ᠬᠤᠤᠰᠪᠠᠶᠠᠷ ᠤᠷᠴᠢᠭᠤᠯᠪᠠ
ᠳᠣᠯᠣᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠵᠢᠷᠠᠨ ᠳᠥᠷᠪᠡᠳᠦᠭᠡᠷ ᠵᠦᠢ᠍ᠯ ᠄ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠵᠢᠨ ᠠᠵᠢᠯ᠂ ᠬᠢᠨᠠᠨ ᠬᠠᠮᠢᠶᠠᠷᠬᠤ ᠨᠢᠭᠡᠴᠢ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠪᠦᠲᠦᠭᠡᠨ ᠪᠠᠢ᠌ᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠵᠢᠨ ᠠᠵᠢᠯ᠂ ᠬᠢᠨᠠᠨ ᠬᠠᠮᠢᠶᠠᠷᠤᠯᠲᠠ ᠬᠢᠭᠰᠡᠨ ᠦᠭᠡᠢ ᠪᠤᠯ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠠᠷᠠᠳ᠎ᠤᠨ ᠶᠠᠪᠤᠳᠠᠯ᠂ ᠵᠠᠮ ᠲᠡᠭᠡᠭᠡᠪᠦᠷᠢ ᠵᠡᠷᠭᠡ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠤᠰᠤᠭ᠋ᠠᠷ ᠰᠢᠢ᠍ᠳᠬᠡᠨ᠎ᠡ᠃
ᠵᠢᠷᠠᠨ ᠲᠠᠪᠤᠳᠤᠭ᠋ᠠᠷ ᠵᠦᠢ᠍ᠯ᠄ ᠲᠤᠰ ᠬᠠᠤᠯᠢ ᠵᠢ ᠵᠥᠷᠢᠴᠡᠵᠦ᠂ ᠲᠠᠷᠠᠭ᠋ᠠᠬᠢ ᠪᠠᠢ᠌ᠳᠠᠯ᠎ᠤᠨ ᠨᠢᠭᠡ ᠵᠢ ᠭᠠᠷᠭ᠋ᠠᠪᠠᠯ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠠᠷᠠᠳ᠎ᠤᠨ ᠶᠠᠪᠤᠳᠠᠯ᠂ ᠵᠠᠮ ᠲᠡᠭᠡᠭᠡᠪᠦᠷᠢ ᠵᠡᠷᠭᠡ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠲᠦᠮᠡᠨ᠎ᠠᠴᠠ ᠭᠤᠷᠪᠠᠨ ᠲᠦᠮᠡᠨ ᠲᠥᠭᠥᠷᠢᠭ᠎ᠤᠨ ᠲᠤᠳᠤᠷ᠎ᠠ ᠵᠣᠭᠣᠰ ᠵᠶ᠋ᠠᠷ ᠲᠤᠷᠭ᠋ᠠᠵᠤ᠂ ᠬᠤᠪᠢ ᠬᠥᠮᠥᠨ᠎ᠢ ᠵᠠᠭᠤ᠎ᠠᠴᠠ ᠲᠠᠪᠤᠨ ᠵᠠᠭᠤᠨ ᠲᠥᠭᠥᠷᠢᠭ᠎ᠤᠨ ᠲᠤᠳᠤᠷ᠎ᠠ ᠵᠣᠭᠣᠰ ᠵᠶ᠋ᠠᠷ ᠲᠤᠷᠭ᠋ᠠᠨ᠎ᠠ᠄
(ᠨᠢᠭᠡ) ᠰᠠᠭ᠋ᠠᠳ ᠦᠭᠡᠢ ᠲᠦᠬᠦᠬᠡᠷᠤᠮᠵᠢ ᠵᠢᠨ ᠬᠠᠷᠢᠭᠤᠴᠠᠯᠭ᠋ᠠᠲᠠᠨ᠎ᠨᠢ ᠬᠠᠮᠠᠭ᠋ᠠᠯᠠᠬᠤ ᠪᠠ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ᠂ ᠰᠠᠭ᠋ᠠᠳ ᠦᠭᠡᠢ ᠲᠦᠬᠦᠬᠡᠷᠤᠮᠵᠢ ᠵᠢᠨ ᠴᠢᠳᠠᠮᠵᠢ ᠬᠡᠪ᠎ᠤᠨ ᠪᠤᠰᠤ ᠪᠠ ᠠᠮᠤᠷ ᠲᠦᠪᠰᠢᠨ᠎ᠤ ᠪᠠᠳᠤᠯᠠᠭ᠎ᠠ ᠦᠭᠡᠢ᠃
(ᠬᠣᠶᠠᠷ) ᠲᠥᠷ ᠴᠠᠭ᠎ᠤᠨ ᠲᠣᠬᠢᠷᠠᠭᠤᠯᠤᠭᠰᠠᠨ ᠰᠠᠭ᠋ᠠᠳ ᠦᠭᠡᠢ ᠲᠦᠬᠦᠬᠡᠷᠤᠮᠵᠢ᠎ᠨᠢ ᠬᠠᠮᠢᠶ᠎ᠠ ᠪᠦᠬᠦᠢ ᠲᠣᠭᠲᠠᠭ᠋ᠠᠯ᠎ᠳᠤ ᠨᠡᠢ᠌ᠴᠡᠬᠦ ᠦᠭᠡᠢ᠃
