ᠨᠤᠮᠢᠨ ᠤᠷᠴᠢᠭᠤᠯᠪᠠ
ᠠᠷᠪᠠᠨ ᠳᠥᠷᠪᠡᠳᠦᠭᠡᠷ ᠵᠦᠢ᠍ᠯ᠄ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ ᠂ ᠭᠠᠳᠠᠭ᠋ᠠᠳᠤ ᠬᠡᠯᠡᠨ᠎ᠤ ᠭᠠᠵᠠᠷ᠎ᠤᠨ ᠨᠡᠷᠡᠰ ᠤᠨ ᠪᠠᠷᠢᠮᠵᠢᠶᠠᠲᠤ ᠬᠢᠲᠠᠳ ᠦᠰᠦᠭ᠎ᠤᠨ ᠣᠷᠴᠢᠭᠤᠯᠭ᠎ᠠ ᠵᠢᠨ ᠨᠡᠷ᠎ᠡ ᠵᠢ ᠬᠡᠷᠡᠭᠯᠡᠬᠦ ᠳᠤ᠎ᠪᠠᠨ ᠪᠠᠷᠢᠮᠵᠢᠶᠠᠲᠤ ᠭᠠᠵᠠᠷ᠎ᠤᠨ ᠨᠡᠷᠡᠰ ᠢ ᠬᠡᠷᠡᠭᠯᠡᠬᠦ ᠲᠤᠬᠠᠢ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃
ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠂ ᠭᠠᠳᠠᠭ᠋ᠠᠳᠤ ᠬᠡᠯᠡᠨ᠎ᠤ ᠭᠠᠵᠠᠷ᠎ᠤᠨ ᠨᠡᠷᠡᠰ ᠤᠨ ᠪᠠᠷᠢᠮᠵᠢᠶᠠᠲᠤ ᠬᠢᠲᠠᠳ ᠦᠰᠦᠭ᠎ᠤᠨ ᠣᠷᠴᠢᠭᠤᠯᠭ᠎ᠠ ᠵᠢᠨ ᠨᠡᠷᠡᠰ ᠢ ᠭᠠᠵᠠᠷ᠎ᠤᠨ ᠨᠡᠷᠡᠰ ᠤᠨ ᠠᠯᠪᠠᠨ ᠵᠠᠷ᠂ ᠤᠯᠤᠰ᠎ᠤᠨ ᠭᠠᠵᠠᠷ᠎ᠤᠨ ᠨᠡᠷᠡᠰ ᠤᠨ ᠮᠡᠳᠡᠭᠡ ᠵᠠᠩᠭᠢ ᠵᠢᠨ ᠬᠥᠮᠥᠷᠭᠡ᠂ ᠪᠠᠷᠢᠮᠵᠢᠶᠠᠲᠤ ᠭᠠᠵᠠᠷ᠎ᠤᠨ ᠨᠡᠷᠡᠰ ᠤᠨ ᠬᠡᠪᠯᠡᠭᠳᠡᠬᠦᠨ ᠵᠡᠷᠭᠡ᠎ᠪᠠᠷ ᠳᠠᠮᠵᠢᠭᠤᠯᠤᠨ ᠨᠡᠢ᠌ᠭᠡᠮ ᠲᠠᠶᠠᠭ᠋ᠠᠷ᠎ᠲᠤ ᠨᠡᠢ᠌ᠲᠡᠯᠡᠨ᠎ᠡ᠃
ᠠᠷᠪᠠᠨ ᠲᠠᠪᠤᠳᠤᠭ᠋ᠠᠷ ᠵᠦᠢ᠍ᠯ᠄ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠭᠠᠵᠠᠷ᠎ᠤᠨ ᠨᠡᠷᠡᠰ ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠭᠠᠵᠠᠷ᠎ᠤᠨ ᠨᠡᠷᠡᠰ ᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠨᠢᠭᠡᠳᠦᠯᠲᠡᠢ ᠭᠠᠵᠠᠷ᠎ᠤᠨ ᠨᠡᠷᠡᠰ ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠪᠠ ᠰᠢᠰᠲ᠋ᠧᠮ᠎ᠤᠨ ᠪᠠᠢ᠌ᠭᠤᠯᠤᠯᠲᠠ ᠵᠢᠨ ᠵᠢᠷᠤᠮᠵᠢᠯ᠎ᠢ ᠲᠣᠭᠲᠠᠭ᠋ᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠬᠣᠭᠣᠷᠣᠨᠳᠣᠬᠢ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠡᠮᠬᠢᠯᠡᠨ ᠨᠡᠢ᠌ᠯᠡᠭᠦᠯᠬᠦ᠂ ᠬᠠᠮᠳᠤ᠎ᠪᠠᠷ ᠭᠥᠷᠳᠡᠬᠦ ᠪᠠ ᠬᠡᠷᠡᠭᠯᠡᠬᠦ ᠵᠢ ᠠᠬᠢᠭᠤᠯᠵᠤ᠂ ᠭᠠᠵᠠᠷ᠎ᠤᠨ ᠨᠡᠷᠡᠰ ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠲᠡᠭᠡᠭᠰᠢᠯᠡᠬᠦᠯᠤᠨ᠎ᠡ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠡᠪᠴᠢᠶ᠎ᠡ ᠶᠣᠰᠣᠭ᠋ᠠᠷ ᠤᠯᠤᠰ᠎ᠤᠨ ᠭᠠᠵᠠᠷ᠎ᠤᠨ ᠨᠡᠷᠡᠰ ᠤᠨ ᠮᠡᠳᠡᠭᠡ ᠵᠠᠩᠭᠢ ᠵᠢᠨ ᠬᠥᠮᠥᠷᠭᠡ ᠵᠢᠨ ᠭᠠᠵᠠᠷ᠎ᠤᠨ ᠨᠡᠷᠡᠰ ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠴᠠᠭ ᠲᠤᠬᠠᠢᠳᠤᠨᠢ ᠰᠢᠨᠡᠳᠬᠡᠬᠦ ᠪᠠ ᠬᠠᠮᠠᠭ᠋ᠠᠯᠠᠵᠤ᠂ ᠭᠠᠵᠠᠷ᠎ᠤᠨ ᠨᠡᠷᠡᠰ ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠵᠢᠷᠤᠮᠵᠢᠯᠳᠤ ᠴᠢᠨᠠᠷ ᠪᠠ ᠤᠳᠤᠬᠢᠴᠢ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠨᠢᠭᠡᠨᠲᠡ ᠪᠠᠢ᠌ᠭ᠎ᠠ ᠲᠤᠰ ᠱᠠᠲᠤᠨ᠎ᠤ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢ ᠤᠯᠤᠰ᠎ᠤᠨ ᠳᠡᠰ᠎ᠤᠨ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ᠎ᠲᠠᠢ ᠬᠣᠯᠪᠣᠯᠳᠤᠭᠤᠯᠤᠨ ᠨᠡᠪᠲᠡᠷᠡᠯᠴᠡᠭᠦᠯᠵᠦ᠂ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ
ᠠᠷᠪᠠᠨ ᠵᠢᠷᠭᠤᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷ᠎ᠡ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠭᠥᠷᠳᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠪᠠ ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠨ᠂ ᠤᠯᠤᠰ᠎ᠤᠨ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠬᠥᠮᠥᠷᠭᠡ᠎ᠳᠤ ᠲᠦᠰᠢᠭᠯᠡᠨ ᠭᠠᠵᠠᠷ᠎ᠤᠨ ᠨᠡᠷᠡᠰ᠎ᠤᠨ ᠮᠡᠳᠡᠭᠡ ᠵᠠᠡᠭᠭᠢ ᠵᠢᠨ ᠬᠦᠮᠦᠷᠬᠡ᠎ᠳᠤ ᠲᠤᠯᠭ᠋ᠠᠭᠤᠷᠢᠯᠠᠨ ᠭᠠᠵᠠᠷ᠎ᠤᠨ ᠨᠡᠷᠡᠰ᠎ᠤᠨ ᠦᠷᠬᠡᠨ ᠲᠡᠯᠬᠡᠷ ᠬᠡᠷᠡᠭᠯᠡᠯᠳᠡ ᠵᠢ ᠠᠬᠢᠭᠤᠯᠬᠤ ᠬᠡᠷᠡᠭᠳᠡᠢ᠃
ᠠᠷᠪᠠᠨ ᠳᠣᠯᠣᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠴᠤᠭᠯᠠᠭᠤᠯᠬᠤ᠂ ᠬᠠᠳᠠᠭ᠋ᠠᠯᠠᠬᠤ᠂ ᠳᠠᠮᠵᠢᠭᠤᠯᠬᠤ᠂ ᠬᠡᠷᠡᠭᠯᠡᠬᠦ ᠵᠡᠷᠭᠡ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠠᠶᠤᠯ ᠦᠬᠡᠢ ᠵᠢ ᠪᠠᠳᠤᠯᠠᠬᠤ ᠬᠡᠷᠡᠭᠳᠡᠢ᠃
ᠠᠷᠪᠠᠨ ᠨᠠᠢ᠍ᠮᠠᠳᠤᠭ᠋ᠠᠷ ᠵᠦᠢ᠍ᠯ᠄ ᠭᠠᠵᠠᠷ᠎ᠤᠨ ᠨᠡᠷᠡᠰ᠎ᠤᠨ ᠲᠡᠮᠳᠡᠭ᠎ᠢ ᠪᠠᠢ᠌ᠷᠢᠯᠠᠭᠤᠯᠬᠤ᠎ᠳᠤ ᠪᠠᠢ᠌ᠷᠢᠰᠢᠯ᠎ᠨᠢ ᠵᠣᠬᠢᠰᠲᠠᠢ᠂ ᠣᠷᠣᠨ ᠪᠠᠢ᠌ᠷᠢ᠎ᠨᠢ ᠢᠯᠡᠷᠬᠡᠢ᠂ ᠠᠶᠤᠯ ᠦᠭᠡᠢ ᠪᠥᠭᠡᠳ ᠨᠠᠢ᠌ᠳᠠᠪᠤᠷᠢᠲᠠᠢ ᠪᠠᠢ᠌ᠬᠤ ᠬᠡᠷᠡᠭᠲᠡᠢ᠂ ᠢᠯᠡᠳᠬᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠵᠢ ᠣᠨᠣᠪᠴᠢᠲᠠᠶ ᠵᠢᠷᠤᠮᠵᠢᠭᠤᠯᠤᠭᠰᠠᠨ ᠪᠠᠢ᠌ᠬᠤ ᠬᠡᠷᠡᠭᠲᠡᠢ᠃
ᠠᠷᠪᠠ ᠶᠢᠰᠦᠳᠦᠭᠡᠷ ᠵᠦᠢ᠍ᠯ᠄ ᠭᠠᠵᠠᠷ᠎ᠤᠨ ᠨᠡᠷᠡᠰ᠎ᠤᠨ ᠢᠯᠡᠳᠬᠡᠮᠵᠢ ᠲᠡᠮᠳᠡᠭ᠎ᠲᠤ ᠲᠠᠷᠠᠭ᠋ᠠᠬᠢ ᠵᠢᠭᠰᠠᠭ᠋ᠠᠭᠰᠠᠨ ᠪᠠᠢ᠌ᠳᠠᠯ᠎ᠤᠨ ᠠᠯᠢ ᠨᠢᠬᠡ᠎ᠨᠢ ᠤᠷᠤᠰᠢᠪᠠᠯ ᠭᠠᠵᠠᠷ᠎ᠤᠨ ᠨᠡᠷᠡᠰ᠎ᠤᠨ ᠢᠯᠡᠳᠬᠡᠮᠵᠢ ᠲᠡᠮᠳᠡᠭ᠎ᠢ ᠪᠠᠢ᠌ᠷᠢᠯᠠᠭᠤᠯᠬᠤ᠂ ᠬᠠᠮᠠᠭ᠋ᠠᠯᠠᠬᠤ ᠪᠠ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠴᠠᠭ ᠲᠤᠬᠠᠢᠳᠤᠨᠢ ᠵᠠᠯᠠᠷᠠᠭᠤᠯᠵᠤ᠂ ᠬᠠᠮᠠᠭ᠋ᠠᠯᠠᠬᠤ ᠬᠡᠷᠡᠭᠲᠡᠢ᠄
(ᠨᠢᠭᠡ) ᠲᠣᠳᠣᠷᠬᠠᠢ᠌ᠯᠠᠭᠰᠠᠨ ᠪᠠᠷᠢᠮᠵᠢᠶᠠᠲᠤ ᠭᠠᠵᠠᠷ᠎ᠤᠨ ᠨᠡᠷᠡᠰ ᠪᠤᠶᠤ ᠲᠡᠭᠦᠨ᠎ᠤ ᠷᠣᠮᠠ ᠦᠰᠦᠭ᠎ᠢ ᠠᠪᠢᠶᠠᠴᠢᠯᠠᠨ ᠪᠢᠴᠢᠭᠰᠡᠨ ᠵᠡᠷᠭᠡ ᠮᠡᠳᠡᠭᠡ ᠵᠠᠩᠭᠢ᠎ᠨᠢ ᠪᠤᠷᠤᠭᠤᠳᠠᠭᠰᠠᠨ᠃
(ᠬᠣᠶᠠᠷ) ᠤᠭᠰᠠᠷᠠᠭᠰᠠᠨ ᠣᠷᠣᠨ ᠪᠠᠢ᠌ᠷᠢ᠂ ᠵᠢᠭ᠋ᠠᠭᠰᠠᠨ ᠣᠷᠣᠨ ᠪᠠᠢ᠌ᠷᠢ᠎ᠨᠢ ᠪᠤᠷᠤᠭᠤᠳᠠᠭᠰᠠᠨ᠃
(ᠭᠤᠷᠪᠠ) ᠬᠡᠪᠯᠡᠯ᠎ᠤᠨ ᠨᠢᠭᠤᠷ᠎ᠤᠨ ᠥᠩᠭᠡ᠎ᠨᠢ ᠤᠨᠠᠵᠤ᠂ ᠪᠠᠯᠠᠯᠤᠬᠳᠠᠬᠰᠠᠨ᠂ ᠵᠠᠰᠠᠭᠳᠠᠭᠰᠠᠨ᠂ ᠬᠠᠯᠬᠠᠯᠠᠭᠳᠠᠭᠰᠠᠨ᠂ ᠦᠰᠦᠭ᠎ᠨᠢ ᠪᠠᠯᠠᠷᠠᠬᠰᠠᠨ ᠃
(ᠲᠦᠷᠪᠡ) ᠡᠪᠳᠡᠷᠡᠭᠰᠡᠨ᠂ ᠭ᠋ᠭᠢᠷᠳᠦᠭᠰᠡᠨ᠂ ᠠᠮᠤᠷ ᠲᠦᠪᠰᠢᠨ᠎ᠤ ᠲᠡᠯᠳᠠ ᠭᠡᠮ ᠣᠷᠣᠰᠢᠵᠤ ᠪᠠᠢ᠌ᠬᠤ᠃
(ᠲᠠᠪᠤ) ᠵᠠᠯᠠᠷᠠᠭᠤᠯᠬᠤ᠂ ᠬᠠᠮᠠᠭ᠋ᠠᠯᠠᠬᠤ ᠶᠣᠰᠣᠲᠠᠢ ᠪᠤᠰᠤᠳ ᠪᠠᠢ᠌ᠳᠠᠯ᠎ᠤᠳ᠃
ᠬᠣᠷᠢᠳᠤᠭ᠋ᠠᠷ ᠵᠦᠢ᠍ᠯ᠄ ᠳᠦᠷᠢᠮ᠎ᠤᠨ ᠬᠣᠷᠢᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠭᠠᠵᠠᠷ᠎ᠤᠨ ᠨᠡᠷᠡᠰ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠭᠠᠵᠠᠷ᠎ᠤᠨ ᠨᠡᠷᠡᠰ᠎ᠤᠨ ᠰᠣᠶᠣᠯ᠎ᠤᠨ ᠥᠪ᠂ ᠲᠡᠦᠬᠡ ᠵᠢᠨ ᠭᠠᠵᠠᠷ᠎ᠤᠨ ᠨᠡᠷᠡᠰ ᠪᠠ ᠪᠤᠰᠤᠳ ᠳᠦᠷᠦᠯ ᠢᠯᠭ᠋ᠠᠯ᠎ᠢ ᠪᠠᠭᠲᠠᠭ᠋ᠠᠬᠤ ᠬᠡᠷᠡᠭᠲᠡᠢ᠂ ᠠᠳᠠᠯᠢ ᠨᠢᠭᠡᠨ ᠭᠠᠵᠠᠷ᠎ᠤᠨ ᠨᠡᠷᠡᠰ᠎ᠢ ᠠᠳᠠᠯᠢ ᠪᠤᠰᠤ ᠳᠦᠷᠦᠯ ᠢᠯᠭ᠋ᠠᠯ᠎ᠳᠤ ᠣᠷᠣᠭᠤᠯᠵᠤ ᠪᠣᠯᠣᠨ᠎ᠠ᠃
