ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
ᠨᠡᠶᠢᠲᠡᠯᠡᠭᠰᠡᠨ ᠴᠠᠭ᠄ 2023-09-07

                                     ᠬᠤᠤᠰᠪᠠᠶᠠᠷ ᠤᠷᠴᠢᠭᠤᠯᠪᠠ

  ᠬᠣᠶᠠᠳᠤᠭ᠋ᠠᠷ ᠪᠦᠯᠦᠭ   ᠰᠠᠭ᠋ᠠᠳ ᠦᠭᠡᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ

   

     ᠠᠷᠪᠠᠨ ᠬᠣᠶᠠᠳᠤᠭ᠋ᠠᠷ ᠵᠦᠢ᠍ᠯ ᠄ ᠰᠢᠨ᠎ᠡ᠎ᠪᠠᠷ ᠪᠠᠢ᠌ᠭᠤᠯᠤᠭᠰᠠᠨ᠂ ᠥᠭᠡᠷᠡᠴᠢᠯᠡᠨ ᠪᠠᠢ᠌ᠭᠤᠯᠤᠭᠰᠠᠨ᠂ ᠥᠷᠭᠡᠳᠬᠡᠨ ᠪᠠᠢ᠌ᠭᠤᠯᠤᠭᠰᠠᠨ ᠣᠷᠣᠨ ᠰᠠᠭᠤᠴᠠ ᠵᠢᠨ ᠪᠠᠷᠢᠯᠭ᠎ᠠ᠂  ᠬᠤᠷᠢᠶᠠᠯᠠᠯ᠂ ᠤᠯᠠᠨ ᠨᠡᠶ᠋ᠢᠲᠡ ᠵᠢᠨ ᠪᠠᠷᠢᠯᠭ᠎ᠠ᠂ ᠤᠯᠠᠨ ᠨᠡᠶ᠋ᠢᠲᠡ ᠵᠢᠨ ᠲᠠᠯᠠᠪᠤᠷ᠂ ᠵᠠᠮ ᠲᠡᠭᠡᠭᠡᠪᠦᠷᠢ ᠵᠢᠨ ᠲᠥᠬᠦᠭᠡᠷᠦᠮᠵᠢ᠂ ᠬᠤᠳᠠ ᠬᠥᠳᠡᠭᠡ ᠵᠢᠨ ᠵᠠᠮ ᠵᠡᠷᠭᠡ᠎ᠨᠢ ᠰᠠᠭ᠋ᠠᠳ ᠦᠭᠡᠢ ᠲᠥᠬᠦᠭᠡᠷᠦᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
   ᠰᠠᠭ᠋ᠠᠳ ᠦᠭᠡᠢ ᠲᠦᠬᠦᠬᠡᠷᠤᠮᠵᠢ ᠵᠢ ᠭᠣᠣᠯ ᠴᠣᠭᠴᠠ ᠪᠠᠷᠢᠯᠭ᠎ᠠ᠎ᠯᠤᠭ᠎ᠠ ᠵᠡᠷᠭᠡ᠎ᠪᠠᠷ ᠲᠥᠯᠥᠪᠵᠢᠭᠦᠯᠵᠦ᠂ ᠵᠡᠷᠭᠡ᠎ᠪᠠᠷ ᠵᠢᠷᠤᠭᠯᠠᠨ ᠲᠥᠯᠥᠪᠯᠡᠵᠦ᠂  ᠵᠡᠷᠭᠡ᠎ᠪᠠᠷ ᠪᠠᠷᠢᠵᠤ᠂ ᠵᠡᠷᠭᠡ ᠎ᠪᠠᠷ ᠰᠢᠯᠭ᠋ᠠᠨ ᠠᠪᠴᠤ᠂ ᠵᠡᠷᠭᠡ᠎ᠪᠠᠷ ᠲᠤᠰᠢᠶᠠᠨ ᠥᠭᠴᠦ ᠬᠡᠷᠡᠭᠯᠡᠭᠦᠯᠬᠦ ᠵᠢᠨ ᠬᠠᠮᠲᠤ ᠡᠷᠬᠢᠨ ᠲᠣᠭᠣᠷᠢᠨ᠎ᠤ ᠰᠠᠭ᠋ᠠᠳ ᠦᠭᠡᠢ ᠲᠦᠬᠦᠬᠡᠷᠤᠮᠵᠢ᠎ᠯᠦᠭᠡ ᠪᠦᠲᠦᠮᠵᠢᠲᠡᠶ ᠵᠣᠯᠭ᠋ᠠᠭᠤᠯᠵᠤ᠂ ᠨᠡᠪᠲᠡᠷᠡᠭᠦᠯᠬᠦ ᠬᠡᠷᠡᠭᠲᠡᠢ᠃
   ᠰᠠᠭ᠋ᠠᠳ ᠦᠭᠡᠢ ᠲᠥᠬᠦᠭᠡᠷᠦᠮᠵᠢ᠎ᠳᠤ ᠪᠠᠷᠢᠮᠵᠢᠶ᠎ᠠ᠎ᠳᠤ ᠨᠡᠢ᠌ᠴᠡᠭᠰᠡᠨ ᠰᠠᠭ᠋ᠠᠳ ᠦᠭᠡᠢ ᠵᠠᠮ᠎ᠤᠨ ᠢᠯᠡᠳᠬᠡᠮᠵᠢ ᠲᠡᠮᠳᠡᠭ ᠲᠠᠯᠪᠢᠬᠤ ᠬᠡᠷᠡᠭᠲᠡᠢ ᠪᠥᠭᠡᠳ ᠡᠷᠬᠢᠨ ᠲᠣᠭᠣᠷᠢᠨ᠎ᠤ ᠪᠠᠷᠢᠯᠭ᠎ᠠ ᠵᠢᠨ ᠳᠣᠲᠣᠭ᠋ᠠᠳᠤ ᠵᠢᠨ ᠵᠢᠯᠤᠭᠣᠳᠬᠤ ᠢᠯᠡᠳᠬᠡᠮᠵᠢ ᠲᠡᠮᠳᠡᠭ᠎ᠤᠨ ᠰᠢᠰᠲ᠋ᠧᠮ᠎ᠳᠤ ᠣᠷᠣᠭᠤᠯᠬᠤ ᠬᠡᠷᠡᠭᠲᠡᠢ᠃
   ᠠᠷᠪᠠᠨ ᠭᠤᠷᠪᠠᠳᠤᠭ᠋ᠠᠷ ᠵᠦᠢ᠍ᠯ᠄ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠵᠢᠨ ᠠᠵᠢᠯ ᠵᠡᠷᠭᠡ ᠨᠢᠭᠡᠴᠢ ᠵᠢᠨ ᠲᠡᠷᠢᠭᠦᠨ᠎ᠤ ᠣᠢ᠌ᠯᠠᠭ᠋ᠠᠭᠳᠠᠬᠤᠨ ᠪᠠ ᠮᠡᠷᠭᠡᠵᠢᠯ᠎ᠢ ᠬᠡᠷᠡᠭᠯᠡᠵᠦ᠂ ᠬᠥᠮᠥᠨᠴᠢᠯᠡᠭᠰᠡᠨ᠂ ᠰᠢᠰᠲ᠋ᠧᠮᠵᠢᠭᠰᠡᠨ᠂ ᠣᠶᠤᠨᠴᠢᠯᠠᠭᠰᠠᠨ ᠪᠥᠭᠡᠳ ᠡᠷᠬᠢᠨ ᠲᠣᠭᠣᠷᠢᠨ᠎ᠤ ᠣᠷᠴᠢᠨ ᠲᠣᠭᠣᠷᠢᠨ᠎ᠲᠠᠢ ᠵᠣᠬᠢᠴᠠᠯᠳᠤᠭᠰᠠᠨ ᠰᠠᠭ᠋ᠠᠳ ᠦᠭᠡᠢ ᠲᠥᠬᠦᠭᠡᠷᠦᠮᠵᠢ ᠵᠢ ᠪᠦᠲᠦᠭᠡᠨ ᠪᠠᠶ᠋ᠢᠭᠤᠯᠬᠤ ᠵᠢ ᠤᠯᠤᠰ᠎ᠠᠴᠠ ᠵᠣᠷᠢᠭᠵᠢᠭᠤᠯᠤᠨ᠎ᠠ᠃
   ᠠᠷᠪᠠᠨ ᠳᠥᠷᠪᠡᠳᠦᠭᠡᠷ ᠵᠦᠢ᠍ᠯ ᠄ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠨᠢᠬᠡᠴᠢ᠎ᠨᠦᠭᠦᠳ ᠰᠠᠭ᠋ᠠᠳ ᠦᠭᠡᠢ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠵᠠᠷᠤᠳᠠᠯ᠎ᠢ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠎ᠤᠨ ᠲᠣᠢ᠌ᠮᠣ ᠲᠥᠰᠥᠪ᠎ᠲᠤ᠎ᠪᠠᠨ ᠣᠷᠣᠭᠤᠯᠬᠤ ᠬᠡᠷᠡᠭᠲᠡᠢ᠃
    ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠢ᠎ᠬᠢᠨ᠎ᠤ ᠰᠠᠭ᠋ᠠᠳ ᠦᠬᠡᠢ ᠲᠥᠬᠦᠭᠡᠷᠦᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠠᠴᠠ ᠵᠦᠷᠢᠴᠡᠭᠰᠡᠨ᠎ᠢ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡᠴᠢ ᠵᠢᠨ᠎ᠬᠢᠨ ᠢᠯᠡ᠎ᠪᠠᠷ ᠪᠤᠶᠤ ᠳᠠᠯᠳᠠ᠎ᠪᠠᠷ ᠮᠡᠳᠡᠭᠳᠡᠵᠦ ᠪᠣᠯᠬᠤ ᠦᠬᠡᠢ᠃ ᠰᠢᠯᠭ᠋ᠠᠵᠤ ᠬᠦᠯᠢᠶᠡᠨ ᠠᠪᠤᠬᠰᠠᠨ ᠦᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠰᠠᠭ᠋ᠠᠳ ᠦᠭᠡᠢ ᠲᠥᠬᠦᠭᠡᠷᠦᠮᠵᠢ ᠵᠢ ᠳᠤᠷ᠎ᠠ᠎ᠪᠠᠷ ᠵᠶ᠋ᠠᠨ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃
   ᠠᠷᠪᠠᠨ ᠲᠠᠪᠤᠳᠤᠭ᠋ᠠᠷ ᠵᠦᠢ᠍ᠯ᠄ ᠪᠠᠷᠢᠯᠭ᠎ᠠ ᠵᠢᠨ ᠵᠢᠷᠤᠭ ᠲᠥᠯᠥᠪᠯᠡᠭᠡᠨ᠎ᠤ ᠨᠢᠭᠡᠴᠢ ᠵᠢᠨ᠎ᠬᠢᠨ ᠰᠠᠭ᠋ᠠᠳ ᠦᠭᠡᠢ ᠲᠥᠬᠦᠭᠡᠷᠦᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠶᠣᠰᠣᠭ᠋ᠠᠷ ᠵᠢᠷᠤᠭ ᠲᠥᠯᠥᠪᠯᠡᠭᠡ ᠬᠢᠬᠦ ᠬᠡᠷᠡᠭᠲᠡᠢ᠃
   ᠪᠠᠷᠢᠯᠭ᠎ᠠ ᠵᠢᠨ ᠵᠢᠷᠤᠭ᠎ᠢ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ᠎ᠢ ᠬᠠᠤᠯᠢ ᠶᠣᠰᠣᠭ᠋ᠠᠷ ᠬᠢᠨᠠᠨ ᠪᠠᠢ᠌ᠴᠠᠭ᠋ᠠᠬᠤ ᠴᠢᠬᠤᠯᠠᠲᠠᠢ ᠪᠤᠯ ᠪᠠᠷᠢᠯᠭ᠎ᠠ ᠵᠢᠨ ᠵᠢᠷᠤᠭ᠎ᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠰᠠᠭ᠋ᠠᠳ ᠦᠭᠡᠢ ᠲᠦᠬᠦᠬᠡᠷᠤᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠶᠤᠰᠤᠭ᠋ᠠᠷ ᠰᠠᠭ᠋ᠠᠳ ᠦᠭᠡᠢ  ᠲᠦᠬᠦᠬᠡᠷᠤᠮᠵᠢ ᠵᠢᠨ ᠵᠢᠷᠤᠵᠤ ᠲᠥᠯᠥᠪᠯᠡᠭᠰᠡᠨ ᠠᠭᠤᠯᠭ᠎ᠠ ᠵᠢ ᠬᠢᠨᠠᠨ ᠪᠠᠢ᠌ᠴᠠᠭ᠋ᠠᠬᠤ ᠬᠡᠷᠡᠭᠲᠡᠢ᠃ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠬᠦ ᠦᠭᠡᠢ ᠪᠤᠯ ᠬᠢᠨᠠᠯᠳᠠ ᠵᠢ ᠦᠡᠭᠭᠡᠷᠡᠬᠦᠯᠵᠤ ᠪᠤᠯᠬᠤ ᠦᠭᠡᠢ᠃
  ᠠᠷᠪᠠᠨ ᠵᠢᠷᠭᠤᠳᠤᠭ᠋ᠠᠷ ᠵᠦᠢ᠍ᠯ᠄ ᠪᠠᠷᠢᠯᠭ᠎ᠠ ᠪᠠᠷᠢᠬᠤ᠎ᠳᠤ ᠬᠢᠨᠠᠨ ᠬᠠᠮᠢᠶᠠᠷᠬᠤ ᠨᠢᠭᠡᠴᠢ᠎ᠨᠦᠭᠦᠳ ᠪᠠᠷᠢᠯᠭ᠎ᠠ ᠵᠢᠨ ᠵᠢᠷᠤᠭ ᠲᠦᠯᠤᠪᠯᠡᠬᠡ ᠪᠢᠴᠢᠭ ᠮᠠᠲᠸᠷᠢᠶᠠᠯ ᠪᠠ ᠬᠠᠮᠢᠶ᠎ᠠ ᠪᠦᠬᠦᠢ ᠪᠠᠷᠢᠮᠵᠢᠶ᠎ᠠ ᠶᠣᠰᠣᠭ᠋ᠠᠷ ᠰᠠᠭ᠋ᠠᠳ ᠦᠭᠡᠢ ᠲᠦᠬᠦᠬᠡᠷᠤᠮᠵᠢ ᠵᠢᠨ ᠪᠠᠷᠢᠯᠭ᠎ᠠ ᠪᠠᠷᠢᠬᠤ ᠵᠢ ᠬᠢᠨᠠᠨ ᠬᠠᠮᠢᠶᠠᠷᠬᠤ ᠬᠡᠷᠡᠭᠲᠡᠢ᠃
   ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠡᠷᠭᠡ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠰᠠᠭ᠋ᠠᠳ ᠦᠭᠡᠢ ᠲᠦᠬᠦᠬᠡᠷᠤᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠶᠣᠰᠣᠭ᠋ᠠᠷ ᠰᠠᠭ᠋ᠠᠳ ᠦᠭᠡᠢ ᠲᠦᠬᠦᠬᠡᠷᠤᠮᠵᠢ ᠵᠢ ᠰᠢᠯᠭ᠋ᠠᠨ ᠠᠪᠬᠤ ᠠᠵᠢᠯ ᠥᠷᠨᠢᠭᠦᠯᠦᠭᠰᠡᠨ ᠦᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠤᠯ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠴᠤ ᠲᠠᠡᠭᠰᠠᠯᠠᠬᠰᠠᠨ ᠭᠠᠷᠳᠠᠮ᠎ᠢ ᠭᠦᠢ᠍ᠴᠡᠳᠬᠡᠵᠦ ᠥᠭᠬᠦ ᠦᠭᠡᠢ᠃
  ᠠᠷᠪᠠᠨ ᠳᠣᠯᠣᠳᠤᠭ᠋ᠠᠷ ᠵᠦᠢ᠍ᠯ᠄ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡᠴᠢ ᠵᠢᠨ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠲᠥᠯᠦᠪᠵᠢᠭᠦᠯᠭᠡ᠂ ᠵᠢᠷᠤᠭ ᠲᠥᠯᠥᠪᠯᠡᠭᠡ ᠪᠠ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ ᠵᠠᠩᠭᠢᠯᠠᠭ᠎ᠠ᠎ᠳᠤ ᠵᠡᠮᠳᠡᠭᠴᠦᠳ᠂ ᠨᠠᠰᠤᠲᠠᠢ᠌ᠴᠤᠳ᠎ᠤᠨ ᠲᠥᠯᠥᠭᠡᠯᠡᠭᠴᠢ ᠪᠤᠯᠤᠨ ᠵᠡᠮᠳᠡᠭᠴᠦᠳ᠎ᠤᠨ ᠬᠤᠯᠪᠤᠭ᠎ᠠ᠂ ᠨᠠᠰᠤᠲᠠᠢ᠌ᠴᠤᠳ᠎ᠤᠨ ᠨᠡᠢ᠌ᠭᠡᠮᠯᠢᠭ ᠵᠡᠷᠭᠡ ᠵᠣᠬᠢᠶᠠᠨ ᠪᠠᠢ᠌ᠭᠤᠯᠤᠯᠲᠠ ᠵᠢ ᠤᠷᠢᠵᠤ ᠰᠠᠨᠠᠯ ᠬᠤᠷᠢᠶᠠᠬᠤ ᠪᠠ ᠪᠡᠶᠡᠴᠢᠯᠡᠨ ᠤᠢ᠌ᠯᠠᠭ᠋ᠠᠵᠤ ᠲᠤᠷᠰᠢᠨ ᠬᠡᠷᠡᠭᠯᠡᠬᠦ ᠵᠡᠷᠭᠡ ᠠᠵᠢᠯᠯᠠᠭ᠎ᠠ᠎ᠳᠤ ᠣᠷᠣᠯᠴᠠᠭᠤᠯᠬᠤ ᠵᠢ  ᠤᠯᠤᠰ᠎ᠠᠴᠠ ᠵᠣᠷᠢᠭᠵᠢᠭᠤᠯᠤᠨ᠎ᠠ᠃
   ᠠᠷᠪᠠᠨ ᠨᠠᠢ᠍ᠮᠠᠳᠤᠭ᠋ᠠᠷ ᠵᠦᠢ᠍ᠯ᠄ ᠨᠢᠭᠡᠨᠲᠡ ᠪᠠᠢ᠌ᠭ᠎ᠠ ᠰᠠᠭ᠋ᠠᠳ ᠦᠭᠡᠢ ᠲᠥᠬᠦᠭᠡᠷᠦᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠳᠤ ᠦᠯᠦ ᠨᠡᠢ᠌ᠴᠡᠬᠦ ᠣᠷᠣᠨ ᠰᠠᠭᠤᠴᠠ ᠵᠢᠨ ᠪᠠᠷᠢᠯᠭ᠎ᠠ᠂  ᠬᠤᠷᠢᠶᠠᠯᠠᠯ᠂ ᠤᠯᠠᠨ ᠨᠡᠶ᠋ᠢᠲᠡ ᠵᠢᠨ ᠪᠠᠷᠢᠯᠭ᠎ᠠ᠂ ᠤᠯᠠᠨ ᠨᠡᠶ᠋ᠢᠲᠡ ᠵᠢᠨ ᠲᠠᠯᠠᠪᠤᠷ᠂ ᠵᠠᠮ ᠲᠡᠭᠡᠭᠡᠪᠦᠷᠢ ᠵᠢᠨ ᠲᠥᠬᠦᠭᠡᠷᠦᠮᠵᠢ᠂ ᠬᠤᠳᠠ ᠬᠥᠳᠡᠭᠡ ᠵᠢᠨ ᠵᠠᠮ ᠵᠡᠷᠭᠡ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂ ᠰᠠᠭ᠋ᠠᠳ ᠦᠭᠡᠢ ᠲᠥᠬᠦᠭᠡᠷᠦᠮᠵᠢ ᠵᠢ ᠥᠭᠡᠷᠡᠴᠢᠯᠡᠨ ᠵᠠᠰᠠᠬᠤ ᠬᠠᠨᠳᠤᠯᠭ᠋ᠠᠲᠤ ᠴᠢᠨᠠᠷᠲᠠᠢ ᠲᠥᠯᠥᠪᠯᠡᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠬᠡᠷᠡᠭᠲᠡᠢ᠃
