ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
ᠨᠡᠶᠢᠲᠡᠯᠡᠭᠰᠡᠨ ᠴᠠᠭ᠄ 2023-09-11

                         ᠬᠤᠤᠰᠪᠠᠶᠠᠷ   ᠤᠷᠴᠢᠭᠤᠯᠪᠠ

ᠳᠥᠷᠪᠡᠳᠦᠭᠡᠷ ᠪᠦᠯᠦᠭ   ᠰᠠᠭ᠋ᠠᠳ ᠦᠭᠡᠢ ᠨᠡᠢ᠌ᠭᠡᠮ᠎ᠤᠨ ᠦᠢ᠍ᠯᠡᠴᠢᠯᠡᠭᠡ


   ᠭᠤᠴᠢ ᠶᠢᠰᠦᠳᠦᠭᠡᠷ ᠵᠦᠢ᠍ᠯ ᠄ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠯᠠᠪᠤᠷ᠎ᠲᠤ ᠴᠢᠬᠤᠯᠠ ᠪᠦᠬᠦᠢ ᠰᠠᠭ᠋ᠠᠳ ᠦᠭᠡᠢ ᠲᠥᠬᠦᠭᠡᠷᠦᠮᠵᠢ ᠪᠠ ᠲᠤᠰᠠᠯᠠᠬᠤ ᠪᠠᠭ᠋ᠠᠵᠢ᠎ᠢ ᠲᠣᠬᠢᠷᠠᠭᠤᠯᠵᠤ᠂ ᠰᠠᠭ᠋ᠠᠳ ᠦᠭᠡᠢ ᠲᠥᠬᠦᠭᠡᠷᠦᠮᠵᠢ ᠵᠢ ᠵᠢᠭ᠋ᠠᠨ ᠵᠢᠯᠤᠭᠣᠳᠴᠤ᠂ ᠵᠡᠮᠳᠡᠭᠴᠦᠳ᠂ ᠨᠠᠰᠤᠲᠠᠢ᠌ᠴᠤᠳ᠎ᠲᠤ ᠰᠠᠭ᠋ᠠᠳ ᠦᠭᠡᠢ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠯᠠᠪᠤᠷ᠎ᠨᠢ ᠡᠮᠴᠢᠯᠡᠭᠡ ᠡᠷᠡᠭᠦᠯ ᠮᠡᠨᠳᠦ᠂ ᠨᠡᠢ᠌ᠭᠡᠮ᠎ᠤᠨ ᠪᠠᠲᠤᠯᠠᠭ᠎ᠠ᠂ᠮᠥᠩᠭᠥᠨ ᠭᠦᠢ᠍ᠯᠭᠡᠭᠡᠨ᠎ᠤ ᠲᠤᠬᠠᠢ᠌ᠯᠠᠭᠰᠠᠨ ᠠᠵᠢᠯ᠂ ᠠᠮᠢᠳᠤᠷᠠᠯ᠎ᠤᠨ ᠰᠦᠢ᠍ᠳᠬᠡᠯ ᠲᠤᠰᠢᠶᠠᠬᠤ ᠵᠡᠷᠭᠡ ᠦᠢ᠍ᠯᠡᠴᠢᠯᠡᠭᠡᠨ᠎ᠤ ᠵᠦᠢ᠍ᠯᠡᠰ ᠎ᠲᠠᠢ ᠬᠣᠯᠪᠣᠭᠳᠠᠪᠠᠯ ᠲᠤᠬᠠᠢ ᠵᠢᠨ ᠲᠠᠯᠠᠪᠤᠷ᠎ᠲᠤ᠎ᠨᠢ ᠵᠢᠯᠤᠭᠣᠳᠬᠤ᠂ ᠬᠥᠮᠥᠨ ᠭᠦᠢ᠍ᠴᠡᠳᠬᠡᠬᠦ ᠵᠡᠷᠭᠡ ᠤᠯᠠᠮᠵᠢᠯᠠᠯᠲᠤ ᠦᠢ᠍ᠯᠡᠴᠢᠯᠡᠭᠡᠨ᠎ᠤ ᠠᠷᠭ᠎ᠠ ᠵᠢ ᠦᠯᠡᠳᠡᠭᠡᠬᠦ ᠬᠡᠷᠡᠭᠲᠡᠢ᠃
   ᠳᠥᠴᠢᠳᠦᠭᠡᠷ ᠵᠦᠢ᠍ᠯ ᠄ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠪᠤᠯᠤᠨ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠬᠡᠢ ᠬᠠᠩᠭ᠋ᠠᠬᠤ᠂ ᠢᠯᠴᠢ ᠬᠠᠩᠭ᠋ᠠᠬᠤ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠳᠣᠣᠷ᠎ᠠ ᠪᠠᠢ᠌ᠷᠢ ᠵᠢᠨ ᠦᠢ᠍ᠯᠡᠴᠢᠯᠡᠭᠡᠨ᠎ᠤ ᠲᠠᠪᠴᠠᠩ ᠪᠤᠶᠤ ᠰᠠᠭ᠋ᠠᠳ ᠦᠭᠡᠢ ᠦᠢ᠍ᠯᠡᠴᠢᠯᠡᠭᠡᠨ᠎ᠤ ᠴᠤᠡᠭᠬᠤᠪᠴᠢ ᠲᠣᠬᠢᠷᠠᠭᠤᠯᠵᠤ᠂ ᠡᠯᠧᠺᠲᠷᠣᠨ ᠮᠡᠳᠡᠭᠡ ᠵᠠᠩᠭᠢ ᠵᠢᠨ ᠳᠡᠯᠭᠡᠴᠡ᠂ ᠪᠢᠴᠢᠮᠡᠯ ᠬᠠᠪᠲᠠᠰᠤ᠂ ᠠᠪᠢᠶᠠᠨ᠎ᠤ ᠰᠠᠨᠠᠭᠤᠯᠤᠮᠵᠢ ᠵᠡᠷᠭᠡ ᠲᠥᠬᠦᠭᠡᠷᠦᠮᠵᠢ ᠲᠣᠬᠢᠷᠠᠭᠤᠯᠤᠨ᠂ ᠵᠡᠮᠳᠡᠭᠴᠦᠳ᠂ ᠨᠠᠰᠤᠲᠠᠢ᠌ᠴᠤᠳ᠎ᠲᠤ ᠰᠠᠭ᠋ᠠᠳ ᠦᠭᠡᠢ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
   ᠳᠥᠴᠢᠨ ᠨᠢᠭᠡᠳᠦᠭᠡᠷ ᠵᠦᠢ᠍ᠯ᠄ ᠬᠠᠤᠯᠢ ᠪᠠᠷᠢᠬᠤ ᠪᠠᠢ᠌ᠭᠤᠯᠭ᠎ᠠ᠂ ᠬᠥᠨᠳᠡᠯᠡᠨ᠎ᠠᠴᠠ ᠲᠠᠰᠤᠯᠬᠤ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠤᠭᠤᠳ ᠵᠡᠮᠳᠡᠭᠴᠦᠳ᠂ ᠨᠠᠰᠤᠲᠠᠢ᠌ᠴᠤᠳ᠎ᠤᠨ ᠵᠠᠷᠭᠤᠯᠳᠤᠬᠤ᠂ ᠬᠥᠨᠳᠡᠯᠡᠨ᠎ᠠᠴᠠ  ᠲᠠᠰᠤᠯᠤᠭᠤᠯᠬᠤ ᠠᠵᠢᠯᠯᠠᠭ᠎ᠠ᠎ᠳᠤ ᠣᠷᠣᠯᠴᠠᠬᠤ ᠪᠠ ᠬᠠᠤᠯᠢ ᠴᠠᠭ᠋ᠠᠵᠠ ᠵᠢᠨ ᠲᠤᠰᠠᠯᠠᠮᠵᠢ ᠣᠯᠬᠤ᠎ᠳᠤ ᠬᠠᠤᠯᠢ ᠶᠣᠰᠣᠭ᠋ᠠᠷ ᠰᠠᠭ᠋ᠠᠳ ᠦᠭᠡᠢ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
   ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠵᠢᠨ ᠪᠠᠢ᠌ᠭᠤᠯᠤᠮᠵᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠭᠠᠵᠠᠷ ᠵᠡᠷᠭᠡ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠩᠭ᠋ᠠᠭᠰᠠᠨ ᠦᠢ᠍ᠯᠡᠴᠢᠯᠡᠭᠡᠨ᠎ᠤ ᠠᠭᠤᠯᠭ᠎ᠠ᠎ᠲᠠᠢ᠎ᠪᠠᠨ ᠤᠶᠠᠯᠳᠤᠭᠤᠯᠤᠨ ᠰᠠᠭ᠋ᠠᠳ ᠦᠭᠡᠢ ᠦᠢ᠍ᠯᠡᠴᠢᠯᠡᠭᠡ ᠬᠠᠩᠭ᠋ᠠᠬᠤ ᠵᠢ ᠤᠯᠤᠰ᠎ᠠᠴᠠ  ᠵᠣᠷᠢᠭᠵᠢᠭᠤᠯᠤᠨ᠎ᠠ᠃
   ᠳᠥᠴᠢᠨ ᠬᠣᠶᠠᠳᠤᠭ᠋ᠠᠷ ᠵᠦᠢ᠍ᠯ᠄ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠲᠥᠬᠦᠭᠡᠷᠦᠮᠵᠢ ᠪᠠ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠪᠠᠭ᠋ᠠᠵᠢ ᠵᠢᠨ ᠡᠵᠡᠩᠨᠡᠯᠲᠡ ᠵᠢᠨ ᠨᠢᠬᠡᠴᠢ ᠡᠯ᠎ᠡ ᠲᠥᠷᠥᠯ᠎ᠤᠨ ᠲᠡᠭᠡᠭᠡᠪᠦᠷᠢ ᠵᠢᠨ ᠠᠷᠭ᠎ᠠ  ᠵᠢᠨ ᠦᠢ᠍ᠯᠡᠴᠢᠯᠡᠭᠡᠨ᠎ᠤ ᠣᠨᠴᠠᠯᠢᠭ᠎ᠢ ᠦᠨᠳᠦᠰᠦᠯᠡᠵᠦ᠂ ᠲᠥᠬᠦᠭᠡᠷᠦᠮᠵᠢ ᠵᠢᠨ ᠨᠥᠬᠥᠴᠡᠯ ᠪᠠ ᠬᠠᠩᠭ᠋ᠠᠭᠰᠠᠨ ᠦᠢ᠍ᠯᠡᠴᠢᠯᠡᠭᠡᠨ᠎ᠤ ᠠᠭᠤᠯᠭ᠎ᠠ᠎ᠲᠠᠢ᠎ᠪᠠᠨ ᠤᠶᠠᠯᠳᠤᠭᠤᠯᠤᠨ᠂ ᠵᠡᠮᠳᠡᠭᠴᠦᠳ᠂ ᠨᠠᠰᠤᠲᠠᠢ᠌ᠴᠤᠳ᠎ᠲᠤ ᠰᠠᠭ᠋ᠠᠳ ᠦᠭᠡᠢ ᠦᠢ᠍ᠯᠡᠴᠢᠯᠡᠭᠡᠨ᠎ᠤ  ᠴᠤᠡᠭᠬᠤᠪᠴᠢ᠂ ᠲᠤᠰᠬᠠᠢ ᠬᠦᠯᠢᠶᠡᠬᠦ ᠣᠷᠣᠨ᠂ ᠰᠠᠭ᠋ᠠᠳ ᠦᠭᠡᠢ ᠨᠡᠪᠲᠡᠷᠡᠬᠦ ᠵᠠᠮ ᠪᠠ ᠤᠷᠢᠳ ᠵᠶ᠋ᠡᠷ ᠰᠠᠭᠤᠬᠤ ᠰᠠᠭᠤᠳᠠᠯ ᠲᠣᠬᠢᠷᠠᠭᠤᠯᠵᠤ᠂ ᠲᠤᠰᠠᠯᠠᠬᠤ ᠪᠠᠭ᠋ᠠᠵᠢ᠂ ᠯᠠᠪᠯᠠᠭ᠎ᠠ ᠥᠭᠴᠦ ᠬᠥᠲᠥᠯᠥᠨ ᠵᠢᠯᠤᠭᠣᠳᠬᠤ᠂ ᠳᠡᠯᠭᠡᠴᠡ ᠵᠢᠨ ᠥᠰᠥᠭ᠎ᠤᠨ ᠥᠷᠲᠡᠭᠡ᠎ᠳᠤ ᠮᠡᠳᠡᠭᠦᠯᠬᠦ᠂ ᠠᠪᠢᠶ᠎ᠠ᠎ᠪᠠᠷ ᠰᠠᠨᠠᠭᠤᠯᠬᠤ᠂ ᠪᠣᠯᠵᠣᠵᠤ ᠵᠠᠬᠢᠶᠠᠯᠠᠨ ᠦᠢ᠍ᠯᠡᠳᠬᠦ ᠵᠡᠷᠭᠡ ᠰᠠᠭ᠋ᠠᠳ ᠦᠭᠡᠢ ᠦᠢ᠍ᠯᠡᠴᠢᠯᠡᠭᠡᠨ᠎ᠢ ᠬᠠᠩᠭ᠋ᠠᠨ᠎ᠠ᠃
   ᠳᠥᠴᠢᠨ ᠭᠤᠷᠪᠠᠳᠤᠭ᠋ᠠᠷ ᠵᠦᠢ᠍ᠯ ᠄ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠰᠤᠷᠭ᠋ᠠᠨ ᠬᠥᠮᠦᠵᠢᠯ᠎ᠤᠨ ᠪᠠᠢ᠌ᠭᠤᠯᠤᠮᠵᠢ᠎ᠨᠤᠭᠤᠳ ᠰᠤᠷᠭ᠋ᠠᠨ ᠬᠥᠮᠦᠵᠢᠯ᠎ᠤᠨ ᠲᠠᠯᠠᠪᠤᠷ᠎ᠲᠤ ᠰᠠᠭ᠋ᠠᠳ ᠦᠭᠡᠢ ᠣᠷᠴᠢᠨ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠡᠮᠳᠡᠭ ᠪᠠᠭᠰᠢ ᠰᠤᠷᠤᠭᠴᠢ᠂ ᠠᠵᠢᠯᠲᠠᠨ ᠠᠵᠢᠯᠴᠢᠨ᠎ᠳᠤ ᠰᠠᠭ᠋ᠠᠳ ᠦᠭᠡᠢ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
   ᠤᠯᠤᠰ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠤᠨ ᠰᠢᠯᠭ᠋ᠠᠯᠲᠠ᠂ ᠠᠵᠢᠯ ᠮᠡᠷᠭᠡᠵᠢᠯ᠎ᠤᠨ ᠬᠢᠷᠢ ᠬᠡ᠊᠎ᠤᠨ ᠰᠢᠯᠭ᠋ᠠᠯᠲᠠ᠂ ᠮᠡᠷᠭᠡᠵᠢᠯ ᠤᠷ᠎ᠠ ᠴᠢᠳᠠᠪᠤᠷᠢ ᠵᠢᠨ ᠰᠢᠯᠭ᠋ᠠᠯᠲᠠ᠂ ᠡᠯᠰᠡᠵᠦ ᠤᠷᠢᠬᠤ ᠰᠢᠯᠭ᠋ᠠᠯᠲᠠ ᠪᠠ ᠡᠯ᠎ᠡ ᠲᠦᠷᠦᠯ᠎ᠤᠨ ᠰᠤᠷᠭ᠋ᠠᠭᠤᠯᠢ ᠵᠢᠨ ᠵᠣᠬᠢᠶᠠᠨ ᠪᠠᠢ᠌ᠭᠤᠯᠤᠭᠰᠠᠨ ᠨᠢᠭᠡᠳᠦᠯᠲᠡᠢ ᠰᠢᠯᠭ᠋ᠠᠯᠲᠠ᠎ᠳᠤ ᠵᠡᠮᠳᠡᠭ ᠰᠢᠯᠭ᠋ᠠᠭᠤᠯᠤᠭᠴᠢ᠎ᠳᠤ ᠲᠦᠬᠦᠮ ᠦᠵᠡᠭᠦᠯᠬᠦ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
  ᠳᠥᠴᠢᠨ ᠳᠥᠷᠪᠡᠳᠦᠭᠡᠷ ᠵᠦᠢ᠍ᠯ᠄ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠤᠭᠤᠳ ᠬᠠᠩᠭ᠋ᠠᠭᠰᠠᠨ ᠦᠢ᠍ᠯᠡᠴᠢᠯᠡᠭᠡᠨ᠎ᠤ ᠠᠭᠤᠯᠭ᠎ᠠ᠎ᠲᠠᠢ᠎ᠪᠠᠨ ᠤᠶᠠᠯᠳᠤᠭᠤᠯᠤᠨ ᠵᠡᠮᠳᠡᠭᠴᠦᠳ᠂ ᠨᠠᠰᠤᠲᠠᠢ᠌ᠴᠤᠳ᠎ᠤᠨ ᠡᠪᠡᠳᠴᠢᠨ ᠦᠵᠡᠭᠦᠯᠬᠦ᠎ᠳᠤ ᠲᠦᠬᠦᠮ ᠦᠵᠡᠭᠦᠯᠬᠦ ᠬᠡᠷᠡᠭᠲᠡᠢ᠃
   ᠵᠡᠮᠳᠡᠭᠴᠦᠳ᠂ ᠨᠠᠰᠤᠲᠠᠢ᠌ᠴᠤᠳ᠎ᠲᠠᠢ ᠬᠣᠯᠪᠣᠭᠳᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠰᠠᠭ᠋ᠠᠳ ᠦᠭᠡᠢ ᠲᠥᠬᠦᠭᠡᠷᠦᠮᠵᠢ ᠲᠣᠬᠢᠷᠠᠭᠤᠯᠵᠤ᠂ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠰᠤᠪᠢᠯᠠᠯᠲᠠ ᠵᠡᠷᠭᠡ ᠲᠠᠯ᠎ᠠ᠎ᠪᠠᠷ ᠰᠠᠭ᠋ᠠᠳ ᠦᠭᠡᠢ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
   ᠳᠥᠴᠢᠨ ᠲᠠᠪᠤᠳᠤᠭ᠋ᠠᠷ ᠵᠦᠢ᠍ᠯ ᠄ ᠰᠣᠶᠣᠯ᠂ ᠵᠢᠭᠤᠯᠴᠢᠯᠠᠯ᠂ ᠪᠡᠶ᠎ᠡ ᠵᠢᠨ ᠲᠠᠮᠢᠷ᠂ ᠮᠥᠩᠭᠥᠨ ᠭᠦᠢ᠍ᠯᠭᠡᠭᠡ᠂ ᠰᠢᠤᠳᠠᠨ᠂  ᠴᠠᠬᠢᠯᠭ᠋ᠠᠨ ᠬᠣᠯᠪᠣᠭ᠎ᠠ᠂ ᠵᠠᠮ ᠬᠠᠷᠢᠯᠴᠠᠭ᠎ᠠ᠂ ᠬᠤᠳᠠᠯᠳᠤᠭ᠎ᠠ᠂ ᠬᠣᠭᠣᠯᠠ ᠤᠮᠳᠠ᠂ ᠬᠤᠨᠤᠭ᠎ᠤᠨ ᠪᠠᠭᠤᠳᠠᠯ᠂ ᠠᠳᠠᠯ ᠠᠬᠤᠢ ᠵᠢᠨ ᠬᠠᠮᠢᠶᠠᠷᠤᠯᠲᠠ ᠵᠡᠷᠭᠡ ᠦᠢ᠍ᠯᠡᠴᠢᠯᠡᠭᠡᠨ᠎ᠤ ᠲᠠᠯᠠᠪᠤᠷ᠎ᠤᠨ ᠬᠠᠩᠭ᠋ᠠᠭᠰᠠᠨ ᠦᠢ᠍ᠯᠡᠴᠢᠯᠡᠭᠡᠨ᠎ᠤ ᠠᠭᠤᠯᠭ᠎ᠠ᠎ᠲᠠᠢ᠎ᠪᠠᠨ ᠤᠶᠠᠯᠳᠤᠭᠤᠯᠤᠨ ᠵᠡᠮᠳᠡᠭᠴᠦᠳ᠂ ᠨᠠᠰᠤᠲᠠᠢ᠌ᠴᠤᠳ᠎ᠲᠤ ᠲᠤᠰᠠᠯᠠᠬᠤ ᠪᠠᠭ᠋ᠠᠵᠢ᠂ ᠵᠥᠪᠯᠡᠯᠭᠡ ᠥᠭᠴᠦ ᠵᠢᠯᠤᠭᠣᠳᠬᠤ ᠵᠡᠷᠭᠡ ᠰᠠᠭ᠋ᠠᠳ ᠦᠭᠡᠢ ᠦᠢ᠍ᠯᠡᠴᠢᠯᠡᠭᠡ ᠬᠠᠩᠭ᠋ᠠᠬᠤ ᠵᠢ ᠤᠯᠤᠰ᠎ᠠᠴᠠ ᠵᠣᠷᠢᠭᠵᠢᠭᠤᠯᠤᠨ᠎ᠠ᠃
   ᠰᠢᠤᠳᠠᠨ᠂ ᠲᠦᠷᠭᠡᠨ ᠬᠦᠷᠭᠡᠬᠦ ᠠᠵᠤ ᠠᠬᠤᠢ᠌ᠯᠠᠯ᠎ᠤᠨ᠎ᠬᠢᠨ ᠬᠥᠳᠡᠯᠵᠦ ᠪᠠᠷᠢᠬᠤ᠎ᠳᠤ ᠳᠥᠭᠥᠮ ᠦᠭᠡᠢ ᠵᠡᠮᠳᠡᠭᠴᠦᠳ᠂ ᠨᠠᠰᠤᠲᠠᠢ᠌ᠴᠤᠳ᠎ᠲᠤ ᠭᠡᠷ᠎ᠲᠤ᠎ᠨᠢ ᠬᠦᠷᠴᠦ ᠬᠣᠷᠢᠶᠠᠨ ᠢᠯᠡᠭᠡᠬᠦ ᠦᠢ᠍ᠯᠡᠴᠢᠯᠡᠭᠡ ᠬᠠᠩᠭ᠋ᠠᠬᠤ ᠵᠢ ᠤᠯᠤᠰ᠎ᠠᠴᠠ ᠵᠣᠷᠢᠭᠵᠢᠭᠤᠯᠤᠨ᠎ᠠ᠃
   ᠳᠥᠴᠢᠨ ᠵᠢᠷᠭᠤᠳᠤᠭ᠋ᠠᠷ ᠵᠦᠢ᠍ᠯ ᠄ ᠤᠯᠠᠨ ᠨᠡᠶ᠋ᠢᠲᠡ ᠵᠢᠨ ᠲᠠᠯᠠᠪᠤᠷ᠎ᠤᠨ ᠡᠵᠡᠩᠨᠡᠯᠲᠡ ᠬᠠᠮᠢᠶᠠᠷᠤᠯᠲᠠ ᠵᠢᠨ ᠨᠢᠬᠡᠴᠢ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠦᠬᠦᠬᠡᠷᠤᠮᠵᠢ ᠪᠣᠯᠣᠨ ᠤᠯᠠᠨ ᠨᠡᠶ᠋ᠢᠲᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠵᠢᠨ ᠡᠵᠡᠩᠨᠡᠯᠲᠡ ᠵᠢᠨ ᠨᠢᠬᠡᠴᠢ᠎ᠨᠦᠭᠦᠳ ᠰᠣᠬᠣᠷ᠎ᠢ ᠳᠠᠭ᠋ᠠᠭᠤᠯᠬᠤ ᠨᠣᠬᠠᠢ᠂ ᠰᠣᠨᠣᠰᠤᠭᠤᠷ ᠳᠠᠭ᠋ᠠᠭᠤᠯᠬᠤ ᠨᠣᠬᠠᠢ᠂ ᠲᠤᠰᠠᠯᠠᠬᠤ ᠨᠣᠬᠠᠢ ᠵᠡᠷᠭᠡ ᠦᠢ᠍ᠯᠡᠴᠢᠯᠡᠭᠡᠨ᠎ᠤ ᠨᠣᠬᠠᠢ ᠵᠢ ᠵᠡᠮᠳᠡᠭᠴᠦᠳ ᠠᠪᠴᠤ ᠶᠠᠪᠤᠬᠤ᠎ᠳᠤ᠎ᠨᠢ ᠲᠥᠭᠥᠮ ᠦᠵᠡᠭᠦᠯᠬᠦ ᠬᠡᠷᠡᠭᠲᠡᠢ᠃