(ᠭᠤᠷᠪᠠ) ᠰᠠᠭ᠋ᠠᠳ ᠦᠭᠡᠢ ᠲᠥᠬᠦᠭᠡᠷᠦᠮᠵᠢ ᠵᠢᠨ ᠬᠡᠷᠡᠭᠴᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠪᠤᠶᠤ ᠰᠠᠭ᠋ᠠᠳ ᠦᠭᠡᠢ ᠲᠥᠬᠦᠭᠡᠷᠦᠮᠵᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ᠂ ᠡᠪᠳᠡᠭᠰᠡᠨ᠃
ᠵᠢᠷᠠᠨ ᠵᠢᠷᠭᠤᠳᠤᠭ᠋ᠠᠷ ᠵᠦᠢ᠍ᠯ ᠄ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠰᠠᠭ᠋ᠠᠳ ᠦᠭᠡᠢ ᠤᠷᠴᠢᠨ ᠲᠤᠭᠤᠷᠢᠨ᠎ᠤ ᠮᠡᠳᠡᠭᠡ ᠵᠠᠩᠭᠢ ᠰᠣᠯᠢᠯᠴᠠᠬᠤ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ ᠪᠤᠯ ᠢᠨᠲ᠋ᠧᠷ ᠰᠦᠯᠵᠢᠶᠡᠨ᠎ᠤ ᠮᠡᠳᠡᠭᠡ ᠵᠠᠩᠭᠢᠵᠢᠯᠲᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠴᠠᠬᠢᠯᠭ᠋ᠠᠨ ᠬᠣᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠮᠡᠳᠡᠭᠡ ᠬᠡᠪᠯᠡᠯ ᠵᠡᠷᠭᠡ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ᠎ᠨᠢ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠨᠡᠢ᠌ᠳᠡ᠎ᠳᠤ ᠵᠠᠷᠯᠠᠨ ᠰᠢᠭᠦᠮᠵᠢᠯᠡᠨ᠎ᠡ᠃
ᠵᠢᠷᠠᠨ ᠳᠣᠯᠣᠳᠤᠭ᠋ᠠᠷ ᠵᠦᠢ᠍ᠯ᠄ ᠴᠠᠬᠢᠯᠭ᠋ᠠᠨ ᠬᠣᠯᠪᠣᠭ᠋ᠠᠨ᠎ᠤ ᠲᠤᠬᠠᠢ᠌ᠯᠠᠭᠰᠠᠨ ᠠᠵᠢᠯ᠎ᠤᠨ ᠡᠵᠡᠩᠨᠡᠭᠴᠢ ᠬᠠᠤᠯᠢ ᠶᠣᠰᠣᠭ᠋ᠠᠷ ᠰᠠᠭ᠋ᠠᠳ ᠦᠭᠡᠢ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠭᠰᠠᠨ ᠦᠭᠡᠢ ᠪᠤᠯ ᠴᠠᠬᠢᠯᠭ᠋ᠠᠨ ᠬᠣᠯᠪᠣᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠲᠤᠬᠠᠢ ᠵᠢᠨ ᠡᠵᠡᠡᠭᠨᠡᠭᠴᠢ ᠵᠢ ᠲᠦᠮᠨ᠎ᠠᠴᠠ ᠠᠷᠪᠠᠨ ᠲᠦᠮᠡᠨ ᠲᠥᠭᠥᠷᠢᠭ᠎ᠤᠨ ᠲᠤᠳᠤᠷ᠎ᠠ ᠵᠣᠭᠣᠰ ᠵᠶ᠋ᠠᠷ ᠲᠤᠷᠭ᠋ᠠᠨ᠎ᠠ᠃
ᠵᠢᠷᠠᠨ ᠨᠠᠢ᠍ᠮᠠᠳᠤᠭ᠋ᠠᠷ ᠵᠦᠢ᠍ᠯ᠄ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠤᠰᠢᠶᠠᠯ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ ᠪᠠ ᠨᠢᠭᠡᠴᠢ ᠬᠠᠤᠯᠢ ᠶᠣᠰᠣᠭ᠋ᠠᠷ ᠰᠠᠭ᠋ᠠᠳ ᠦᠭᠡᠢ ᠨᠡᠢ᠌ᠭᠡᠮ᠎ᠤᠨ ᠦᠢ᠍ᠯᠡᠴᠢᠯᠡᠭᠡ ᠬᠠᠩᠭ᠋ᠠᠭᠰᠠᠨ ᠦᠭᠡᠢ ᠪᠤᠯ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠳᠡᠭᠡᠳᠦ ᠱᠠᠲᠤᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠃
ᠵᠢᠷᠠ ᠶᠢᠰᠦᠳᠦᠭᠡᠷ ᠵᠦᠢ᠍ᠯ᠄ ᠰᠢᠯᠭ᠋ᠠᠯᠲᠠ ᠵᠢ ᠡᠷᠬᠢᠯᠡᠭᠴᠢ᠂ ᠵᠣᠬᠢᠶᠠᠨ ᠪᠠᠢ᠌ᠭᠤᠯᠤᠭᠴᠢ᠎ᠨᠢ ᠵᠡᠮᠳᠡᠭ ᠰᠢᠯᠭ᠋ᠠᠭᠤᠯᠤᠭᠴᠢ᠎ᠳᠤ ᠬᠠᠤᠯᠢ ᠶᠣᠰᠣᠭ᠋ᠠᠷ ᠲᠦᠬᠦᠮ ᠦᠵᠡᠭᠦᠯᠬᠦ ᠦᠢ᠍ᠯᠡᠴᠢᠯᠡᠭᠡ ᠬᠠᠩᠭ᠋ᠠᠭᠰᠠᠨ ᠦᠭᠡᠢ ᠪᠤᠯ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠳᠡᠭᠡᠳᠦ ᠱᠠᠲᠤᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠰᠢᠭᠦᠮᠵᠢᠯᠡᠬᠦ ᠵᠢᠨ ᠬᠠᠮᠲᠤ ᠵᠠᠷᠯᠢᠭᠳᠠᠨ ᠵᠠᠯᠠᠷᠠᠭᠤᠯᠤᠭᠤᠯᠤᠨ᠎ᠠ᠃ ᠵᠠᠯᠠᠷᠠᠭᠤᠯᠬᠤ ᠵᠢ ᠲᠡᠪᠴᠢᠪᠡᠯ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠃
ᠳᠠᠯᠠᠳᠤᠭ᠋ᠠᠷ ᠵᠦᠢ᠍ᠯ᠄ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠵᠣᠬᠢᠶᠠᠨ ᠪᠠᠢ᠌ᠭᠤᠯᠤᠯᠲᠠ ᠵᠢᠨ ᠠᠵᠢᠯᠲᠠᠨ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠡᠭᠦᠷᠭᠡ ᠲᠤᠰᠢᠶᠠᠯ᠎ᠳᠤ᠎ᠪᠠᠨ ᠣᠰᠣᠯᠳᠠᠭᠰᠠᠨ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠦᠷᠢᠴᠡᠪᠡᠯ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠃
ᠲᠠᠯᠠᠨ ᠨᠢᠭᠡᠳᠦᠭᠡᠷ ᠵᠦᠢ᠍ᠯ᠄ ᠲᠤᠰ ᠬᠠᠤᠯᠢ᠎ᠢ ᠵᠦᠷᠢᠴᠡᠬᠡᠳ᠂ ᠪᠡᠶ᠎ᠡ ᠮᠠᠬᠠᠪᠤᠳ᠂ ᠡᠳ᠋ ᠬᠥᠷᠥᠩᠭᠡ᠎ᠳᠤ ᠬᠣᠬᠢᠷᠠᠯ ᠤᠴᠠᠷᠠᠭᠤᠯᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ᠎ᠤᠨ ᠬᠡᠮᠵᠢᠶᠡᠨ᠎ᠳᠤ ᠬᠦᠷᠦᠭᠰᠡᠨ ᠪᠤᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠨᠠᠢ᠍ᠮᠠᠳᠤᠭ᠋ᠠᠷ ᠪᠦᠯᠦᠭ ᠲᠠᠭ᠋ᠠᠯᠳᠤᠭᠤᠯᠤᠬᠰᠠᠨ ᠳᠦᠷᠢᠮ
ᠲᠠᠯᠠᠨ ᠬᠣᠶᠠᠳᠤᠭ᠋ᠠᠷ ᠵᠦᠢ᠍ᠯ᠄ ᠲᠤᠰ ᠬᠠᠤᠯᠢ ᠵᠢ 2023 ᠣᠨ᠎ᠤ 9 ᠳ᠋ᠤᠭᠡᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