ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠤᠶᠠᠷ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠰᠢᠢ᠍ᠳᠪᠤᠷᠢ
ᠨᠡᠶᠢᠲᠡᠯᠡᠭᠰᠡᠨ ᠴᠠᠭ᠄ 2024-01-18

                       ᠨᠤᠮᠢᠨ ᠤᠷᠴᠢᠭᠤᠯᠪᠠ


(2023 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠲᠤᠯᠤᠳᠤᠭ᠋ᠠᠷ ᠬᠤᠷᠠᠯᠳᠤᠭ᠋ᠠᠨ ᠵᠶ᠋ᠡᠷ ᠪᠠᠳᠤᠯᠠᠪᠠ)
    ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠳᠣᠯᠣᠳᠤᠭ᠋ᠠᠷ ᠬᠤᠷᠠᠯᠳᠤᠭ᠋ᠠᠨ᠎ᠠᠴᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠲᠠᠷᠠᠭ᠋ᠠᠬᠢ ᠮᠡᠲᠦ ᠵᠠᠰᠠᠪᠤᠷᠢ ᠤᠷᠤᠭᠤᠯᠬᠤ᠎ᠪᠠᠷ ᠰᠢᠢ᠍ᠳᠪᠡ᠃
    ᠠᠷᠪᠠᠨ ᠨᠢᠭᠡ᠂ ᠵᠢᠷᠠ ᠶᠢᠰᠦᠳᠦᠭᠡᠷ ᠵᠦᠢ᠍ᠯ᠎ᠢ ᠲᠠᠯᠠᠨ ᠲᠠᠪᠤᠳᠤᠭ᠋ᠠᠷ ᠵᠦᠢ᠍ᠯ ᠪᠣᠯᠭ᠋ᠠᠭ᠋ᠠᠳ᠄ 《ᠤᠯᠤᠰ᠎ᠠᠴᠠ ᠨᠢᠭᠦᠯᠡᠰᠦᠩᠭᠦᠢ ᠵᠢᠨ ᠮᠡᠳᠡᠭᠡ ᠵᠠᠩᠭᠢ ᠵᠢ ᠪᠦᠷᠢᠳᠬᠡᠬᠦ ᠪᠠ ᠨᠡᠢ᠌ᠲᠡᠯᠡᠬᠦ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠦᠨ᠎ᠡ》 ᠭᠡᠵᠤ ᠵᠠᠰᠠᠪᠠ᠃
   《ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠢᠭᠦᠯᠡᠰᠦᠩᠭᠦᠢ ᠵᠢᠨ ᠮᠡᠳᠡᠭᠡ ᠵᠠᠩᠭᠢ ᠵᠢᠨ ᠨᠢᠭᠡᠳᠦᠯᠲᠡᠢ ᠲᠠᠪᠴᠠᠩ᠎ᠢ ᠪᠠᠢ᠌ᠭᠤᠯᠤᠨ ᠲᠡᠭᠦᠯᠳᠡᠷᠵᠢᠭᠦᠯᠵᠦ᠂ ᠨᠢᠭᠦᠯᠡᠰᠦᠩᠭᠦᠢ ᠵᠢᠨ ᠮᠡᠳᠡᠭᠡ ᠵᠠᠩᠭᠢ ᠨᠡᠢ᠌ᠲᠡᠯᠡᠬᠦ ᠦᠢ᠍ᠯᠡᠴᠢᠯᠡᠭᠡ ᠵᠢ ᠦᠨ᠎ᠡ ᠲᠥᠯᠥᠪᠦᠷᠢ ᠦᠭᠡᠢ᠎ᠪᠠᠷ ᠬᠠᠩᠭ᠋ᠠᠨ᠎ᠠ᠃
   《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠡᠮᠦᠨᠡᠬᠢ ᠪᠠᠳᠠᠭ᠎ᠲᠤ ᠲᠣᠭᠲᠠᠭ᠋ᠠᠭᠰᠠᠨ ᠲᠠᠪᠴᠠᠩ ᠳᠡᠭᠡᠷ᠎ᠡ ᠨᠢᠭᠦᠯᠡᠰᠦᠩᠭᠦᠢ ᠵᠢᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠨᠡᠢ᠌ᠬᠡᠮ ᠲᠡᠶᠠᠭ᠋ᠠᠷ᠎ᠲᠤ ᠢᠯᠡᠵᠢᠬᠦᠯᠬᠦ ᠬᠡᠷᠡᠭᠲᠡᠢ᠃
   《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠪᠠ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ ᠲᠤᠰ ᠵᠦᠢ᠍ᠯ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠲᠠᠪᠴᠠᠩ ᠳᠡᠭᠡᠷ᠎ᠡ ᠨᠢᠭᠦᠯᠡᠰᠦᠩᠭᠦᠢ ᠵᠢᠨ ᠮᠡᠳᠡᠭᠡ ᠵᠠᠩᠭᠢ ᠵᠢ ᠨᠡᠢ᠌ᠲᠡᠯᠡᠬᠦ ᠬᠡᠷᠡᠭᠲᠡᠢ ᠪᠥᠭᠡᠳ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃》
   ᠠᠷᠪᠠᠨ ᠬᠣᠶᠠᠷ᠂ ᠲᠠᠯᠠᠨ ᠭᠤᠷᠪᠠᠳᠤᠭ᠋ᠠᠷ ᠵᠦᠢ᠍ᠯ᠎ᠢ ᠲᠠᠯᠠ ᠶᠢᠰᠦᠳᠦᠭᠡᠷ ᠵᠦᠢ᠍ᠯ ᠪᠣᠯᠭ᠋ᠠᠭ᠋ᠠᠳ᠄ 《ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠬᠠᠨᠳᠢᠪ ᠴᠤᠭᠯᠠᠭᠤᠯᠤᠭᠰᠠᠨ ᠪᠠᠢ᠌ᠳᠠᠯ ᠪᠠ ᠨᠢᠭᠦᠯᠡᠰᠦᠩᠭᠦᠢ ᠵᠢᠨ ᠵᠦᠢ᠍ᠯᠡᠰ᠎ᠢ ᠬᠡᠷᠡᠭᠵᠢᠭᠦᠯᠦᠭᠰᠡᠨ ᠪᠠᠢ᠌ᠳᠠᠯ ᠵᠶ᠋ᠠᠨ ᠨᠡᠢ᠌ᠭᠡᠮ ᠲᠠᠶᠠᠭ᠋ᠠᠷ᠎ᠲᠤ ᠲᠣᠭᠲᠠᠮᠠᠯ ᠬᠤᠭᠤᠴᠠᠭ᠎ᠠ᠎ᠲᠠᠢ᠎ᠪᠠᠷ ᠢᠯᠡᠵᠢᠬᠦᠯᠬᠦ ᠬᠡᠷᠡᠭᠳᠡᠢ᠃
      《ᠢᠯᠡ᠎ᠪᠠᠷ ᠬᠠᠨᠳᠢᠪ ᠴᠤᠭᠯᠠᠭᠤᠯᠬᠤ ᠡᠭᠡᠯᠵᠢᠲᠦ ᠬᠤᠭᠤᠴᠠᠭ᠎ᠠ᠎ᠨᠢ ᠵᠢᠷᠭᠤᠭ᠋ᠠᠨ ᠰᠠᠷ᠎ᠠ᠎ᠠᠴᠠ ᠬᠡᠲᠦᠷᠡᠭᠰᠡᠨ ᠪᠤᠯ ᠬᠠᠨᠳᠢᠪ ᠴᠤᠭᠯᠠᠭᠤᠯᠤᠭᠰᠠᠨ ᠪᠠᠢ᠌ᠳᠠᠯ ᠵᠶ᠋ᠠᠨ ᠨᠠᠭ᠋ᠠᠲᠤ ᠵᠠᠬ᠎ᠠ᠎ᠳᠤ᠎ᠪᠠᠨ ᠭᠤᠷᠪᠠᠨ ᠰᠠᠷ᠎ᠠ ᠲᠤᠳᠤᠮ᠎ᠳᠤ ᠨᠢᠭᠡ ᠤᠳᠠᠭ᠎ᠠ ᠢᠯᠡᠵᠢᠬᠦᠯᠬᠦ ᠬᠡᠷᠡᠭᠲᠡᠢ᠂ ᠢᠯᠡ᠎ᠪᠠᠷ ᠬᠠᠨᠳᠢᠪ ᠴᠤᠭᠯᠠᠭᠤᠯᠬᠤ ᠠᠵᠢᠯᠯᠠᠭ᠎ᠠ ᠳᠠᠭᠤᠰᠤᠭᠰᠠᠨ᠎ᠤ ᠲᠠᠷᠠᠭ᠎ᠠ ᠬᠠᠨᠳᠢᠪ ᠴᠤᠭᠯᠠᠭᠤᠯᠤᠭᠰᠠᠨ ᠪᠠᠢ᠌ᠳᠠᠯ ᠵᠶ᠋ᠠᠨ ᠭᠤᠷᠪᠠᠨ ᠰᠠᠷ᠎ᠠ ᠵᠢᠨ ᠳᠣᠲᠣᠷ᠎ᠠ ᠪᠦᠬᠦ ᠲᠠᠯ᠎ᠠ᠎ᠪᠠᠷ᠂ ᠨᠠᠷᠢᠨ ᠲᠣᠳᠣᠷᠬᠠᠢ ᠢᠯᠡᠵᠢᠬᠦᠯᠬᠦ ᠬᠡᠷᠡᠭᠲᠡᠢ᠃
   《ᠨᠢᠭᠦᠯᠡᠰᠦᠩᠭᠦᠢ ᠵᠢᠨ ᠵᠦᠢ᠍ᠯᠡᠰ᠎ᠢ ᠬᠡᠷᠡᠭᠵᠢᠭᠦᠯᠬᠦ ᠦᠶᠡᠯᠡᠯ᠎ᠤᠨ ᠬᠤᠭᠤᠴᠠᠭ᠎ᠠ᠎ᠨᠢ ᠵᠢᠷᠭᠤᠭ᠋ᠠᠨ ᠰᠠᠷ᠎ᠠ᠎ᠠᠴᠠ ᠬᠡᠲᠦᠷᠡᠭᠰᠡᠨ  ᠪᠤᠯ ᠨᠢᠬᠦᠯᠡᠰᠤᠡᠭᠭᠦᠢ ᠵᠢᠨ ᠵᠦᠢ᠍ᠯᠡᠰ᠎ᠢ ᠬᠡᠷᠡᠭᠵᠢᠭᠦᠯᠦᠭᠰᠡᠨ ᠪᠠᠢ᠌ᠳᠠᠯ ᠵᠶ᠋ᠠᠨ ᠨᠠᠭ᠋ᠠᠲᠤ ᠵᠠᠬ᠎ᠠ᠎ᠳᠤ᠎ᠪᠠᠨ ᠭᠤᠷᠪᠠᠨ ᠰᠠᠷ᠎ᠠ ᠪᠦᠷᠢ ᠨᠢᠭᠡ ᠤᠳᠠᠭ᠎ᠠ ᠢᠯᠡᠵᠢᠬᠦᠯᠬᠦ ᠬᠡᠷᠡᠭᠲᠡᠢ᠂ ᠨᠢᠬᠦᠯᠡᠰᠤᠡᠭᠭᠦᠢ ᠵᠢᠨ ᠵᠦᠢ᠍ᠯᠡᠰ ᠳᠠᠭᠤᠰᠤᠭᠰᠠᠨ᠎ᠤ ᠲᠠᠷᠠᠭ᠎ᠠ ᠭᠤᠷᠪᠠᠨ ᠰᠠᠷ᠎ᠠ ᠵᠢᠨ ᠳᠣᠲᠣᠷ᠎ᠠ ᠨᠢᠭᠦᠯᠡᠰᠦᠩᠭᠦᠢ ᠵᠢᠨ ᠵᠦᠢ᠍ᠯᠡᠰ᠎ᠢ ᠬᠡᠷᠡᠭᠵᠢᠭᠦᠯᠦᠭᠰᠡᠨ ᠪᠠᠢ᠌ᠳᠠᠯ ᠪᠠ ᠴᠤᠭᠯᠠᠭᠤᠯᠵᠤ ᠣᠯᠣᠭᠰᠠᠨ ᠵᠣᠭᠣᠰ ᠮᠥᠩᠭᠥ ᠡᠳ᠋ ᠪᠣᠳᠠᠰ᠎ᠢ ᠬᠡᠷᠡᠭᠯᠡᠭᠰᠡᠨ ᠪᠠᠢ᠌ᠳᠠᠯ ᠵᠶ᠋ᠠᠨ ᠪᠦᠬᠦ ᠲᠠᠯ᠎ᠠ᠎ᠪᠠᠷ᠂ ᠨᠠᠷᠢᠨ ᠲᠣᠳᠣᠷᠬᠠᠢ ᠢᠯᠡᠵᠢᠬᠦᠯᠬᠦ ᠬᠡᠷᠡᠭᠲᠡᠢ᠃》
   ᠠᠷᠪᠠᠨ ᠭᠤᠷᠪᠠ᠂ ᠲᠠᠯᠠᠨ ᠳᠣᠯᠣᠳᠤᠭ᠋ᠠᠷ ᠵᠦᠢ᠍ᠯ᠎ᠢ ᠨᠠᠶᠠᠨ ᠭᠤᠷᠪᠠᠳᠤᠭ᠋ᠠᠷ ᠵᠦᠢ᠍ᠯ ᠪᠣᠯᠭ᠋ᠠᠭ᠋ᠠᠳ᠂ ᠨᠢᠭᠡᠳᠦᠭᠡᠷ ᠪᠠᠳᠠᠭ᠎ᠢ᠄ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠢᠭᠦᠯᠡᠰᠦᠩᠭᠦᠢ ᠵᠢᠨ ᠦᠢ᠍ᠯᠡᠰ᠎ᠢ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠤ᠎ᠪᠠᠨ ᠣᠷᠣᠭᠤᠯᠵᠤ᠂ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠦᠷᠦ ᠵᠢᠨ ᠪᠣᠳᠣᠯᠭ᠎ᠠ ᠪᠠ ᠠᠷᠭ᠎ᠠ ᠵᠢ ᠲᠣᠭᠲᠠᠭ᠋ᠠᠬᠤ ᠬᠡᠷᠡᠭᠲᠡᠢ》 ᠭᠡᠵᠦ ᠵᠠᠰᠠᠪᠠ᠃
   ᠠᠷᠪᠠᠨ ᠳᠥᠷᠪᠡ᠂ ᠨᠢᠭᠡ ᠵᠦᠢ᠍ᠯ ᠨᠡᠮᠡᠭᠡᠳ ᠨᠠᠶᠠᠨ ᠲᠠᠪᠤᠳᠤᠭ᠋ᠠᠷ ᠵᠦᠢ᠍ᠯ ᠪᠤᠯᠭ᠋ᠠᠵᠤ᠄ 《ᠤᠯᠤᠰ᠎ᠠᠴᠠ ᠬᠦᠰᠡᠯ ᠡᠷᠡᠮᠡᠯᠵᠡᠯ᠎ᠲᠠᠢ ᠪᠥᠭᠡᠳ ᠴᠢᠳᠠᠪᠤᠷᠢ᠎ᠲᠠᠢ ᠬᠥᠮᠥᠨ᠂ ᠬᠠᠤᠯᠢ ᠵᠢᠨ ᠡᠷᠬᠡᠳᠡᠨ ᠪᠠ ᠬᠠᠤᠯᠢ ᠵᠢᠨ ᠡᠷᠬᠡᠳᠡᠨ ᠦᠬᠡᠢ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠨᠢᠭᠦᠯᠡᠰᠦᠩᠭᠦᠢ ᠵᠢᠨ ᠦᠢ᠍ᠯᠡᠰ᠎ᠲᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ᠂ ᠵᠢᠯᠤᠭᠣᠳᠴᠤ᠂ ᠲᠡᠮᠵᠢᠨ᠎ᠠ᠃
   《ᠤᠯᠤᠰ᠎ᠠᠴᠠ ᠨᠢᠭᠦᠯᠡᠰᠦᠩᠭᠦᠢ ᠵᠢᠨ ᠦᠢ᠍ᠯᠡᠰ᠎ᠲᠤ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠂ ᠪᠣᠳᠠᠲᠠᠢ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠭᠠᠢ᠌ᠯᠢ ᠲᠠᠲᠠᠪᠤᠷᠢ ᠵᠢᠨ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠦᠷᠢᠮ᠎ᠢ ᠲᠤᠬᠳᠠᠭ᠋ᠠᠨ᠎ᠠ᠃》
      ᠠᠷᠪᠠᠨ ᠲᠠᠪᠤ᠂ ᠨᠢᠭᠡ ᠵᠦᠢ᠍ᠯ ᠨᠡᠮᠡᠭᠡᠳ ᠨᠠᠶᠠᠨ ᠨᠠᠢ᠍ᠮᠠᠳᠤᠭ᠋ᠠᠷ ᠵᠦᠢ᠍ᠯ ᠪᠤᠯᠭ᠋ᠠᠵᠤ᠄ 《ᠬᠥᠮᠥᠨ᠂ ᠬᠠᠤᠯᠢ ᠵᠢᠨ ᠡᠷᠬᠡᠳᠡᠨ ᠪᠠ ᠬᠠᠤᠯᠢ ᠵᠢᠨ ᠵᠢᠨ ᠡᠷᠬᠡᠳᠡᠨ ᠦᠬᠡᠢ ᠵᠣᠬᠢᠶᠠᠨ ᠪᠠᠢ᠌ᠭᠤᠯᠤᠯᠲᠠ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢ ᠪᠠᠢ᠌ᠭᠤᠯᠵᠤ ᠨᠢᠭᠦᠯᠡᠰᠦᠩᠭᠦᠢ ᠵᠢᠨ ᠠᠵᠢᠯᠯᠠᠭ᠎ᠠ ᠦᠷᠨᠢᠬᠦᠯᠪᠡᠯ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠢ ᠬᠠᠤᠯᠢ ᠶᠣᠰᠣᠭ᠋ᠠᠷ  ᠬᠦᠷᠳᠡᠨ᠎ᠠ᠃》
ᠠᠷᠪᠠᠨ ᠵᠢᠷᠭᠤᠭ᠎ᠠ᠂ ᠨᠠᠶᠠᠨ ᠳᠥᠷᠪᠡᠳᠦᠭᠡᠷ ᠵᠦᠢ᠍ᠯ᠎ᠢ ᠶᠡᠷᠡᠨ ᠬᠣᠶᠠᠳᠤᠭ᠋ᠠᠷ ᠵᠦᠢ᠍ᠯ ᠪᠣᠯᠭ᠋ᠠᠭ᠋ᠠᠳ᠄ 《ᠤᠯᠤᠰ᠎ᠠᠴᠠ ᠶᠠᠳᠠᠭᠤ ᠵᠢ ᠲᠡᠳᠬᠦᠵᠦ ᠵᠦᠳᠡᠭᠦᠦ ᠵᠢ ᠲᠤᠰᠠᠯᠠᠬᠤ᠂ ᠬᠦᠨᠳᠦ ᠶᠡᠬᠡ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ᠎ᠳᠤ ᠣᠷᠣᠯᠴᠠᠬᠤ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠨᠢᠭᠦᠯᠡᠰᠦᠩᠭᠦᠢ ᠵᠢᠨ ᠠᠵᠢᠯᠯᠠᠭ᠎ᠠ᠎ᠳᠤ ᠣᠷᠣᠯᠴᠠᠬᠤ᠎ᠳᠤ ᠣᠨᠴᠠᠭ᠋ᠠᠶ ᠬᠠᠷᠠᠭ᠋ᠠᠯᠵᠠᠯᠲᠤ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠨ᠎ᠡ》 ᠭᠡᠵᠦ ᠵᠠᠰᠠᠪᠠ᠃
   ᠠᠷᠪᠠᠨ ᠲᠤᠯᠤᠭ᠎ᠠ᠂ ᠨᠠᠶᠠᠨ ᠳᠣᠯᠣᠳᠤᠭ᠋ᠠᠷ ᠵᠦᠢ᠍ᠯ᠎ᠢ ᠶᠡᠷᠡᠨ ᠲᠠᠪᠤᠳᠤᠭ᠋ᠠᠷ ᠵᠦᠢ᠍ᠯ ᠪᠣᠯᠭ᠋ᠠᠭ᠋ᠠᠳ᠂ ᠨᠢᠭᠡ ᠪᠠᠳᠠᠭ ᠨᠡᠮᠡᠵᠦ ᠬᠣᠶᠠᠳᠤᠭ᠋ᠠᠷ ᠪᠠᠳᠠᠭ ᠪᠣᠯᠭ᠋ᠠᠪᠠ᠄ 《ᠤᠯᠤᠰ᠎ᠠᠴᠠ ᠨᠢᠭᠦᠯᠡᠰᠦᠩᠭᠦᠢ ᠵᠢᠨ ᠬᠦᠷᠢᠶ᠎ᠡ ᠴᠠᠷᠠᠭ᠋ᠠᠨ᠎ᠳᠤ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠬᠡᠷᠡᠭᠯᠡᠬᠦ ᠵᠢ ᠵᠣᠷᠢᠭᠵᠢᠭᠤᠯᠤᠨ᠎ᠠ᠃ ᠨᠡᠢ᠌ᠭᠡᠮ᠎ᠤᠨ ᠬᠦᠴᠦᠨ᠎ᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ ᠪᠦᠲᠦᠭᠡᠬᠦ ᠪᠡᠯᠡ ᠣᠷᠣᠭᠤᠯᠤᠯᠲᠠ᠂ ᠪᠣᠢ᠌ᠵᠢᠭᠤᠯᠬᠤ᠂ ᠠᠵᠢᠯᠲᠠᠨ᠎ᠢ ᠪᠣᠯᠪᠠᠰᠤᠷᠠᠭᠤᠯᠬᠤ᠂ ᠨᠢᠬᠦᠯᠡᠰᠤᠡᠭᠭᠦᠢ ᠵᠢᠨ ᠵᠦᠢ᠍ᠯᠡᠰ᠎ᠢ ᠵᠢᠯᠤᠭᠣᠳᠬᠤ ᠵᠡᠷᠭᠡ ᠠᠷᠭ᠎ᠠ᠎ᠪᠠᠷ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠪᠡᠯᠡ ᠮᠥᠩᠭᠥᠨ᠎ᠤ ᠳᠡᠮᠵᠢᠯᠭᠡ ᠪᠠ ᠴᠢᠳᠠᠪᠤᠷᠢ ᠵᠢᠨ ᠪᠠᠢ᠌ᠭᠤᠯᠤᠯᠲᠠ ᠵᠢᠨ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃》
