ᠭᠤᠴᠢᠨ ᠳᠥᠷᠪᠡᠳᠦᠭᠡᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠢ ᠵᠥᠪᠰᠢᠶᠡᠷᠡᠬᠦ ᠪᠠᠢ᠌ᠭᠤᠯᠭ᠎ᠠ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠨ ᠭᠠᠵᠠᠷ᠎ᠤᠨ ᠨᠡᠷ᠎ᠡ ᠵᠢ ᠨᠡᠷᠡᠢ᠌ᠳᠦᠭᠰᠡᠨ᠂ ᠬᠠᠯᠠᠭᠰᠠᠨ ᠪᠤᠯ ᠳᠡᠭᠡᠷ᠎ᠡ ᠨᠢᠭᠡ ᠱᠠᠲᠤᠨ᠎ᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠲᠤᠰ ᠵᠥᠪᠰᠢᠶᠡᠷᠡᠭᠰᠡᠨ ᠪᠠᠢ᠌ᠭᠤᠯᠭ᠎ᠠ ᠵᠢᠨ ᠬᠠᠷᠢᠭᠤᠴᠠᠯᠭ᠎ᠠ᠎ᠲᠠᠢ ᠤᠳᠤᠷᠢᠳᠬᠤ ᠬᠥᠮᠥᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠤ ᠬᠠᠤᠯᠢ ᠶᠣᠰᠣᠭ᠋ᠠᠷ ᠰᠢᠢ᠍ᠳᠬᠡᠨ᠎ᠡ᠃
ᠭᠤᠴᠢᠨ ᠲᠠᠪᠤᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠢ ᠵᠥᠪᠰᠢᠶᠡᠷᠡᠬᠦ ᠪᠠᠢ᠌ᠭᠤᠯᠭ᠎ᠠ ᠲᠡᠪᠰᠢᠬᠦᠯᠵᠤ ᠳᠠᠩᠰᠠᠯᠠᠭᠤᠯᠤᠭᠰᠠᠨ ᠦᠭᠡᠢ ᠪᠤᠶᠤ ᠴᠠᠭ ᠲᠤᠬᠠᠢ᠎ᠳᠤ ᠲᠡᠪᠰᠢᠬᠦᠯᠵᠤ ᠳᠠᠩᠰᠠᠯᠠᠭᠤᠯᠤᠭᠰᠠᠨ ᠦᠭᠡᠢ ᠪᠤᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠥᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠳᠡᠵᠦ᠂ ᠬᠤᠭᠤᠴᠠᠭ᠎ᠠ ᠲᠣᠭᠲᠠᠭ᠋ᠠᠨ ᠲᠡᠪᠰᠢᠬᠦᠯᠤᠬᠦᠯᠤᠨᠡ᠃ ᠬᠤᠭᠤᠴᠠᠭ᠎ᠠ ᠬᠡᠲᠦᠷᠡᠲᠡᠯ᠎ᠡ ᠮᠥᠨ ᠲᠡᠪᠰᠢᠬᠦᠯᠬᠦ ᠦᠭᠡᠢ ᠪᠤᠯ ᠰᠢᠭᠤᠳ ᠬᠠᠷᠢᠭᠤᠴᠠᠯᠭ᠎ᠠ᠎ᠲᠠᠢ ᠬᠥᠮᠥᠨ᠎ᠢ ᠬᠠᠤᠯᠢ ᠶᠣᠰᠣᠭ᠋ᠠᠷ ᠰᠢᠢ᠍ᠳᠬᠡᠨ᠎ᠡ᠃
ᠭᠤᠴᠢᠨ ᠵᠢᠷᠭᠤᠳᠤᠭ᠋ᠠᠷ ᠵᠦᠢ᠍ᠯ᠄ ᠲᠣᠰ ᠳᠦᠷᠢᠮ᠎ᠤᠨ ᠳᠥᠷᠪᠡᠳᠦᠭᠡᠷ ᠵᠦᠢ᠍ᠯ᠂ ᠶᠢᠰᠦᠳᠦᠭᠡᠷ ᠵᠦᠢ᠍ᠯ᠂ ᠠᠷᠪᠠᠳᠤᠭ᠋ᠠᠷ ᠵᠦᠢ᠍ᠯ᠂ ᠠᠷᠪᠠᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠭᠠᠵᠠᠷ᠎ᠤᠨ ᠨᠡᠷᠡᠰ᠎ᠢ ᠳᠤᠷ᠎ᠠ᠎ᠪᠠᠷ ᠵᠶ᠋ᠠᠨ ᠨᠡᠷᠡᠢ᠌ᠳᠴᠦ᠂ ᠬᠠᠯᠠᠭᠰᠠᠨ ᠪᠤᠯ ᠬᠢᠨᠠᠨ ᠵᠥᠪᠰᠢᠶᠡᠷᠡᠬᠦ ᠡᠷᠬᠡ᠎ᠲᠠᠢ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ᠎ᠨᠢ ᠬᠡᠲᠦᠷᠡᠲᠡᠯ᠎ᠡ ᠵᠠᠯᠠᠷᠠᠭᠤᠯᠬᠤ ᠦᠭᠡᠢ ᠪᠤᠯ ᠬᠦᠴᠤᠨ ᠦᠬᠡᠢ ᠪᠤᠯᠭ᠋ᠠᠬᠤ ᠵᠢᠨ ᠬᠠᠮᠲᠤ ᠬᠠᠤᠯᠢ ᠵᠢ ᠵᠥᠷᠢᠴᠡᠭᠰᠡᠨ ᠨᠢᠭᠡᠴᠢ ᠵᠢ ᠵᠠᠷᠯᠠᠨ ᠰᠢᠭᠦᠮᠵᠢᠯᠡᠨ᠎ᠡ᠃
ᠭᠤᠴᠢᠨ ᠳᠣᠯᠣᠳᠤᠭ᠋ᠠᠷ ᠵᠦᠢ᠍ᠯ᠄ ᠲᠤᠰ ᠳᠦᠷᠢᠮ᠎ᠤᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠪᠠᠷᠢᠮᠵᠢᠶᠠᠲᠤ ᠭᠠᠵᠠᠷ᠎ᠤᠨ ᠨᠡᠷᠡᠢ ᠬᠡᠷᠡᠭᠯᠡᠭᠰᠡᠨ ᠦᠭᠡᠢ ᠪᠤᠶᠤ ᠵᠢᠷᠤᠮᠵᠢᠭᠤᠯᠤᠨ ᠬᠡᠷᠡᠭᠯᠡᠭᠰᠡᠨ ᠦᠭᠡᠢ ᠪᠤᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠬᠤ ᠦᠭᠡᠢ ᠪᠤᠯ ᠬᠠᠤᠯᠢ ᠵᠢ ᠵᠥᠷᠢᠴᠡᠭᠰᠡᠨ ᠨᠢᠭᠡᠴᠢ ᠵᠢ ᠵᠠᠷᠯᠠᠨ ᠰᠢᠭᠦᠮᠵᠢᠯᠡᠬᠦ ᠵᠢᠨ ᠬᠠᠮᠲᠤ ᠬᠣᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠳᠡᠵᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠦᠨ᠎ᠡ᠃ ᠬᠠᠤᠯᠢ ᠵᠢ ᠵᠥᠷᠢᠴᠡᠭᠰᠡᠨ ᠨᠢᠭᠡᠴᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠣᠣᠯ ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠢ᠌ᠭ᠎ᠠ ᠭᠤᠤᠯᠯᠠᠨ ᠬᠠᠮᠢᠶᠠᠷᠤᠬ᠍ᠴᠢ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠢ 2000᠎ᠠᠴᠠ ᠲᠦᠮᠡᠨ ᠲᠥᠭᠥᠷᠢᠭ᠎ᠤᠨ ᠲᠤᠳᠤᠷ᠎ᠠ ᠵᠣᠭᠣᠰ ᠵᠶ᠋ᠠᠷ ᠲᠤᠷᠭ᠋ᠠᠨ᠎ᠠ᠃