   ᠵᠡᠮᠳᠡᠭᠴᠦᠳ ᠦᠢ᠍ᠯᠡᠴᠢᠯᠡᠭᠡᠨ᠎ᠤ ᠨᠣᠬᠠᠢ᠎ᠪᠠᠨ ᠳᠠᠭ᠋ᠠᠭᠤᠯᠤᠨ ᠤᠯᠠᠨ ᠨᠡᠶ᠋ᠢᠲᠡ ᠵᠢᠨ ᠲᠠᠯᠠᠪᠤᠷ᠎ᠲᠤ ᠣᠷᠣᠵᠤ ᠭᠠᠷᠬᠤ᠂ ᠵᠠᠮ ᠲᠡᠭᠡᠭᠡᠪᠦᠷᠢ ᠵᠢᠨ ᠲᠥᠬᠦᠭᠡᠷᠦᠮᠵᠢ ᠪᠠ ᠤᠯᠠᠨ ᠨᠡᠶ᠋ᠢᠲᠡ ᠵᠢᠨ ᠵᠠᠮ ᠲᠡᠭᠡᠭᠡᠪᠦᠷᠢ ᠵᠢᠨ ᠪᠠᠭ᠋ᠠᠵᠢ ᠵᠢ ᠬᠡᠷᠡᠭᠯᠡᠬᠦ᠎ᠳᠤ᠎ᠪᠠᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠵᠤ᠂ ᠦᠢ᠍ᠯᠡᠴᠢᠯᠡᠭᠡᠨ᠎ᠤ ᠨᠣᠬᠠᠢ᠎ᠳᠤ ᠢᠯᠡᠷᠬᠡᠢ ᠢᠯᠭ᠋ᠠᠨ ᠲᠠᠨᠢᠬᠤ ᠲᠣᠨᠣᠭᠯᠠᠯ ᠵᠡᠭᠦᠯᠭᠡᠬᠦ ᠵᠢᠨ ᠬᠠᠮᠲᠤ ᠴᠢᠬᠤᠯᠠ ᠪᠦᠬᠦᠢ ᠰᠡᠷᠭᠡᠢ᠌ᠯᠡᠨ ᠬᠠᠮᠠᠭ᠋ᠠᠯᠠᠬᠤ ᠠᠷᠭ᠎ᠠ ᠠᠪᠬᠤ ᠬᠡᠷᠡᠭᠲᠡᠢ᠃
  ᠳᠥᠴᠢᠨ ᠳᠣᠯᠣᠳᠤᠭ᠋ᠠᠷ ᠵᠦᠢ᠍ᠯ᠄ ᠪᠠᠴᠢᠮ ᠪᠠᠢ᠌ᠳᠠᠯ᠎ᠢ  ᠠᠷᠭ᠋ᠠᠴᠠᠭ᠋ᠠᠵᠤ ᠠᠶᠤᠯ᠎ᠠᠴᠠ ᠵᠠᠢ᠌ᠯᠠᠬᠤ ᠭᠠᠵᠠᠷ᠎ᠤᠨ ᠬᠠᠮᠢᠶᠠᠷᠤᠭᠴᠢ᠎ᠨᠢ ᠠᠵᠢᠯ᠎ᠤᠨ ᠪᠡᠯᠡᠳᠬᠡᠯ ᠲᠥᠰᠥᠯ᠎ᠢ ᠲᠣᠭᠲᠠᠭ᠋ᠠᠬᠤ ᠪᠠ ᠬᠡᠷᠡᠭᠵᠢᠭᠦᠯᠬᠦ᠎ᠳᠤ᠎ᠪᠠᠨ ᠵᠡᠮᠳᠡᠭᠴᠦᠳ᠂ ᠨᠠᠰᠤᠲᠠᠢ᠌ᠴᠤᠳ᠎ᠤᠨ ᠰᠠᠭ᠋ᠠᠳ ᠦᠭᠡᠢ ᠪᠠᠢ᠌ᠬᠤ ᠬᠡᠷᠡᠭᠴᠡᠭᠡ ᠵᠢ ᠪᠣᠳᠣᠯᠬᠢᠯᠠᠵᠤ᠂ ᠪᠠᠢ᠌ᠳᠠᠯ᠎ᠢ᠎ᠨᠢ ᠦᠵᠡᠵᠦ ᠪᠠᠢ᠌ᠭ᠋ᠠᠳ ᠠᠪᠢᠶ᠎ᠠ᠂ ᠲᠣᠮᠣ ᠦᠰᠦᠭ᠂ ᠭᠢᠯᠪᠠᠭᠤᠯᠬᠤ ᠵᠡᠷᠭᠡ ᠰᠠᠨᠠᠭᠤᠯᠬᠤ ᠲᠣᠨᠣᠭᠯᠠᠯ ᠲᠣᠬᠢᠷᠠᠭᠤᠯᠵᠤ᠂ ᠰᠠᠭ᠋ᠠᠳ ᠦᠭᠡᠢ ᠦᠢ᠍ᠯᠡᠴᠢᠯᠡᠬᠦ ᠴᠢᠳᠠᠮᠵᠢ ᠵᠢ ᠲᠡᠭᠦᠯᠳᠡᠷᠵᠢᠭᠦᠯᠬᠦ ᠬᠡᠷᠡᠭᠲᠡᠢ᠃