ᠭᠠᠵᠠᠷ᠎ᠤᠨ ᠨᠡᠷᠡᠰ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠤᠭᠰᠠᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ᠎ᠳᠤ ᠪᠠᠷᠢᠮᠵᠢᠶᠠᠲᠤ ᠭᠠᠵᠠᠷ᠎ᠤᠨ ᠨᠡᠷᠡᠰ ᠪᠠ ᠷᠣᠮᠠ ᠴᠠᠭ᠋ᠠᠨ ᠲᠣᠯᠣᠭ᠋ᠠᠢ ᠵᠢᠨ ᠠᠪᠢᠶᠠᠴᠢᠯᠠᠨ ᠪᠢᠴᠢᠬᠦ᠂ ᠤᠳᠬ᠎ᠠ᠂ ᠢᠷᠡᠯᠲᠡ᠂ ᠤᠯᠠᠷᠢᠯ ᠬᠤᠪᠢᠰᠤᠯ᠂ ᠲᠡᠦᠬᠡ ᠰᠣᠶᠣᠯ᠎ᠤᠨ ᠦᠨ᠎ᠡ ᠥᠷᠲᠡᠭ ᠵᠡᠷᠭᠡ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠃
ᠭᠠᠵᠠᠷ᠎ᠤᠨ ᠨᠡᠷᠡᠰ᠎ᠤᠨ ᠬᠠᠮᠠᠭ᠋ᠠᠯᠠᠯᠲᠠ᠎ᠤᠨ ᠨᠡᠷᠡᠰ᠎ᠤᠨ ᠵᠢᠭᠰᠠᠭ᠋ᠠᠯᠲᠠ ᠵᠢ ᠴᠠᠭ ᠲᠤᠬᠠᠢᠳᠤᠨᠢ ᠨᠡᠢ᠌ᠭᠡᠮ ᠲᠠᠶᠠᠭ᠋ᠠᠷ᠎ᠲᠤ ᠨᠡᠢ᠌ᠲᠡᠯᠡᠬᠦ ᠵᠢᠨ ᠬᠠᠮᠲᠤ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤᠨ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠭᠤᠯᠤᠨ ᠬᠦᠷᠭᠡᠬᠦ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠢᠯᠡᠳᠬᠡᠮᠵᠢ ᠲᠡᠮᠳᠡᠭ ᠲᠠᠯᠪᠢᠬᠤ᠂ ᠰᠠᠯᠪᠤᠷᠢᠯᠠᠨ ᠨᠡᠷᠡᠢ᠌ᠳᠬᠦ᠂ ᠠᠮᠢᠳᠤᠯᠢᠭ ᠬᠡᠷᠡᠭᠯᠡᠬᠦ᠂ ᠰᠣᠶᠣᠯ᠎ᠤᠨ ᠪᠦᠲᠦᠭᠡᠭᠳᠡᠬᠦᠨ ᠦᠢ᠍ᠯᠡᠳᠬᠦ᠂ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠪᠠᠷ ᠭᠠᠵᠠᠷ᠎ᠤᠨ ᠨᠡᠷᠡᠰ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠭᠠᠵᠠᠷ᠎ᠤᠨ ᠨᠡᠷᠡᠰ᠎ᠢ ᠤᠷᠢᠳ ᠵᠶ᠋ᠠᠷ ᠬᠠᠮᠠᠭ᠋ᠠᠯᠠᠬᠤ ᠪᠠ ᠵᠦᠢ ᠵᠣᠬᠢᠰᠲᠠᠢ ᠠᠰᠢᠭᠯᠠᠵᠤ ᠪᠣᠯᠣᠨ᠎ᠠ᠃