   ᠠᠷᠪᠠᠨ ᠨᠠᠢ᠍ᠮᠠ᠂ ᠨᠢᠭᠡ ᠵᠦᠢ᠍ᠯ ᠨᠡᠮᠡᠭᠡᠳ ᠶᠡᠷᠡᠨ ᠵᠢᠷᠭᠤᠳᠤᠭ᠋ᠠᠷ ᠵᠦᠢ᠍ᠯ ᠪᠣᠯᠭ᠋ᠠᠪᠠ᠄ 《ᠤᠯᠤᠰ᠎ᠠᠴᠠ ᠨᠥᠬᠥᠴᠡᠯ᠎ᠲᠠᠢ ᠭᠠᠵᠠᠷ ᠣᠷᠣᠨ᠎ᠳᠤ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠰᠠᠢ᠌ᠨ  ᠲᠤᠷᠠᠴᠤᠤᠯ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠦᠢ᠍ᠯᠡᠰ᠎ᠢ ᠬᠥᠭᠵᠢᠭᠦᠯᠬᠦ ᠵᠢ ᠵᠣᠷᠢᠭᠵᠢᠭᠤᠯᠤᠨ᠎ᠠ᠃》
   ᠠᠷᠪᠠ ᠶᠢᠰᠦ᠂ ᠨᠢᠭᠡ ᠵᠦᠢ᠍ᠯ ᠨᠡᠮᠡᠭᠡᠳ ᠵᠠᠭᠤ ᠨᠢᠭᠡᠳᠦᠭᠡᠷ ᠵᠦᠢ᠍ᠯ ᠪᠣᠯᠭ᠋ᠠᠪᠠ᠄ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠢᠭᠦᠯᠡᠰᠦᠩᠭᠦᠢ ᠵᠢᠨ ᠬᠠᠨᠳᠢᠪᠯᠡᠯ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠡᠮᠳᠡᠭᠯᠡᠯ ᠵᠡᠷᠭᠡ ᠮᠡᠳᠡᠭᠡ ᠵᠠᠩᠭᠢ ᠵᠢ ᠬᠣᠯᠪᠣᠭᠳᠠᠯ ᠪᠦᠬᠦᠢ ᠪᠡᠶᠡᠴᠢ ᠴᠣᠭᠴᠠ ᠵᠢᠨ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠵᠤ᠂ ᠢᠲᠡᠭᠡᠮᠵᠢ ᠵᠢᠨ ᠤᠷᠮᠠᠰᠢᠭᠤᠯᠬᠤ ᠳᠦᠷᠢᠮ᠎ᠢ ᠪᠦᠷᠢᠨᠰᠢᠭᠦᠯᠦᠨ᠎ᠡ᠃》
   ᠬᠣᠷᠢ᠂ ᠨᠢᠭᠡ ᠵᠦᠢ᠍ᠯ ᠨᠡᠮᠡᠭᠡᠳ ᠵᠠᠭᠤ ᠬᠣᠶᠠᠳᠤᠭ᠋ᠠᠷ ᠵᠦᠢ᠍ᠯ ᠪᠣᠯᠭ᠋ᠠᠪᠠ᠄ 《ᠤᠯᠤᠰ᠎ᠠᠴᠠ ᠨᠢᠭᠦᠯᠡᠰᠦᠩᠭᠦᠢ ᠵᠢᠨ ᠤᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃
《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠬᠢᠯᠢ ᠵᠢᠨ ᠭᠠᠳᠠᠨᠠᠬᠢ ᠨᠢᠭᠦᠯᠡᠰᠦᠩᠭᠦᠢ ᠵᠢᠨ ᠬᠠᠨᠳᠢᠪ ᠬᠦᠷᠭᠡᠯᠲᠡ ᠵᠢ ᠬᠦᠯᠢᠶᠡᠨ ᠠᠪᠴᠤ᠂ ᠬᠢᠯᠢ ᠵᠢᠨ ᠭᠠᠳᠠᠨᠠᠬᠢ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ᠎ᠲᠠᠢ ᠬᠠᠮᠲᠤᠷᠠᠨ ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠦᠭᠰᠡᠨ ᠪᠤᠯ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠵᠥᠪᠰᠢᠶᠡᠷᠡᠭᠦᠯᠬᠦ᠂ ᠳᠠᠩᠰᠠᠯᠠᠭᠤᠯᠬᠤ ᠵᠢᠷᠤᠮ᠎ᠢ ᠭᠦᠢ᠍ᠴᠡᠳᠬᠡᠨ᠎ᠡ᠃》
   ᠬᠣᠷᠢᠨ ᠨᠢᠭᠡ᠂ ᠶᠡᠷᠡᠨ ᠭᠤᠷᠪᠠᠳᠤᠭ᠋ᠠᠷ ᠵᠦᠢ᠍ᠯ᠎ᠢ ᠵᠠᠭᠤ ᠳᠥᠷᠪᠡᠳᠦᠭᠡᠷ ᠵᠦᠢ᠍ᠯ ᠪᠣᠯᠭ᠋ᠠᠭ᠋ᠠᠳ᠄ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠢ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ᠎ᠳᠤ  ᠲᠠᠷᠠᠭ᠋ᠠᠬᠢ ᠠᠷᠭ᠎ᠠ ᠵᠢ ᠠᠪᠬᠤ ᠡᠷᠬᠡ᠎ᠲᠠᠢ᠄
    《(ᠨᠢᠭᠡ) ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠢᠳᠡᠬᠡᠮᠵᠢᠳᠤ ᠨᠠᠶ᠋ᠢᠳᠠᠯᠭ᠎ᠠ ᠵᠢ ᠬᠦᠯᠢᠶᠡᠨ ᠠᠪᠤᠬ᠍ᠴᠢ ᠵᠢᠨ ᠣᠷᠣᠨ ᠰᠠᠭᠤᠴᠠ ᠪᠠ ᠨᠢᠭᠦᠯᠡᠰᠦᠩᠭᠦᠢ ᠵᠢᠨ ᠠᠵᠢᠯᠯᠠᠭ᠎ᠠ ᠡᠭᠦᠰᠦᠭᠰᠡᠨ ᠭᠠᠵᠠᠷ᠎ᠲᠤ᠎ᠨᠢ ᠪᠠᠢ᠌ᠴᠠᠭ᠋ᠠᠬᠤ᠃
   《(ᠬᠣᠶᠠᠷ) ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠢᠳᠡᠬᠡᠮᠵᠢᠳᠤ ᠨᠠᠶ᠋ᠢᠳᠠᠯᠭ᠎ᠠ ᠵᠢ ᠬᠦᠯᠢᠶᠡᠨ ᠠᠪᠤᠬ᠍ᠴᠢ ᠎ᠪᠠᠷ ᠲᠣᠳᠣᠷᠬᠠᠢ᠌ᠯᠠᠯᠲᠠ ᠬᠢᠯᠭᠡᠵᠦ᠂ ᠬᠣᠯᠪᠣᠭᠳᠠᠯ ᠪᠦᠬᠦᠢ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠠ ᠪᠠᠭᠤᠯᠭ᠋ᠠᠨ ᠠᠪᠤᠭᠤᠯᠬᠤ᠎ᠪᠠᠷ ᠱᠠᠭ᠋ᠠᠷᠳᠠᠬᠤ᠃
   《(ᠭᠤᠷᠪᠠ) ᠨᠢᠭᠦᠯᠡᠰᠦᠩᠭᠦᠢ ᠵᠢᠨ ᠠᠵᠢᠯᠯᠠᠭ᠎ᠠ᠎ᠳᠤ ᠬᠣᠯᠪᠣᠭᠳᠠᠬᠤ ᠨᠢᠭᠡᠴᠢ ᠪᠠ ᠬᠤᠪᠢ ᠬᠥᠮᠥᠨ᠎ᠨᠢ ᠬᠢᠨᠠᠯᠲᠠ ᠬᠠᠮᠢᠶᠠᠷᠤᠯᠲᠠ᠎ᠳᠤ ᠬᠣᠯᠪᠣᠭᠳᠠᠬᠤ ᠪᠠᠢ᠌ᠳᠠᠯ᠎ᠢ ᠪᠠᠢ᠌ᠴᠠᠭ᠋ᠠᠨ᠎ᠠ᠃
   《(ᠳᠥᠷᠪᠡ) ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠮᠥᠩᠭᠥᠨ ᠭᠦᠢ᠍ᠯᠭᠡᠭᠡᠨ᠎ᠤ ᠲᠠᠨᠭ᠌ᠰᠠᠨ ᠡᠷᠦᠭᠡ ᠵᠢ ᠪᠠᠢ᠌ᠴᠠᠭ᠋ᠠᠨ ᠯᠠᠪᠯᠠᠵᠤ ᠪᠣᠯᠣᠨ᠎ᠠ᠃
   《(ᠲᠠᠪᠤ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠠᠷᠭ᠎ᠠ᠎ᠨᠤᠭᠤᠳ᠃
    《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠨ ᠠᠪᠤᠬ᠍ᠴᠢ᠎ᠨᠢ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠢ ᠪᠤᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠵᠤ᠂ ᠲᠡᠳᠡᠨ ᠵᠶ᠋ᠡᠷ ᠪᠠᠢ᠌ᠳᠠᠯ᠎ᠢ ᠲᠣᠳᠣᠷᠬᠠᠢ᠌ᠯᠠᠭᠤᠯᠵᠤ᠂ ᠰᠠᠢ᠌ᠵᠢᠷᠠᠭᠤᠯᠬᠤ ᠠᠷᠭ᠎ᠠ ᠳᠤᠷᠠᠳᠤᠭᠤᠯᠬᠤ᠎ᠪᠠᠷ ᠱᠠᠭ᠋ᠠᠷᠳᠠᠵᠤ ᠪᠣᠯᠣᠨ᠎ᠠ᠃
   《ᠪᠤᠰᠤᠳ ᠨᠢᠭᠦᠯᠡᠰᠦᠩᠭᠦᠢ ᠵᠢᠨ ᠠᠵᠢᠯᠯᠠᠭ᠎ᠠ᠎ᠳᠤ ᠣᠷᠣᠯᠴᠠᠭᠰᠠᠳ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠢ ᠪᠤᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠪᠠᠢ᠌ᠴᠠᠭ᠋ᠠᠨ ᠰᠢᠢ᠍ᠳᠪᠦᠷᠢᠯᠡᠵᠦ ᠪᠣᠯᠣᠨ᠎ᠠ᠃》
    ᠬᠣᠷᠢᠨ ᠬᠣᠶᠠᠷ᠂ ᠶᠡᠷᠡᠨ ᠲᠠᠪᠤᠳᠤᠭ᠋ᠠᠷ ᠵᠦᠢ᠍ᠯ᠎ᠢ ᠵᠠᠭᠤ ᠵᠢᠷᠭᠤᠳᠤᠭ᠋ᠠᠷ ᠵᠦᠢ᠍ᠯ ᠪᠣᠯᠭ᠋ᠠᠭ᠋ᠠᠳ᠄ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠪᠠ ᠲᠡᠭᠦᠨ᠎ᠤ ᠬᠠᠷᠢᠭᠤᠴᠠᠯᠭ᠋ᠠᠲᠠᠨ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠨ ᠠᠪᠤᠬ᠍ᠴᠢ ᠵᠢᠨ ᠢᠲᠡᠭᠡᠮᠵᠢ ᠵᠢᠨ ᠲᠡᠮᠳᠡᠭᠯᠡᠯ᠎ᠤᠨ ᠳᠦᠷᠢᠮ᠎ᠢ ᠪᠠᠶ᠋ᠢᠭᠤᠯᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠬᠦ ᠬᠡᠷᠡᠭᠲᠡᠢ᠃
