ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
ᠨᠡᠶᠢᠲᠡᠯᠡᠭᠰᠡᠨ ᠴᠠᠭ᠄ 2023-09-07

                             ᠬᠤᠤᠰᠪᠠᠶᠠᠷ ᠤᠷᠴᠢᠭᠤᠯᠪᠠ

ᠨᠢᠭᠡᠳᠦᠭᠡᠷ ᠪᠦᠯᠦᠭ     ᠶᠡᠷᠦᠩᠬᠡᠢ ᠳᠦᠷᠢᠮ

   ᠨᠢᠭᠡᠳᠦᠭᠡᠷ ᠵᠦᠢ᠍ᠯ᠄ ᠰᠠᠭ᠋ᠠᠳ ᠦᠭᠡᠢ ᠣᠷᠴᠢᠨ  ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠡᠮᠳᠡᠭᠴᠦᠳ᠂ ᠨᠠᠰᠤᠲᠠᠢ᠌ᠴᠤᠳ᠎ᠤᠨ ᠨᠡᠢ᠌ᠭᠡᠮ᠎ᠤᠨ ᠠᠮᠢᠳᠤᠷᠠᠯ᠎ᠳᠤ ᠡᠷᠬᠡ ᠲᠡᠭᠰᠢ᠂ ᠪᠦᠷᠢᠨ ᠭᠦᠢ᠍ᠴᠡᠳ᠂ ᠳᠥᠭᠥᠮ ᠳᠥᠲᠡ᠎ᠪᠠᠷ ᠣᠷᠣᠯᠴᠠᠬᠤ ᠪᠠ ᠨᠡᠢ᠌ᠬᠡᠮ᠎ᠤᠨ ᠠᠮᠢᠳᠤᠷᠠᠯ᠎ᠳᠤ ᠠᠭᠤᠰᠤᠯᠴᠠᠬᠤ ᠵᠢ ᠪᠠᠲᠤᠯᠠᠵᠤ᠂ ᠨᠡᠢ᠌ᠭᠡᠮ᠎ᠤᠨ ᠪᠦᠬᠦ ᠬᠥᠮᠥᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢ ᠪᠠᠳᠠᠷᠠᠭᠤᠯᠬᠤ ᠵᠢ ᠠᠬᠢᠭᠤᠯᠬᠤ ᠵᠢᠨ ᠲᠥᠯᠥᠭᠡ᠂ ᠦᠨᠳᠦᠰᠦᠨ ᠬᠠᠤᠯᠢ ᠪᠠ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢ ᠦᠨᠳᠦᠰᠦᠯᠡᠨ ᠲᠤᠰ ᠬᠠᠤᠯᠢ ᠵᠢ ᠲᠣᠭᠲᠠᠭ᠋ᠠᠪᠠ᠃
   ᠬᠣᠶᠠᠳᠤᠭ᠋ᠠᠷ ᠵᠦᠢ᠍ᠯ ᠄ ᠤᠯᠤᠰ᠎ᠠᠴᠠ ᠠᠷᠭ᠎ᠠ ᠠᠪᠴᠤ ᠪᠠᠢ᠌ᠭ᠋ᠠᠳ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠵᠡᠮᠳᠡᠭᠴᠦᠳ᠂ ᠨᠠᠰᠤᠲᠠᠢ᠌ᠴᠤᠳ᠎ᠤᠨ ᠵᠠᠮ ᠨᠡᠪᠲᠡᠷᠡᠯᠭᠡ᠂ ᠪᠠᠷᠢᠯᠭ᠎ᠠ᠎ᠪᠠᠷ ᠣᠷᠣᠵᠤ ᠭᠠᠷᠬᠤ  ᠪᠠ ᠲᠡᠭᠦᠨ᠎ᠤ ᠳᠠᠭ᠋ᠠᠯᠲᠠ ᠲᠥᠬᠦᠭᠡᠷᠦᠮᠵᠢ ᠵᠢ ᠬᠡᠷᠡᠭᠯᠡᠬᠦ᠂ ᠤᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠪᠠᠭ᠋ᠠᠵᠢ᠎ᠳᠤ ᠰᠠᠭᠤᠬᠤ᠂ ᠮᠡᠳᠡᠭᠡ ᠵᠠᠩᠭᠢ ᠵᠢ ᠣᠯᠬᠤ᠂ ᠬᠡᠷᠡᠭᠯᠡᠬᠦ ᠪᠠ ᠰᠣᠯᠢᠯᠴᠠᠬᠤ᠂ ᠨᠡᠢ᠌ᠭᠡᠮ᠎ᠤᠨ ᠦᠢ᠍ᠯᠡᠴᠢᠯᠡᠭᠡ ᠬᠦᠷᠳᠡᠬᠦ ᠵᠡᠷᠭᠡ᠎ᠳᠤ ᠲᠦᠬᠦᠮ ᠦᠵᠡᠭᠦᠯᠦᠨ᠎ᠡ᠃
  ᠵᠡᠮᠳᠡᠭᠴᠦᠳ᠂ ᠨᠠᠰᠤᠲᠠᠢ᠌ᠴᠤᠳ᠎ᠠᠴᠠ ᠪᠤᠰᠤᠳ ᠬᠦᠮᠦᠰ ᠰᠠᠭ᠋ᠠᠳ ᠦᠬᠡᠢ ᠤᠷᠴᠢᠨ ᠲᠤᠭᠤᠷᠢᠨ᠎ᠢ ᠬᠡᠷᠡᠭᠯᠡᠬᠦ ᠴᠢᠬᠤᠯᠠᠳᠠᠢ ᠪᠤᠯ ᠮᠥᠨ ᠬᠡᠷᠡᠭᠯᠡᠵᠤ ᠪᠤᠯᠤᠨ᠎ᠠ᠃
