《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》
ᠨᠤᠮᠢᠨ ᠤᠷᠴᠢᠭᠤᠯᠪᠠ
(2023 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠲᠤᠯᠤᠳᠤᠭ᠋ᠠᠷ ᠬᠤᠷᠠᠯᠳᠤᠭ᠋ᠠᠨ ᠵᠶ᠋ᠡᠷ ᠪᠠᠳᠤᠯᠠᠪᠠ)
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠳᠣᠯᠣᠳᠤᠭ᠋ᠠᠷ ᠬᠤᠷᠠᠯᠳᠤᠭ᠋ᠠᠨ᠎ᠠᠴᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠲᠠᠷᠠᠭ᠋ᠠᠬᠢ ᠮᠡᠲᠦ ᠵᠠᠰᠠᠪᠤᠷᠢ ᠤᠷᠤᠭᠤᠯᠬᠤ᠎ᠪᠠᠷ ᠰᠢᠢ᠍ᠳᠪᠡ᠃
ᠨᠢᠭᠡ᠂ ᠳᠥᠷᠪᠡᠳᠦᠭᠡᠷ ᠵᠦᠢ᠍ᠯ᠎ᠳᠤ ᠨᠢᠭᠡ ᠪᠠᠳᠠᠭ ᠨᠡᠮᠡᠭᠡᠳ ᠨᠢᠭᠡᠳᠦᠭᠡᠷ ᠪᠠᠳᠠᠭ ᠪᠣᠯᠭ᠋ᠠᠪᠠ᠄ 《ᠨᠢᠭᠦᠯᠡᠰᠦᠩᠭᠦᠢ ᠵᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠎ᠠ᠃》
ᠬᠣᠶᠠᠷ᠂ ᠵᠢᠷᠭᠤᠳᠤᠭ᠋ᠠᠷ ᠵᠦᠢ᠍ᠯ᠎ᠢ᠄ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠯᠡᠵᠦ᠂ ᠵᠣᠬᠢᠴᠠᠭᠤᠯᠵᠤ᠂ ᠱᠠᠯᠠᠪᠳᠠᠭᠤᠯᠤᠨ ᠵᠢᠯᠤᠭᠣᠳᠴᠤ ᠪᠠᠢ᠌ᠭ᠋ᠠᠳ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠨᠢᠭᠦᠯᠡᠰᠦᠩᠭᠦᠢ ᠵᠢᠨ ᠦᠢ᠍ᠯᠡᠰ᠎ᠢ ᠲᠡᠳᠬᠦᠨ ᠬᠥᠭᠵᠢᠭᠦᠯᠬᠦ ᠪᠠ ᠵᠢᠷᠤᠮᠵᠢᠭᠤᠯᠤᠨ ᠬᠠᠮᠢᠶᠠᠷᠬᠤ ᠠᠵᠢᠯ᠎ᠢ ᠰᠠᠢ᠌ᠲᠤᠷ ᠬᠢᠯᠭᠡᠬᠦ ᠬᠡᠷᠡᠭᠲᠡᠢ》 ᠭᠡᠵᠤ ᠵᠠᠰᠠᠯ᠎ᠠ᠃
《ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠪᠦᠬᠦ ᠤᠯᠤᠰ᠎ᠤᠨ ᠨᠢᠭᠦᠯᠡᠰᠦᠩᠭᠦᠢ ᠵᠢᠨ ᠠᠵᠢᠯ᠎ᠢ ᠡᠷᠬᠢᠯᠡᠨ ᠬᠠᠮᠢᠶᠠᠷᠴᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠰ ᠵᠠᠰᠠᠭ ᠵᠠᠬᠢᠷᠭ᠋ᠠᠨ᠎ᠤ ᠤᠷᠤᠨ᠎ᠤ ᠨᠢᠬᠦᠯᠡᠰᠤᠡᠭᠬᠦᠢ ᠵᠢᠨ ᠠᠵᠢᠯ᠎ᠢ ᠬᠠᠮᠢᠶᠠᠷᠤᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠬᠠᠤᠯᠢ ᠪᠠ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠵᠦ᠂ ᠨᠢᠭᠦᠯᠡᠰᠦᠩᠭᠦᠢ ᠵᠢᠨ ᠠᠵᠢᠯᠯᠠᠭ᠎ᠠ᠎ᠳᠤ ᠲᠠᠯᠪᠢᠬᠤ ᠬᠢᠨᠠᠯᠲᠠ᠂ ᠬᠠᠮᠢᠶᠠᠷᠤᠯᠲᠠ ᠪᠠ ᠦᠢ᠍ᠯᠡᠴᠢᠯᠡᠭᠡ᠎ᠪᠠᠨ ᠴᠢᠩᠭ᠋ᠠᠳᠬᠠᠨ᠎ᠠ᠃ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠲᠤᠬᠠᠢ᠌ᠯᠠᠭᠰᠠᠨ ᠠᠵᠢᠯ᠎ᠤᠨ ᠡᠷᠬᠢᠯᠡᠨ ᠬᠠᠮᠢᠶᠠᠷᠬᠤ ᠨᠢᠭᠡᠴᠢ᠎ᠲᠠᠢ ᠪᠤᠯ ᠲᠤᠬᠠᠢ᠌ᠯᠠᠭᠰᠠᠨ ᠠᠵᠢᠯ᠎ᠤᠨ ᠡᠷᠬᠢᠯᠡᠨ ᠬᠠᠮᠢᠶᠠᠷᠬᠤ ᠨᠢᠭᠡᠴᠢ᠎ᠨᠢ ᠵᠢᠭ᠋ᠠᠨ ᠵᠢᠯᠤᠭᠣᠳᠴᠤ᠂ ᠬᠢᠨᠠᠯᠲᠠ ᠲᠠᠯᠪᠢᠬᠤ ᠬᠡᠷᠡᠭᠲᠡᠢ᠃》
ᠭᠤᠷᠪᠠ᠂ ᠠᠷᠪᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠢ᠄ 《ᠨᠢᠭᠡᠨᠲᠡ ᠪᠠᠢ᠌ᠭᠤᠯᠤᠭᠰᠠᠨ ᠰᠠᠭᠤᠷᠢ ᠮᠥᠩᠭᠥᠨ᠎ᠤ ᠨᠡᠢ᠌ᠭᠡᠮᠯᠢᠭ᠂ ᠨᠡᠢ᠌ᠭᠡᠮ᠎ᠤᠨ ᠪᠦᠯᠬᠦᠮ᠂ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠡᠷᠭᠡ ᠠᠰᠢᠭ ᠬᠣᠨᠵᠢᠪᠤᠷᠢ ᠵᠢᠨ ᠪᠤᠰᠤ ᠵᠣᠬᠢᠶᠠᠨ ᠪᠠᠢ᠌ᠭᠤᠯᠤᠯᠲᠠ᠎ᠨᠢ ᠲᠠᠡᠭᠰᠠᠯᠠᠭᠤᠯᠤᠬᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠪᠠᠷ ᠲᠠᠡᠭᠰᠠᠯᠠᠭᠤᠯᠬᠤ᠎ᠪᠠᠷ ᠭᠤᠶᠤᠴᠢᠯᠠᠵᠤ ᠪᠣᠯᠣᠨ᠎ᠠ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠬᠤᠷᠢ ᠬᠤᠨᠤᠭ᠎ᠤᠨ ᠳᠣᠲᠣᠷ᠎ᠠ ᠲᠣᠭᠲᠠᠭ᠋ᠠᠯ ᠭᠠᠷᠭ᠋ᠠᠬᠤ ᠬᠡᠷᠡᠭᠲᠡᠢ᠃ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠨᠥᠬᠥᠴᠡᠯ᠎ᠳᠤ ᠨᠡᠢ᠌ᠴᠡᠪᠡᠯ ᠭᠤᠶᠤᠴᠢᠯᠠᠯ᠎ᠢ ᠵᠦᠪᠰᠢᠶᠡᠷᠡᠬᠦ ᠵᠢᠨ ᠬᠠᠮᠲᠤ ᠨᠡᠢ᠌ᠭᠡᠮ ᠨᠡᠶ᠋ᠢᠲᠡ᠎ᠳᠤ ᠵᠠᠷᠯᠠᠨ᠎ᠠ᠃ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠨᠥᠬᠥᠴᠡᠯ᠎ᠳᠤ ᠨᠡᠢ᠌ᠴᠡᠬᠦ ᠦᠭᠡᠢ ᠪᠤᠯ ᠵᠦᠪᠰᠢᠶᠡᠷᠡᠬᠦ ᠦᠭᠡᠢ ᠪᠥᠭᠡᠳ ᠵᠦᠪᠰᠢᠶᠡᠷᠡᠬᠦ ᠦᠬᠡᠢ ᠰᠢᠯᠲᠠᠭ᠋ᠠᠨ ᠵᠶ᠋ᠠᠨ ᠪᠢᠴᠢᠭ ᠵᠶ᠋ᠡᠷ ᠲᠣᠳᠣᠷᠬᠠᠢ᠌ᠯᠠᠨ᠎ᠠ》 ᠭᠡᠵᠦ ᠵᠠᠰᠠᠪᠠ᠃
ᠳᠥᠷᠪᠡ᠂ ᠠᠷᠪᠠᠨ ᠭᠤᠷᠪᠠᠳᠤᠭ᠋ᠠᠷ ᠵᠦᠢ᠍ᠯ᠎ᠢ᠄ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠯ ᠪᠦᠷᠢ ᠲᠠᠡᠭᠰᠠᠯᠠᠭᠤᠯᠤᠬᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠣᠨ᠎ᠤ ᠠᠵᠢᠯ᠎ᠤᠨ ᠮᠡᠳᠡᠭᠦᠯᠦᠯᠲᠡ ᠪᠠ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠯᠲᠠ ᠵᠢᠨ ᠮᠡᠳᠡᠭᠦᠯᠦᠯᠲᠡ᠎ᠪᠠᠨ ᠬᠦᠷᠭᠡᠬᠦ ᠬᠡᠷᠡᠭᠲᠡᠢ᠃ ᠮᠡᠳᠡᠭᠦᠯᠦᠯᠲᠡ᠎ᠳᠤ ᠣᠨ᠎ᠤ ᠬᠠᠨᠳᠢᠪ ᠴᠤᠭᠯᠠᠭᠤᠯᠤᠭᠰᠠᠨ ᠪᠠ ᠬᠠᠨᠳᠢᠪ᠎ᠢ ᠬᠦᠯᠢᠶᠡᠨ ᠠᠪᠤᠭᠰᠠᠨ᠂ ᠨᠢᠭᠦᠯᠡᠰᠦᠩᠭᠦᠢ ᠵᠢᠨ ᠡᠳ᠋ ᠬᠥᠷᠥᠩᠭᠡ ᠵᠢ ᠬᠠᠮᠢᠶᠠᠷᠴᠤ ᠬᠡᠷᠡᠭᠯᠡᠭᠰᠡᠨ᠂ ᠨᠢᠭᠦᠯᠡᠰᠦᠩᠭᠦᠢ ᠵᠢᠨ ᠵᠦᠢ᠍ᠯᠡᠰ᠎ᠢ ᠬᠡᠷᠡᠭᠵᠢᠭᠦᠯᠦᠭᠰᠡᠨ᠂ ᠬᠠᠨᠳᠢᠪ ᠴᠤᠭᠯᠠᠭᠤᠯᠤᠭᠰᠠᠨ ᠥᠪᠡᠷ᠎ᠤᠨ ᠦᠷᠳᠡᠭ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠠᠵᠢᠯᠲᠠᠨ᠎ᠤ ᠴᠠᠯᠢᠩ ᠠᠰᠠᠷᠠᠮᠵᠢ ᠪᠠ ᠬᠢᠯᠢ ᠵᠢᠨ ᠭᠠᠳᠠᠨᠠᠬᠢ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ᠎ᠲᠠᠢ ᠬᠠᠮᠲᠤᠷᠠᠯᠴᠠᠭ᠎ᠠ ᠥᠷᠨᠢᠭᠦᠯᠦᠭᠰᠡᠨ ᠵᠡᠷᠭᠡ ᠪᠠᠢ᠌ᠳᠠᠯ᠎ᠢ ᠪᠠᠭᠲᠠᠭ᠋ᠠᠬᠤ ᠬᠡᠷᠡᠭᠲᠡᠢ》 ᠭᠡᠵᠦ ᠵᠠᠰᠠᠪᠠ᠃
ᠲᠠᠪᠤ᠂ ᠬᠣᠷᠢᠨ ᠬᠣᠶᠠᠳᠤᠭ᠋ᠠᠷ ᠵᠦᠢ᠍ᠯ᠎ᠢ᠄ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠢᠯᠡ᠎ᠪᠠᠷ ᠬᠠᠨᠳᠢᠪ ᠴᠤᠭᠯᠠᠭᠤᠯᠬᠤ᠎ᠳᠤ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠣᠯᠣᠭᠰᠠᠨ ᠪᠠᠢ᠌ᠬᠤ ᠬᠡᠷᠡᠭᠲᠡᠢ᠃ ᠬᠠᠤᠯᠢ ᠶᠣᠰᠣᠭ᠋ᠠᠷ ᠳᠠᠩᠰᠠᠯᠠᠭᠤᠯᠤᠭ᠋ᠠᠳ ᠪᠦᠬᠦᠯᠢ ᠨᠢᠭᠡ ᠵᠢᠯ ᠪᠣᠯᠤᠭᠰᠠᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠨᠢ ᠲᠠᠡᠭᠰᠠᠯᠠᠭᠤᠯᠤᠬᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠭᠤᠶᠤᠴᠢᠯᠠᠵᠤ ᠪᠣᠯᠣᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠬᠤᠷᠢ ᠬᠤᠨᠤᠭ᠎ᠤᠨ ᠳᠣᠲᠣᠷ᠎ᠠ ᠲᠣᠭᠲᠠᠭ᠋ᠠᠯ ᠭᠠᠷᠭ᠋ᠠᠬᠤ ᠬᠡᠷᠡᠭᠲᠡᠢ᠃ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠨᠢ ᠳᠣᠲᠣᠭ᠋ᠠᠳᠤ ᠵᠢᠨ ᠵᠠᠰᠠᠯᠲᠠ ᠵᠢᠨ ᠪᠦᠲᠦᠴᠡ᠎ᠨᠢ ᠪᠦᠷᠢᠨ ᠲᠡᠭᠦᠯᠳᠡᠷ᠂ ᠠᠵᠢᠯᠯᠠᠭ᠋ᠠᠨ᠎ᠨᠢ ᠵᠢᠷᠤᠮᠵᠢᠭᠰᠠᠨ ᠨᠥᠬᠥᠴᠡᠯ᠎ᠳᠤ ᠨᠡᠢ᠌ᠴᠡᠪᠡᠯ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ᠎ᠤᠨ ᠦᠨᠡᠮᠯᠡᠯ ᠣᠯᠭᠣᠨ᠎ᠠ᠃ ᠨᠥᠬᠥᠴᠡᠯ᠎ᠳᠤ ᠨᠡᠢ᠌ᠴᠡᠬᠦ ᠦᠭᠡᠢ ᠪᠤᠯ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ᠎ᠤᠨ ᠦᠨᠡᠮᠯᠡᠯ ᠣᠯᠭᠣᠬᠤ ᠦᠭᠡᠢ ᠪᠥᠭᠡᠳ ᠤᠯᠭᠤᠬᠤ ᠦᠬᠡᠢ ᠰᠢᠯᠲᠠᠭ᠋ᠠᠨ ᠵᠶ᠋ᠠᠨ ᠪᠢᠴᠢᠭ ᠵᠶ᠋ᠡᠷ ᠲᠣᠳᠣᠷᠬᠠᠢ᠌ᠯᠠᠬᠤ ᠦᠭᠡᠢ》 ᠭᠡᠵᠤ ᠵᠠᠰᠠᠪᠠ᠃
《ᠪᠤᠰᠤᠳ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠢᠯᠡ᠎ᠪᠠᠷ ᠬᠠᠨᠳᠢᠪ ᠴᠤᠭᠯᠠᠭᠤᠯᠵᠤ ᠪᠣᠯᠣᠨ᠎ᠠ ᠭᠡᠵᠦ ᠲᠣᠭᠲᠠᠭ᠋ᠠᠭᠰᠠᠨ ᠠᠰᠢᠭ ᠬᠣᠨᠵᠢᠪᠤᠷᠢ ᠵᠢᠨ ᠪᠤᠰᠤ ᠵᠣᠬᠢᠶᠠᠨ ᠪᠠᠢ᠌ᠭᠤᠯᠤᠯᠲᠠ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ᠎ᠤᠨ ᠦᠨᠡᠮᠯᠡᠯ᠎ᠢ ᠰᠢᠭᠤᠳ ᠣᠯᠭᠣᠨ᠎ᠠ᠃》