   《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠦᠨᠡᠯᠡᠬᠦ ᠳᠦᠷᠢᠮ᠎ᠢ ᠪᠠᠢ᠌ᠭᠤᠯᠵᠤ᠂ ᠬᠦᠨᠳᠡᠯᠡᠨ᠎ᠤ ᠪᠠᠢ᠌ᠭᠤᠯᠤᠮᠵᠢ ᠵᠢᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ᠎ᠬᠢ ᠳᠣᠲᠣᠭ᠋ᠠᠳᠤ ᠵᠢᠨ ᠵᠠᠰᠠᠯᠲᠠ᠂ ᠡᠳ᠋᠎ᠤᠨ ᠶᠠᠪᠤᠳᠠᠯ᠎ᠤᠨ ᠪᠠᠢ᠌ᠳᠠᠯ᠂ ᠵᠦᠢ᠍ᠯ᠎ᠢ ᠵᠣᠷᠢᠭᠵᠢᠭᠤᠯᠤᠨ ᠳᠡᠮᠵᠢᠬᠦ ᠬᠡᠷᠡᠭᠲᠡᠢ》 ᠬᠡᠪᠡ᠃
   ᠬᠣᠷᠢᠨ ᠬᠣᠶᠠᠷ᠂ ᠶᠡᠷᠡᠨ ᠲᠠᠪᠤᠳᠤᠭ᠋ᠠᠷ ᠵᠦᠢ᠍ᠯ᠎ᠢ ᠵᠠᠭᠤ ᠵᠢᠷᠭᠤᠳᠤᠭ᠋ᠠᠷ ᠵᠦᠢ᠍ᠯ ᠪᠣᠯᠭ᠋ᠠᠭ᠋ᠠᠳ᠄ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠪᠤᠯᠤᠨ ᠲᠡᠭᠦᠨ᠎ᠤ ᠬᠠᠷᠢᠭᠤᠴᠠᠯᠭ᠋ᠠᠲᠠᠨ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ ᠵᠢᠨ ᠢᠲᠡᠭᠡᠮᠵᠢ ᠵᠢᠨ ᠲᠡᠮᠳᠡᠭᠯᠡᠯ᠎ᠤᠨ ᠳᠦᠷᠢᠮ᠎ᠢ ᠪᠠᠶ᠋ᠢᠭᠤᠯᠬᠤ ᠵᠢᠨ ᠬᠠᠮᠲᠤ ᠨᠡᠢ᠌ᠭᠡᠮ ᠲᠠᠶᠠᠭ᠋ᠠᠷ᠎ᠲᠤ ᠨᠡᠢ᠌ᠲᠡᠯᠡᠬᠦ ᠬᠡᠷᠡᠭᠲᠡᠢ》 ᠬᠡᠪᠡ᠃
   《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ  ᠦᠨᠡᠯᠡᠬᠦ ᠳᠦᠷᠢᠮ᠎ᠢ ᠪᠠᠢ᠌ᠭᠤᠯᠵᠤ᠂  ᠬᠦᠨᠳᠡᠯᠡᠨ᠎ᠤ ᠪᠠᠢ᠌ᠭᠤᠯᠤᠮᠵᠢ ᠵᠢᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠳᠣᠲᠣᠭ᠋ᠠᠳᠤ ᠵᠢᠨ ᠵᠠᠰᠠᠯᠲᠠ᠂ ᠡᠳ᠋᠎ᠤᠨ ᠶᠠᠪᠤᠳᠠᠯ᠎ᠤᠨ ᠪᠠᠢ᠌ᠳᠠᠯ᠂ ᠲᠦᠷᠤᠯ ᠵᠦᠢ᠍ᠯᠡᠰ᠎ᠢ ᠥᠷᠨᠢᠭᠦᠯᠦᠭᠰᠡᠨ ᠪᠠᠢ᠌ᠳᠠᠯ ᠪᠤᠯᠤᠨ ᠮᠡᠳᠡᠭᠡ ᠵᠠᠩᠭᠢ ᠵᠢ ᠢᠯᠡᠵᠢᠬᠦᠯᠬᠦ ᠵᠡᠷᠭᠡ ᠠᠵᠢᠯ᠎ᠢ ᠦᠨᠡᠯᠡᠬᠦ ᠵᠢ ᠵᠣᠷᠢᠭᠵᠢᠭᠤᠯᠤᠨ ᠳᠡᠮᠵᠢᠬᠦ ᠵᠢᠨ ᠬᠠᠮᠲᠤ ᠦᠨᠡᠯᠡᠭᠰᠡᠨ ᠦᠷ᠎ᠡ ᠳ᠋ᠦᠩ ᠵᠶ᠋ᠡᠨ ᠨᠡᠢ᠌ᠭᠡᠮ ᠨᠡᠢ᠌ᠳᠡ᠎ᠳᠤ ᠨᠡᠢ᠌ᠲᠡᠯᠡᠬᠦ ᠬᠡᠷᠡᠭᠲᠡᠢ》᠎ᠲᠤ ᠲᠤᠬᠳᠠᠭ᠋ᠠᠪᠠ᠃
    ᠬᠣᠷᠢᠨ ᠭᠤᠷᠪᠠ᠂ ᠶᠡᠷᠡᠨ ᠨᠠᠢ᠍ᠮᠠᠳᠤᠭ᠋ᠠᠷ ᠵᠦᠢ᠍ᠯ᠎ᠢ ᠵᠠᠭᠤ ᠶᠢᠰᠦᠳᠦᠭᠡᠷ ᠵᠦᠢ᠍ᠯ ᠪᠣᠯᠭ᠋ᠠᠭ᠋ᠠᠳ᠄ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ  ᠲᠠᠷᠠᠭ᠋ᠠᠬᠢ ᠪᠠᠢ᠌ᠳᠠᠯ᠎ᠤᠨ ᠠᠯᠢ ᠨᠢᠭᠡ᠎ᠨᠢ ᠤᠷᠤᠰᠢᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠳᠣᠩᠭᠣᠳᠬᠤ ᠪᠤᠶᠤ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠠᠵᠢᠯᠯᠠᠭ᠎ᠠ ᠵᠢ᠎ᠨᠢ ᠵᠣᠭᠰᠤᠭ᠋ᠠᠬᠤ ᠵᠢᠨ ᠬᠠᠮᠲᠤ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ᠃ ᠤᠢ᠍ᠢ᠍ᠯᠠ ᠪᠠᠢ᠌ᠳᠠᠯ᠎ᠨᠢ ᠬᠦᠨᠳᠦ ᠨᠣᠴᠢᠲᠠᠢ  ᠪᠤᠯ ᠳᠠᠩᠰᠠᠯᠠᠭᠤᠯᠤᠭᠰᠠᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠤᠢ᠌ᠭᠡᠢ ᠪᠣᠯᠭ᠋ᠠᠬᠤ ᠵᠢᠨ ᠬᠠᠮᠲᠤ ᠵᠠᠷᠯᠠᠨ ᠨᠡᠢ᠌ᠳᠡᠯᠡᠬᠦ ᠪᠤᠯᠤᠨ᠎ᠠ᠄
   《(ᠨᠢᠭᠡ) ᠨᠢᠭᠦᠯᠡᠰᠦᠩᠭᠦᠢ ᠵᠢᠨ ᠵᠣᠷᠢᠯᠲᠠ ᠶᠣᠰᠣᠭ᠋ᠠᠷ ᠠᠵᠢᠯᠯᠠᠭ᠎ᠠ ᠦᠯᠦ ᠥᠷᠨᠢᠭᠦᠯᠦᠭᠰᠡᠨ᠃
   《(ᠬᠣᠶᠠᠷ) ᠨᠢᠭᠦᠯᠡᠰᠦᠩᠭᠦᠢ ᠵᠢᠨ ᠡᠳ᠋ ᠬᠥᠷᠥᠩᠭᠡ ᠵᠢ ᠳᠣᠲᠣᠷ᠎ᠠ ᠵᠠᠭᠤᠷ᠎ᠠ᠎ᠪᠠᠨ ᠬᠤᠪᠢᠶᠠᠭᠰᠠᠨ᠂ ᠨᠡᠭᠦᠯᠭᠡᠨ ᠬᠡᠷᠡᠭᠯᠡᠭᠰᠡᠨ᠂ ᠳᠤᠮᠳᠠ᠎ᠠᠴᠠ᠎ᠨᠢ ᠦᠯᠡᠳᠡᠭᠡᠭᠰᠡᠨ ᠪᠤᠶᠤ ᠡᠵᠡᠯᠡᠨ ᠠᠪᠤᠭᠰᠠᠨ᠃
   《(ᠭᠤᠷᠪᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠪᠤᠶᠤ ᠨᠡᠢ᠌ᠭᠡᠮ ᠨᠡᠶ᠋ᠢᠲᠡ ᠵᠢᠨ ᠶᠣᠰᠣ ᠮᠣᠷᠠᠯ᠎ᠢ ᠵᠥᠷᠢᠴᠡᠭᠰᠡᠨ ᠨᠡᠮᠡᠯᠲᠡ ᠨᠥᠬᠥᠴᠡᠯ᠎ᠢ ᠬᠦᠯᠢᠶᠡᠨ ᠠᠪᠤᠭᠰᠠᠨ᠂ ᠡᠰᠡᠬᠦᠯ᠎ᠡ ᠠᠰᠢᠭ ᠬᠦᠷᠲᠡᠭᠴᠢ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠪᠤᠶᠤ ᠨᠡᠢ᠌ᠭᠡᠮ ᠨᠡᠶ᠋ᠢᠲᠡ ᠵᠢᠨ ᠶᠣᠰᠣ ᠮᠣᠷᠠᠯ᠎ᠢ ᠵᠥᠷᠢᠴᠡᠭᠰᠡᠨ ᠨᠡᠮᠡᠯᠲᠡ ᠨᠥᠬᠥᠴᠡᠯ᠎ᠢ ᠳᠠᠭ᠋ᠠᠯᠳᠤᠭᠤᠯᠵᠤ ᠥᠭᠭᠦᠭᠰᠡᠨ》 ᠭᠡᠵᠦ ᠵᠠᠰᠠᠪᠠ᠃
   ᠬᠣᠷᠢᠨ ᠳᠥᠷᠪᠡ᠂ ᠶᠡᠷᠡ ᠶᠢᠰᠦᠳᠦᠭᠡᠷ ᠵᠦᠢ᠍ᠯ᠎ᠢ ᠵᠠᠭᠤ ᠠᠷᠪᠠᠳᠤᠭ᠋ᠠᠷ ᠵᠦᠢ᠍ᠯ ᠪᠣᠯᠭ᠋ᠠᠭ᠋ᠠᠳ᠄ 《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ  ᠲᠠᠷᠠᠭ᠋ᠠᠬᠢ ᠪᠠᠢ᠌ᠳᠠᠯ᠎ᠤᠨ  ᠠᠯᠢ ᠨᠢᠭᠡ᠎ᠨᠢ ᠤᠷᠤᠰᠢᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠳᠣᠩᠭᠣᠳᠬᠤ ᠪᠥᠭᠡᠳ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠠᠵᠢᠯᠯᠠᠭ᠎ᠠ ᠵᠢ᠎ᠨᠢ ᠵᠣᠭᠰᠤᠭ᠋ᠠᠬᠤ ᠵᠢᠨ ᠬᠠᠮᠲᠤ ᠴᠡᠭᠴᠡᠯᠡᠬᠦᠯᠤᠨ᠎ᠡ᠃
    《(ᠨᠢᠭᠡ) ᠲᠤᠰ ᠬᠠᠤᠯᠢ ᠵᠢᠨ ᠠᠷᠪᠠᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠡᠳ ᠨᠢᠭᠦᠯᠡᠰᠦᠩᠭᠦᠢ ᠵᠢᠨ ᠡᠳ᠋ ᠬᠥᠷᠥᠩᠭᠡ᠎ᠳᠤ ᠬᠣᠬᠢᠷᠠᠯ ᠤᠴᠠᠷᠠᠭᠤᠯᠤᠭᠰᠠᠨ᠃
    《(ᠬᠣᠶᠠᠷ)  ᠬᠠᠨᠳᠢᠪᠯᠠᠬ᠍ᠴᠢ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯᠲᠠᠨ᠎ᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠥᠨ᠎ᠢ ᠵᠢᠭ᠋ᠠᠨ ᠲᠣᠭᠲᠠᠭ᠋ᠠᠭᠰᠠᠨ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠵᠢᠭ᠋ᠠᠨ ᠲᠣᠭᠲᠠᠭ᠋ᠠᠵᠤ ᠠᠰᠢᠭ ᠬᠦᠷᠲᠡᠭᠴᠢ᠎ᠪᠠᠷ ᠲᠣᠭᠲᠠᠭ᠋ᠠᠭᠰᠠᠨ᠃
   《(ᠭᠤᠷᠪᠠ) ᠪᠡᠯᠡ ᠣᠷᠣᠭᠤᠯᠤᠯᠲᠠ᠎ᠳᠤ ᠬᠡᠷᠡᠭᠯᠡᠵᠦ ᠪᠣᠯᠬᠤ ᠦᠭᠡᠢ ᠡᠳ᠋ ᠬᠥᠷᠥᠩᠭᠡ ᠵᠢ ᠪᠡᠯᠡ ᠣᠷᠣᠭᠤᠯᠤᠯᠲᠠ᠎ᠳᠤ ᠬᠡᠷᠡᠭᠯᠡᠭᠰᠡᠨ᠃
   《(ᠲᠦᠷᠪᠡ) ᠬᠠᠨᠳᠢᠪᠯᠠᠬᠰᠠᠨ ᠡᠳ᠋ ᠬᠥᠷᠥᠩᠭᠡ ᠵᠢᠨ ᠬᠡᠷᠡᠭᠴᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ᠃
   《(ᠲᠠᠪᠤ) ᠰᠠᠢ᠌ᠨ ᠬᠠᠮᠢᠶᠠᠷᠤᠭᠰᠠᠨ ᠦᠭᠡᠢ᠎ᠠᠴᠠ ᠪᠣᠯᠵᠤ ᠨᠢᠭᠦᠯᠡᠰᠦᠩᠭᠦᠢ ᠵᠢᠨ ᠡᠳ᠋ ᠬᠥᠷᠥᠩᠭᠡ᠎ᠳᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ᠃
   《(ᠵᠢᠷᠭᠤᠭ᠎ᠠ) ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ᠎ᠳᠤ ᠣᠨ᠎ᠤ ᠵᠠᠷᠤᠯᠭ᠎ᠠ᠂ ᠬᠠᠮᠢᠶᠠᠷᠤᠯᠲᠠ ᠵᠢᠨ ᠵᠠᠷᠤᠳᠠᠯ ᠪᠤᠶᠤ ᠬᠠᠨᠳᠢᠪ ᠴᠤᠭᠯᠠᠭᠤᠯᠬᠤ ᠥᠪᠡᠷ᠎ᠤᠨ ᠦᠷᠳᠡᠭ᠎ᠨᠢ ᠲᠣᠭᠲᠠᠭ᠋ᠠᠯ᠎ᠢ ᠵᠥᠷᠢᠴᠡᠭᠰᠡᠨ᠃
   《(ᠲᠤᠯᠤᠭ᠎ᠠ) ᠮᠡᠳᠡᠭᠡ ᠵᠠᠩᠭᠢ ᠵᠢ ᠢᠯᠡᠵᠢᠬᠦᠯᠬᠦ ᠡᠭᠦᠷᠭᠡ᠎ᠪᠠᠨ ᠦᠯᠤ ᠬᠠᠤᠯᠢ ᠶᠣᠰᠣᠭ᠋ᠠᠷ ᠭᠦᠢ᠍ᠴᠡᠳᠬᠡᠭᠰᠡᠨ᠃
   《(ᠨᠠᠢ᠍ᠮᠠ) ᠣᠨ᠎ᠤ ᠠᠵᠢᠯ᠎ᠤᠨ ᠮᠡᠳᠡᠭᠦᠯᠦᠯᠲᠡ᠂ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠯᠲᠠ ᠵᠢᠨ ᠮᠡᠳᠡᠭᠦᠯᠦᠯᠲᠡ᠎ᠪᠠᠨ ᠬᠠᠤᠯᠢ ᠶᠣᠰᠣᠭ᠋ᠠᠷ ᠮᠡᠳᠡᠬᠦᠯᠦᠭᠰᠡᠨ ᠦᠭᠡᠢ ᠪᠤᠶᠤ ᠬᠠᠨᠳᠢᠪ ᠴᠤᠭᠯᠠᠭᠤᠯᠬᠤ ᠲᠥᠰᠥᠯ ᠵᠶ᠋ᠡᠨ ᠮᠡᠳᠡᠭᠦᠯᠦᠨ ᠳᠠᠩᠰᠠᠯᠠᠭᠤᠯᠤᠭᠰᠠᠨ ᠦᠭᠡᠢ᠃
   《(ᠶᠢᠰᠦ) ᠬᠠᠨᠳᠢᠪᠯᠠᠬ᠍ᠴᠢ᠂ ᠰᠠᠢ᠌ᠨ ᠳᠤᠷ᠎ᠠ ᠵᠢᠨ ᠠᠵᠢᠯᠯᠠᠭᠴᠢ᠂ ᠠᠰᠢᠭ ᠬᠦᠷᠳᠡᠭᠴᠢ ᠵᠢᠨ ᠬᠤᠪᠢ ᠵᠢᠨ ᠨᠢᠭᠤᠴᠠ ᠪᠤᠯᠤᠨ ᠬᠠᠨᠳᠢᠪᠯᠠᠬ᠍ᠴᠢ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠢ᠌ᠳᠠᠭᠴᠢ ᠵᠢᠨ ᠢᠯᠡᠵᠢᠬᠦᠯᠬᠦ ᠵᠢ ᠦᠯᠦ ᠵᠥᠪᠰᠢᠶᠡᠷᠡᠭᠰᠡᠨ ᠣᠪᠣᠭ ᠨᠡᠷ᠎ᠡ᠂ ᠨᠡᠷᠡᠢ᠌ᠳᠦᠯ᠂ ᠣᠷᠣᠨ ᠰᠠᠭᠤᠴᠠ᠂ ᠮᠡᠳᠡᠭᠡ ᠬᠣᠯᠪᠣᠭ᠋ᠠᠨ᠎ᠤ ᠳ᠋ᠤᠭ᠋ᠠᠷ ᠵᠡᠷᠭᠡ ᠮᠡᠳᠡᠭᠡ ᠵᠠᠩᠭᠢ ᠵᠢ ᠵᠠᠳᠠᠷᠠᠭᠤᠯᠤᠭᠰᠠᠨ᠃
   《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠵᠢ ᠵᠠᠳᠠᠷᠠᠭᠤᠯᠤᠭᠰᠠᠨ ᠪᠤᠯ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠃》
   《ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠳᠤ ᠡᠮᠦᠨᠡᠬᠢ ᠬᠣᠶᠠᠷ ᠪᠠᠳᠠᠭ᠎ᠲᠤ ᠲᠣᠭᠲᠠᠭ᠋ᠠᠭᠰᠠᠨ ᠪᠠᠢ᠌ᠳᠠᠯ ᠤᠷᠤᠰᠢᠪᠠᠯ ᠬᠠᠤᠯᠢ ᠶᠣᠰᠣᠭ᠋ᠠᠷ ᠰᠢᠢ᠍ᠳᠪᠦᠷᠢᠯᠡᠭᠰᠡᠨ᠎ᠤ ᠲᠠᠷᠠᠭ᠎ᠠ ᠨᠢᠭᠡ ᠵᠢᠯ᠎ᠤᠨ ᠳᠣᠲᠣᠷ᠎ᠠ ᠡᠮᠦᠨᠡᠬᠢ ᠪᠠᠳᠠᠭ᠎ᠲᠤ ᠲᠣᠭᠲᠠᠭ᠋ᠠᠭᠰᠠᠨ ᠪᠠᠢ᠌ᠳᠠᠯ ᠲᠠᠬᠢᠨ ᠭᠠᠷᠤᠭᠰᠠᠨ᠂ ᠡᠰᠡᠬᠦᠯ᠎ᠡ ᠦᠢ᠍ᠯᠡ ᠪᠠᠢ᠌ᠳᠠᠯ᠎ᠨᠢ ᠨᠣᠴᠢᠲᠠᠢ ᠪᠤᠰᠤᠳ ᠪᠠᠢ᠌ᠳᠠᠯ᠎ᠲᠠᠢ ᠤᠷᠤᠰᠢᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠳᠠᠩᠰᠠᠯᠠᠭᠤᠯᠤᠭᠰᠠᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠦᠭᠡᠢ ᠪᠣᠯᠭ᠋ᠠᠬᠤ ᠵᠢᠨ ᠬᠠᠮᠲᠤ ᠨᠡᠢ᠌ᠬᠡᠮ ᠨᠡᠢ᠌ᠳᠡ᠎ᠳᠤ ᠵᠠᠷᠯᠠᠨ᠎ᠠ᠃》







 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠤᠷᠪᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠰᠢᠢ᠍ᠳᠪᠤᠷᠢ
ᠲᠤᠮᠳᠠᠳᠤ ᠤᠯᠤᠰ᠎ᠤᠨ ᠢᠷᠬᠡᠳ᠎ᠤᠨ ᠬᠡᠤᠬᠡᠳ ᠦᠷᠡᠴᠢᠯᠡᠬᠦ ᠵᠢ ᠲᠠᠡᠭᠰᠠᠯᠠᠬᠤ ᠠᠷᠭ᠎ᠠ
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ (ᠲᠡᠬᠡᠳᠤ)
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ (ᠲᠤᠤᠷᠠᠳᠤ)
 
            