   ᠭᠤᠷᠪᠠᠳᠤᠭ᠋ᠠᠷ ᠵᠦᠢ᠍ᠯ᠄ ᠰᠠᠭ᠋ᠠᠳ ᠦᠭᠡᠢ ᠣᠷᠴᠢᠨ  ᠲᠤᠭᠤᠷᠢᠨ᠎ᠤ ᠪᠦᠲᠦᠭᠡᠨ ᠪᠠᠢ᠌ᠭᠤᠯᠤᠯᠲᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠵᠠᠰᠠᠭ᠎ᠤᠨ ᠣᠷᠳᠣᠨ᠎ᠤ ᠭᠣᠣᠯᠯᠠᠬᠤ ᠦᠢ᠍ᠯᠡᠳᠦᠯ᠎ᠢ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠢᠳᠡᠪᠬᠢᠵᠢᠯ᠎ᠢ ᠲᠠᠢ᠍ᠢ᠍ᠴᠢᠯᠠᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠤᠯᠠᠨ ᠨᠡᠶ᠋ᠢᠲᠡ ᠵᠢᠨ ᠥᠷᠭᠡᠨ ᠵᠶ᠋ᠡᠷ ᠣᠷᠣᠯᠴᠠᠬᠤ ᠵᠢ ᠵᠢᠯᠤᠭᠣᠳᠴᠤ᠂ ᠨᠡᠢ᠌ᠭᠡᠮ ᠲᠠᠶᠠᠭ᠋ᠠᠷ ᠵᠶ᠋ᠡᠨ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠵᠢ ᠠᠬᠢᠭᠤᠯᠬᠤ ᠬᠡᠷᠡᠭᠲᠡᠢ᠃
   ᠳᠥᠷᠪᠡᠳᠦᠭᠡᠷ ᠵᠦᠢ᠍ᠯ᠄ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠨᠠᠰᠤᠵᠢᠬᠤ᠎ᠳᠤ ᠲᠣᠬᠢᠷᠠᠬᠤ ᠥᠭᠡᠷᠡᠴᠢᠯᠡᠯᠲᠡ᠎ᠯᠦᠭᠡ ᠤᠶᠠᠯᠳᠤᠭᠤᠯᠵᠤ᠂ ᠠᠶᠤᠯ ᠦᠭᠡᠢ ᠪᠥᠭᠡᠳ ᠳᠥᠭᠥᠮ ᠳᠥᠲᠡ᠂ ᠬᠡᠷᠡᠭᠯᠡᠬᠦ᢭᠎ᠲᠤ ᠲᠦᠬᠦᠮ᠂ ᠥᠷᠭᠡᠨ ᠵᠶ᠋ᠡᠷ ᠠᠰᠢᠭ ᠬᠥᠷᠳᠡᠬᠥ ᠵᠠᠷᠴᠢᠮ᠎ᠢ ᠵᠢᠷᠤᠮᠯᠠᠬᠤ ᠬᠡᠷᠡᠭᠲᠡᠢ᠃
   ᠲᠠᠪᠤᠳᠤᠭ᠋ᠠᠷ ᠵᠦᠢ᠍ᠯ᠄ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠦᠪᠰᠢᠨ᠎ᠯᠦᠭᠡ ᠵᠣᠬᠢᠴᠠᠭᠤᠯᠤᠨ᠂ ᠬᠣᠲᠠ ᠪᠠᠯᠭ᠋ᠠᠰᠤ ᠪᠣᠯᠣᠨ ᠬᠥᠳᠡᠭᠡ ᠲᠣᠰᠬᠣᠨ᠎ᠤ  ᠬᠦᠭᠵᠢᠬᠦᠯᠤᠯᠳᠡ ᠵᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠵᠢᠨ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠬᠡᠷᠡᠭᠲᠡᠢ᠃
   ᠵᠢᠷᠭᠤᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠰᠠᠭ᠋ᠠᠳ ᠦᠭᠡᠢ ᠣᠷᠴᠢᠨ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ  ᠬᠦᠭᠵᠢᠬᠦᠯᠤᠯᠳᠡ ᠵᠢᠨ ᠲᠥᠯᠦᠪᠵᠢᠭᠦᠯᠭᠡ᠎ᠳᠤ ᠣᠷᠣᠭᠤᠯᠵᠤ᠂ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠲᠥᠰᠥᠪ᠎ᠲᠤ᠎ᠪᠠᠨ ᠣᠷᠣᠭᠤᠯᠵᠤ᠂ ᠵᠠᠷᠤᠳᠠᠯ᠎ᠢ ᠪᠠᠲᠤᠯᠠᠬᠤ ᠲᠣᠭᠲᠠᠪᠤᠷᠢᠲᠠᠢ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