ᠭᠤᠴᠢᠨ ᠨᠠᠢ᠍ᠮᠠᠳᠤᠭ᠋ᠠᠷ ᠵᠦᠢ᠍ᠯ᠄ ᠭᠠᠵᠠᠷ᠎ᠤᠨ ᠨᠡᠷᠡᠰ᠎ᠤᠨ ᠲᠡᠮᠳᠡᠭ᠎ᠢ ᠳᠤᠷ᠎ᠠ᠎ᠪᠠᠷ ᠵᠶ᠋ᠠᠨ ᠪᠠᠢ᠌ᠷᠢᠯᠠᠭᠤᠯᠤᠭᠰᠠᠨ᠂ ᠨᠤᠷᠠᠭ᠋ᠠᠭᠰᠠᠨ᠂ ᠰᠢᠯᠵᠢᠭᠦᠯᠦᠭᠰᠡᠨ᠂ ᠪᠠᠯᠠᠯᠤᠨ ᠵᠠᠰᠠᠭᠰᠠᠨ᠂ ᠬᠠᠯᠬᠠᠯᠠᠭᠰᠠᠨ᠂ ᠡᠪᠳᠡᠭᠰᠡᠨ ᠪᠤᠯ ᠭᠠᠵᠠᠷ᠎ᠤᠨ ᠨᠡᠷᠡᠰ᠎ᠤᠨ ᠲᠡᠮᠳᠡᠭ ᠪᠠᠢ᠌ᠷᠢᠯᠠᠭᠤᠯᠤᠭᠰᠠᠨ᠂ ᠬᠠᠮᠠᠭ᠋ᠠᠯᠠᠭᠰᠠᠨ ᠪᠠ ᠬᠠᠮᠢᠶᠠᠷᠤᠭᠰᠠᠨ ᠰᠠᠯᠠᠭ᠎ᠠ ᠮᠥᠴᠢᠷ᠎ᠤᠨ᠎ᠬᠢᠨ ᠵᠠᠷᠯᠢᠭᠳᠠᠨ ᠵᠠᠯᠠᠷᠠᠭᠤᠯᠭ᠎ᠠ ᠬᠢᠯᠭᠡᠬᠦ ᠵᠢᠨ ᠬᠠᠮᠲᠤ ᠬᠠᠷᠢᠭᠤᠴᠠᠯᠭ᠎ᠠ᠎ᠲᠠᠢ ᠬᠥᠮᠥᠨ᠎ᠢ 1000᠎ᠠᠴᠠ 5000 ᠲᠥᠭᠥᠷᠢᠭ᠎ᠤᠨ ᠲᠤᠳᠤᠷ᠎ᠠ ᠵᠣᠭᠣᠰ ᠵᠶ᠋ᠠᠷ ᠲᠤᠷᠭ᠋ᠠᠨ᠎ᠠ᠃
ᠭᠤᠴᠢ ᠶᠢᠰᠦᠳᠦᠭᠡᠷ ᠵᠦᠢ᠍ᠯ᠄ ᠬᠦᠨᠳᠡᠯᠡᠨ᠎ᠤ ᠪᠠᠢ᠌ᠭᠤᠯᠤᠮᠵᠢ᠎ᠨᠢ ᠭᠠᠵᠠᠷ᠎ᠤᠨ ᠨᠡᠷᠡᠰ᠎ᠢ ᠨᠡᠷᠡᠢ᠌ᠳᠦᠭᠰᠡᠨ᠂ ᠬᠠᠯᠠᠭᠰᠠᠨ᠂ ᠬᠡᠷᠡᠭᠯᠡᠭᠰᠡᠨ᠂ ᠰᠣᠶᠣᠯ᠎ᠤᠨ ᠬᠠᠮᠠᠭ᠋ᠠᠯᠠᠯᠲᠠ ᠵᠡᠷᠭᠡ ᠪᠠᠢ᠌ᠳᠠᠯ᠎ᠢ ᠦᠨᠡᠯᠡᠭᠰᠡᠨ ᠬᠤᠳᠠᠯ ᠬᠠᠭᠤᠷᠮᠠᠭ ᠮᠡᠳᠡᠭᠦᠯᠦᠯᠲᠡ ᠭᠠᠷᠭ᠋ᠠᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠰᠡᠷᠡᠮᠵᠢᠯᠡᠬᠦᠯᠤᠨ᠎ᠡ᠂ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭᠲᠠᠢ ᠪᠠᠢ᠌ᠪᠠᠯ᠂ ᠬᠠᠤᠯᠢ ᠵᠢᠨ ᠵᠦᠷᠢᠴᠡᠵᠤ ᠤᠯᠤᠬᠰᠠᠨ ᠣᠯᠵᠠ ᠠᠰᠢᠭ᠎ᠢ᠎ᠨᠢ ᠬᠤᠷᠢᠶᠠᠮᠵᠢᠯᠠᠨ᠎ᠠ᠃ ᠦᠢᠯᠡ ᠪᠠᠢ᠌ᠳᠠᠯ᠎ᠨᠢ ᠨᠣᠴᠢᠲᠠᠢ ᠪᠤᠯ ᠭᠠᠵᠠᠷ᠎ᠤᠨ ᠨᠡᠷᠡᠰ᠎ᠤᠨ ᠬᠠᠮᠢᠶ᠎ᠠ ᠪᠦᠬᠦᠢ ᠦᠨᠡᠯᠡᠯᠳᠡ ᠬᠢᠬᠦ ᠡᠷᠬᠡ ᠵᠢ᠎ᠨᠢ 5 ᠵᠢᠯ ᠬᠠᠰᠤᠨ᠎ᠠ᠃
ᠳᠥᠴᠢᠳᠦᠭᠡᠷ ᠵᠦᠢ᠍ᠯ᠄ ᠠᠯᠪᠠᠨ ᠲᠤᠰᠢᠶᠠᠯᠲᠠᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠭᠰᠠᠨ᠂ ᠬᠤᠪᠢ ᠵᠢᠨ ᠨᠠᠢ᠌ᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠠᠵᠢᠯᠯᠠᠭ᠎ᠠ᠎ᠲᠠᠢ ᠪᠤᠯ ᠬᠠᠤᠯᠢ ᠶᠣᠰᠣᠭ᠋ᠠᠷ ᠰᠢᠢ᠍ᠳᠬᠡᠯ ᠦᠭᠭᠦᠨ᠎ᠡ᠃