ᠵᠢᠷᠭᠤᠭ᠎ᠠ᠂ ᠬᠣᠷᠢᠨ ᠵᠢᠷᠭᠤᠳᠤᠭ᠋ᠠᠷ ᠵᠦᠢ᠍ᠯ᠎ᠢ᠄ 《ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠦᠭᠡᠢ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ ᠨᠢᠭᠦᠯᠡᠰᠦᠩᠭᠦᠢ ᠵᠢᠨ ᠵᠣᠷᠢᠯᠭ᠎ᠠ᠎ᠪᠠᠷ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠲᠠᠢ ᠬᠠᠮᠲᠤᠷᠠᠨ ᠠᠵᠢᠯᠯᠠᠵᠤ ᠪᠣᠯᠣᠨ᠎ᠠ᠂ ᠬᠢᠷᠢ ᠬᠡᠮ᠎ᠲᠠᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠨᠢ ᠢᠯᠡ᠎ᠪᠠᠷ ᠬᠠᠨᠳᠢᠪ ᠴᠤᠭᠯᠠᠭᠤᠯᠤᠨ᠎ᠠ᠂ ᠬᠠᠷᠢᠨ ᠬᠠᠮᠳᠤᠷᠠᠬ᠍ᠴᠢᠨᠢ ᠶᠠᠮᠠᠷᠪᠠ ᠬᠡᠯᠪᠡᠷᠢ᠎ᠪᠠᠷ ᠥᠪᠡᠰᠦᠪᠡᠨ ᠢᠯᠡ᠎ᠪᠠᠷ ᠬᠠᠨᠳᠢᠪ ᠴᠤᠭᠯᠠᠭᠤᠯᠵᠤ ᠪᠣᠯᠬᠤ ᠦᠭᠡᠢ᠃ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠨᠢ ᠬᠠᠮᠳᠤᠷᠠᠬ᠍ᠴᠢ ᠵᠢ ᠦᠨᠡᠯᠡᠵᠤ᠂ ᠬᠠᠤᠯᠢ ᠶᠣᠰᠣᠭ᠋ᠠᠷ ᠪᠢᠴᠢᠭ᠎ᠤᠨ ᠬᠡᠯᠡᠯᠴᠡᠭᠡᠷ ᠲᠣᠭᠲᠠᠭ᠋ᠠᠵᠤ᠂ ᠬᠠᠨᠳᠢᠪ ᠴᠤᠭᠯᠠᠭᠤᠯᠬᠤ ᠲᠥᠰᠥᠯ᠎ᠳᠤ᠎ᠪᠠᠨ ᠬᠠᠮᠳᠤᠷᠠᠬ᠍ᠴᠢ ᠵᠢᠨ ᠬᠣᠯᠪᠣᠭᠳᠠᠯ ᠪᠦᠬᠦᠢ ᠮᠡᠳᠡᠭᠡ ᠵᠠᠩᠭᠢ ᠵᠢ ᠲᠣᠳᠣᠷᠬᠠᠢ ᠲᠡᠮᠳᠡᠭᠯᠡᠬᠦ ᠵᠢᠨ ᠬᠠᠮᠲᠤ ᠬᠣᠯᠪᠣᠭᠳᠠᠯ ᠪᠦᠬᠦᠢ ᠦᠢ᠍ᠯᠡ ᠠᠵᠢᠯᠯᠠᠭ᠎ᠠ ᠵᠢ᠎ᠨᠢ ᠵᠢᠯᠤᠭᠣᠳᠬᠤ ᠪᠠ ᠬᠢᠨᠠᠯᠲᠠ ᠲᠠᠯᠪᠢᠬᠤ ᠬᠡᠷᠡᠭᠲᠡᠢ》 ᠭᠡᠵᠤ ᠵᠠᠰᠠᠪᠠ᠃
《ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠬᠤᠷᠰᠢᠨ ᠴᠤᠭᠯᠠᠭᠤᠯᠵᠤ ᠣᠯᠣᠭᠰᠠᠨ ᠵᠣᠭᠣᠰ ᠮᠥᠩᠭᠥ ᠡᠳ᠋ ᠪᠣᠳᠠᠰ᠎ᠢ ᠬᠠᠮᠢᠶᠠᠷᠬᠤ ᠪᠠ ᠨᠢᠭᠲᠠᠯᠠᠨ ᠪᠤᠳᠤᠬᠤ ᠲᠣᠭ᠋ᠠᠴᠠᠭ᠎ᠠ ᠬᠢᠬᠦ ᠠᠵᠢᠯ᠎ᠢ ᠬᠠᠷᠢᠭᠤᠴᠠᠵᠤ᠂ ᠪᠦᠬᠦ ᠣᠷᠣᠯᠭ᠎ᠠ ᠵᠠᠷᠤᠯᠭ᠎ᠠ ᠵᠢ ᠲᠠᠨᠭ᠌ᠰᠠᠨᠳᠤᠪᠠᠨ ᠣᠷᠣᠭᠤᠯᠤᠨ᠎ᠠ᠃》
ᠲᠤᠯᠤᠭ᠎ᠠ᠂ ᠬᠣᠷᠢᠨ ᠭᠤᠷᠪᠠᠳᠤᠭ᠋ᠠᠷ ᠵᠦᠢ᠍ᠯ᠎ᠤᠨ ᠭᠤᠷᠪᠠᠳᠤᠭ᠋ᠠᠷ ᠪᠠᠳᠠᠭ᠎ᠢ ᠬᠣᠷᠢᠨ ᠳᠣᠯᠣᠳᠤᠭ᠋ᠠᠷ ᠵᠦᠢ᠍ᠯ ᠪᠣᠯᠭ᠋ᠠᠭ᠋ᠠᠳ᠄ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ ᠢᠯᠡ᠎ᠪᠠᠷ ᠬᠠᠨᠳᠢᠪ ᠴᠤᠬᠯᠠᠭᠤᠯᠪᠠᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠤ ᠲᠣᠭᠲᠠᠭ᠋ᠠᠭᠰᠠᠨ ᠢᠨᠲ᠋ᠧᠷ ᠰᠦᠯᠵᠢᠶᠡᠨ᠎ᠤ ᠢᠯᠡ᠎ᠪᠠᠷ ᠬᠠᠨᠳᠢᠪ ᠴᠤᠭᠯᠠᠭᠤᠯᠬᠤ ᠦᠢ᠍ᠯᠡᠴᠢᠯᠡᠭᠡᠨ᠎ᠤ ᠲᠠᠪᠴᠠᠩ᠎ᠳᠤ ᠶᠠᠪᠤᠭᠳᠠᠭᠤᠯᠬᠤ ᠬᠡᠷᠡᠭᠲᠡᠢ ᠪᠥᠭᠡᠳ ᠦᠪᠡᠷ᠎ᠤᠨ ᠰᠦᠯᠵᠢᠶᠡᠨ᠎ᠤ ᠦᠷᠳᠡᠭᠡ᠎ᠳᠤ ᠵᠡᠷᠬᠡ᠎ᠪᠠᠷ ᠶᠠᠪᠤᠬᠳᠠᠭᠤᠯᠵᠤ ᠪᠤᠯᠤᠨ᠎ᠠ》 ᠭᠡᠵᠤ ᠵᠠᠰᠠᠪᠠ᠃
《ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠤ ᠲᠣᠭᠲᠠᠭ᠋ᠠᠭᠰᠠᠨ ᠢᠨᠲ᠋ᠧᠷ ᠰᠦᠯᠵᠢᠶᠡᠨ᠎ᠤ ᠢᠯᠡ᠎ᠪᠠᠷ ᠬᠠᠨᠳᠢᠪ ᠴᠤᠭᠯᠠᠭᠤᠯᠬᠤ ᠦᠢ᠍ᠯᠡᠴᠢᠯᠡᠭᠡᠨ᠎ᠤ ᠲᠠᠪᠴᠠᠩ᠎ᠨᠢ ᠢᠯᠡ᠎ᠪᠠᠷ ᠬᠠᠨᠳᠢᠪ ᠴᠤᠭᠯᠠᠭᠤᠯᠬᠤ ᠮᠡᠳᠡᠭᠡ ᠵᠠᠩᠭᠢ ᠵᠢ ᠢᠯᠡᠵᠢᠬᠦᠯᠬᠦ᠂ ᠬᠠᠨᠳᠢᠪᠯᠠᠬᠰᠠᠨ ᠵᠣᠭᠣᠰ ᠮᠦᠡᠭᠭᠦ᠂ ᠬᠠᠨᠳᠢᠪᠯᠠᠬᠰᠠᠨ ᠡᠳ᠋ ᠬᠥᠷᠥᠩᠭᠡ ᠵᠢ ᠬᠡᠷᠡᠭᠯᠡᠭᠰᠡᠨ ᠪᠠᠢ᠌ᠳᠠᠯ᠎ᠢ ᠯᠠᠪᠯᠠᠬᠤ ᠵᠡᠷᠭᠡ ᠦᠢ᠍ᠯᠡᠴᠢᠯᠡᠭᠡ ᠬᠠᠩᠭ᠋ᠠᠨ᠎ᠠ᠃ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠦᠢ᠍ᠯᠡᠴᠢᠯᠡᠭᠡ ᠬᠠᠩᠭ᠋ᠠᠬᠤ ᠵᠢ ᠲᠡᠪᠴᠢᠵᠦ ᠪᠣᠯᠬᠤ ᠦᠭᠡᠢ᠂ ᠲᠡᠳᠡᠨ᠎ᠠᠴᠠ ᠰᠦᠢ᠍ᠳᠬᠡᠯ ᠬᠤᠷᠢᠶᠠᠵᠤ ᠪᠣᠯᠬᠤ ᠦᠭᠡᠢ᠂ ᠢᠯᠡ᠎ᠪᠠᠷ ᠬᠠᠨᠳᠢᠪ ᠴᠤᠭᠯᠠᠭᠤᠯᠤᠭᠰᠠᠨ ᠮᠡᠳᠡᠭᠡ ᠵᠠᠩᠭᠢ ᠵᠢᠨ ᠬᠠᠭᠤᠳᠠᠰᠤᠨ᠎ᠳᠤ ᠬᠤᠳᠠᠯᠳᠤᠭ᠋ᠠᠨ᠎ᠤ ᠵᠠᠷ ᠪᠠ ᠬᠤᠳᠠᠯᠳᠤᠭ᠋ᠠᠨ᠎ᠤ ᠠᠵᠢᠯᠯᠠᠭ᠎ᠠ ᠵᠢᠨ ᠬᠤᠯᠪᠤᠭ᠋ᠠᠰᠤ ᠵᠢ ᠬᠠᠪᠴᠢᠭᠤᠯᠵᠤ ᠪᠣᠯᠬᠤ ᠦᠭᠡᠢ᠃》
ᠨᠠᠢ᠍ᠮᠠ᠂ ᠨᠢᠭᠡ ᠵᠦᠢ᠍ᠯ ᠨᠡᠮᠡᠭᠡᠳ ᠳᠥᠴᠢᠨ ᠵᠢᠷᠭᠤᠳᠤᠭ᠋ᠠᠷ ᠵᠦᠢ᠍ᠯ ᠪᠣᠯᠭ᠋ᠠᠪᠠ᠄ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠢ᠌ᠳᠠᠭᠴᠢ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠥᠨ ᠵᠶ᠋ᠡᠨ ᠠᠰᠢᠭ ᠬᠦᠷᠳᠡᠭᠴᠢ᠎ᠪᠠᠷ ᠲᠣᠭᠲᠠᠭ᠋ᠠᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠲᠣᠭᠲᠠᠭ᠋ᠠᠵᠤ ᠪᠣᠯᠬᠤ ᠦᠭᠡᠢ᠃》
《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ᠎ᠨᠢ ᠠᠰᠢᠭ ᠬᠦᠷᠳᠡᠭᠴᠢ ᠵᠢ᠎ᠪᠠᠨ ᠲᠣᠭᠲᠠᠭ᠋ᠠᠬᠤ᠎ᠳᠤ᠎ᠪᠠᠨ ᠢᠯᠡ ᠲᠣᠳᠣ᠂ ᠡᠷᠬᠡ ᠲᠡᠭᠰᠢ᠂ ᠲᠥᠪ ᠭᠣᠣᠯᠴᠢ ᠵᠠᠷᠴᠢᠮ᠎ᠢ ᠪᠠᠷᠢᠮᠲᠠᠯᠠᠬᠤ ᠬᠡᠷᠡᠭᠲᠡᠢ᠂ ᠨᠠᠶ᠋ᠢᠳᠠᠯᠭ᠎ᠠ ᠬᠦᠯᠢᠶᠡᠭᠴᠢ ᠪᠠ ᠠᠵᠢᠯᠲᠠᠨ᠎ᠲᠠᠢ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠥᠨ᠎ᠢ ᠠᠰᠢᠭ ᠬᠦᠷᠳᠡᠭᠴᠢ᠎ᠪᠠᠷ ᠲᠣᠭᠲᠠᠭ᠋ᠠᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠲᠣᠭᠲᠠᠭ᠋ᠠᠵᠤ ᠪᠣᠯᠬᠤ ᠦᠭᠡᠢ᠃》
ᠶᠢᠰᠦ᠂ ᠵᠢᠷᠠᠳᠤᠭ᠋ᠠᠷ ᠵᠦᠢ᠍ᠯ᠎ᠢ ᠵᠢᠷᠠᠨ ᠨᠢᠭᠡᠳᠦᠭᠡᠷ ᠵᠦᠢ᠍ᠯ ᠪᠣᠯᠭ᠋ᠠᠭ᠋ᠠᠳ᠄ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ᠎ᠬᠢᠨ ᠨᠢᠭᠦᠯᠡᠰᠦᠩᠭᠦᠢ ᠵᠢᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠬᠠᠮᠢᠶᠠᠷᠤᠯᠲᠠ ᠵᠢᠨ ᠵᠠᠷᠤᠳᠠᠯ᠂ ᠬᠠᠨᠳᠢᠪ ᠴᠤᠭᠯᠠᠭᠤᠯᠬᠤ ᠥᠪᠡᠷ᠎ᠤᠨ ᠦᠷᠳᠡᠭ ᠵᠡᠷᠭᠡ ᠬᠠᠮᠤᠭ᠎ᠤᠨ ᠴᠢᠬᠤᠯᠠ ᠪᠦᠬᠦᠢ ᠵᠠᠷᠴᠢᠮ᠎ᠢ ᠵᠢᠷᠤᠮᠯᠠᠨ᠂ ᠠᠯᠢ ᠴᠢᠳᠠᠬᠤ᠎ᠪᠠᠷ ᠠᠷᠪᠢᠯᠠᠨ ᠭᠠᠮᠨᠠᠵᠤ᠂ ᠴᠢᠬᠤᠯᠠ ᠪᠤᠰᠤ ᠵᠠᠷᠤᠯᠭ᠎ᠠ ᠵᠢ ᠪᠠᠭ᠋ᠠᠰᠬᠠᠨ᠂ ᠨᠢᠭᠦᠯᠡᠰᠦᠩᠭᠦᠢ ᠵᠢᠨ ᠡᠳ᠋ ᠬᠥᠷᠥᠩᠭᠡ ᠵᠢ ᠭᠦᠢ᠍ᠴᠡᠳ ᠪᠥᠭᠡᠳ ᠪᠦᠲᠦᠮᠵᠢᠲᠡᠶ᠎ᠪᠠᠷ ᠬᠡᠷᠡᠭᠯᠡᠬᠦ ᠬᠡᠷᠡᠭᠲᠡᠢ᠃ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ᠎ᠤ ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ ᠣᠨ᠎ᠤ ᠵᠠᠷᠤᠯᠭ᠎ᠠ᠎ᠨᠢ ᠲᠦᠷᠦᠭᠦᠦ ᠨᠢᠭᠡ ᠵᠢᠯ᠎ᠤᠨ ᠪᠦᠬᠦ ᠣᠷᠣᠯᠭ᠎ᠠ ᠵᠢᠨ ᠵᠠᠭᠤᠨ᠎ᠤ ᠳᠠᠯ᠎ᠠ ᠪᠤᠶᠤ ᠲᠦᠷᠦᠭᠦᠦ ᠭᠤᠷᠪᠠᠨ ᠵᠢᠯ᠎ᠤᠨ ᠣᠷᠣᠯᠭ᠎ᠠ ᠵᠢᠨ ᠳᠤᠮᠳᠠᠴᠢ ᠲᠣᠭ᠋ᠠᠨ᠎ᠤ ᠵᠠᠭᠤᠨ᠎ᠤ ᠳᠠᠯ᠎ᠠ᠎ᠠᠴᠠ ᠪᠠᠭ᠎ᠠ ᠪᠠᠢ᠌ᠵᠤ ᠪᠣᠯᠬᠤ ᠦᠭᠡᠢ᠃ ᠣᠨ᠎ᠤ ᠬᠠᠮᠢᠶᠠᠷᠤᠯᠲᠠ ᠵᠢᠨ ᠵᠠᠷᠤᠳᠠᠯ᠎ᠢ ᠲᠤᠰ ᠵᠢᠯ᠎ᠤᠨ ᠪᠦᠬᠦ ᠵᠠᠷᠤᠯᠭ᠎ᠠ ᠵᠢᠨ ᠵᠠᠭᠤᠨ᠎ᠤ ᠠᠷᠪᠠ᠎ᠠᠴᠠ ᠬᠡᠲᠦᠷᠡᠭᠦᠯᠵᠦ ᠪᠣᠯᠬᠤ ᠦᠬᠡᠢ᠂ ᠣᠨᠴᠠᠭ᠋ᠠᠶ ᠪᠠᠢ᠌ᠳᠠᠯ᠎ᠳᠤ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠨᠢ ᠡᠮᠦᠨ᠎ᠡ ᠳᠤᠷᠠᠳᠤᠭᠰᠠᠨ ᠲᠣᠭᠲᠠᠭ᠋ᠠᠯ᠎ᠳᠤ ᠨᠡᠢ᠌ᠴᠡᠬᠦ᠎ᠳᠤ ᠪᠡᠷᠬᠡᠲᠡᠢ ᠪᠤᠯ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ᠎ᠪᠠᠨ ᠮᠡᠳᠡᠭᠦᠯᠬᠦ ᠵᠢᠨ ᠬᠠᠮᠲᠤ ᠪᠠᠢ᠌ᠳᠠᠯ ᠵᠶ᠋ᠠᠨ ᠨᠡᠢ᠌ᠭᠡᠮ ᠨᠡᠢ᠌ᠳᠡ᠎ᠳᠤ ᠢᠯᠡ᠎ᠪᠠᠷ ᠲᠣᠳᠣᠷᠬᠠᠢ᠌ᠯᠠᠬᠤ ᠬᠡᠷᠡᠭᠲᠡᠢ》 ᠭᠡᠵᠤ ᠵᠠᠰᠠᠯ᠎ᠠ᠃
《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ ᠣᠨ᠎ᠤ ᠵᠠᠷᠤᠯᠭ᠎ᠠ᠂ ᠬᠠᠮᠢᠶᠠᠷᠤᠯᠲᠠ ᠵᠢᠨ ᠵᠠᠷᠤᠳᠠᠯ ᠪᠠ ᠬᠠᠨᠳᠢᠪ ᠴᠤᠭᠯᠠᠭᠤᠯᠬᠤ ᠥᠪᠡᠷ᠎ᠤᠨ ᠦᠷᠳᠡᠭ᠎ᠤᠨ ᠪᠠᠷᠢᠮᠵᠢᠶ᠎ᠠ ᠵᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠲᠣᠭᠲᠠᠭ᠋ᠠᠨ᠎ᠠ᠃》
《ᠬᠠᠨᠳᠢᠪᠯᠠᠬᠤ ᠬᠡᠯᠡᠯᠴᠡᠭᠡᠷ᠎ᠲᠤ ᠭᠠᠬ᠍ᠴᠨ ᠲᠦᠷᠤᠯ᠎ᠤᠨ ᠡᠳ᠋ ᠬᠥᠷᠥᠩᠭᠡ ᠵᠢ ᠬᠠᠨᠳᠢᠪᠯᠠᠬᠤ ᠨᠢᠬᠦᠯᠡᠰᠤᠡᠭᠭᠦᠢ ᠵᠢᠨ ᠠᠵᠢᠯᠯᠠᠭ᠎ᠠ ᠵᠢᠨ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠪᠤᠯᠵᠤᠬᠰᠠᠨ ᠪᠤᠯ ᠪᠤᠯᠵᠤᠭ᠎ᠠ ᠶᠣᠰᠣᠭ᠋ᠠᠷ ᠭᠦᠢ᠍ᠴᠡᠳᠬᠡᠨ᠎ᠡ᠃》
《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠪᠠᠷᠢᠮᠵᠢᠶ᠎ᠠ ᠵᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ ᠪᠠ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠲᠣᠭᠲᠠᠭ᠋ᠠᠨ᠎ᠠ᠃》
ᠠᠷᠪᠠ᠂ ᠳᠣᠯᠣᠳᠤᠭ᠋ᠠᠷ ᠪᠦᠯᠦᠭ᠎ᠤᠨ ᠠᠷᠤ᠎ᠳᠤ 《ᠪᠠᠴᠢᠮ᠎ᠢ ᠠᠷᠭ᠋ᠠᠴᠠᠭ᠋ᠠᠬᠤ ᠨᠢᠭᠦᠯᠡᠰᠦᠩᠭᠦᠢ》 ᠬᠡᠮᠡᠬᠦ ᠪᠦᠯᠦᠭ ᠨᠡᠮᠡᠬᠡᠳ ᠨᠠᠢ᠍ᠮᠠᠳᠤᠭ᠋ᠠᠷ ᠪᠦᠯᠦᠭ ᠪᠣᠯᠭ᠋ᠠᠪᠠ᠃ ᠭᠤᠴᠢᠳᠤᠭ᠋ᠠᠷ ᠵᠦᠢ᠍ᠯ᠎ᠳᠤ ᠵᠠᠰᠠᠪᠤᠷᠢ ᠣᠷᠣᠭᠤᠯᠤᠭ᠋ᠠᠳ ᠳᠠᠯᠠᠳᠤᠭ᠋ᠠᠷ ᠵᠦᠢ᠍ᠯ ᠪᠣᠯᠭ᠋ᠠᠪᠠ᠃ ᠲᠦᠷᠪᠡᠨ ᠵᠦᠢ᠍ᠯ ᠨᠡᠮᠡᠭᠡᠳ ᠲᠡᠯᠡᠠ ᠨᠢᠬᠡ᠎ᠠᠴᠠ ᠲᠡᠯᠡᠠ ᠳᠥᠷᠪᠡᠳᠦᠭᠡᠷ ᠵᠦᠢ᠍ᠯ ᠪᠣᠯᠭ᠋ᠠᠪᠠ᠃ ᠠᠭᠤᠯᠭ᠎ᠠ᠎ᠨᠢ ᠲᠠᠷᠠᠭ᠋ᠠᠬᠢ ᠮᠡᠲᠦ᠄
ᠨᠠᠢ᠍ᠮᠠᠳᠤᠭ᠋ᠠᠷ ᠪᠦᠯᠦᠭ᠂ ᠪᠠᠴᠢᠮ᠎ᠢ ᠠᠷᠭ᠋ᠠᠴᠠᠭ᠋ᠠᠬᠤ ᠨᠢᠭᠦᠯᠡᠰᠦᠩᠭᠦᠢ
ᠳᠠᠯᠠᠳᠤᠭ᠋ᠠᠷ ᠵᠦᠢ᠍ᠯ᠄ ᠬᠦᠨᠳᠦ ᠶᠡᠬᠡ ᠭᠡᠨᠡᠳᠲᠡ ᠵᠢᠨ ᠬᠡᠷᠡᠭ ᠡᠭᠦᠰᠦᠭᠡᠳ ᠦᠳᠲᠡᠷ ᠠᠪᠤᠷᠠᠨ ᠲᠤᠰᠠᠯᠠᠬᠤ ᠴᠢᠬᠤᠯᠠᠲᠠᠢ ᠦᠶ᠎ᠡ᠎ᠳᠤ ᠨᠢᠭᠡᠳᠦᠯᠲᠡᠢ ᠤᠳᠤᠷᠢᠳᠬᠤ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠵᠦ ᠪᠠᠢ᠌ᠭ᠎ᠠ ᠪᠤᠶᠤ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠢ᠌ᠭᠤᠯᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ᠎ᠤ᠎ᠬᠢᠨ ᠵᠣᠬᠢᠴᠠᠭᠤᠯᠬᠤ ᠲᠣᠭᠲᠠᠴᠠ ᠵᠢ ᠬᠠᠤᠯᠢ ᠶᠣᠰᠣᠭ᠋ᠠᠷ ᠪᠠᠢ᠌ᠭᠤᠯᠵᠤ᠂ ᠲᠤᠰᠬᠠᠢ ᠪᠠᠢ᠌ᠭᠤᠯᠤᠮᠵᠢ᠂ ᠠᠵᠢᠯᠲᠠᠨ᠎ᠢ ᠲᠣᠳᠣᠷᠬᠠᠢ᠌ᠯᠠᠵᠤ᠂ ᠬᠡᠷᠡᠭᠴᠡᠭᠡᠨ᠎ᠤ ᠮᠡᠳᠡᠭᠡ ᠵᠠᠩᠭᠢ ᠵᠢ ᠬᠠᠡᠭᠭ᠋ᠠᠨ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠰᠠᠢ᠌ᠨ ᠲᠤᠷᠠᠴᠤᠤᠯ ᠵᠡᠷᠭᠡ ᠨᠡᠢ᠌ᠭᠡᠮ᠎ᠤᠨ ᠬᠦᠴᠦᠨ᠎ᠢ ᠴᠠᠭ ᠲᠤᠬᠠᠢ ᠳᠤᠨᠢ ᠡᠮᠬᠢ ᠵᠢᠷᠤᠮ᠎ᠲᠠᠢ ᠵᠢᠯᠤᠭᠣᠳᠴᠤ ᠪᠠᠢ᠌ᠭ᠋ᠠᠳ ᠬᠠᠨᠳᠢᠪ ᠴᠤᠭᠯᠠᠭᠤᠯᠬᠤ ᠪᠠ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ ᠬᠡᠷᠡᠭᠲᠡᠢ᠃
ᠲᠠᠯᠠᠨ ᠨᠢᠭᠡᠳᠦᠭᠡᠷ ᠵᠦᠢ᠍ᠯ᠄ ᠤᠯᠤᠰ᠎ᠠᠴᠠ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠠᠵᠢᠯ ᠲᠦᠷᠦᠯ᠎ᠤᠨ ᠵᠣᠬᠢᠶᠠᠨ ᠪᠠᠢ᠌ᠭᠤᠯᠤᠯᠲᠠ ᠵᠢᠨ ᠪᠠᠴᠢᠮ᠎ᠢ ᠠᠷᠭ᠋ᠠᠴᠠᠭ᠋ᠠᠬᠤ ᠲᠣᠭᠲᠠᠴᠠ ᠵᠢ ᠪᠠᠢ᠌ᠭᠤᠯᠵᠤ᠂ ᠮᠡᠳᠡᠭᠡ ᠵᠠᠩᠭᠢ ᠵᠢ ᠬᠤᠪᠢᠶᠠᠯᠴᠠᠬᠤ᠂ ᠵᠥᠪᠳᠡᠯᠴᠡᠨ ᠬᠠᠮᠲᠤᠷᠠᠯᠴᠠᠬᠤ ᠠᠵᠢᠯ᠎ᠢ ᠴᠢᠩᠭ᠋ᠠᠳᠬᠠᠵᠤ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ ᠪᠠ ᠨᠢᠭᠦᠯᠡᠰᠦᠩᠭᠦᠢ ᠵᠢᠨ ᠡᠬᠢ ᠪᠠᠶᠠᠯᠢᠭ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ᠃
ᠬᠦᠨᠳᠦ ᠶᠡᠬᠡ ᠭᠡᠨᠡᠳᠲᠡ ᠵᠢᠨ ᠬᠡᠷᠡᠭ ᠡᠭᠦᠰᠦᠭᠰᠡᠨ ᠦᠶ᠎ᠡ᠎ᠳᠤ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠪᠠ ᠰᠠᠢ᠌ᠨ ᠲᠤᠷᠠᠴᠤᠤᠯ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ᠎ᠤ ᠵᠣᠬᠢᠴᠠᠭᠤᠯᠭ᠎ᠠ ᠵᠢᠯᠣᠭᠣᠳᠤᠯᠭ᠎ᠠ᠎ᠪᠠᠷ ᠨᠢᠭᠦᠯᠡᠰᠦᠩᠭᠦᠢ ᠵᠢᠨ ᠠᠵᠢᠯᠯᠠᠭ᠎ᠠ ᠵᠢ ᠬᠠᠤᠯᠢ ᠶᠣᠰᠣᠭ᠋ᠠᠷ ᠥᠷᠨᠢᠭᠦᠯᠬᠦ ᠪᠤᠶᠤ ᠣᠷᠣᠯᠴᠠᠬᠤ ᠵᠢ ᠵᠣᠷᠢᠭᠵᠢᠭᠤᠯᠤᠨ᠎ᠠ᠃