   ᠳᠣᠯᠣᠳᠤᠭ᠋ᠠᠷ ᠵᠦᠢ᠍ᠯ ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠣᠳᠴᠤ ᠪᠠᠢ᠌ᠭ᠋ᠠᠳ ᠰᠠᠭ᠋ᠠᠳ ᠦᠭᠡᠢ ᠣᠷᠴᠢᠨ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ᠎ᠨᠢ ᠰᠠᠢ᠌ᠲᠤᠷ ᠬᠢᠯᠭᠡᠬᠦ ᠬᠡᠷᠡᠭᠲᠡᠢ᠃
   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠤᠳᠠ ᠬᠦᠳᠡᠬᠡ ᠵᠢᠨ ᠪᠦᠲᠦᠭᠡᠨ ᠪᠠᠢ᠌ᠭᠤᠯᠤᠯᠲᠠ᠂ ᠠᠷᠠᠳ᠎ᠤᠨ ᠶᠠᠪᠤᠳᠠᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠲᠡᠭᠡᠭᠡᠪᠦᠷᠢ᠂ ᠪᠠᠢ᠌ᠭ᠋ᠠᠯᠢ ᠵᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ ᠵᠡᠷᠭᠡ ᠰᠠᠯᠠᠭ᠎ᠠ ᠮᠥᠴᠢᠷ᠎ᠤᠨ᠎ᠬᠢᠨ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ᠎ᠪᠠᠨ ᠰᠠᠭ᠋ᠠᠳ ᠦᠭᠡᠢ ᠣᠷᠴᠢᠨ  ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠥᠷᠨᠢᠭᠦᠯᠬᠦ ᠬᠡᠷᠡᠭᠲᠡᠢ᠃
   ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠳᠡᠢ᠃
   ᠨᠠᠢ᠍ᠮᠠᠳᠤᠭ᠋ᠠᠷ ᠵᠦᠢ᠍ᠯ᠄ ᠵᠡᠮᠳᠡᠭᠴᠦᠳ᠎ᠤᠨ ᠬᠤᠯᠪᠤᠭ᠎ᠠ᠂ ᠨᠠᠰᠤᠲᠠᠢ᠌ᠴᠤᠳ᠎ᠤᠨ ᠨᠡᠢ᠌ᠭᠡᠮᠯᠢᠭ ᠵᠡᠷᠭᠡ ᠵᠣᠬᠢᠶᠠᠨ ᠪᠠᠢ᠌ᠭᠤᠯᠤᠯᠳᠠ᠎ᠨᠤᠭᠤᠳ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠤᠰ ᠲᠤᠰ᠎ᠤᠨ ᠳᠦᠷᠢᠮ᠎ᠤᠨ ᠶᠣᠰᠣᠭ᠋ᠠᠷ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠲᠡᠬᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠰᠠᠭ᠋ᠠᠳ ᠦᠭᠡᠢ ᠣᠷᠴᠢᠨ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠬᠢᠯᠬᠡᠬᠦ ᠬᠡᠷᠡᠭᠲᠡᠢ᠃