   ᠰᠠᠭ᠋ᠠᠳ ᠦᠭᠡᠢ ᠲᠥᠬᠦᠭᠡᠷᠦᠮᠵᠢ ᠵᠢ ᠥᠭᠡᠷᠡᠴᠢᠯᠡᠬᠦ ᠠᠵᠢᠯ᠎ᠢ ᠥᠮᠴᠢᠯᠡᠯ᠎ᠤᠨ ᠡᠷᠬᠡᠲᠦ ᠬᠥᠮᠥᠨ ᠪᠤᠶᠤ ᠬᠠᠮᠢᠶᠠᠷᠤᠬ᠍ᠴᠢ᠎ᠨᠢ ᠬᠠᠷᠢᠭᠤᠴᠠᠨ᠎ᠠ᠃ ᠥᠮᠴᠢᠯᠡᠯ᠎ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠵᠢᠨ ᠬᠣᠭᠣᠷᠣᠨᠳᠤ᠎ᠪᠠᠨ ᠥᠭᠡᠷᠡᠴᠢᠯᠡᠬᠦ ᠬᠠᠷᠢᠭᠤᠴᠠᠯᠭ᠎ᠠ ᠵᠢ ᠪᠣᠯᠵᠣᠨ ᠲᠣᠭᠲᠠᠭᠰᠠᠨ ᠪᠤᠯ ᠪᠣᠯᠵᠣᠨ ᠲᠣᠭᠲᠠᠭᠰᠠᠨ ᠬᠠᠷᠢᠭᠤᠴᠠᠯᠭ᠎ᠠ᠎ᠲᠠᠢ ᠬᠥᠮᠥᠨ᠎ᠨᠢ ᠬᠠᠷᠢᠭᠤᠴᠠᠨ᠎ᠠ᠃
   ᠰᠠᠭ᠋ᠠᠳ ᠦᠭᠡᠢ ᠲᠥᠬᠦᠭᠡᠷᠦᠮᠵᠢ ᠵᠢ ᠥᠭᠡᠷᠡᠴᠢᠯᠡᠬᠦ ᠨᠥᠬᠥᠴᠡᠯ᠎ᠢ ᠪᠦᠷᠢᠯᠳᠦᠭᠦᠯᠦᠭᠰᠡᠨ ᠦᠭᠡᠢ ᠪᠤᠯ ᠬᠠᠷᠢᠭᠤᠴᠠᠯᠭ᠎ᠠ᠎ᠲᠠᠢ ᠬᠥᠮᠥᠨ ᠴᠢᠬᠤᠯᠠ ᠪᠦᠬᠦᠢ ᠤᠷᠤᠯᠠᠭᠤᠯᠬᠤ ᠠᠷᠭ᠎ᠠ ᠠᠪᠬᠤ ᠬᠡᠷᠡᠭᠲᠡᠢ᠃
   ᠠᠷᠪᠠ ᠶᠢᠰᠦᠳᠦᠭᠡᠷ ᠵᠦᠢ᠍᠊᠊ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠡᠷ ᠪᠦᠯᠢ ᠵᠢᠨ ᠰᠠᠭ᠋ᠠᠳ ᠦᠭᠡᠢ ᠲᠥᠬᠦᠭᠡᠷᠦᠮᠵᠢ ᠵᠢᠨ ᠥᠭᠡᠷᠡᠴᠢᠯᠡᠯᠲᠡ ᠵᠢ ᠲᠠᠮᠵᠢᠨ ᠵᠢᠯᠤᠭᠣᠳᠬᠤ ᠬᠡᠷᠡᠭᠲᠡᠢ᠃ ᠨᠥᠬᠥᠴᠡᠯ᠎ᠳᠤ ᠨᠡᠢ᠌ᠴᠡᠬᠦ ᠵᠡᠮᠳᠡᠭᠴᠦᠳ᠂ ᠨᠠᠰᠤᠲᠠᠢ᠌ᠴᠤᠳ᠎ᠤᠨ ᠭᠡᠷ ᠪᠦᠯᠢ᠎ᠳᠤ ᠵᠣᠬᠢᠬᠤ ᠨᠥᠬᠥᠪᠦᠷᠢ ᠥᠭᠬᠦ ᠬᠡᠷᠡᠭᠲᠡᠢ᠃
   ᠰᠠᠭᠤᠭ᠋ᠠᠯᠢ ᠠᠷᠠᠳ᠎ᠤᠨ ᠵᠥᠪᠯᠡᠯ᠂ ᠭᠠᠴᠠᠭ᠋ᠠᠨ᠎ᠤ ᠠᠷᠠᠳ᠎ᠤᠨ ᠵᠥᠪᠯᠡᠯ᠂ ᠣᠷᠣᠨ ᠰᠠᠭᠤᠴᠠ ᠵᠢᠨ ᠲᠣᠭᠣᠷᠢᠭ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠨᠢᠭᠡᠴᠢ ᠪᠤᠯᠤᠨ ᠥᠮᠴᠢᠲᠡᠨ᠎ᠤ ᠵᠦᠪᠯᠡᠯ (业主委员会)᠎ᠤᠨ᠎ᠬᠢᠨ ᠭᠡᠷ ᠪᠦᠯᠢ ᠵᠢᠨ ᠰᠠᠭ᠋ᠠᠳ ᠦᠭᠡᠢ ᠲᠥᠬᠦᠭᠡᠷᠦᠮᠵᠢ ᠵᠢ ᠥᠭᠡᠷᠡᠴᠢᠯᠡᠨ ᠰᠠᠢ᠌ᠵᠢᠷᠠᠭᠤᠯᠬᠤ ᠵᠢ ᠳᠡᠮᠵᠢᠬᠦ ᠵᠢᠨ ᠬᠠᠮᠲᠤ ᠬᠠᠮᠵᠢᠯᠴᠠᠬᠤ ᠬᠡᠷᠡᠭᠲᠡᠢ᠃
  ᠬᠣᠷᠢᠳᠤᠭ᠋ᠠᠷ ᠵᠦᠢ᠍ᠯ ᠄ ᠵᠡᠮᠳᠡᠭᠴᠦᠳ᠎ᠲᠤ ᠲᠥᠪᠯᠡᠷᠡᠭᠦᠯᠦᠨ ᠠᠵᠢᠯ ᠣᠯᠭᠣᠬᠤ ᠨᠢᠭᠡᠴᠢ᠎ᠨᠦᠭᠦᠳ ᠬᠣᠯᠪᠣᠭᠳᠠᠯ ᠪᠦᠬᠦᠢ ᠪᠠᠷᠢᠮᠵᠢᠶ᠎ᠠ ᠪᠠ ᠱᠠᠭ᠋ᠠᠷᠳᠠᠯᠭ᠎ᠠ ᠶᠣᠰᠣᠭ᠋ᠠᠷ ᠰᠠᠭ᠋ᠠᠳ ᠦᠭᠡᠢ ᠲᠦᠬᠦᠬᠡᠷᠤᠮᠵᠢ ᠵᠢ ᠪᠠᠶ᠋ᠢᠭᠤᠯᠬᠤ ᠪᠠ ᠥᠭᠡᠷᠡᠴᠢᠯᠡᠬᠦ ᠬᠡᠷᠡᠭᠲᠡᠢ᠃
   ᠬᠥᠮᠥᠨ ᠬᠡᠷᠡᠭᠯᠡᠬᠦ ᠨᠢᠭᠡᠴᠢ ᠵᠢᠨ ᠠᠵᠢᠯ ᠣᠯᠬᠤ ᠲᠠᠯᠠᠪᠤᠷ᠎ᠤᠨ ᠰᠠᠭ᠋ᠠᠳ ᠦᠭᠡᠢ ᠲᠥᠬᠦᠭᠡᠷᠦᠮᠵᠢ ᠵᠢᠨ
ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠬᠢᠬᠦ ᠵᠢ ᠤᠯᠤᠰ᠎ᠠᠴᠠ ᠵᠣᠷᠢᠭᠵᠢᠭᠤᠯᠤᠨ ᠲᠡᠮᠵᠢᠵᠤ᠂ ᠵᠡᠮᠳᠡᠭ ᠠᠵᠢᠯᠲᠠᠨ ᠠᠵᠢᠯᠴᠢᠨ᠎ᠳᠤ ᠴᠢᠬᠤᠯᠠ ᠪᠦᠬᠦᠢ ᠬᠥᠳᠡᠯᠮᠦᠷᠢ ᠵᠢᠨ ᠨᠥᠬᠥᠴᠡᠯ ᠪᠠ ᠲᠦᠬᠦᠮ ᠦᠵᠡᠭᠦᠯᠦᠨ᠎ᠡ᠃
   ᠬᠣᠷᠢᠨ ᠨᠢᠭᠡᠳᠦᠭᠡᠷ ᠵᠦᠢ᠍ᠯ᠄ ᠤᠯᠠᠨ ᠨᠡᠶ᠋ᠢᠲᠡ ᠵᠢᠨ ᠪᠠᠷᠢᠯᠭ᠎ᠠ᠂ ᠤᠯᠠᠨ ᠨᠡᠶ᠋ᠢᠲᠡ ᠵᠢᠨ ᠲᠠᠯᠠᠪᠤᠷ᠂ ᠵᠠᠮ ᠲᠡᠬᠡᠬᠡᠪᠤᠷᠢ ᠵᠢᠨ ᠲᠥᠬᠦᠭᠡᠷᠦᠮᠵᠢ ᠪᠠ ᠬᠤᠷᠢᠶᠠᠯᠠᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ ᠰᠠᠭ᠋ᠠᠳ ᠦᠭᠡᠢ ᠲᠥᠬᠦᠭᠡᠷᠦᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠶᠣᠰᠣᠭ᠋ᠠᠷ ᠰᠠᠭ᠋ᠠᠳ ᠦᠭᠡᠢ ᠲᠥᠬᠦᠭᠡᠷᠦᠮᠵᠢ ᠵᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠬᠤ ᠬᠡᠷᠡᠭᠲᠡᠢ᠃ ᠡᠮᠦᠨ᠎ᠡ ᠦᠬᠦᠯᠡᠭᠰᠡᠨ ᠨᠢᠬᠡᠨᠳᠡ ᠪᠠᠢ᠌ᠭ᠎ᠠ ᠪᠠᠷᠢᠯᠭ᠎ᠠ᠂ ᠲᠠᠯᠠᠪᠤᠷ ᠭᠠᠵᠠᠷ ᠪᠠ ᠲᠥᠬᠦᠭᠡᠷᠦᠮᠵᠢ᠎ᠨᠢ ᠰᠠᠭ᠋ᠠᠳ ᠦᠭᠡᠢ ᠲᠥᠬᠦᠭᠡᠷᠦᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠳᠤ ᠦᠯᠤ ᠨᠡᠢ᠌ᠴᠡᠪᠡᠯ ᠴᠢᠬᠤᠯᠠ ᠪᠦᠬᠦᠢ ᠥᠭᠡᠷᠡᠴᠢᠯᠡᠯᠲᠡ ᠬᠢᠬᠦ ᠬᠡᠷᠡᠭᠲᠡᠢ᠃
   ᠬᠣᠷᠢᠨ ᠬᠣᠶᠠᠳᠤᠭ᠋ᠠᠷ ᠵᠦᠢ᠍ᠯ᠄  ᠬᠤᠳᠠ ᠪᠠᠯᠭ᠋ᠠᠰᠤᠨ᠎ᠤ ᠬᠠᠭᠤᠴᠢᠨ ᠬᠤᠷᠢᠶᠠᠯᠠᠯ᠎ᠤᠨ ᠤᠯᠠᠨ ᠳᠠᠪᠬᠤᠷᠭ᠋ᠠᠲᠤ ᠣᠷᠣᠨ ᠰᠠᠭᠤᠴᠠ᠎ᠳᠤ ᠴᠠᠬᠢᠯᠭ᠋ᠠᠨ ᠱᠠᠲᠤ ᠪᠤᠶᠤ ᠪᠤᠰᠤᠳ ᠰᠠᠭ᠋ᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ ᠵᠢ ᠤᠯᠤᠰ᠎ᠠᠴᠠ ᠲᠡᠮᠵᠢᠵᠤ᠂ ᠵᠡᠮᠳᠡᠭᠴᠦᠳ᠂ ᠨᠠᠰᠤᠲᠠᠢ᠌ᠴᠤᠳ᠎ᠲᠤ ᠲᠦᠬᠦᠮ ᠦᠵᠡᠭᠦᠯᠦᠨ᠎ᠡ᠃
   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠯᠤᠨ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠷᠭ᠎ᠠ ᠠᠪᠴᠤ ᠪᠠᠢ᠌ᠭ᠋ᠠᠳ ᠨᠥᠬᠥᠴᠡᠯ ᠪᠦᠷᠢᠯᠳᠤᠬᠦᠯᠵᠤ ᠦᠭᠭᠦ ᠵᠢᠨ ᠬᠠᠮᠲᠤ ᠨᠡᠢ᠌ᠭᠡᠮ ᠲᠣᠭᠣᠷᠢᠭ᠎ᠤᠨ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠵᠤ᠂ ᠨᠢᠭᠡᠨᠲᠡ ᠪᠠᠢ᠌ᠭ᠎ᠠ ᠤᠯᠠᠨ ᠳᠠᠪᠬᠤᠷᠭ᠋ᠠᠲᠤ ᠣᠷᠣᠨ ᠰᠠᠭᠤᠴᠠ᠎ᠳᠤ ᠴᠠᠬᠢᠯᠭ᠋ᠠᠨ ᠱᠠᠲᠤ ᠪᠤᠶᠤ ᠰᠠᠭ᠋ᠠᠳ ᠦᠭᠡᠢ ᠪᠤᠰᠤᠳ ᠲᠥᠬᠦᠭᠡᠷᠦᠮᠵᠢ ᠨᠡᠮᠡᠵᠦ ᠤᠭᠰᠠᠷᠠᠬᠤ ᠵᠢ ᠠᠬᠢᠭᠤᠯᠬᠤ ᠬᠡᠷᠡᠭᠲᠡᠢ᠃
   ᠭᠡᠷ ᠪᠠᠢ᠌ᠰᠢᠩ᠎ᠤᠨ ᠥᠮᠴᠢᠯᠡᠯ᠎ᠤᠨ ᠡᠷᠬᠡᠲᠦ ᠬᠥᠮᠥᠨ ᠬᠥᠷᠰᠢ ᠬᠤᠭᠤᠷᠤᠨᠳᠤ᠎ᠪᠠᠨ ᠰᠠᠢ᠌ᠬᠠᠨ ᠶᠠᠪᠤᠯᠴᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠡᠷᠭᠡ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠢ᠌ᠬᠠᠨ ᠰᠤᠷᠲᠠᠯ᠎ᠢ ᠪᠠᠳᠠᠷᠠᠭᠤᠯᠵᠤ᠂ ᠨᠡᠪᠲᠡᠷᠡᠯᠴᠡᠨ ᠵᠥᠪᠳᠡᠯᠴᠡᠬᠦ᠎ᠪᠠᠨ ᠴᠢᠩᠭ᠋ᠠᠳᠬᠠᠵᠤ᠂ ᠨᠢᠭᠡᠨᠲᠡ ᠪᠠᠢ᠌ᠭ᠎ᠠ ᠤᠯᠠᠨ ᠳᠠᠪᠬᠤᠷᠭ᠋ᠠᠲᠤ ᠣᠷᠣᠨ ᠰᠠᠭᠤᠴᠠ᠎ᠳᠤ ᠴᠠᠬᠢᠯᠭ᠋ᠠᠨ ᠱᠠᠲᠤ ᠪᠤᠶᠤ ᠪᠤᠰᠤᠳ ᠰᠠᠭ᠋ᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ᠎ᠳᠤ ᠬᠠᠤᠯᠢ ᠶᠣᠰᠣᠭ᠋ᠠᠷ ᠬᠠᠮᠵᠢᠯᠴᠠᠬᠤ ᠬᠡᠷᠡᠭᠲᠡᠢ᠃