ᠬᠣᠷᠢᠨ ᠬᠣᠶᠠᠳᠤᠭ᠋ᠠᠷ ᠵᠦᠢ᠍ᠯ᠄ ᠳᠦᠷᠢᠮ᠎ᠤᠨ ᠬᠣᠷᠢ ᠶᠢᠰᠦᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠴᠢᠳᠠᠪᠤᠷᠢ᠎ᠳᠤ ᠳᠦᠷᠢᠮ᠎ᠤᠨ ᠰᠢᠰᠲᠸᠮ᠂ ᠴᠢᠳᠠᠪᠤᠷᠢᠲᠠᠨ᠎ᠤ ᠡᠩᠨᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠂ ᠠᠵᠢᠯ᠎ᠤᠨ ᠨᠥᠬᠥᠴᠡᠯ ᠵᠡᠷᠭᠡ ᠪᠠᠭᠲᠠᠨ᠎ᠠ᠃
ᠬᠣᠷᠢᠨ ᠭᠤᠷᠪᠠᠳᠤᠭ᠋ᠠᠷ ᠵᠦᠢ᠍ᠯ᠄ ᠲᠠᠡᠭᠰᠠᠯᠠᠭᠤᠯᠬᠤ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠡᠷᠬᠡ᠎ᠲᠠᠢ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠭᠠᠵᠠᠷ᠎ᠤᠨ ᠨᠡᠷᠡᠰ᠎ᠢ ᠵᠥᠪᠰᠢᠶᠡᠷᠡᠭᠰᠡᠨ ᠪᠠᠢ᠌ᠭᠤᠯᠭ᠎ᠠ ᠵᠢᠨ ᠴᠠᠭ ᠲᠤᠬᠠᠢᠳᠤᠨᠢ ᠮᠡᠳᠡᠭᠦᠯᠦᠨ ᠳᠠᠩᠰᠠᠯᠠᠭᠤᠯᠤᠭᠰᠠᠨ ᠦᠭᠡᠢ ᠵᠢ ᠣᠯᠵᠤ ᠮᠡᠳᠡᠪᠡᠯ ᠱᠠᠯᠠᠪᠳᠠᠭᠤᠯᠬᠤ ᠬᠡᠷᠡᠭᠲᠡᠢ᠃ ᠱᠠᠯᠠᠪᠳᠠᠭᠤᠯᠤᠬᠰᠠᠨ ᠪᠠᠢ᠌ᠲᠠᠯ᠎ᠠ ᠮᠥᠨ ᠲᠠᠡᠭᠰᠠᠯᠠᠭᠤᠯᠬᠤ᠎ᠪᠠᠷ ᠮᠡᠳᠡᠬᠦᠯᠬᠦ ᠦᠬᠡᠢ ᠪᠤᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠭᠠᠵᠠᠷ᠎ᠤᠨ ᠨᠡᠷᠡᠰ᠎ᠢ ᠵᠥᠪᠰᠢᠶᠡᠷᠡᠭᠰᠡᠨ ᠪᠠᠢ᠌ᠭᠤᠯᠭ᠎ᠠ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠲᠤᠰ ᠭᠠᠵᠠᠷ᠎ᠤᠨ ᠨᠡᠷᠡᠰ᠎ᠢ ᠵᠥᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠳᠡᠵᠦ᠂ ᠬᠤᠭᠤᠴᠠᠭ᠎ᠠ ᠲᠣᠭᠲᠠᠭ᠋ᠠᠨ ᠮᠡᠳᠡᠬᠦᠯᠤᠨ᠎ᠡ᠃
ᠭᠠᠵᠠᠷ᠎ᠤᠨ ᠨᠡᠷᠡᠰ᠎ᠢ ᠵᠥᠪᠰᠢᠶᠡᠷᠡᠬᠦ ᠪᠠᠢ᠌ᠭᠤᠯᠭ᠎ᠠ᠎ᠨᠢ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠯ ᠬᠦᠯᠢᠶᠡᠨ ᠠᠪᠴᠤ ᠰᠢᠢ᠍ᠳᠪᠦᠷᠢᠯᠡᠬᠦ ᠡᠷᠬᠡ᠎ᠲᠠᠢ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃
ᠬᠣᠷᠢᠨ ᠳᠥᠷᠪᠡᠳᠦᠭᠡᠷ ᠵᠦᠢ᠍ᠯ᠄ ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠬᠤᠷᠢᠶᠠᠯᠠᠯ᠂ ᠠᠰᠠᠷ ᠲᠠᠭᠲᠤ ᠵᠢᠨ ᠨᠡᠷᠡᠢ᠌ᠳᠦᠯ ᠪᠠ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭ᠋ᠠᠨ ᠬᠦᠴᠦ᠂ ᠮᠡᠳᠡᠭᠡ ᠬᠣᠯᠪᠣᠭ᠎ᠠ᠂ ᠴᠠᠭ ᠠᠭᠤᠷ ᠵᠡᠷᠭᠡ ᠲᠥᠬᠦᠭᠡᠷᠦᠮᠵᠢ ᠵᠢᠨ ᠨᠡᠷᠡᠢ᠌ᠳᠦᠯ᠎ᠤᠨ ᠬᠡᠪᠴᠢᠶ᠎ᠡ ᠵᠢ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠡᠪᠴᠢᠶ᠎ᠡ᠎ᠪᠠᠨ ᠦᠨᠳᠦᠰᠦᠯᠡᠨ ᠲᠣᠭᠲᠠᠭ᠋ᠠᠨ᠎ᠠ᠃
ᠬᠣᠷᠢᠨ ᠲᠠᠪᠤᠳᠤᠭ᠋ᠠᠷ ᠵᠦᠢ᠍ᠯ᠄ ᠳᠦᠷᠢᠮ᠎ᠳᠤ ᠬᠡᠯᠡᠵᠦ ᠪᠠᠢ᠌ᠭ᠎ᠠ ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠭᠡᠳᠡᠭ᠎ᠨᠢ ᠵᠣᠬᠢᠬᠤ ᠣᠷᠣᠨ ᠪᠦᠰᠡ ᠵᠢᠨ ᠬᠡᠪᠴᠢᠶᠡᠨ᠎ᠳᠤ᠎ᠬᠢ ᠠᠳᠠᠯᠢ ᠲᠥᠷᠥᠯ᠎ᠤᠨ ᠭᠠᠵᠠᠷ ᠵᠦᠢ ᠵᠢᠨ ᠪᠣᠳᠠᠲᠤ ᠴᠣᠭᠴᠠ ᠵᠢᠨ ᠳᠤᠮᠳᠠ ᠣᠷᠣᠨ ᠪᠠᠢ᠌ᠷᠢ ᠵᠢᠨ ᠦᠢ᠍ᠯᠡᠳᠦᠯ᠎ᠨᠢ ᠬᠠᠷᠢᠴᠠᠩᠭᠤᠢ ᠲᠣᠪᠣᠢ᠌ᠮ᠎ᠠ ᠪᠠᠢ᠌ᠵᠤ᠂ ᠲᠡᠭᠦᠨ᠎ᠤ ᠨᠡᠷᠡᠢ᠌ᠳᠦᠯ᠎ᠢ ᠨᠡᠢ᠌ᠭᠡᠮ ᠨᠡᠶ᠋ᠢᠲᠡ᠎ᠳᠤ ᠬᠡᠷᠡᠭᠯᠡᠭᠦᠯᠬᠦ ᠵᠢ ᠵᠢᠭ᠋ᠠᠵᠤ ᠪᠣᠶ᠃
ᠳᠦᠷᠢᠮ᠎ᠤᠨ ᠶᠢᠰᠦᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠲᠤ ᠬᠡᠯᠡᠵᠦ ᠪᠠᠢ᠌ᠭ᠎ᠠ ᠲᠤᠰᠬᠠᠢ ᠨᠡᠷᠡᠰ ᠭᠡᠳᠡᠭ᠎ᠨᠢ ᠭᠠᠵᠠᠷ᠎ᠤᠨ ᠨᠡᠷᠡᠰ᠎ᠤᠨ ᠳᠣᠲᠣᠷᠠᠬᠢ ᠪᠣᠳᠠᠭ᠋ᠠᠯᠢ ᠪᠡᠶ᠎ᠡ ᠵᠢᠨ ᠭᠠᠵᠠᠷ ᠵᠦᠢ ᠵᠢᠨ ᠪᠣᠳᠠᠲᠤ ᠴᠣᠭᠴᠠ᠎ᠳᠤ ᠲᠤᠰᠬᠠᠢ ᠪᠠᠢ᠌ᠳᠠᠭ ᠦᠭᠡᠰ᠎ᠤᠨ ᠬᠡᠰᠡᠭ᠎ᠢ ᠵᠢᠭ᠋ᠠᠵᠤ ᠪᠠᠢ᠌ᠨ᠎ᠠ᠂ ᠶᠡᠷᠦᠩᠬᠡᠢ ᠨᠡᠷᠡᠢ᠌ᠳᠤᠯ ᠭᠡᠳᠡᠭ᠎ᠨᠢ ᠭᠠᠵᠠᠷ᠎ᠤᠨ ᠨᠡᠷᠡᠰ᠎ᠤᠨ ᠳᠣᠲᠣᠷᠠᠬᠢ ᠠᠳᠠᠯᠢ ᠲᠥᠷᠥᠯ᠎ᠤᠨ ᠭᠠᠵᠠᠷ ᠵᠦᠢ ᠵᠢᠨ ᠪᠣᠳᠠᠲᠤ ᠴᠣᠭᠴᠠ᠎ᠳᠤ ᠨᠡᠢ᠌ᠳᠡᠮ ᠬᠡᠷᠡᠭᠯᠡᠭᠳᠡᠳᠡᠭ ᠦᠭᠡᠰ᠎ᠤᠨ ᠬᠡᠰᠡᠭ᠎ᠢ ᠵᠢᠭ᠋ᠠᠵᠤ ᠪᠠᠢ᠌ᠨ᠎ᠠ᠃
ᠳᠦᠷᠢᠮ᠎ᠤᠨ ᠬᠣᠷᠢᠨ ᠳᠥᠷᠪᠡᠳᠦᠭᠡᠷ ᠵᠦᠢ᠍ᠯ᠎ᠳᠤ ᠬᠡᠯᠡᠵᠦ ᠪᠠᠢ᠌ᠭ᠎ᠠ ᠭᠠᠵᠠᠷ᠎ᠤᠨ ᠨᠡᠷᠡᠰ᠎ᠤᠨ ᠰᠣᠶᠣᠯ᠎ᠤᠨ ᠥᠪ ᠬᠡᠳᠡᠭ᠎ᠨᠢ ᠲᠡᠦᠬᠡ ᠰᠣᠶᠣᠯ᠎ᠤᠨ ᠦᠨ᠎ᠡ ᠦᠷᠳᠡᠭ᠎ᠲᠠᠢ᠂ ᠳᠤᠮᠳᠠᠳᠤ ᠵᠢᠨ ᠲᠡᠦᠬᠡ ᠰᠣᠶᠣᠯ᠎ᠤᠨ ᠰᠤᠳᠠᠰᠤ ᠵᠢ ᠢᠯᠡᠷᠡᠭᠦᠯᠬᠦ ᠵᠢᠨ ᠬᠠᠮᠲᠤ ᠤᠳᠤ ᠪᠣᠯᠲᠠᠯ᠎ᠠ ᠤᠯᠠᠮᠵᠢᠯᠠᠨ ᠬᠡᠷᠡᠭᠯᠡᠵᠦ ᠪᠠᠢ᠌ᠭ᠎ᠠ ᠭᠠᠵᠠᠷ᠎ᠤᠨ ᠨᠡᠷᠡᠰ ᠪᠤᠯᠤᠨ ᠲᠡᠭᠦᠨ᠎ᠲᠠᠢ ᠬᠣᠯᠪᠣᠭᠳᠠᠬᠤ ᠰᠣᠶᠣᠯ᠎ᠤᠨ ᠢᠯᠡᠷᠡᠬᠦ ᠬᠡᠯᠪᠡᠷᠢ ᠵᠢ ᠵᠢᠭ᠋ᠠᠵᠤ ᠪᠠᠢ᠌ᠨ᠎ᠠ᠃
ᠲᠣᠰ ᠠᠷᠭ᠎ᠠ ᠵᠢᠨ ᠬᠣᠷᠢᠳᠤᠭ᠋ᠠᠷ ᠵᠦᠢ᠍ᠯ᠎ᠳᠤ ᠬᠡᠯᠡᠵᠦ ᠪᠠᠢ᠌ᠭ᠎ᠠ ᠲᠡᠦᠬᠡ ᠵᠢᠨ ᠭᠠᠵᠠᠷ᠎ᠤᠨ ᠨᠡᠷᠡᠰ ᠭᠡᠳᠡᠭ᠎ᠨᠢ ᠬᠡᠷᠡᠭᠯᠡᠵᠦ ᠥᠩᠭᠡᠷᠡᠭᠰᠡᠨ ᠪᠣᠯᠪᠠᠴᠤ ᠣᠲᠣ ᠬᠡᠷᠡᠭᠯᠡᠬᠦ᠎ᠪᠠᠨ ᠪᠣᠯᠢᠭᠰᠠᠨ ᠭᠠᠵᠠᠷ᠎ᠤᠨ ᠨᠡᠷᠡᠰ᠎ᠢ ᠵᠢᠭ᠋ᠠᠵᠤ ᠪᠣᠶ᠃
ᠬᠣᠷᠢᠨ ᠵᠢᠷᠭᠤᠳᠤᠭ᠋ᠠᠷ ᠵᠦᠢ᠍ᠯ᠄ ᠲᠣᠰ ᠠᠷᠭ᠎ᠠ ᠵᠢ 2024 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃ 1996 ᠣᠨ᠎ᠤ 6 ᠳ᠋ᠤᠭ᠋ᠠᠷ ᠰᠠᠷ᠎ᠠ ᠵᠢᠨ 18᠎ᠤ ᠡᠳᠦᠷ ᠠᠷᠠᠳ᠎ᠤᠨ ᠶᠠᠪᠤᠳᠠᠯ᠎ᠤᠨ ᠶᠠᠮᠤᠨ᠎ᠠᠴᠠ ᠨᠡᠢ᠌ᠲᠡᠯᠡᠵᠦ᠂ 2010 ᠣᠨ᠎ᠤ 12 ᠳ᠋ᠤᠭ᠋ᠠᠷ ᠰᠠᠷ᠎ᠠ ᠵᠢᠨ 27᠎ᠤ ᠡᠳᠦᠷ ᠠᠷᠠᠳ᠎ᠤᠨ ᠶᠠᠪᠤᠳᠠᠯ᠎ᠤᠨ ᠶᠠᠮᠤᠨ᠎ᠤ 38 ᠳ᠋ᠤᠭ᠋ᠠᠷ ᠵᠠᠷᠯᠢᠭ ᠵᠶ᠋ᠠᠷ ᠵᠠᠰᠠᠪᠤᠷᠢ ᠣᠷᠣᠭᠤᠯᠤᠭᠰᠠᠨ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠨᠠᠷᠢᠨ ᠳᠦᠷᠢᠮ》᠎ᠢ ᠳᠠᠭ᠋ᠠᠤ᠎ᠳᠤ᠎ᠨᠢ ᠬᠦᠴᠦᠨ ᠦᠭᠡᠢ ᠪᠣᠯᠭ᠋ᠠᠨ᠎ᠠ᠃