   ᠶᠢᠰᠦᠳᠦᠭᠡᠷ ᠵᠦᠢ᠍ᠯ ᠄ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ᠎ᠳᠤ ᠬᠣᠯᠪᠣᠭᠳᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠂ ᠲᠥᠯᠦᠪᠵᠢᠭᠦᠯᠭᠡ ᠪᠣᠯᠣᠨ ᠪᠤᠰᠤᠳ ᠵᠢᠷᠤᠮᠵᠢᠯ᠎ᠤᠨ ᠴᠢᠨᠠᠷᠲᠠᠢ ᠪᠢᠴᠢᠭ  ᠮᠠᠲᠸᠷᠢᠶᠠᠯ᠎ᠢ ᠲᠣᠭᠲᠠᠭ᠋ᠠᠬᠤ ᠪᠤᠶᠤ ᠵᠠᠰᠠᠪᠤᠷᠢ ᠣᠷᠣᠭᠤᠯᠬᠤ᠎ᠳᠤ ᠵᠡᠮᠳᠡᠭᠴᠦᠳ᠂ ᠨᠠᠰᠤᠲᠠᠢ᠌ᠴᠤᠳ᠎ᠤᠨ ᠲᠥᠯᠥᠭᠡᠯᠡᠭᠴᠢ ᠪᠠ ᠵᠡᠮᠳᠡᠭᠴᠦᠳ᠎ᠤᠨ ᠬᠤᠯᠪᠤᠭ᠎ᠠ᠂ ᠨᠠᠰᠤᠲᠠᠢ᠌ᠴᠤᠳ᠎ᠤᠨ ᠨᠡᠢ᠌ᠭᠡᠮᠯᠢᠭ ᠵᠡᠷᠭᠡ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠰᠠᠨᠠᠯ᠎ᠢ ᠬᠤᠷᠢᠶᠠᠬᠤ ᠬᠡᠷᠡᠭᠲᠡᠢ᠃
   ᠠᠷᠪᠠᠳᠤᠭ᠋ᠠᠷ ᠵᠦᠢ᠍ᠯ᠄ ᠤᠯᠤᠰ᠎ᠠᠴᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠬᠤᠪᠢ ᠬᠥᠮᠥᠨ ᠵᠡᠷᠭᠡ ᠨᠡᠢ᠌ᠭᠡᠮ᠎ᠤᠨ ᠬᠦᠴᠦᠨ᠎ᠤ ᠬᠠᠨᠳᠢᠪᠯᠡᠨ ᠬᠦᠷᠭᠡᠬᠦ᠂ ᠰᠠᠢ᠌ᠨ ᠲᠤᠷᠠᠴᠤᠤᠯ᠎ᠤᠨ ᠦᠢ᠍ᠯᠡᠴᠢᠯᠡᠭᠡ ᠬᠠᠩᠭ᠋ᠠᠬᠤ ᠵᠡᠷᠭᠡ ᠠᠷᠭ᠎ᠠ᠎ᠪᠠᠷ ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ ᠲᠡᠮᠵᠢᠨ᠎ᠠ᠃
    ᠰᠠᠭ᠋ᠠᠳ ᠦᠭᠡᠢ ᠣᠷᠴᠢᠨ ᠲᠤᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠤᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠵᠢ ᠤᠯᠤᠰ᠎ᠠᠴᠠ ᠲᠡᠮᠵᠢᠨ᠎ᠠ᠃
   ᠠᠷᠪᠠᠨ ᠨᠢᠭᠡᠳᠦᠭᠡᠷ ᠵᠦᠢ᠍ᠯ᠄ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠳᠤᠮᠳᠠ ᠢᠯᠡᠳᠲᠡ ᠠᠮᠵᠢᠯᠲᠠ ᠭᠠᠷᠭ᠋ᠠᠭᠰᠠᠨ ᠨᠢᠬᠡᠴᠢ ᠪᠣᠯᠣᠨ ᠬᠤᠪᠢ ᠬᠥᠮᠥᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠨ᠎ᠠ᠃
        





 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》
 
            