ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠭᠤᠷᠪᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠰᠢᠢ᠍ᠳᠪᠤᠷᠢ
ᠨᠡᠶᠢᠲᠡᠯᠡᠭᠰᠡᠨ ᠴᠠᠭ᠄ 2024-01-31

                          ᠨᠤᠮᠢᠨ ᠤᠷᠴᠢᠭᠤᠯᠪᠠ

    ᠬᠣᠷᠢᠨ ᠲᠠᠪᠤ᠂ ᠵᠠᠭᠤ ᠨᠢᠭᠡᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠢ ᠵᠠᠭᠤ ᠠᠷᠪᠠᠨ ᠨᠢᠭᠡᠳᠦᠭᠡᠷ ᠵᠦᠢ᠍ᠯ ᠪᠣᠯᠭ᠋ᠠᠭ᠋ᠠᠳ᠄ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠬᠦ᠎ᠳᠤ  ᠲᠠᠷᠠᠭ᠋ᠠᠬᠢ ᠪᠠᠢ᠌ᠳᠠᠯ᠎ᠤᠨ ᠠᠯᠢ ᠨᠢᠭᠡ᠎ᠨᠢ ᠤᠷᠤᠰᠢᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠳᠣᠩᠭᠣᠳᠴᠤ᠂ ᠬᠠᠨᠳᠢᠪ ᠴᠤᠭᠯᠠᠭᠤᠯᠬᠤ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠨ᠎ᠠ᠃ ᠬᠠᠤᠯᠢ ᠵᠢ ᠵᠥᠷᠢᠴᠡᠵᠦ ᠴᠤᠭᠯᠠᠭᠤᠯᠤᠭᠰᠠᠨ ᠡᠳ᠋ ᠬᠥᠷᠥᠩᠭᠡ ᠵᠢ ᠵᠠᠷᠯᠢᠭᠳᠠᠨ ᠪᠤᠴᠠᠭ᠋ᠠᠯᠭ᠋ᠠᠵᠤ᠂ ᠪᠤᠴᠠᠭ᠋ᠠᠬᠤ ᠵᠢᠨ ᠠᠷᠭ᠎ᠠ ᠦᠭᠡᠢ  ᠪᠤᠯ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠬᠣᠷᠢᠶᠠᠨ ᠠᠪᠴᠤ᠂ ᠪᠤᠰᠤᠳ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠰᠢᠯᠵᠢᠭᠦᠯᠦᠨ ᠥᠭᠴᠦ ᠨᠢᠭᠦᠯᠡᠰᠦᠩᠭᠦᠢ ᠵᠢᠨ ᠵᠣᠷᠢᠯᠭ᠎ᠠ᠎ᠳᠤ ᠬᠡᠷᠡᠭᠯᠡᠭᠦᠯᠦᠨ᠎ᠡ᠃ ᠤᠢ᠍ᠢ᠍ᠯᠠ ᠪᠠᠢ᠌ᠳᠠᠯ᠎ᠨᠢ  ᠨᠣᠴᠢᠲᠠᠢ  ᠪᠤᠯ ᠢᠯᠠ᠎ᠪᠠᠷ ᠬᠠᠨᠳᠢᠪ ᠴᠤᠭᠯᠠᠭᠤᠯᠬᠤ ᠬᠢᠷᠢ ᠬᠡᠮ᠎ᠤᠨ ᠦᠨᠡᠮᠯᠡᠯ ᠪᠤᠶᠤ ᠳᠠᠩᠰᠠᠯᠠᠭᠤᠯᠤᠭᠰᠠᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠤᠢ᠌ᠭᠡᠢ ᠪᠣᠯᠭ᠋ᠠᠬᠤ ᠵᠢᠨ ᠬᠠᠮᠲᠤ ᠵᠠᠷᠯᠠᠨ ᠨᠡᠢ᠌ᠲᠡᠯᠡᠨ᠎ᠡ᠂ ᠢᠯᠠ᠎ᠪᠠᠷ ᠬᠠᠨᠳᠢᠪ ᠴᠤᠭᠯᠠᠭᠤᠯᠬᠤ ᠬᠢᠷᠢ ᠬᠡᠮ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠤᠢ᠌ᠭᠡᠢ ᠪᠣᠯᠭ᠋ᠠᠭᠰᠠᠨ ᠪᠤᠯ ᠲᠠᠪᠤᠨ ᠵᠢᠯ᠎ᠤᠨ ᠳᠣᠲᠣᠷ᠎ᠠ ᠲᠡᠬᠢᠵᠦ ᠭᠤᠶᠤᠴᠢᠯᠠᠵᠤ ᠪᠤᠯᠬᠤ ᠦᠬᠡᠢ᠄
   《(ᠨᠢᠭᠡ) ᠪᠣᠳᠠᠲᠤ ᠬᠡᠷᠡᠭ᠎ᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠬᠨᠨᠳᠢᠪᠯᠠᠬ᠍ᠴᠢ ᠵᠢ ᠮᠡᠬᠡᠯᠡᠵᠦ᠂ ᠠᠷᠭ᠋ᠠᠳᠠᠨ ᠥᠳᠥᠭᠡᠵᠦ ᠪᠠᠢ᠌ᠭ᠋ᠠᠳ ᠬᠠᠨᠳᠢᠪᠯᠠᠭᠤᠯᠤᠬᠰᠠᠨ᠃
   《(ᠬᠣᠶᠠᠷ) ᠨᠢᠭᠡᠴᠢ ᠪᠤᠶᠤ ᠬᠤᠪᠢ ᠬᠥᠮᠥᠨ᠎ᠠᠴᠠ ᠲᠡᠰᠬᠡᠨ ᠲᠠᠲᠠᠪᠤᠷᠢᠯᠠᠭᠰᠠᠨ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠲᠡᠰᠬᠡᠨ ᠲᠠᠲᠠᠪᠤᠷᠢᠯᠠᠭᠰᠠᠨ᠃
   《(ᠭᠤᠷᠪᠠ) ᠤᠯᠠᠨ ᠨᠡᠶ᠋ᠢᠲᠡ ᠵᠢᠨ ᠡᠮᠬᠢ ᠵᠢᠷᠤᠮ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠪᠤᠶᠤ ᠰᠠᠭᠤᠭ᠋ᠠᠯᠢ ᠠᠷᠠᠳ᠎ᠤᠨ ᠠᠮᠢᠳᠤᠷᠠᠯ᠎ᠢ ᠬᠠᠷᠰᠢᠯᠠᠭᠰᠠᠨ᠃
   《(ᠳᠥᠷᠪᠡ) ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠦᠭᠡᠢ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ᠎ᠲᠠᠢ ᠬᠠᠮᠲᠤᠷᠠᠨ ᠠᠵᠢᠯᠯᠠᠭ᠋ᠠᠳ ᠲᠤᠰ ᠬᠠᠤᠯᠢ ᠵᠢᠨ ᠬᠣᠷᠢᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ᠃
   《(ᠲᠠᠪᠤ) ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ ᠢᠯᠡ᠎ᠪᠠᠷ ᠬᠠᠨᠳᠢᠪ ᠴᠤᠭᠯᠠᠭᠤᠯᠬᠤ᠎ᠳᠤ᠎ᠪᠠᠨ ᠲᠤᠰ ᠬᠠᠤᠯᠢ ᠵᠢᠨ ᠬᠣᠷᠢᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ᠃
      《(ᠵᠢᠷᠭᠤᠭ᠎ᠠ) ᠬᠦᠨᠳᠦ ᠶᠡᠬᠡ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠵᠢᠨ ᠲᠥᠯᠥᠭᠡ ᠢᠯᠡ᠎ᠪᠠᠷ ᠬᠠᠨᠳᠢᠪ ᠴᠤᠭᠯᠠᠭᠤᠯᠬᠤ᠎ᠳᠤ᠎ᠪᠠᠨ ᠴᠤᠭᠯᠠᠭᠤᠯᠵᠤ ᠣᠯᠣᠭᠰᠠᠨ ᠵᠣᠭᠣᠰ ᠮᠥᠩᠭᠥ ᠡᠳ᠋ ᠪᠣᠳᠠᠰ ᠵᠶ᠋ᠠᠨ ᠴᠠᠭ ᠲᠤᠬᠠᠢ᠎ᠳᠤ᠎ᠨᠢ ᠬᠤᠪᠢᠶᠠᠷᠢᠯᠠᠭᠰᠠᠨ ᠦᠭᠡᠢ᠂ ᠬᠡᠷᠡᠭᠯᠡᠭᠰᠡᠨ ᠦᠭᠡᠢ᠃》
    ᠬᠣᠷᠢᠨ ᠵᠢᠷᠭᠤᠭ᠎ᠠ᠂ ᠵᠠᠭᠤᠳᠤᠭ᠋ᠠᠷ ᠵᠦᠢ᠍ᠯ᠎ᠢ ᠵᠠᠭᠤ ᠠᠷᠪᠠᠨ ᠬᠣᠶᠠᠳᠤᠭ᠋ᠠᠷ ᠵᠦᠢ᠍ᠯ ᠪᠣᠯᠭ᠋ᠠᠭ᠋ᠠᠳ᠄ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠲᠤᠰ ᠬᠠᠤᠯᠢ ᠵᠢᠨ ᠵᠠᠭᠤ ᠶᠢᠰᠦᠳᠦᠭᠡᠷ ᠵᠦᠢ᠍ᠯ᠂ ᠵᠠᠭᠤ ᠠᠷᠪᠠᠳᠤᠭ᠋ᠠᠷ ᠵᠦᠢ᠍ᠯ᠂ ᠵᠠᠭᠤ ᠠᠷᠪᠠᠨ ᠨᠢᠭᠡᠳᠦᠭᠡᠷ ᠵᠦᠢ᠍ᠯ᠎ᠳᠤ ᠲᠣᠭᠲᠠᠭ᠋ᠠᠭᠰᠠᠨ ᠪᠠᠢ᠌ᠳᠠᠯ᠎ᠲᠠᠢ ᠪᠤᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠢ ᠬᠣᠶᠠᠷ ᠲᠦᠮᠡᠨ ᠲᠥᠭᠥᠷᠢᠭ᠎ᠠᠴᠠ ᠬᠣᠷᠢᠨ ᠲᠦᠮᠡᠨ ᠲᠥᠭᠥᠷᠢᠭ ᠎ᠤᠨ ᠬᠤᠭᠤᠷᠤᠨᠳᠤ ᠵᠣᠭᠣᠰ ᠵᠶ᠋ᠠᠷ ᠲᠣᠷᠭ᠋ᠠᠬᠤ ᠪᠥᠭᠡᠳ ᠬᠠᠤᠯᠢ ᠪᠤᠰᠤ ᠣᠯᠵᠠ ᠠᠰᠢᠭ᠎ᠢ᠎ᠨᠢ ᠬᠣᠷᠢᠶᠠᠨ ᠠᠪᠤᠨ᠎ᠠ᠃ ᠦᠢ᠍ᠯᠡ ᠪᠠᠢ᠌ᠳᠠᠯ᠎ᠨᠢ ᠨᠣᠴᠢᠲᠠᠢ ᠪᠤᠯ ᠨᠢᠭᠡ ᠵᠢᠯ᠎ᠠᠴᠠ ᠲᠠᠪᠤᠨ ᠵᠢᠯ᠎ᠤᠨ ᠳᠣᠲᠣᠷ᠎ᠠ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯᠲᠠᠨ ᠪᠣᠯᠬᠤ ᠵᠢ ᠴᠠᠭ᠋ᠠᠵᠠᠯᠠᠨ᠎ᠠ》 ᠭᠡᠵᠦ ᠵᠠᠰᠠᠪᠠ᠃
    ᠬᠣᠷᠢᠨ ᠲᠤᠯᠤᠭ᠎ᠠ᠂ ᠵᠠᠭᠤ ᠳᠣᠯᠣᠳᠤᠭ᠋ᠠᠷ ᠵᠦᠢ᠍ᠯ᠎ᠢ ᠵᠠᠭᠤ ᠠᠷᠪᠠᠨ ᠭᠤᠷᠪᠠᠳᠤᠭ᠋ᠠᠷ ᠵᠦᠢ᠍ᠯ ᠪᠣᠯᠭ᠋ᠠᠭ᠋ᠠᠳ᠄ 《ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠦᠭᠡᠢ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ ᠳᠤᠷ᠎ᠠ᠎ᠪᠠᠷ ᠵᠶ᠋ᠠᠨ ᠢᠯᠡ᠎ᠪᠠᠷ ᠬᠠᠨᠳᠢᠪ ᠴᠤᠭᠯᠠᠭᠤᠯᠤᠭᠰᠠᠨ ᠪᠤᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠳᠣᠩᠭᠣᠳᠴᠤ᠂ ᠬᠠᠨᠳᠢᠪ ᠴᠤᠭᠯᠠᠭᠤᠯᠬᠤ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠨ᠎ᠠ᠃ ᠬᠠᠤᠯᠢ ᠵᠢ ᠵᠥᠷᠢᠴᠡᠵᠦ ᠴᠤᠭᠯᠠᠭᠤᠯᠤᠭᠰᠠᠨ ᠡᠳ᠋ ᠬᠥᠷᠥᠩᠭᠡ ᠵᠢ ᠵᠠᠷᠯᠢᠭᠳᠠᠨ ᠪᠤᠴᠠᠭ᠋ᠠᠯᠭ᠋ᠠᠵᠤ᠂ ᠪᠤᠴᠠᠭ᠋ᠠᠬᠤ ᠵᠢᠨ ᠠᠷᠭ᠎ᠠ ᠦᠭᠡᠢ  ᠪᠤᠯ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠬᠣᠷᠢᠶᠠᠨ ᠠᠪᠴᠤ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠰᠢᠯᠵᠢᠭᠦᠯᠦᠨ ᠥᠭᠴᠦ ᠨᠢᠭᠦᠯᠡᠰᠦᠩᠭᠦᠢ ᠵᠢᠨ ᠵᠣᠷᠢᠯᠭ᠎ᠠ᠎ᠳᠤ ᠬᠡᠷᠡᠭᠯᠡᠭᠦᠯᠦᠨ᠎ᠡ᠃ ᠤᠢ᠍ᠢ᠍ᠯᠠ ᠪᠠᠢ᠌ᠳᠠᠯ᠎ᠨᠢ ᠨᠣᠴᠢᠲᠠᠢ ᠪᠤᠯ ᠬᠣᠯᠪᠣᠭᠳᠠᠯ ᠪᠦᠬᠦᠢ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ᠎ᠢ ᠬᠣᠶᠠᠷ ᠲᠦᠮᠨ᠎ᠠᠴᠠ  ᠬᠣᠷᠢᠨ ᠲᠦᠮᠡᠨ ᠲᠥᠭᠥᠷᠢᠭ ᠎ᠤᠨ ᠬᠤᠭᠤᠷᠤᠨᠳᠤ ᠵᠣᠭᠣᠰ ᠵᠶ᠋ᠠᠷ  ᠲᠤᠷᠭ᠋ᠠᠨ᠎ᠠ᠃