   ᠳᠥᠴᠢᠨ ᠨᠠᠢ᠍ᠮᠠᠳᠤᠭ᠋ᠠᠷ ᠵᠦᠢ᠍ᠯ ᠄ ᠰᠣᠩᠭᠣᠭᠤᠯᠢ ᠵᠢ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠪᠠ ᠨᠢᠭᠡᠴᠢ᠎ᠨᠦᠭᠦᠳ ᠵᠡᠮᠳᠡᠭᠴᠦᠳ᠂ ᠨᠠᠰᠤᠲᠠᠢ᠌ᠴᠤᠳ᠎ᠤᠨ ᠰᠣᠩᠭᠣᠭᠤᠯᠢ ᠵᠢᠨ ᠠᠷᠠᠳ᠎ᠤᠨ ᠪᠢᠯᠸᠲ ᠥᠭᠬᠦ᠎ᠳᠤ ᠣᠷᠣᠯᠴᠠᠬᠤ᠎ᠳᠤ ᠲᠦᠬᠦᠮ ᠦᠵᠡᠭᠦᠯᠬᠦ ᠪᠠ ᠴᠢᠬᠤᠯᠠ ᠪᠦᠬᠦᠢ ᠬᠠᠪᠰᠤᠷᠤᠯᠭ᠎ᠠ ᠦᠵᠡᠭᠦᠯᠬᠦ ᠠᠷᠭ᠎ᠠ ᠠᠪᠬᠤ ᠬᠡᠷᠡᠭᠲᠡᠢ᠃
   ᠳᠥᠴᠢ ᠶᠢᠰᠦᠳᠦᠭᠡᠷ ᠵᠦᠢ᠍ᠯ᠄ ᠰᠠᠭ᠋ᠠᠳ ᠦᠭᠡᠢ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠳᠠ ᠵᠢ ᠤᠯᠤᠰ᠎ᠠᠴᠠ ᠵᠣᠷᠢᠭᠵᠢᠭᠤᠯᠤᠨ ᠲᠡᠮᠵᠢᠵᠤ᠂ ᠵᠡᠮᠳᠡᠭᠴᠦᠳ᠂ ᠨᠠᠰᠤᠲᠠᠢ᠌ᠴᠤᠳ᠎ᠲᠤ ᠠᠯᠤᠰ᠎ᠠᠴᠠ ᠴᠠᠭ ᠲᠤᠬᠠᠢ᠎ᠳᠤ᠎ᠨᠢ ᠬᠠᠷᠰᠢ ᠰᠠᠭ᠋ᠠᠳ ᠦᠭᠡᠢ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠨ᠎ᠠ᠃

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢ ᠲᠤᠰᠬᠠᠢ ᠮᠡᠷᠭᠡᠵᠢᠯᠲᠡᠨ ᠨᠤᠲᠠᠯᠠᠬᠤ ᠳᠦᠷᠢᠮ》
《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡ᠊ᠨᠳᠡᠯ᠎ᠤᠨ ᠲᠠᠯᠳᠠ ᠭᠡᠮ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》
 
            