   ᠬᠣᠷᠢᠨ ᠭᠤᠷᠪᠠᠳᠤᠭ᠋ᠠᠷ ᠵᠦᠢ᠍ᠯ᠄ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠬᠤ ᠨᠥᠬᠥᠴᠡᠯ᠎ᠢ ᠪᠦᠷᠢᠯᠳᠦᠭᠦᠯᠦᠭᠰᠡᠨ ᠬᠤᠳᠠ ᠵᠢᠨ ᠭᠣᠣᠯ ᠵᠠᠮ᠂ ᠭᠣᠣᠯ ᠬᠤᠳᠠᠯᠳᠤᠭ᠋ᠠᠨ᠎ᠤ ᠲᠣᠭᠣᠷᠢᠭ ᠪᠠ ᠲᠣᠮᠣ ᠬᠡᠯᠪᠡᠷᠢ ᠵᠢᠨ  ᠬᠤᠷᠢᠶᠠᠯᠠᠯ᠎ᠤᠨ ᠶᠠᠪᠠᠭ᠋ᠠᠨ᠎ᠤ ᠬᠥᠭᠥᠷᠭᠡ ᠪᠠ ᠶᠠᠪᠠᠭ᠋ᠠᠨ᠎ᠤ ᠨᠦᠬᠡᠨ ᠵᠠᠮ᠎ᠢ ᠪᠠᠶ᠋ᠢᠭᠤᠯᠬᠤ᠎ᠳᠤ ᠰᠠᠭ᠋ᠠᠳ ᠦᠭᠡᠢ  ᠲᠦᠬᠦᠬᠡᠷᠤᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠶᠣᠰᠣᠭ᠋ᠠᠷ ᠰᠠᠭ᠋ᠠᠳ ᠦᠭᠡᠢ ᠲᠦᠬᠦᠬᠡᠷᠤᠮᠵᠢ ᠵᠢ ᠪᠦᠲᠦᠭᠡᠨ ᠪᠠᠶ᠋ᠢᠭᠤᠯᠬᠤ ᠪᠤᠶᠤ ᠥᠭᠡᠷᠡᠴᠢᠯᠡᠨ ᠪᠠᠶ᠋ᠢᠭᠤᠯᠬᠤ ᠬᠡᠷᠡᠭᠲᠡᠢ᠃
   ᠬᠤᠳᠠ ᠵᠢᠨ ᠭᠣᠣᠯ ᠵᠠᠮ᠂ ᠭᠣᠣᠯ ᠬᠤᠳᠠᠯᠳᠤᠭ᠋ᠠᠨ᠎ᠤ ᠲᠣᠭᠣᠷᠢᠭ ᠵᠡᠷᠭᠡ ᠰᠠᠭ᠋ᠠᠳ ᠦᠭᠡᠢ ᠲᠦᠬᠦᠬᠡᠷᠤᠮᠵᠢ ᠵᠢᠨ ᠬᠡᠷᠡᠭᠴᠡᠭᠡ ᠨᠡᠯᠢᠶᠡᠳ ᠲᠥᠪᠯᠡᠷᠡᠭᠰᠡᠨ ᠣᠷᠣᠨ᠎ᠤ ᠶᠠᠪᠠᠭ᠋ᠠᠨ᠎ᠤ ᠵᠠᠮ᠎ᠳᠤ ᠪᠠᠷᠢᠮᠵᠢᠶ᠎ᠠ ᠶᠣᠰᠣᠭ᠋ᠠᠷ ᠰᠣᠬᠣᠷ ᠬᠥᠮᠥᠨ᠎ᠤ ᠵᠠᠮ ᠭᠠᠷᠭ᠋ᠠᠬᠤ ᠬᠡᠷᠡᠭᠲᠡᠢ᠃ ᠬᠤᠳᠠ ᠵᠢᠨ ᠲᠥᠪ ᠲᠣᠭᠣᠷᠢᠭ᠂ ᠵᠡᠮᠳᠡᠭᠴᠦᠳ᠎ᠲᠤ ᠲᠥᠪᠯᠡᠷᠡᠭᠦᠯᠦᠨ ᠠᠵᠢᠯ ᠣᠯᠭᠣᠬᠤ ᠨᠢᠭᠡᠴᠢ ᠪᠣᠯᠣᠨ ᠲᠥᠪᠯᠡᠷᠡᠭᠦᠯᠦᠨ ᠰᠤᠷᠤᠯᠴᠠᠵᠤ ᠪᠠᠢ᠌ᠭ᠎ᠠ ᠰᠤᠷᠭ᠋ᠠᠭᠤᠯᠢ ᠵᠢᠨ ᠡᠷᠬᠢᠨ ᠲᠣᠭᠣᠷᠢᠨ᠎ᠤ ᠶᠠᠪᠠᠭ᠋ᠠᠨ᠎ᠤ ᠬᠥᠨᠳᠡᠯᠡᠨ ᠵᠠᠮ᠎ᠤᠨ ᠳᠤᠬᠢᠶᠠᠨ᠎ᠤ ᠲᠥᠬᠦᠭᠡᠷᠦᠮᠵᠢ᠎ᠳᠤ ᠵᠠᠮ ᠤᠬᠳᠤᠯᠬᠤ ᠳᠠᠭᠤ ᠴᠢᠮᠡᠭᠡᠨ᠎ᠤ ᠰᠠᠨᠠᠭᠤᠯᠤᠮᠵᠢ ᠵᠢᠨ ᠲᠥᠬᠦᠭᠡᠷᠦᠮᠵᠢ ᠵᠢ ᠪᠠᠷᠢᠮᠵᠢᠶ᠎ᠠ ᠶᠣᠰᠣᠭ᠋ᠠᠷ ᠤᠭᠰᠠᠷᠠᠬᠤ ᠬᠡᠷᠡᠭᠲᠡᠢ᠃
   ᠬᠣᠷᠢᠨ ᠳᠥᠷᠪᠡᠳᠦᠭᠡᠷ ᠵᠦᠢ᠍ᠯ᠄  ᠰᠠᠭ᠋ᠠᠳ ᠦᠭᠡᠢ ᠲᠦᠬᠦᠬᠡᠷᠤᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠳᠠ ᠵᠢᠨ ᠪᠠᠷᠢᠮᠵᠢᠶ᠎ᠠ ᠶᠣᠰᠣᠭ᠋ᠠᠷ ᠲᠡᠷᠭᠡᠨ ᠵᠣᠭᠰᠣᠭ᠋ᠠᠯ ᠲᠡᠬᠡᠷ᠎ᠡ ᠲᠡᠷᠭᠡ ᠵᠣᠭᠰᠤᠭ᠋ᠠᠬᠤ ᠰᠠᠭ᠋ᠠᠳ ᠦᠭᠡᠢ ᠪᠠᠢ᠌ᠷᠢ ᠪᠠᠢ᠌ᠷᠢᠯᠠᠭᠤᠯᠬᠤ ᠵᠢᠨ ᠬᠠᠮᠲᠤ ᠢᠯᠡᠷᠬᠡᠢ ᠲᠡᠮᠳᠡᠭ ᠭᠠᠷᠭ᠋ᠠᠬᠤ ᠬᠡᠷᠡᠭᠲᠡᠢ᠃
   ᠲᠡᠷᠭᠡ ᠵᠣᠭᠰᠣᠬᠤ ᠰᠠᠭ᠋ᠠᠳ ᠦᠭᠡᠢ  ᠪᠠᠢ᠌ᠷᠢ ᠵᠢ ᠵᠡᠮᠳᠡᠭᠴᠤᠳ᠎ᠤᠨ ᠵᠢᠯᠤᠭᠣᠳᠴᠤ ᠪᠠᠢ᠌ᠭ᠎ᠠ ᠪᠤᠶᠤ ᠰᠠᠭᠤᠵᠤ ᠪᠠᠢ᠌ᠭ᠎ᠠ ᠪᠠᠢ᠌ᠭ᠎ᠠ ᠮᠠᠰᠢᠨ ᠲᠡᠷᠭᠡᠨᠴᠢᠷ᠎ᠳᠤ ᠤᠷᠢᠳ ᠵᠶ᠋ᠡᠷ ᠬᠡᠷᠡᠭᠯᠡᠭᠦᠯᠦᠨ᠎ᠡ᠃ ᠲᠡᠷᠭᠡ ᠵᠣᠭᠰᠤᠭ᠋ᠠᠬᠤ ᠰᠠᠭ᠋ᠠᠳ ᠦᠭᠡᠢ ᠪᠠᠢ᠌ᠷᠢ ᠵᠢ ᠤᠷᠢᠳ ᠵᠶ᠋ᠡᠷ ᠬᠡᠷᠡᠭᠯᠡᠭᠴᠢᠳ᠎ᠲᠤ ᠵᠡᠮᠳᠡᠭᠴᠦᠳ᠎ᠤᠨ ᠲᠡᠷᠭᠡ ᠬᠥᠰᠬᠡ ᠵᠢᠨ ᠲᠤᠰᠬᠠᠢ ᠬᠡᠷᠡᠭᠯᠡᠬᠦ ᠲᠡᠮᠳᠡᠭ ᠲᠠᠯᠪᠢᠬᠤ ᠪᠤᠶᠤ ᠵᠡᠮᠳᠡᠭᠴᠦᠳ ᠎ᠤᠨ ᠦᠨᠡᠮᠯᠡᠯ ᠬᠠᠩᠭ᠋ᠠᠬᠤ ᠬᠡᠷᠡᠭᠲᠡᠢ᠃
      ᠲᠡᠷᠭᠡ ᠵᠣᠭᠰᠣᠬᠤ ᠰᠠᠭ᠋ᠠᠳ ᠦᠭᠡᠢ  ᠪᠠᠢ᠌ᠷᠢ ᠭᠦᠢ᠍ᠴᠡᠳ ᠪᠠᠢ᠌ᠬᠤ ᠪᠠᠢ᠌ᠳᠠᠯ᠎ᠳᠤ ᠬᠥᠳᠡᠯᠵᠦ ᠪᠠᠷᠢᠬᠤ᠎ᠳᠤ᠎ᠪᠠᠨ ᠲᠦᠬᠦᠮ ᠦᠭᠡᠢ ᠪᠤᠰᠤᠳ ᠵᠡᠮᠳᠡᠭᠴᠦᠳ᠂ ᠨᠠᠰᠤᠲᠠᠢ᠌ᠴᠤᠳ᠂ ᠵᠢᠷᠮᠦᠰᠦᠨ ᠪᠦᠰᠡᠬᠦᠢ᠂ ᠨᠢᠯᠬ᠎ᠠ ᠪᠠᠯᠴᠢᠷ ᠬᠡᠦᠬᠡᠳ᠎ᠤᠨ ᠵᠢᠯᠤᠭᠣᠳᠬᠤ ᠪᠤᠶᠤ ᠰᠠᠭᠤᠬᠤ ᠮᠠᠰᠢᠨ᠎ᠢ ᠴᠦ᠍ ᠵᠤᠬᠰᠤᠭ᠋ᠠᠵᠤ ᠪᠣᠯᠣᠨ᠎ᠠ᠃
   ᠬᠣᠷᠢᠨ ᠲᠠᠪᠤᠳᠤᠭ᠋ᠠᠷ ᠵᠦᠢ᠍ᠯ᠄ ᠡᠵᠡᠩᠨᠡᠯᠲᠡ᠎ᠳᠤ ᠰᠢᠨ᠎ᠡ᠎ᠪᠠᠷ ᠣᠷᠣᠭᠤᠯᠤᠭᠰᠠᠨ ᠠᠶᠠᠨᠴᠢᠨ᠎ᠤ ᠨᠢᠰᠬᠡᠯ᠂ ᠠᠶᠠᠨᠴᠢᠳ᠎ᠤᠨ ᠭᠠᠯᠲᠤ ᠲᠡᠷᠭᠡ᠂ ᠠᠶᠠᠨᠴᠢᠳ᠎ᠤᠨ ᠲᠡᠭᠡᠭᠡᠪᠦᠷᠢ ᠵᠢᠨ ᠣᠩᠭᠣᠴᠠ ᠰᠠᠯ᠂ ᠤᠯᠠᠨ ᠨᠡᠶ᠋ᠢᠲᠡ ᠵᠢᠨ ᠮᠠᠰᠢᠨ ᠲᠡᠷᠭᠡ ᠴᠠᠬᠢᠯᠭ᠋ᠠᠨ ᠲᠡᠷᠭᠡ᠂ ᠬᠤᠳᠠ ᠵᠢᠨ ᠵᠠᠮ ᠬᠠᠷᠢᠯᠴᠠᠭ᠋ᠠᠨ᠎ᠤ ᠲᠡᠷᠭᠡ ᠬᠥᠰᠬᠡ ᠵᠡᠷᠭᠡ ᠤᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠪᠠᠭ᠋ᠠᠵᠢ ᠬᠡᠷᠡᠭᠰᠡᠯ᠎ᠢ ᠵᠣᠬᠢᠬᠤ ᠬᠠᠷᠢᠴᠠᠯ ᠵᠶ᠋ᠠᠷ ᠰᠠᠭ᠋ᠠᠳ ᠦᠭᠡᠢ ᠪᠠᠷᠢᠮᠵᠢᠶ᠎ᠠ᠎ᠳᠤ ᠨᠡᠢ᠌ᠴᠡᠬᠦᠯᠬᠦ ᠬᠡᠷᠡᠭᠲᠡᠢ᠃
   ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠪᠠᠭ᠋ᠠᠵᠢ᠎ᠨᠢ ᠥᠭᠡᠷᠡᠴᠢᠯᠡᠬᠦ ᠨᠥᠬᠥᠴᠡᠯ᠎ᠢ ᠪᠦᠷᠢᠯᠳᠤᠬᠦᠯᠪᠡᠯ  ᠰᠠᠭ᠋ᠠᠳ ᠦᠭᠡᠢ ᠵᠢᠨ ᠥᠭᠡᠷᠡᠴᠢᠯᠡᠯᠲᠡ ᠬᠢᠵᠦ᠂ ᠠᠯᠬᠤᠮ ᠠᠯᠬᠤᠮ ᠵᠶ᠋ᠠᠷ ᠰᠠᠭ᠋ᠠᠳ ᠦᠭᠡᠢ ᠵᠢᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠭᠦᠯᠬᠦ ᠬᠡᠷᠡᠭᠲᠡᠢ᠃ ᠥᠭᠡᠷᠡᠴᠢᠯᠡᠬᠦ ᠨᠥᠬᠥᠴᠡᠯ᠎ᠢ ᠪᠦᠷᠢᠳᠦᠭᠦᠯᠦᠭᠰᠡᠨ ᠦᠭᠡᠢ ᠪᠣᠯ ᠤᠯᠠᠨ ᠨᠡᠢ᠍ᠢ᠍ᠳᠡ ᠵᠢᠨ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠪᠠᠭ᠋ᠠᠵᠢ ᠵᠢᠨ ᠡᠵᠡᠩᠨᠡᠯᠲᠡ ᠵᠢᠨ ᠨᠢᠬᠡᠴᠢ᠎ᠨᠦᠭᠦᠳ ᠴᠢᠬᠤᠯᠠ ᠪᠦᠬᠦᠢ ᠤᠷᠤᠭ᠋ᠠᠤᠯᠬᠤ ᠠᠷᠭ᠎ᠠ  ᠠᠪᠬᠤ ᠬᠡᠷᠡᠭᠲᠡᠢ᠃
   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠬᠠᠢ ᠵᠢᠨ ᠭᠠᠵᠠᠷ᠎ᠤᠨ ᠪᠠᠢ᠌ᠳᠠᠯ ᠵᠶ᠋ᠠᠨ ᠦᠨᠳᠦᠰᠦᠯᠡᠨ ᠬᠤᠳᠠ ᠵᠢᠨ ᠰᠠᠭ᠋ᠠᠳ ᠤᠢ᠌ᠭᠡᠢ ᠨᠡᠶ᠋ᠢᠲᠡ ᠵᠢᠨ ᠮᠠᠰᠢᠨ ᠲᠡᠷᠭᠡᠨ᠎ᠤ ᠵᠠᠮᠴᠢᠯᠠᠬᠤ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠢ᠌ᠭᠤᠯᠵᠤ᠂ ᠰᠠᠭ᠋ᠠᠳ ᠦᠬᠡᠢ ᠲᠦᠷᠢᠶᠡᠰᠦᠨ ᠮᠠᠰᠢᠨ ᠲᠡᠷᠭᠡ ᠵᠢ ᠵᠣᠬᠢᠬᠤ ᠬᠡᠮᠵᠢᠶ᠎ᠡ᠎ᠪᠠᠷ  ᠲᠣᠬᠢᠷᠠᠭᠤᠯᠬᠤ ᠬᠡᠷᠡᠭᠲᠡᠢ᠃
    ᠬᠣᠷᠢᠨ ᠵᠢᠷᠭᠤᠳᠤᠭ᠋ᠠᠷ ᠵᠦᠢ᠍ᠯ᠄ ᠬᠠᠷᠰᠢ ᠦᠭᠡᠢ ᠲᠦᠬᠦᠬᠡᠷᠤᠮᠵᠢ ᠵᠢᠨ ᠥᠮᠴᠢᠯᠡᠬᠦ ᠡᠷᠬᠡᠲᠦ ᠬᠥᠮᠥᠨ ᠪᠤᠶᠤ ᠬᠠᠮᠢᠶᠠᠷᠤᠬ᠍ᠴᠢ᠎ᠨᠢ ᠰᠠᠭ᠋ᠠᠳ ᠦᠭᠡᠢ ᠲᠦᠬᠦᠬᠡᠷᠤᠮᠵᠢ᠎ᠳᠤ ᠲᠠᠷᠠᠭ᠋ᠠᠬᠢ ᠮᠡᠲᠦ ᠬᠠᠮᠠᠭ᠋ᠠᠯᠠᠬᠤ ᠪᠠ ᠬᠠᠮᠢᠶᠠᠷᠬᠤ ᠬᠠᠷᠢᠭᠤᠴᠠᠯᠭ᠎ᠠ ᠵᠢ ᠭᠦᠢ᠍ᠴᠡᠳᠬᠡᠵᠦ᠂ ᠰᠠᠭ᠋ᠠᠳ ᠦᠭᠡᠢ ᠲᠦᠬᠦᠬᠡᠷᠤᠮᠵᠢ ᠵᠢᠨ ᠴᠢᠳᠠᠮᠵᠢ ᠵᠢᠨ ᠬᠡᠪ᠎ᠤᠨ ᠪᠠᠢ᠌ᠬᠤ ᠪᠠ ᠬᠡᠷᠡᠭᠯᠡᠯᠲᠡ ᠵᠢᠨ ᠠᠮᠤᠷ ᠲᠦᠪᠰᠢᠨ ᠪᠠᠢ᠌ᠬᠤ ᠵᠢ ᠪᠠᠲᠤᠯᠠᠬᠤ ᠬᠡᠷᠡᠭᠲᠡᠢ᠄
   (ᠨᠢᠭᠡ) ᠡᠪᠳᠡᠷᠡᠵᠦ ᠰᠦᠢ᠍ᠳᠦᠭᠰᠡᠨ ᠰᠠᠭ᠋ᠠᠳ ᠦᠭᠡᠢ ᠲᠥᠬᠦᠭᠡᠷᠦᠮᠵᠢ ᠪᠠ ᠢᠯᠡᠳᠬᠡᠭᠴᠢ ᠲᠡᠮᠳᠡᠭ᠎ᠢ ᠰᠡᠯᠪᠢᠨ ᠵᠠᠰᠠᠬᠤ ᠪᠤᠶᠤ ᠰᠣᠯᠢᠬᠤ᠃
   (ᠬᠣᠶᠠᠷ) ᠥᠭᠡᠷᠡᠴᠢᠯᠡᠬᠦ ᠴᠢᠬᠤᠯᠠᠲᠠᠢ ᠰᠠᠭ᠋ᠠᠳ ᠦᠭᠡᠢ ᠲᠥᠬᠦᠭᠡᠷᠦᠮᠵᠢ ᠵᠢ ᠥᠭᠡᠷᠡᠴᠢᠯᠡᠬᠦ᠃
   (ᠭᠤᠷᠪᠠ) ᠰᠠᠭ᠋ᠠᠳ ᠦᠭᠡᠢ ᠲᠥᠬᠦᠭᠡᠷᠦᠮᠵᠢ ᠵᠢ ᠡᠵᠡᠯᠡᠨ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠵᠠᠯᠠᠷᠠᠭᠤᠯᠬᠤ᠃
   (ᠲᠦᠷᠪᠡ) ᠪᠤᠰᠤᠳ ᠴᠢᠬᠤᠯᠠ ᠪᠦᠬᠦᠢ ᠬᠠᠮᠠᠭ᠋ᠠᠯᠠᠯᠲᠠ ᠪᠠ ᠠᠷᠠᠴᠢᠯᠠᠯᠲᠠ ᠬᠢᠬᠦ᠃
   ᠥᠮᠴᠢᠯᠡᠯ᠎ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠬᠣᠭᠣᠷᠣᠨᠳᠤ᠎ᠪᠠᠨ ᠪᠤᠯᠵᠤᠬᠰᠠᠨ ᠦᠬᠡᠢ ᠪᠤᠯ ᠪᠣᠯᠵᠣᠨ ᠲᠣᠭᠲᠠᠭᠰᠠᠨ ᠬᠠᠷᠢᠭᠤᠴᠠᠯᠭ᠎ᠠ᠎ᠲᠠᠢ ᠬᠥᠮᠥᠨ ᠬᠠᠷᠢᠭᠤᠴᠠᠨ ᠬᠠᠮᠠᠭ᠋ᠠᠯᠠᠵᠤ ᠬᠠᠮᠢᠶᠠᠷᠤᠨ᠎ᠠ᠃
   ᠬᠣᠷᠢᠨ ᠳᠣᠯᠣᠳᠤᠭ᠋ᠠᠷ ᠵᠦᠢ᠍ᠯ᠄ ᠤᠨᠴᠠᠭ᠋ᠠᠢ ᠪᠠᠢ᠌ᠳᠠᠯ᠎ᠠᠴᠠ ᠪᠣᠯᠵᠤ ᠲᠣᠬᠢᠷᠠᠭᠤᠯᠤᠭᠰᠠᠨ ᠲᠦᠷ ᠴᠠᠭ᠎ᠤᠨ ᠰᠠᠭ᠋ᠠᠳ ᠦᠭᠡᠢ ᠲᠦᠬᠦᠬᠡᠷᠤᠮᠵᠢ᠎ᠨᠢ ᠰᠠᠭ᠋ᠠᠳ ᠦᠭᠡᠢ ᠲᠦᠬᠦᠬᠡᠷᠤᠮᠵᠢ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
   ᠬᠣᠷᠢᠨ ᠨᠠᠢ᠍ᠮᠠᠳᠤᠭ᠋ᠠᠷ ᠵᠦᠢ᠍ᠯ᠄ ᠶᠠᠮᠠᠷᠪᠠ ᠨᠢᠭᠡᠴᠢ ᠪᠠ ᠬᠤᠪᠢ ᠬᠥᠮᠥᠨ ᠰᠠᠭ᠋ᠠᠳ ᠦᠭᠡᠢ ᠲᠥᠬᠦᠭᠡᠷᠦᠮᠵᠢ ᠵᠢᠨ ᠬᠡᠷᠡᠭᠯᠡᠯᠲᠡ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠪᠤᠶᠤ ᠰᠠᠭ᠋ᠠᠳ ᠦᠭᠡᠢ ᠲᠥᠬᠦᠭᠡᠷᠦᠮᠵᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠵᠦ᠂ ᠡᠪᠳᠡᠨ ᠰᠦᠢ᠍ᠳᠬᠡᠵᠦ ᠪᠣᠯᠬᠤ ᠦᠭᠡᠢ᠃
   ᠣᠨᠴᠠᠭ᠋ᠠᠶ ᠪᠠᠢ᠌ᠳᠠᠯ᠎ᠠᠴᠠ ᠪᠣᠯᠵᠤ ᠰᠠᠭ᠋ᠠᠳ ᠦᠬᠡᠢ ᠲᠥᠬᠦᠭᠡᠷᠦᠮᠵᠢ ᠵᠢ ᠲᠤᠢ᠌ᠷ ᠴᠠᠭ ᠡᠵᠡᠯᠡᠨ ᠬᠡᠷᠡᠭᠯᠡᠭᠰᠡᠨ ᠪᠤᠯ ᠠᠯᠪᠠᠨ ᠵᠡᠷ ᠨᠡᠢ᠌ᠲᠡᠯᠡᠬᠦ ᠵᠢᠨ ᠬᠠᠮᠲᠤ ᠬᠠᠯᠬᠠᠪᠴᠢ ᠬᠡᠷᠡᠰᠬᠡ᠂ ᠰᠡᠷᠡᠮᠵᠢ ᠵᠢᠨ ᠲᠡᠮᠳᠡᠭ ᠪᠤᠶᠤ ᠲᠤᠬᠢᠶᠡᠠ᠎ᠤ ᠲᠥᠬᠦᠭᠡᠷᠦᠮᠵᠢ ᠵᠢ ᠪᠠᠢ᠌ᠷᠢᠯᠠᠭᠤᠯᠬᠤ ᠵᠢᠨ ᠬᠠᠮᠲᠤ ᠴᠢᠬᠤᠯᠠ ᠪᠦᠬᠦᠢ ᠤᠷᠤᠭᠤᠯᠬᠤ ᠠᠷᠭ᠎ᠠ ᠠᠪᠬᠤ ᠬᠡᠷᠡᠭᠲᠡᠢ᠃ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ᠎ᠨᠢ ᠲᠤᠯᠪᠠᠯ  ᠤᠤᠯ᠎ᠤᠨ ᠪᠠᠢ᠌ᠳᠠᠯ᠎ᠳᠤ ᠎ᠨᠢ ᠲᠠᠷᠤᠢ ᠤᠷᠤᠭᠤᠯᠬᠤ ᠬᠡᠷᠡᠭᠲᠡᠢ᠃

 

 



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
 
            