    《ᠡᠷᠬᠡᠳᠤ ᠠᠷᠠᠳ᠂ ᠬᠠᠤᠯᠢ ᠵᠢᠨ ᠬᠥᠮᠥᠨ ᠪᠤᠶᠤ ᠬᠠᠤᠯᠢ ᠵᠢᠨ ᠬᠥᠮᠥᠨ ᠪᠤᠰᠤ ᠵᠣᠬᠢᠶᠠᠨ ᠪᠠᠢ᠌ᠭᠤᠯᠤᠯᠲᠠ ᠨᠢᠭᠦᠯᠡᠰᠦᠩᠭᠦᠢ ᠵᠢᠨ ᠨᠡᠷ᠎ᠡ᠎ᠪᠠᠷ ᠪᠤᠶᠤ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠪᠠᠷ ᠬᠠᠭᠤᠷᠮᠠᠭᠯᠠᠨ ᠡᠳ᠋ ᠬᠥᠷᠥᠩᠭᠡ ᠮᠡᠬᠡᠯᠡᠨ ᠠᠪᠤᠭᠰᠠᠨ ᠪᠤᠯ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠤᠨ᠎ᠬᠢᠨ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ》 ᠭᠡᠵᠦ ᠵᠠᠰᠠᠪᠠ᠃
    ᠬᠣᠷᠢᠨ ᠨᠠᠢ᠍ᠮᠠ᠂ ᠵᠠᠭᠤ ᠨᠢᠭᠡᠳᠦᠭᠡᠷ ᠵᠦᠢ᠍ᠯ᠎ᠤᠨ ᠬᠣᠶᠠᠳᠤᠭ᠋ᠠᠷ ᠪᠠᠳᠠᠭ᠎ᠢ ᠵᠠᠭᠤ ᠠᠷᠪᠠᠨ ᠳᠥᠷᠪᠡᠳᠦᠭᠡᠷ ᠵᠦᠢ᠍ᠯ ᠪᠣᠯᠭ᠋ᠠᠭ᠋ᠠᠳ᠄ 《ᠢᠨᠲ᠋ᠧᠷ ᠰᠦᠯᠵᠢᠶᠡᠨ᠎ᠤ ᠢᠯᠡ᠎ᠪᠠᠷ ᠬᠠᠨᠳᠢᠪ ᠴᠤᠭᠯᠠᠭᠤᠯᠬᠤ ᠦᠢ᠍ᠯᠡᠴᠢᠯᠡᠭᠡᠨ᠎ᠤ ᠲᠠᠪᠴᠠᠩ᠎ᠨᠢ ᠲᠤᠰ ᠬᠠᠤᠯᠢ ᠵᠢᠨ ᠬᠣᠷᠢᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠤᠯ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ 
    《ᠵᠢᠭ᠋ᠠᠨ ᠲᠣᠭᠲᠠᠭ᠋ᠠᠭᠰᠠᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠭᠴᠢ ᠦᠭᠡᠢ᠎ᠪᠠᠷ ᠢᠨᠲ᠋ᠧᠷ ᠰᠦᠯᠵᠢᠶᠡᠨ᠎ᠤ ᠢᠯᠡ᠎ᠪᠠᠷ ᠬᠠᠨᠳᠢᠪ ᠴᠤᠭᠯᠠᠭᠤᠯᠬᠤ ᠦᠢ᠍ᠯᠡᠴᠢᠯᠡᠭᠡ ᠵᠢ ᠳᠤᠷ᠎ᠠ᠎ᠪᠠᠷ ᠵᠶ᠋ᠠᠨ ᠬᠠᠩᠭ᠋ᠠᠭᠰᠠᠨ ᠪᠤᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢᠵᠢᠯᠲᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠬᠠᠤᠯᠢ ᠶᠣᠰᠣᠭ᠋ᠠᠷ ᠰᠢᠢ᠍ᠳᠪᠦᠷᠢᠯᠡᠨ᠎ᠡ᠃