ᠲᠠᠯᠠᠨ ᠬᠣᠶᠠᠳᠤᠭ᠋ᠠᠷ ᠵᠦᠢ᠍ᠯ᠄ ᠬᠦᠨᠳᠦ ᠶᠡᠬᠡ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠵᠢᠨ ᠲᠥᠯᠥᠭᠡ ᠢᠯᠡ᠎ᠪᠠᠷ ᠬᠠᠨᠳᠢᠪ ᠴᠤᠭᠯᠠᠭᠤᠯᠬᠤ᠎ᠳᠤ ᠴᠤᠭᠯᠠᠭᠤᠯᠵᠤ ᠣᠯᠣᠭᠰᠠᠨ ᠵᠣᠭᠣᠰ ᠮᠥᠩᠭᠥ ᠡᠳ᠋ ᠪᠣᠳᠠᠰ᠎ᠢ ᠴᠠᠭ ᠲᠤᠬᠠᠢᠳᠤᠨᠢ ᠬᠤᠪᠢᠶᠠᠷᠢᠯᠠᠬᠤ ᠪᠤᠶᠤ ᠬᠡᠷᠡᠭᠯᠡᠵᠦ᠂ ᠪᠠᠴᠢᠮ᠎ᠢ ᠠᠷᠭ᠋ᠠᠴᠠᠭ᠋ᠠᠬᠤ ᠪᠠ ᠠᠪᠤᠷᠠᠨ ᠲᠤᠰᠠᠯᠠᠬᠤ ᠱᠠᠲᠤᠨ᠎ᠳᠤ ᠴᠤᠭᠯᠠᠭᠤᠯᠵᠤ ᠣᠯᠣᠭᠰᠠᠨ ᠵᠣᠭᠣᠰ ᠮᠥᠩᠭᠥ ᠡᠳ᠋ ᠪᠣᠳᠠᠰ᠎ᠢ ᠬᠦᠯᠢᠶᠡᠨ ᠠᠪᠤᠭᠰᠠᠨ ᠪᠠᠢ᠌ᠳᠠᠯ ᠵᠶ᠋ᠠᠨ ᠠᠳᠠᠭ᠎ᠲᠤ᠎ᠪᠠᠨ ᠲᠠᠪᠤ ᠬᠤᠨᠤᠭ ᠲᠤᠳᠤᠮ ᠢᠯᠡᠵᠢᠬᠦᠯᠵᠤ᠂ ᠬᠤᠪᠢᠶᠠᠷᠢᠯᠠᠭᠰᠠᠨ᠂ ᠬᠡᠷᠡᠭᠯᠡᠭᠰᠡᠨ ᠪᠠᠢ᠌ᠳᠠᠯ ᠵᠶ᠋ᠠᠨ ᠴᠦ᠍ ᠴᠠᠭ ᠲᠤᠬᠠᠢᠳᠤᠨᠢ ᠢᠯᠡᠵᠢᠬᠦᠯᠬᠦ ᠬᠡᠷᠡᠭᠲᠡᠢ᠃
ᠲᠠᠯᠠᠨ ᠭᠤᠷᠪᠠᠳᠤᠭ᠋ᠠᠷ ᠵᠦᠢ᠍ᠯ᠄ ᠬᠦᠨᠳᠦ ᠶᠡᠬᠡ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠵᠢᠨ ᠲᠥᠯᠥᠭᠡ ᠢᠯᠡ᠎ᠪᠠᠷ ᠬᠠᠨᠳᠢᠪ ᠴᠤᠭᠯᠠᠭᠤᠯᠬᠤ᠎ᠳᠤ ᠬᠠᠨᠳᠢᠪ ᠴᠤᠭᠯᠠᠭᠤᠯᠬᠤ ᠠᠵᠢᠯᠯᠠᠭ᠎ᠠ᠎ᠠᠴᠠ ᠡᠮᠦᠨ᠎ᠡ ᠬᠠᠨᠳᠢᠪ ᠴᠤᠭᠯᠠᠭᠤᠯᠬᠤ ᠲᠥᠰᠥᠯ ᠵᠶ᠋ᠡᠨ ᠳᠠᠩᠰᠠᠯᠠᠭᠤᠯᠬᠤ ᠵᠢᠨ ᠠᠷᠭ᠎ᠠ ᠦᠭᠡᠢ ᠪᠤᠯ ᠠᠵᠢᠯᠯᠠᠭ᠎ᠠ ᠡᠬᠢᠯᠡᠭᠰᠡᠨ᠎ᠤ ᠠᠷᠪᠠᠨ ᠬᠤᠨᠤᠭ᠎ᠲᠤ ᠳᠠᠩᠰᠠᠯᠠᠭᠤᠯᠬᠤ ᠭᠠᠷ ᠭᠦᠢ᠍ᠴᠡᠳᠬᠡᠯ᠎ᠢ ᠨᠦᠬᠦᠪᠤᠷᠢᠯᠡᠬᠦ ᠬᠡᠷᠡᠭᠲᠡᠢ᠃
ᠲᠠᠯᠠᠨ ᠳᠥᠷᠪᠡᠳᠦᠭᠡᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠨᠢ ᠬᠠᠨᠳᠢᠪᠯᠠᠬᠰᠠᠨ ᠵᠣᠭᠣᠰ ᠮᠥᠩᠭᠥ ᠡᠳ᠋ ᠪᠣᠳᠠᠰ᠎ᠢ ᠬᠤᠪᠢᠶᠠᠷᠢᠯᠠᠨ ᠬᠦᠷᠭᠡᠬᠦ᠎ᠳᠤ ᠲᠦᠬᠦᠮ ᠨᠥᠬᠥᠴᠡᠯ ᠬᠠᠩᠭ᠋ᠠᠬᠤ ᠬᠡᠷᠡᠭᠲᠡᠢ᠂ ᠰᠤᠮᠤ ᠰᠢᠶᠠᠩ᠎ᠤᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠣᠨ ᠭᠠᠴᠠᠭ᠋ᠠᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠨᠢ ᠬᠠᠨᠳᠢᠪᠯᠠᠬᠰᠠᠨ ᠵᠣᠭᠣᠰ ᠮᠥᠩᠭᠥ ᠡᠳ᠋ ᠪᠣᠳᠠᠰ᠎ᠢ ᠬᠤᠪᠢᠶᠠᠷᠢᠯᠠᠨ ᠬᠦᠷᠭᠡᠬᠦ᠂ ᠮᠡᠳᠡᠭᠡ ᠵᠠᠩᠭᠢ ᠵᠢ ᠪᠦᠷᠢᠳᠬᠡᠬᠦ ᠵᠡᠷᠭᠡ᠎ᠳᠤ ᠴᠢᠳᠠᠯ᠎ᠤᠨ ᠬᠢᠷᠢ᠎ᠪᠠᠷ ᠵᠶ᠋ᠡᠨ ᠬᠠᠪᠰᠤᠷᠤᠯᠭ᠎ᠠ ᠦᠵᠡᠭᠦᠯᠬᠦ ᠬᠡᠷᠡᠭᠲᠡᠢ᠃
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