ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
ᠨᠡᠶᠢᠲᠡᠯᠡᠭᠰᠡᠨ ᠴᠠᠭ᠄ 2023-09-14

                            ᠬᠤᠤᠰᠪᠠᠶᠠᠷ ᠤᠷᠴᠢᠭᠤᠯᠪᠠ

ᠵᠢᠷᠭᠤᠳᠤᠭ᠋ᠠᠷ ᠪᠦᠯᠦᠭ    ᠬᠢᠨᠠᠵᠤ ᠬᠠᠮᠢᠶᠠᠷᠬᠤ


   ᠲᠠᠪᠢᠨ ᠨᠠᠢ᠍ᠮᠠᠳᠤᠭ᠋ᠠᠷ ᠵᠦᠢ᠍ᠯ ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠯᠤᠨ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ᠎ᠳᠤ ᠬᠠᠤᠯᠢ ᠶᠣᠰᠣᠭ᠋ᠠᠷ ᠬᠢᠨᠠᠯᠲᠠ  ᠲᠠᠯᠪᠢᠨ ᠪᠠᠢ᠌ᠴᠠᠭ᠋ᠠᠵᠤ᠂ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠬᠠᠮᠲᠤᠷᠠᠨ ᠬᠢᠨᠠᠯᠲᠠ ᠲᠠᠯᠪᠢᠵᠤ ᠪᠠᠢ᠌ᠴᠠᠭ᠋ᠠᠨ᠎ᠠ᠃
   ᠲᠠᠪᠢ ᠶᠢᠰᠦᠳᠦᠭᠡᠷ ᠵᠦᠢ᠍ᠯ ᠄ ᠤᠯᠤᠰ᠎ᠠᠴᠠ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ ᠪᠠ ᠬᠢᠨᠠᠨ ᠰᠢᠯᠭ᠋ᠠᠵᠤ ᠦᠨᠡᠯᠡᠬᠦ ᠳᠦᠷᠢᠮ᠎ᠢ ᠬᠡᠷᠡᠭᠵᠢᠭᠦᠯᠦᠨ᠎ᠡ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠲᠤᠰ ᠭᠠᠵᠠᠷ ᠣᠷᠣᠨ᠎ᠤ᠎ᠪᠠᠨ ᠪᠣᠳᠠᠲᠤ ᠪᠠᠢ᠌ᠳᠠᠯ᠎ᠢ ᠦᠨᠳᠦᠰᠦᠯᠡᠨ᠂ ᠬᠢᠨᠠᠨ ᠰᠢᠯᠭ᠋ᠠᠬᠤ ᠪᠣᠳᠠᠲᠠᠢ ᠠᠷᠭ᠎ᠠ ᠵᠢ ᠲᠤᠬᠳᠠᠭ᠋ᠠᠨ᠎ᠠ᠃
   ᠵᠢᠷᠠᠳᠤᠭ᠋ᠠᠷ ᠵᠦᠢ᠍ᠯ ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠬᠦᠨᠳᠡᠯᠡᠨ᠎ᠤ ᠪᠠᠢ᠌ᠭᠤᠯᠤᠮᠵᠢ᠎ᠳᠤ ᠨᠠᠢ᠌ᠳᠠᠵᠤ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠬᠦᠯᠬᠦ ᠵᠢᠨ ᠬᠠᠮᠲᠤ ᠦᠨᠡᠯᠡᠭᠰᠡᠨ ᠳ᠋ᠦᠩ ᠵᠶ᠋ᠡᠨ ᠢᠯᠡᠵᠢᠬᠦᠯᠵᠤ᠂ ᠨᠡᠢ᠌ᠭᠡᠮ ᠨᠡᠢ᠌ᠳᠡ ᠵᠢᠨ᠎ᠬᠢᠨ᠎ᠤ ᠬᠢᠨᠠᠯᠲᠠ ᠵᠢ ᠬᠦᠯᠢᠶᠡᠨ᠎ᠡ᠃
   ᠵᠢᠷᠠᠨ ᠨᠢᠭᠡᠳᠦᠭᠡᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠰᠠᠭ᠋ᠠᠳ ᠦᠭᠡᠢ ᠣᠷᠴᠢᠨ  ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠮᠡᠳᠡᠭᠡ ᠵᠠᠩᠭᠢ ᠵᠢ ᠵᠠᠷᠯᠠᠬᠤ ᠳᠦᠷᠢᠮ᠎ᠢ ᠪᠠᠢ᠌ᠭᠤᠯᠵᠤ᠂   ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠨ᠎ᠡ᠃
   ᠵᠢᠷᠠᠨ ᠬᠣᠶᠠᠳᠤᠭ᠋ᠠᠷ ᠵᠦᠢ᠍ᠯ᠄ ᠶᠠᠮᠠᠷᠪᠠ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ ᠰᠠᠢ᠌ᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠭ᠋ᠠᠯᠳᠤᠬᠤ᠂ ᠮᠡᠳᠡᠬᠦᠯᠬᠦ ᠡᠷᠬᠡ᠎ᠲᠠᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠰᠠᠭ᠋ᠠᠳ ᠦᠭᠡᠢ ᠣᠷᠴᠢᠨ  ᠲᠤᠭᠤᠷᠢᠨ᠎ᠤ ᠪᠦᠲᠦᠭᠡᠨ ᠪᠠᠢ᠌ᠭᠤᠯᠤᠯᠲᠠ᠎ᠳᠤ ᠬᠣᠯᠪᠣᠭᠳᠠᠭᠰᠠᠨ ᠵᠠᠭ᠋ᠠᠯᠳᠤᠯᠭ᠎ᠠ ᠪᠠ ᠮᠡᠳᠡᠭᠦᠯᠦᠯᠲᠡ ᠵᠢ ᠣᠯᠣᠭᠰᠠᠨ ᠲᠠᠷᠤᠢ ᠰᠢᠢ᠍ᠳᠪᠦᠷᠢᠯᠡᠬᠦ ᠵᠢᠨ ᠬᠠᠮᠲᠤ ᠬᠠᠷᠢᠭᠤᠯᠲᠠ ᠥᠭᠬᠦ ᠬᠡᠷᠡᠭᠲᠡᠢ᠃
   ᠵᠡᠮᠳᠡᠭᠴᠦᠳ᠎ᠤᠨ ᠬᠤᠯᠪᠤᠭ᠎ᠠ᠂ ᠨᠠᠰᠤᠲᠠᠢ᠌ᠴᠤᠳ᠎ᠤᠨ ᠨᠡᠢ᠌ᠭᠡᠮᠯᠢᠭ ᠵᠡᠷᠭᠡ ᠵᠣᠬᠢᠶᠠᠨ ᠪᠠᠢ᠌ᠭᠤᠯᠤᠯᠲᠠ ᠵᠢᠨ᠎ᠬᠢᠨ ᠬᠡᠷᠡᠭᠴᠡᠭᠡ᠎ᠪᠠᠨ ᠦᠨᠳᠦᠰᠦᠯᠡᠨ᠂ ᠵᠡᠮᠳᠡᠭᠴᠦᠳ᠂ ᠨᠠᠰᠤᠲᠠᠢ᠌ᠴᠤᠳ᠎ᠤᠨ ᠲᠥᠯᠥᠭᠡᠯᠡᠭᠴᠢ ᠪᠠ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠮᠡᠳᠡᠯᠭᠡ᠎ᠲᠠᠢ ᠬᠥᠮᠥᠰ᠎ᠢ ᠤᠷᠢᠵᠤ᠂ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠳᠤ ᠬᠢᠨᠠᠯᠲᠠ ᠲᠠᠯᠪᠢᠵᠤ ᠪᠣᠯᠣᠨ᠎ᠠ᠃
   ᠰᠣᠨᠢᠨ ᠮᠡᠳᠡᠭᠡᠨ᠎ᠤ  ᠵᠠᠭᠤᠴᠢᠰ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠳᠤ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠵᠤ ᠪᠣᠯᠣᠨ᠎ᠠ᠃
   ᠵᠢᠷᠠᠨ ᠭᠤᠷᠪᠠᠳᠤᠭ᠋ᠠᠷ ᠵᠦᠢ᠍ᠯ᠄ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠨᠡᠢ᠌ᠭᠡᠮ ᠨᠡᠶ᠋ᠢᠲᠡ ᠵᠢᠨ ᠠᠰᠢᠭ ᠲᠤᠰᠠ ᠵᠢ ᠬᠣᠬᠢᠷᠠᠭᠤᠯᠤᠭᠰᠠᠨ ᠦᠢ᠍ᠯᠡ ᠠᠵᠢᠯᠯᠠᠭ᠎ᠠ᠎ᠳᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠪᠠᠢ᠌ᠴᠠᠭ᠋ᠠᠬᠤ ᠰᠠᠨᠠᠭᠤᠯᠭ᠎ᠠ ᠳᠤᠷᠠᠳᠬᠤ ᠪᠤᠶᠤ ᠨᠡᠶ᠋ᠢᠲᠡ ᠵᠢᠨ ᠠᠰᠠᠷᠠᠮᠵᠢ ᠵᠢᠨ ᠵᠠᠭ᠋ᠠᠯᠳᠤᠯᠭ᠎ᠠ ᠭᠠᠷᠭ᠋ᠠᠵᠤ ᠪᠣᠯᠣᠨ᠎ᠠ᠃




 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢ ᠲᠤᠰᠬᠠᠢ ᠮᠡᠷᠭᠡᠵᠢᠯᠲᠡᠨ ᠨᠤᠲᠠᠯᠠᠬᠤ ᠳᠦᠷᠢᠮ》
《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡ᠊ᠨᠳᠡᠯ᠎ᠤᠨ ᠲᠠᠯᠳᠠ ᠭᠡᠮ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》
ᠨᠢᠬᠡ᠄ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠰᠢᠢ᠍ᠳᠪᠤᠷᠢ
ᠬᠤᠶᠠᠷ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠰᠢᠢ᠍ᠳᠪᠤᠷᠢ
 
            