    《ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠪᠤᠯᠤᠨ ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ᠂ ᠴᠠᠬᠢᠯᠭ᠋ᠠᠨ ᠬᠣᠯᠪᠣᠭ᠋ᠠᠨ᠎ᠤ ᠡᠵᠡᠩᠨᠡᠯᠲᠡ ᠵᠢᠨ ᠬᠤᠳᠠᠯᠳᠤᠭ᠋ᠠᠴᠢᠨ ᠰᠢᠯᠭ᠋ᠠᠨ ᠭᠡᠷᠡᠴᠢᠯᠡᠬᠦ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ  ᠪᠤᠯ ᠲᠡᠭᠦᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂  ᠰᠡᠷᠡᠮᠵᠢᠯᠡᠬᠦᠯᠤᠨ᠎ᠡ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠵᠠᠷᠯᠠᠨ ᠰᠢᠭᠦᠮᠵᠢᠯᠡᠨ᠎ᠡ》 ᠭᠡᠵᠦ ᠵᠠᠰᠠᠪᠠ᠃
    ᠬᠣᠷᠢ ᠶᠢᠰᠦ᠂ ᠵᠠᠭᠤ ᠲᠠᠪᠤᠳᠤᠭ᠋ᠠᠷ ᠵᠦᠢ᠍ᠯ᠎ᠢ ᠵᠠᠭᠤ ᠠᠷᠪᠠᠨ ᠨᠠᠢ᠍ᠮᠠᠳᠤᠭ᠋ᠠᠷ ᠵᠦᠢ᠍ᠯ ᠪᠣᠯᠭ᠋ᠠᠭ᠋ᠠᠳ᠄ 《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠢ᠌ᠳᠠᠭᠴᠢ᠂ ᠨᠠᠶ᠋ᠢᠳᠠᠯᠭ᠎ᠠ ᠬᠦᠯᠢᠶᠡᠭᠴᠢ᠎ᠳᠤ  ᠲᠠᠷᠠᠭ᠋ᠠᠬᠢ ᠪᠠᠢ᠌ᠳᠠᠯ᠎ᠤᠨ ᠠᠯᠢ ᠨᠢᠭᠡ᠎ᠨᠢ ᠤᠷᠤᠰᠢᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠰᠡᠷᠡᠮᠵᠢᠯᠡᠬᠦᠯᠬᠦ ᠵᠢᠨ ᠬᠠᠮᠲᠤ ᠬᠠᠤᠯᠢ ᠪᠤᠰᠤ ᠣᠯᠵᠠ ᠠᠰᠢᠭ᠎ᠢ᠎ᠨᠢ ᠬᠣᠷᠢᠶᠠᠨ ᠠᠪᠤᠨ᠎ᠠ᠃ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠢ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠨ᠎ᠡ᠄
《(ᠨᠢᠭᠡ) ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠪᠠ ᠲᠡᠭᠦᠨ᠎ᠠᠴᠠ ᠣᠯᠣᠭᠰᠠᠨ ᠠᠰᠢᠭ ᠣᠯᠵᠠᠪᠤᠷᠢ ᠵᠢ ᠨᠢᠭᠦᠯᠡᠰᠦᠩᠭᠦᠢ ᠵᠢᠨ ᠪᠤᠰᠤ ᠵᠣᠷᠢᠯᠭ᠎ᠠ᠎ᠳᠤ ᠬᠡᠷᠡᠭᠯᠡᠭᠰᠡᠨ᠃
《(ᠬᠣᠶᠠᠷ)  ᠨᠠᠢ᠌ᠳᠠᠭᠴᠢ᠂ ᠨᠠᠶ᠋ᠢᠳᠠᠯᠭ᠎ᠠ ᠬᠦᠯᠢᠶᠡᠭᠴᠢ ᠪᠤᠯᠤᠨ ᠲᠡᠭᠦᠨ᠎ᠤ ᠠᠵᠢᠯᠲᠠᠨ᠎ᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠥᠨ᠎ᠢ ᠠᠰᠢᠭ ᠬᠦᠷᠳᠡᠭᠴᠢ᠎ᠪᠠᠷ ᠵᠢᠭ᠋ᠠᠨ ᠲᠣᠭᠲᠠᠭ᠋ᠠᠭᠰᠠᠨ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠵᠢᠭ᠋ᠠᠨ ᠲᠣᠭᠲᠠᠭ᠋ᠠᠭᠰᠠᠨ᠃
《(ᠭᠤᠷᠪᠠ) ᠢᠲᠡᠭᠡᠮᠵᠢᠲᠦ ᠨᠠᠶ᠋ᠢᠳᠠᠯᠭ᠎ᠠ ᠵᠢᠨ ᠬᠡᠷᠡᠭ ᠶᠠᠪᠤᠳᠠᠯ᠎ᠢ ᠰᠢᠢ᠍ᠳᠪᠦᠷᠢᠯᠡᠭᠰᠡᠨ ᠪᠠᠢ᠌ᠳᠠᠯ ᠪᠠ ᠡᠳ᠋᠎ᠤᠨ ᠶᠠᠪᠤᠳᠠᠯ᠎ᠤᠨ ᠪᠠᠢ᠌ᠳᠠᠯ ᠵᠶ᠋ᠠᠨ ᠲᠣᠭᠲᠠᠭ᠋ᠠᠯ ᠶᠣᠰᠣᠭ᠋ᠠᠷ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠡᠰᠡ ᠮᠡᠳᠡᠭᠦᠯᠦᠭᠰᠡᠨ᠃
   《(ᠳᠥᠷᠪᠡ)  ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠤᠶᠤ ᠬᠠᠮᠢᠶᠠᠷᠤᠯᠲᠠ ᠵᠢᠨ ᠵᠠᠷᠤᠳᠠᠯ᠎ᠤᠨ ᠪᠠᠷᠢᠮᠵᠢᠶ᠎ᠠ ᠵᠢ ᠵᠥᠷᠢᠴᠡᠭᠰᠡᠨ᠃
   《  (ᠲᠠᠪᠤ) ᠮᠡᠳᠡᠭᠡ ᠵᠠᠩᠭᠢ ᠵᠢ  ᠢᠯᠡᠵᠢᠬᠦᠯᠬᠦ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ᠃》
   ᠭᠤᠴᠢ᠂ ᠨᠢᠭᠡ ᠵᠦᠢ᠍ᠯ ᠨᠡᠮᠡᠭᠡᠳ ᠵᠠᠭᠤ ᠬᠣᠷᠢᠨ ᠳᠥᠷᠪᠡᠳᠦᠭᠡᠷ ᠵᠦᠢ᠍ᠯ ᠪᠣᠯᠭ᠋ᠠᠪᠠ᠄ 《ᠬᠤᠪᠢ ᠬᠥᠮᠥᠨ ᠡᠪᠡᠳᠴᠢᠨ ᠡᠮᠭᠡᠭ ᠵᠡᠷᠭᠡ ᠰᠢᠯᠲᠠᠭ᠋ᠠᠨ᠎ᠠᠴᠠ ᠪᠣᠯᠵᠤ ᠭᠡᠷ ᠪᠦᠯᠢ ᠵᠢᠨ ᠠᠵᠤ ᠠᠬᠤᠢ᠎ᠪᠠᠨ ᠬᠦᠴᠢᠷᠳᠡᠯ᠎ᠲᠠᠢ ᠪᠣᠯᠵᠤ᠂ ᠨᠡᠢ᠌ᠭᠡᠮ ᠨᠡᠢ᠌ᠳᠡ᠎ᠠᠴᠠ ᠲᠤᠰᠠᠯᠠᠮᠵᠢ ᠭᠤᠶᠤᠴᠢᠯᠠᠭᠰᠠᠨ ᠮᠡᠳᠡᠭᠡ ᠵᠠᠩᠭᠢ ᠨᠡᠢ᠌ᠲᠡᠯᠡᠭᠰᠡᠨ ᠪᠤᠯ ᠲᠤᠰᠠᠯᠠᠮᠵᠢ ᠭᠤᠶᠤᠴᠢᠯᠠᠭᠴᠢ ᠪᠠ ᠮᠡᠳᠡᠭᠡ ᠵᠠᠩᠭᠢ ᠨᠡᠢ᠌ᠲᠡᠯᠡᠭᠴᠢ᠎ᠨᠢ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠂ ᠬᠤᠳᠠᠯ ᠬᠠᠭᠤᠷᠮᠠᠭ ᠵᠶ᠋ᠠᠷ ᠵᠣᠬᠢᠶᠠᠬᠤ᠂ ᠪᠣᠳᠠᠲᠤ ᠬᠡᠷᠡᠭ᠎ᠢ ᠨᠢᠭᠤᠨ ᠳᠠᠯᠳᠠᠯᠠᠬᠤ ᠵᠡᠷᠭᠡ ᠠᠷᠭ᠎ᠠ᠎ᠪᠠᠷ ᠲᠤᠰᠠᠯᠠᠮᠵᠢ ᠮᠡᠬᠡᠯᠡᠨ ᠣᠯᠵᠤ ᠪᠣᠯᠬᠤ ᠦᠭᠡᠢ᠃
     《ᠬᠤᠪᠢ ᠬᠥᠮᠥᠨ᠎ᠤ ᠲᠤᠰᠠᠯᠠᠮᠵᠢ ᠭᠤᠶᠤᠴᠢᠯᠠᠬᠤ ᠰᠦᠯᠵᠢᠶᠡᠨ᠎ᠤ ᠦᠢ᠍ᠯᠡᠴᠢᠯᠡᠭᠡ ᠡᠷᠬᠢᠯᠡᠬᠦ ᠲᠠᠪᠴᠠᠩ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠵᠢᠭ᠋ᠠᠨ ᠲᠣᠭᠲᠠᠭ᠋ᠠᠵᠤ᠂ ᠲᠡᠭᠦᠨ ᠵᠶ᠋ᠡᠷ ᠳᠠᠮᠵᠢᠭᠤᠯᠤᠨ ᠨᠡᠢ᠌ᠲᠡᠯᠡᠭᠰᠡᠨ ᠲᠤᠰᠠᠯᠠᠮᠵᠢ ᠭᠤᠶᠤᠴᠢᠯᠠᠬᠤ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠵᠢᠨ ᠬᠠᠮᠲᠤ ᠬᠣᠯᠪᠣᠭᠳᠠᠯ ᠪᠦᠬᠦᠢ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ᠂ ᠪᠦᠬᠦ ᠲᠠᠯ᠎ᠠ᠎ᠪᠠᠷ ᠨᠡᠢ᠌ᠭᠡᠮ ᠲᠠᠶᠠᠭ᠋ᠠᠷ᠎ᠲᠤ ᠢᠯᠡᠵᠢᠬᠦᠯᠬᠦ ᠬᠡᠷᠡᠭᠲᠡᠢ᠂ ᠪᠣᠳᠠᠲᠠᠢ ᠬᠠᠮᠢᠶᠠᠷᠤᠯᠲᠠ ᠵᠢᠨ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠰᠦᠯᠵᠢᠶᠡᠨ᠎ᠤ ᠮᠡᠳᠡᠭᠡ ᠵᠠᠩᠭᠢ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠠᠰ᠎ᠲᠤ᠎ᠨᠢ ᠲᠣᠭᠲᠠᠭ᠋ᠠᠨ᠎ᠠ᠃》
   ᠭᠤᠴᠢᠨ ᠨᠢᠭᠡ᠂ ᠬᠡᠰᠡᠭ ᠵᠦᠢ᠍ᠯ ᠵᠤᠷᠪᠤᠰ᠎ᠤᠨ ᠳᠣᠲᠣᠷᠠᠬᠢ ᠬᠣᠯᠪᠣᠭᠳᠠᠯ ᠪᠦᠬᠦᠢ ᠲᠣᠭ᠋ᠠᠴᠢᠯᠲᠠ᠎ᠳᠤ  ᠲᠠᠷᠠᠭ᠋ᠠᠬᠢ ᠮᠡᠲᠦ ᠵᠠᠰᠠᠪᠤᠷᠢ ᠤᠷᠤᠭᠤᠯᠪᠠ᠄
   (ᠨᠢᠭᠡ) ᠬᠣᠶᠠᠳᠤᠭ᠋ᠠᠷ ᠵᠦᠢ᠍ᠯ᠂ ᠭᠤᠷᠪᠠᠳᠤᠭ᠋ᠠᠷ ᠵᠦᠢ᠍ᠯ᠂ ᠲᠠᠪᠤᠳᠤᠭ᠋ᠠᠷ ᠵᠦᠢ᠍ᠯ᠂ ᠭᠤᠴᠢᠨ ᠳᠥᠷᠪᠡᠳᠦᠭᠡᠷ ᠵᠦᠢ᠍ᠯ᠂ ᠭᠤᠴᠢᠨ ᠳᠣᠯᠣᠳᠤᠭ᠋ᠠᠷ ᠵᠦᠢ᠍ᠯ᠂ ᠨᠠᠶᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠂ ᠶᠡᠷᠡᠨ ᠨᠢᠭᠡᠳᠦᠭᠡᠷ ᠵᠦᠢ᠍ᠯ᠎ᠳᠤ᠎ᠬᠢ 《ᠪᠤᠰᠤᠳ ᠵᠣᠬᠢᠶᠠᠨ ᠪᠠᠢ᠌ᠭᠤᠯᠤᠯᠲᠠ》 ᠭᠡᠳᠡᠭ᠎ᠢ 《ᠬᠠᠤᠯᠢ ᠵᠢᠨ ᠬᠥᠮᠥᠨ ᠪᠤᠰᠤ ᠵᠣᠬᠢᠶᠠᠨ ᠪᠠᠢ᠌ᠭᠤᠯᠤᠯᠲᠠ》 ᠭᠡᠵᠦ ᠵᠠᠰᠠᠪᠠ᠃
   (ᠬᠣᠶᠠᠷ) ᠠᠷᠪᠠᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠂ ᠭᠤᠷᠪᠠᠳᠤᠭ᠋ᠠᠷ ᠪᠠᠳᠠᠭ᠎ᠲᠤ᠎ᠬᠢ 《ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ》᠎ᠤᠨ ᠡᠮᠦᠨ᠎ᠡ 《ᠲᠡᠭᠦᠨ᠎ᠢ ᠳᠠᠩᠰᠠᠯᠠᠭᠤᠯᠤᠭᠰᠠᠨ》 ᠭᠡᠵᠦ ᠨᠡᠮᠡᠪᠡ᠃ ᠠᠷᠪᠠᠨ ᠨᠠᠢ᠍ᠮᠠᠳᠤᠭ᠋ᠠᠷ ᠵᠦᠢ᠍ᠯ᠎ᠤᠨ ᠳᠥᠷᠪᠡᠳᠦᠭᠡᠷ ᠪᠠᠳᠠᠭ᠂ ᠬᠣᠷᠢᠨ ᠭᠤᠷᠪᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠲᠤ᠎ᠬᠢ 《ᠲᠡᠭᠦᠨ᠎ᠤ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ》᠎ᠤᠨ ᠡᠮᠦᠨ᠎ᠡ 《ᠰᠢᠢ᠍ᠳᠪᠦᠷᠢᠯᠡᠬᠦ》 ᠭᠡᠵᠦ ᠨᠡᠮᠡᠪᠡ᠃ ᠳᠥᠴᠢᠨ ᠨᠢᠭᠡᠳᠦᠭᠡᠷ ᠵᠦᠢ᠍ᠯ᠎ᠤᠨ ᠬᠣᠶᠠᠳᠤᠭ᠋ᠠᠷ ᠪᠠᠳᠠᠭ᠂ ᠳᠥᠴᠢᠨ ᠬᠣᠶᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠂ ᠶᠡᠷᠡᠨ ᠳᠣᠯᠣᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠨᠢᠭᠡᠳᠦᠭᠡᠷ ᠥᠭᠦᠯᠡᠪᠦᠷᠢ᠂ ᠵᠠᠭᠤ ᠬᠣᠶᠠᠳᠤᠭ᠋ᠠᠷ ᠵᠦᠢ᠍ᠯ᠂ ᠵᠠᠭᠤ ᠭᠤᠷᠪᠠᠳᠤᠭ᠋ᠠᠷ ᠵᠦᠢ᠍ᠯ᠂ ᠵᠠᠭᠤ ᠳᠥᠷᠪᠡᠳᠦᠭᠡᠷ ᠵᠦᠢ᠍ᠯ᠎ᠳᠤ᠎ᠬᠢ 《ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ》᠎ᠤᠨ ᠡᠮᠦᠨ᠎ᠡ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ》 ᠭᠡᠵᠦ ᠨᠡᠮᠡᠪᠡ᠃ ᠳᠥᠴᠢᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠲᠤ᠎ᠬᠢ 《ᠲᠡᠭᠦᠨ᠎ᠤ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ》 ᠭᠡᠳᠡᠭ᠎ᠤᠨ ᠡᠮᠦᠨ᠎ᠡ 《ᠰᠢᠢ᠍ᠳᠪᠦᠷᠢᠯᠡᠬᠦ》 ᠭᠡᠵᠦ ᠨᠡᠮᠡᠨ᠎ᠡ᠃ ᠲᠠᠪᠢᠨ ᠲᠠᠪᠤᠳᠤᠭ᠋ᠠᠷ ᠵᠦᠢ᠍ᠯ᠎ᠳᠤ᠎ᠬᠢ  《ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ》᠎ᠤᠨ ᠡᠮᠦᠨ᠎ᠡ 《ᠤᠤᠯ᠎ᠤᠨ ᠳᠠᠩᠰᠠᠯᠠᠭᠤᠯᠤᠭᠰᠠᠨ》 ᠭᠡᠵᠦ ᠨᠡᠮᠡᠨ᠎ᠡ᠃
    (ᠭᠤᠷᠪᠠ) ᠳᠥᠴᠢᠳᠦᠭᠡᠷ ᠵᠦᠢ᠍ᠯ᠎ᠤᠨ ᠨᠢᠭᠡᠳᠦᠭᠡᠷ ᠪᠠᠳᠠᠭ᠂ ᠲᠠᠪᠢᠨ ᠨᠠᠢ᠍ᠮᠠᠳᠤᠭ᠋ᠠᠷ ᠵᠦᠢ᠍ᠯ᠎ᠳᠤ᠎ᠬᠢ 《ᠵᠢᠭ᠋ᠠᠨ ᠲᠣᠭᠲᠠᠭ᠋ᠠᠭᠰᠠᠨ》᠎ᠤ ᠠᠷᠤ᠎ᠳᠤ 《ᠡᠰᠡᠬᠦᠯ᠎ᠡ ᠬᠡᠯᠪᠡᠷᠢ ᠵᠢ᠎ᠨᠢ ᠥᠭᠡᠷᠡᠲᠦᠭᠦᠯᠦᠨ ᠵᠢᠭ᠋ᠠᠨ ᠲᠣᠭᠲᠠᠭ᠋ᠠᠭᠰᠠᠨ》 ᠭᠡᠵᠦ ᠨᠡᠮᠡᠪᠡ᠃
       ᠲᠤᠰ ᠲᠣᠭᠲᠠᠭ᠋ᠠᠯ᠎ᠢ 2024 ᠣᠨ᠎ᠤ 9 ᠳ᠋ᠤᠭ᠋ᠠᠷ ᠰᠠᠷ᠎ᠠ ᠵᠢᠨ 5᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
    《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠲᠤᠰ ᠲᠣᠭᠲᠠᠭ᠋ᠠᠯ᠎ᠢ ᠦᠨᠳᠦᠰᠦᠯᠡᠨ ᠵᠣᠬᠢᠴᠠᠩᠭᠤᠢ ᠵᠠᠰᠠᠪᠤᠷᠢ ᠣᠷᠣᠭᠤᠯᠬᠤ ᠵᠢᠨ ᠬᠠᠮᠲᠤ ᠵᠦᠢ᠍ᠯ ᠵᠤᠷᠪᠤᠰ᠎ᠤᠨ ᠲᠡᠰ ᠳᠠᠷᠠᠭ᠋ᠠᠯᠠᠯ᠎ᠳᠤ ᠵᠣᠬᠢᠴᠠᠩᠭᠤᠢ ᠲᠣᠬᠢᠷᠠᠭᠤᠯᠤᠯᠲᠠ ᠬᠢᠭᠡᠳ ᠲᠠᠬᠢᠵᠤ ᠨᠡᠢ᠌ᠲᠡᠯᠡᠨ᠎ᠡ᠃


 




ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠤᠮᠳᠠᠳᠤ ᠤᠯᠤᠰ᠎ᠤᠨ ᠢᠷᠬᠡᠳ᠎ᠤᠨ ᠬᠡᠤᠬᠡᠳ ᠦᠷᠡᠴᠢᠯᠡᠬᠦ ᠵᠢ ᠲᠠᠡᠭᠰᠠᠯᠠᠬᠤ ᠠᠷᠭ᠎ᠠ
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ (ᠲᠡᠬᠡᠳᠤ)
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ (ᠲᠤᠤᠷᠠᠳᠤ)
 
            