᠎ᠤᠨ ᠬᠠᠮᠠᠭ᠋ᠠᠯᠠᠯᠲᠠ᠎ᠳᠤ ᠠᠰᠠᠭᠤᠳᠠᠯ ᠣᠷᠣᠰᠢᠵᠤ ᠪᠠᠢ᠌ᠬᠤ ᠵᠢ ᠣᠯᠵᠤ ᠮᠡᠳᠡᠪᠡᠯ᠂ ᠴᠠᠭ ᠲᠤᠬᠠᠢᠳᠤᠨᠢ ᠴᠡᠭᠴᠡᠯᠡᠨ ᠰᠠᠢ᠌ᠵᠢᠷᠠᠭᠤᠯᠬᠤ ᠰᠠᠨᠠᠭᠤᠯᠭ᠎ᠠ ᠳᠤᠷᠠᠳᠴᠤ᠂ ᠴᠡᠭᠴᠡᠯᠡᠨ ᠰᠠᠢ᠌ᠵᠢᠷᠠᠭᠤᠯᠬᠤ ᠮᠡᠳᠡᠭᠳᠡᠯ᠎ᠤᠨ ᠪᠢᠴᠢᠭ ᠪᠠᠭᠤᠯᠭ᠋ᠠᠵᠤ᠂ ᠰᠢᠢ᠍ᠳᠪᠤᠷᠢᠯᠡᠬᠦᠯᠬᠦ ᠰᠠᠨᠠᠭᠤᠯᠭ᠎ᠠ ᠵᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠳᠤ ᠬᠠᠤᠯᠢ ᠶᠣᠰᠣᠭ᠋ᠠᠷ ᠳᠤᠷᠠᠳᠬᠤ ᠬᠡᠷᠡᠭᠲᠡᠢ᠃ ᠴᠢᠬᠤᠯᠠᠲᠠᠢ ᠦᠶ᠎ᠡ᠎ᠳᠤ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠰᠡᠵᠢᠭᠯᠡᠯᠲᠡᠢ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠰ᠎ᠲᠠᠢ ᠪᠣᠯᠵᠣᠨ ᠶᠠᠷᠢᠯᠴᠠᠬᠤ ᠵᠢᠨ ᠬᠠᠮᠲᠤ ᠨᠡᠢ᠌ᠭᠡᠮ ᠨᠡᠢ᠌ᠳᠡ᠎ᠳᠤ ᠮᠡᠳᠡᠭᠳᠡᠵᠦ ᠪᠣᠯᠣᠨ᠎ᠠ᠃
ᠭᠤᠴᠢᠨ ᠬᠣᠶᠠᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠭᠠᠵᠠᠷ᠎ᠤᠨ ᠨᠡᠷ᠎ᠡ ᠵᠢ ᠨᠡᠷᠡᠢ᠌ᠳᠦᠭᠰᠡᠨ᠂ ᠬᠠᠯᠠᠭᠰᠠᠨ᠂ ᠬᠡᠷᠡᠭᠯᠡᠭᠰᠡᠨ᠂ ᠰᠣᠶᠣᠯ᠎ᠤᠨ ᠬᠠᠮᠠᠭ᠋ᠠᠯᠠᠯᠲᠠ ᠵᠡᠷᠭᠡ ᠪᠠᠢ᠌ᠳᠠᠯ᠎ᠢ ᠬᠦᠨᠳᠡᠯᠡᠨ᠎ᠤ ᠪᠠᠢ᠌ᠭᠤᠯᠤᠮᠵᠢ᠎ᠳᠤ ᠨᠠᠢ᠌ᠳᠠᠵᠤ ᠦᠨᠡᠯᠡᠬᠦᠯᠵᠤ ᠪᠣᠯᠣᠨ᠎ᠠ᠃
ᠭᠤᠴᠢᠨ ᠭᠤᠷᠪᠠᠳᠤᠭ᠋ᠠᠷ ᠵᠦᠢ᠍ᠯ᠄ ᠶᠠᠮᠠᠷᠪᠠ ᠨᠢᠬᠡᠴᠢ ᠪᠠ ᠬᠤᠪᠢ ᠬᠥᠮᠥᠨ᠎ᠤ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ ᠵᠢ ᠮᠡᠳᠡᠪᠡᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠵᠤ ᠪᠣᠯᠣᠨ᠎ᠠ᠃ ᠢᠯᠡᠴᠢᠯᠡᠯᠳᠡ ᠵᠢ ᠣᠯᠣᠭᠰᠠᠨ ᠰᠠᠯᠠᠭ᠎ᠠ ᠮᠥᠴᠢᠷ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠢᠯᠡᠴᠢᠯᠡᠭᠴᠢ ᠵᠢᠨ ᠬᠣᠯᠪᠣᠭᠳᠠᠯ ᠪᠦᠬᠦᠢ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠃