ᠬᠤᠤᠰᠪᠠᠶᠠᠷ ᠤᠷᠴᠢᠭᠤᠯᠪᠠ
ᠲᠠᠪᠤᠳᠤᠭ᠋ᠠᠷ ᠪᠦᠯᠦᠭ ᠪᠠᠲᠤᠯᠠᠭ᠎ᠠ ᠵᠢᠨ ᠠᠷᠭ᠎ᠠ
ᠲᠠᠪᠢᠳᠤᠭ᠋ᠠᠷ ᠵᠦᠢ᠍ᠯ᠄ ᠤᠯᠤᠰ᠎ᠠᠴᠠ ᠬᠠᠷᠰᠢ ᠰᠠᠭ᠋ᠠᠳ ᠦᠭᠡᠢ ᠣᠷᠴᠢᠨ ᠲᠤᠭᠤᠷᠢᠨ᠎ᠤ ᠣᠢ᠌ᠯᠠᠭ᠋ᠠᠭᠳᠠᠬᠤᠨ᠎ᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠰᠠᠭ᠋ᠠᠳ ᠦᠭᠡᠢ ᠣᠷᠴᠢᠨ ᠲᠤᠭᠤᠷᠢᠨ᠎ᠤ ᠮᠡᠳᠡᠯᠭᠡ ᠵᠢ ᠲᠦᠭᠡᠮᠡᠯᠵᠢᠭᠦᠯᠵᠦ᠂ ᠰᠠᠭ᠋ᠠᠳ ᠦᠭᠡᠢ ᠣᠷᠴᠢᠨ ᠲᠤᠭᠤᠷᠢᠨ᠎ᠤ ᠰᠣᠶᠣᠯ᠎ᠢ ᠤᠯᠠᠮᠵᠢᠯᠠᠨ ᠳᠡᠯᠭᠡᠷᠡᠭᠦᠯᠵᠦ᠂ ᠨᠡᠢ᠌ᠭᠡᠮ ᠳᠠᠶᠠᠭ᠋ᠠᠷᠤᠨᠬᠢᠨᠤ ᠰᠠᠭ᠋ᠠᠳ ᠦᠭᠡᠢ ᠣᠷᠴᠢᠨ ᠲᠤᠭᠤᠷᠢᠨ᠎ᠤ ᠲᠤᠬᠠᠢ ᠤᠬᠠᠮᠰᠠᠷ᠎ᠢ ᠳᠡᠭᠡᠭᠰᠢᠯᠡᠭᠦᠯᠦᠨ᠎ᠡ᠃
ᠰᠣᠨᠢᠨ ᠮᠡᠳᠡᠭᠡᠨ᠎ᠤ ᠵᠠᠭᠤᠴᠢᠰ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠎ᠬᠢ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢ ᠢᠳᠡᠪᠬᠢᠲᠡᠢ ᠬᠢᠬᠦ ᠬᠡᠷᠡᠭᠳᠡᠢ᠃
ᠲᠠᠪᠢᠨ ᠨᠢᠭᠡᠳᠦᠭᠡᠷ ᠵᠦᠢ᠍ᠯ᠄ ᠤᠯᠤᠰ᠎ᠠᠴᠠ ᠨᠡᠢ᠌ᠳᠡᠮ ᠬᠡᠷᠡᠭᠯᠡᠭᠡᠨ᠎ᠤ ᠵᠢᠷᠤᠭ ᠲᠥᠯᠥᠪᠯᠡᠭᠡ ᠵᠢᠨ ᠣᠢ᠌ᠯᠠᠭ᠋ᠠᠭᠳᠠᠬᠤᠨ᠎ᠢ ᠳᠡᠯᠭᠡᠷᠡᠭᠦᠯᠵᠦ᠂ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ᠂ ᠣᠷᠣᠨ ᠨᠤᠲᠤᠭ᠎ᠤᠨ ᠪᠠᠷᠢᠮᠵᠢᠶ᠎ᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠳᠠᠭ᠋ᠠᠭᠤᠯᠬᠤ ᠦᠢ᠍ᠯᠡᠳᠤᠯ ᠪᠦᠬᠦᠢ ᠪᠦᠯᠬᠦᠮ ᠨᠡᠶ᠋ᠢᠲᠡ ᠵᠢᠨ ᠪᠠᠷᠢᠮᠵᠢᠶ᠎ᠠ᠂ ᠠᠵᠤ ᠠᠬᠤᠢ᠌ᠯᠠᠯ᠎ᠤᠨ ᠪᠠᠷᠢᠮᠵᠢᠶ᠎ᠠ ᠵᠢ ᠵᠣᠷᠢᠭᠵᠢᠭᠤᠯᠤᠨ ᠬᠥᠭᠵᠢᠭᠦᠯᠵᠦ᠂ ᠪᠠᠷᠢᠮᠵᠢᠶ᠎ᠠ ᠵᠢᠨ ᠬᠣᠭᠣᠷᠣᠨᠳᠣᠬᠢ ᠵᠤᠯᠭ᠋ᠠᠯᠴᠠᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠤᠨ᠎ᠠ᠃
ᠣᠷᠣᠨ ᠨᠤᠲᠤᠭ᠎ᠤᠨ᠎ᠬᠢᠨ᠎ᠤ ᠲᠤᠰ ᠭᠠᠵᠠᠷ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠣᠭᠲᠠᠭ᠋ᠠᠭᠰᠠᠨ ᠣᠷᠣᠨ ᠨᠤᠲᠤᠭ᠎ᠤᠨ ᠪᠠᠷᠢᠮᠵᠢᠶ᠎ᠠ᠎ᠨᠢ ᠤᠯᠤᠰ᠎ᠤᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠮᠡᠷᠭᠡᠵᠢᠯ᠎ᠤᠨ ᠱᠠᠭ᠋ᠠᠷᠳᠠᠯᠭ᠎ᠠ᠎ᠠᠴᠠ ᠳᠣᠣᠷ᠎ᠠ ᠪᠠᠢ᠌ᠵᠤ ᠪᠣᠯᠬᠤ ᠦᠭᠡᠢ᠃
ᠲᠠᠪᠢᠨ ᠬᠣᠶᠠᠳᠤᠭ᠋ᠠᠷ ᠵᠦᠢ᠍ᠯ᠄ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ᠎ᠳᠤ ᠬᠣᠯᠪᠣᠭᠳᠠᠬᠤ ᠪᠠᠷᠢᠮᠵᠢᠶ᠎ᠠ ᠵᠢ ᠲᠣᠭᠲᠠᠭ᠋ᠠᠬᠤ ᠪᠤᠶᠤ ᠵᠠᠰᠠᠪᠤᠷᠢ ᠣᠷᠣᠭᠤᠯᠬᠤ᠎ᠳᠤ ᠵᠡᠮᠳᠡᠭᠴᠦᠳ᠂ ᠨᠠᠰᠤᠲᠠᠢ᠌ᠴᠤᠳ᠎ᠤᠨ ᠲᠥᠯᠥᠭᠡᠯᠡᠭᠴᠢ ᠪᠤᠯᠤᠨ ᠵᠡᠮᠳᠡᠭᠴᠦᠳ᠎ᠤᠨ ᠬᠤᠯᠪᠤᠭ᠎ᠠ᠂ ᠨᠠᠰᠤᠲᠠᠢ᠌ᠴᠤᠳ᠎ᠤᠨ ᠨᠡᠢ᠌ᠭᠡᠮᠯᠢᠭ ᠵᠡᠷᠭᠡ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠰᠠᠨᠠᠯ᠎ᠢ ᠬᠤᠷᠢᠶᠠᠬᠤ ᠬᠡᠷᠡᠭᠲᠡᠢ᠃ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢ ᠲᠣᠭᠲᠠᠭ᠋ᠠᠬᠤ ᠪᠤᠶᠤ ᠵᠠᠰᠠᠪᠤᠷᠢ ᠣᠷᠣᠭᠤᠯᠬᠤ ᠰᠠᠨᠠᠭᠤᠯᠭ᠎ᠠ ᠵᠢ ᠵᠡᠮᠳᠡᠭᠴᠦᠳ᠎ᠤᠨ ᠬᠤᠯᠪᠤᠭ᠎ᠠ᠂ ᠨᠠᠰᠤᠲᠠᠢ᠌ᠴᠤᠳ᠎ᠤᠨ ᠨᠡᠢ᠌ᠭᠡᠮᠯᠢᠭ ᠵᠡᠷᠭᠡ ᠵᠣᠬᠢᠶᠠᠨ ᠪᠠᠢ᠌ᠭᠤᠯᠤᠯᠲᠠ ᠵᠢᠨ᠎ᠬᠢᠨ ᠬᠠᠤᠯᠢ ᠶᠣᠰᠣᠭ᠋ᠠᠷ ᠳᠤᠷᠠᠳᠴᠤ ᠪᠣᠯᠣᠨ᠎ᠠ᠃
ᠲᠠᠪᠢᠨ ᠭᠤᠷᠪᠠᠳᠤᠭ᠋ᠠᠷ ᠵᠦᠢ᠍ᠯ᠄ ᠰᠠᠭ᠋ᠠᠳ ᠦᠭᠡᠢ ᠤᠷᠴᠢᠨ ᠲᠤᠭᠤᠷᠢᠨ᠎ᠤ ᠵᠢᠷᠤᠭ ᠲᠥᠯᠥᠪᠯᠡᠭᠡ᠂ ᠲᠥᠬᠦᠭᠡᠷᠦᠮᠵᠢ᠂ ᠦᠢ᠍ᠯᠡᠳᠬᠦᠨ᠂ ᠦᠢ᠍ᠯᠡᠴᠢᠯᠡᠭᠡ ᠵᠢ ᠭᠡᠷᠡᠴᠢᠯᠡᠬᠦ ᠪᠠ ᠰᠠᠭ᠋ᠠᠳ ᠦᠭᠡᠢ ᠤᠷᠴᠢᠨ ᠲᠤᠭᠤᠷᠢᠨ᠎ᠤ ᠮᠡᠳᠡᠭᠡ ᠵᠠᠩᠭᠢ ᠵᠢ ᠦᠨᠡᠯᠡᠬᠦ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠬᠦ ᠵᠢᠨ ᠬᠠᠮᠲᠤ ᠦᠷ᠎ᠡ ᠳ᠋ᠦᠩ᠎ᠢ ᠦᠨᠡᠮᠰᠢᠭᠦᠯᠦᠨ ᠬᠡᠷᠡᠭᠯᠡᠬᠦ ᠵᠢ ᠤᠯᠤᠰ᠎ᠠᠴᠠ ᠠᠬᠢᠭᠤᠯᠤᠨ᠎ᠠ᠃
ᠲᠠᠪᠢᠨ ᠳᠥᠷᠪᠡᠳᠦᠭᠡᠷ ᠵᠦᠢ᠍ᠯ᠄ ᠵᠠᠷᠤᠳᠠᠯ᠎ᠤᠨ ᠳᠡᠮᠵᠢᠯᠭᠡ ᠦᠵᠡᠭᠦᠯᠬᠦ᠂ ᠵᠠᠰᠠᠭ᠎ᠤᠨ ᠣᠷᠳᠣᠨ ᠬᠤᠳᠠᠯᠳᠤᠨ ᠠᠪᠴᠤ ᠦᠭᠭᠦ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ ᠵᠡᠷᠭᠡ ᠠᠷᠭ᠎ᠠ᠎ᠪᠠᠷ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ᠎ᠳᠤ᠎ᠬᠢ ᠬᠡᠷᠡᠭᠯᠡᠯᠲᠡ ᠵᠢ ᠠᠬᠢᠭᠤᠯᠵᠤ᠂ ᠰᠠᠭ᠋ᠠᠳ ᠦᠭᠡᠢ ᠤᠷᠴᠢᠨ ᠲᠤᠭᠤᠷᠢᠨ᠎ᠤ ᠮᠡᠷᠭᠡᠵᠢᠯ᠂ ᠦᠢ᠍ᠯᠡᠳᠬᠦᠨ ᠪᠠ ᠦᠢ᠍ᠯᠡᠴᠢᠯᠡᠭᠡ ᠵᠢ ᠰᠤᠳᠤᠯᠤᠨ ᠨᠡᠭᠡᠭᠡᠬᠦ᠂ ᠦᠢ᠍ᠯᠡᠳᠪᠦᠷᠢᠯᠡᠬᠦ᠂ ᠬᠡᠷᠡᠭᠯᠡᠬᠦ ᠪᠠ ᠳᠡᠯᠭᠡᠷᠡᠭᠦᠯᠬᠦ ᠵᠢ ᠤᠯᠤᠰ᠎ᠠᠴᠠ ᠵᠣᠷᠢᠭᠵᠢᠭᠤᠯᠵᠤ᠂ ᠰᠠᠭ᠋ᠠᠳ ᠦᠭᠡᠢ ᠲᠥᠬᠦᠭᠡᠷᠦᠮᠵᠢ᠂ ᠮᠡᠳᠡᠭᠡ ᠵᠠᠩᠭᠢ ᠪᠠ ᠦᠢ᠍ᠯᠡᠴᠢᠯᠡᠭᠡ ᠵᠢ ᠠᠭᠤᠰᠤᠯᠴᠠᠨ ᠬᠦᠭᠵᠢᠬᠦᠯᠬᠦ ᠵᠢ ᠤᠯᠤᠰ᠎ᠠᠴᠠ ᠳᠡᠮᠵᠢᠨ᠎ᠡ᠃
ᠲᠠᠪᠢᠨ ᠲᠠᠪᠤᠳᠤᠭ᠋ᠠᠷ ᠵᠦᠢ᠍ᠯ᠄ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠬᠦᠷᠢᠶ᠎ᠡ ᠴᠠᠷᠠᠭ᠎ᠠ᠎ᠳᠤ᠎ᠬᠢ ᠴᠢᠳᠠᠪᠤᠷᠢᠲᠠᠨ᠎ᠢ ᠬᠥᠮᠥᠵᠢᠭᠦᠯᠬᠦ ᠲᠣᠭᠲᠠᠴᠠ ᠵᠢ ᠤᠯᠤᠰ᠎ᠠᠴᠠ ᠪᠠᠢ᠌ᠭᠤᠯᠤᠨ᠎ᠠ᠃
ᠳᠡᠭᠡᠳᠦ ᠵᠡᠷᠭᠡ ᠵᠢᠨ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠲᠤᠰᠬᠠᠢ ᠮᠡᠷᠭᠡᠵᠢᠯ ᠪᠠ ᠬᠢᠴᠢᠶᠡᠯ ᠨᠡᠭᠡᠭᠡᠵᠦ᠂ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠤᠨᠤᠯ᠎ᠤᠨ ᠰᠤᠳᠤᠯᠭ᠋ᠠᠨ᠂ ᠤᠯᠠᠨ ᠤᠯᠤᠰ᠎ᠤᠨ ᠰᠣᠯᠢᠯᠴᠠᠭ᠎ᠠ ᠪᠠ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ ᠵᠢ ᠤᠯᠤᠰ᠎ᠠᠴᠠ ᠵᠣᠷᠢᠭᠵᠢᠭᠤᠯᠤᠨ᠎ᠠ᠃
ᠪᠠᠷᠢᠯᠭ᠎ᠠ᠂ ᠵᠠᠮ ᠲᠡᠭᠡᠭᠡᠪᠦᠷᠢ᠂ ᠺᠣᠮᠫᠢᠦ᠋ᠲ᠋ᠧᠷ᠎ᠤᠨ ᠰᠢᠨᠵᠢᠯᠡᠬᠦ ᠤᠬᠠᠭ᠋ᠠᠨ ᠬᠢᠭᠡᠳ ᠮᠡᠷᠭᠡᠵᠢᠯ ᠵᠡᠷᠭᠡ ᠬᠣᠯᠪᠣᠭᠳᠠᠯ ᠪᠦᠬᠦᠢ ᠰᠢᠨᠵᠢᠯᠡᠭᠡᠨ᠎ᠤ ᠰᠠᠯᠠᠭ᠎ᠠ ᠵᠢᠨ ᠲᠤᠰᠬᠠᠢ ᠮᠡᠷᠭᠡᠵᠢᠯ᠎ᠳᠤ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠵᠢᠭ᠋ᠠᠨ ᠰᠤᠷᠭ᠋ᠠᠯᠲᠠ ᠪᠠ ᠦᠢ᠍ᠯᠡᠳᠦᠯᠭᠡ ᠵᠢᠨ ᠠᠭᠤᠯᠭ᠎ᠠ ᠵᠢ ᠨᠡᠮᠡᠬᠦ ᠬᠡᠷᠡᠭᠲᠡᠢ᠂ ᠬᠣᠯᠪᠣᠭᠳᠠᠯ ᠪᠦᠬᠦᠢ ᠬᠦᠷᠢᠶ᠎ᠡ ᠴᠠᠷᠠᠭ᠋ᠠᠨ᠎ᠤ ᠠᠵᠢᠯ ᠮᠡᠷᠭᠡᠵᠢᠯ᠎ᠤᠨ ᠬᠢᠷᠢ ᠬᠡᠮ᠂ ᠦᠷᠭᠦᠯᠵᠢᠯᠡᠭᠰᠡᠨ ᠰᠤᠷᠭ᠋ᠠᠨ ᠬᠥᠮᠦᠵᠢᠯ ᠪᠤᠯᠤᠨ ᠪᠤᠰᠤᠳ ᠪᠣᠯᠪᠠᠰᠤᠷᠠᠯ᠎ᠤᠨ ᠰᠢᠯᠭ᠋ᠠᠯᠲᠠ ᠵᠢᠨ ᠠᠭᠤᠯᠭ᠎ᠠ᠎ᠳᠤ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠮᠡᠳᠡᠯᠭᠡ ᠵᠢ ᠪᠠᠭᠲᠠᠭ᠋ᠠᠬᠤ ᠬᠡᠷᠡᠭᠲᠡᠢ᠃
ᠲᠠᠪᠢᠨ ᠵᠢᠷᠭᠤᠳᠤᠭ᠋ᠠᠷ ᠵᠦᠢ᠍ᠯ᠄ ᠪᠠᠢ᠌ᠭᠤᠯᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ ᠪᠤᠯᠤᠨ ᠨᠡᠢ᠌ᠭᠡᠮ᠎ᠤᠨ ᠪᠤᠰᠤᠳ ᠵᠣᠬᠢᠶᠠᠨ ᠪᠠᠢ᠌ᠭᠤᠯᠤᠯᠲᠠ` ᠵᠢᠨ᠎ᠬᠢᠨ ᠠᠵᠢᠯᠲᠠᠳ᠎ᠲᠤ᠎ᠪᠠᠨ ᠰᠠᠭ᠋ᠠᠳ ᠦᠭᠡᠢ ᠦᠢ᠍ᠯᠡᠴᠢᠯᠡᠭᠡᠨ᠎ᠤ ᠮᠡᠳᠡᠯᠭᠡ ᠪᠠ ᠤᠷ᠎ᠠ ᠴᠢᠳᠠᠪᠤᠷᠢ ᠵᠢᠨ ᠪᠣᠯᠪᠠᠰᠤᠷᠠᠯ ᠬᠢᠬᠦ ᠵᠢ ᠤᠯᠤᠰ᠎ᠠᠴᠠ ᠵᠣᠷᠢᠭᠵᠢᠭᠤᠯᠤᠨ᠎ᠠ᠃
ᠲᠠᠪᠢᠨ ᠳᠣᠯᠣᠳᠤᠭ᠋ᠠᠷ ᠵᠦᠢ᠍ᠯ᠄ ᠬᠤᠳᠠ᠂ ᠪᠣᠯᠪᠠᠰᠤᠨ ᠭᠠᠴᠠᠭ᠎ᠠ ᠪᠠᠯᠭ᠋ᠠᠰᠤ᠂ ᠪᠣᠯᠪᠠᠰᠤᠨ ᠨᠢᠭᠡᠴᠢ᠂ ᠪᠣᠯᠪᠠᠰᠤᠨ ᠨᠡᠢ᠌ᠭᠡᠮ ᠲᠣᠭᠣᠷᠢᠭ᠂ ᠪᠣᠯᠪᠠᠰᠤᠨ ᠰᠤᠷᠭ᠋ᠠᠭᠤᠯᠢ ᠵᠢ ᠡᠬᠦᠳᠬᠦ ᠠᠵᠢᠯᠯᠠᠭ᠎ᠠ ᠵᠢ ᠲᠣᠳᠣᠷᠬᠠᠢ᠌ᠯᠠᠬᠤ᠎ᠳᠤ᠎ᠪᠠᠨ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠢ᠃