ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ (ᠲᠡᠬᠡᠳᠤ)
ᠨᠡᠶᠢᠲᠡᠯᠡᠭᠰᠡᠨ ᠴᠠᠭ᠄ 2024-03-25

                                 ᠨᠤᠮᠢᠨ ᠤᠷᠴᠢᠭᠤᠯᠪᠠ

                               

   (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠶᠠᠪᠤᠳᠠᠯ᠎ᠤᠨ ᠶᠠᠮᠤᠨ᠎ᠤ 71 ᠳ᠋ᠤᠬᠡᠷ ᠵᠠᠷᠯᠢᠭ ᠵᠶ᠋ᠠᠷ 2024 ᠣᠨ᠎ᠤ 1 ᠳ᠋ᠤᠬᠡᠷ ᠰᠠᠷ᠎ᠠ ᠵᠢᠨ 4᠎ᠤ ᠡᠳᠦᠷ ᠠᠷᠠᠳ᠎ᠤᠨ ᠶᠠᠪᠤᠳᠠᠯ᠎ᠤᠨ ᠶᠠᠮᠤᠨ᠎ᠤ ᠶᠠᠮᠤᠨ᠎ᠤ ᠶᠠᠪᠤᠳᠠᠯ᠎ᠤᠨ ᠬᠤᠷᠠᠯᠳᠤᠭ᠋ᠠᠨ᠎ᠠᠴᠠ ᠬᠢᠨᠠᠨ ᠶᠠᠷᠢᠯᠴᠠᠵᠤ ᠪᠠᠳᠤᠯᠠᠬᠰᠠᠨ᠎ᠢ ᠤᠳᠤ ᠨᠡᠢ᠌ᠳᠡᠯᠡᠵᠤ ᠪᠠᠢ᠌ᠨ᠎ᠠ᠂ 2024 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ)
 
    ᠨᠢᠭᠡᠳᠦᠭᠡᠷ ᠵᠦᠢ᠍ᠯ᠄ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ》 ᠎ᠢ ᠦᠨᠳᠦᠰᠦᠯᠡᠨ ᠲᠤᠰ ᠠᠷᠭ᠎ᠠ ᠵᠢ ᠲᠣᠭᠲᠠᠭ᠋ᠠᠪᠠ᠃
   ᠬᠣᠶᠠᠳᠤᠭ᠋ᠠᠷ ᠵᠦᠢ᠍ᠯ᠄ ᠳᠦᠷᠢᠮ᠎ᠤᠨ ᠨᠠᠢ᠍ᠮᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠭᠠᠵᠠᠷ᠎ᠤᠨ  ᠨᠡᠷᠡᠰ᠎ᠤᠨ ᠲᠥᠰᠥᠯ᠎ᠢ ᠭᠠᠵᠠᠷ᠎ᠤᠨ ᠨᠡᠷᠡᠰ᠎ᠢ ᠨᠡᠷᠡᠢ᠌ᠳᠬᠦ᠎ᠪᠠᠷ ᠭᠣᠣᠯᠳᠠᠯᠭ᠎ᠠ ᠪᠣᠯᠭ᠋ᠠᠵᠤ᠂ ᠭᠠᠵᠠᠷ᠎ᠤᠨ ᠨᠡᠷᠡᠰ᠎ᠤᠨ ᠲᠡᠮᠳᠡᠭ᠎ᠤᠨ ᠪᠠᠢ᠌ᠷᠢᠯᠠᠭᠤᠯᠤᠯᠲᠠ᠂ ᠭᠠᠵᠠᠷ᠎ᠤᠨ ᠨᠡᠷᠡᠰ᠎ᠤᠨ  ᠰᠣᠶᠣᠯ᠎ᠤᠨ ᠬᠠᠮᠠᠭ᠋ᠠᠯᠠᠯᠲᠠ ᠵᠡᠷᠭᠡ ᠠᠭᠤᠯᠭ᠎ᠠ ᠵᠢ ᠨᠢᠭᠡᠳᠦᠯᠲᠡᠢ ᠲᠥᠯᠥᠪᠵᠢᠭᠦᠯᠦᠨ᠎ᠡ᠃
   ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠭᠠᠵᠠᠷ᠎ᠤᠨ ᠨᠡᠷᠡᠰ᠎ᠤᠨ ᠲᠥᠰᠥᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ  ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠂ ᠬᠤᠪᠢᠷᠠᠭᠤᠯᠬᠤ ᠴᠢᠬᠤᠯᠠᠲᠠᠢ ᠪᠤᠯ ᠲᠣᠭᠲᠠᠭ᠋ᠠᠭᠰᠠᠨ ᠵᠢᠷᠤᠮ ᠶᠣᠰᠣᠭ᠋ᠠᠷ ᠲᠡᠬᠢᠵᠦ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃
    ᠭᠤᠷᠪᠠᠳᠤᠭ᠋ᠠᠷ ᠵᠦᠢ᠍ᠯ᠄ ᠳᠦᠷᠢᠮ᠎ᠤᠨ ᠶᠢᠰᠦᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠲᠤ ᠲᠣᠭᠲᠠᠭ᠋ᠠᠭᠰᠠᠨ ᠬᠥᠮᠥᠨ᠎ᠤ ᠨᠡᠷ᠎ᠡ᠎ᠳᠤ  ᠲᠠᠷᠠᠭ᠋ᠠᠬᠢ ᠵᠦᠢ᠍ᠯᠡᠰ᠎ᠢ ᠪᠠᠭᠲᠠᠭ᠋ᠠᠪᠠᠯ ᠵᠣᠬᠢᠨ᠎ᠠ᠄
   (ᠨᠢᠭᠡ) ᠵᠢᠡᠭᠭᠢᠨᠢ ᠨᠡᠷ᠎ᠡ ᠪᠠ ᠥᠭᠡᠷ᠎ᠡ ᠨᠡᠷ᠎ᠡ᠂ ᠪᠤᠷᠤᠭᠤᠯᠠᠭᠰᠠᠨ ᠨᠡᠷ᠎ᠡ ᠵᠡᠷᠭᠡ᠃
   (ᠬᠣᠶᠠᠷ) ᠤᠳᠬ᠎ᠠ ᠤᠷᠠᠯᠢᠭ᠎ᠤᠨ ᠪᠦᠲᠦᠭᠡᠯ᠎ᠤᠨ ᠳᠣᠲᠣᠷᠠᠬᠢ ᠵᠣᠬᠢᠶᠠᠯ᠎ᠤᠨ ᠪᠠᠭ᠋ᠠᠲᠤᠷ᠎ᠤᠨ ᠳᠦᠷᠢ ᠵᠢᠨ ᠨᠡᠷᠡᠢ᠌ᠳᠦᠯ᠃
     ᠭᠡᠪᠡᠴᠦ ᠭᠠᠵᠠᠷ᠎ᠤᠨ  ᠨᠡᠷᠡᠰ᠎ᠢ ᠨᠡᠷᠡᠢ᠌ᠳᠬᠦ᠎ᠳᠤ ᠬᠡᠷᠡᠭᠯᠡᠭᠰᠡᠨ ᠦᠰᠦᠭ᠂ ᠦᠭᠡ᠎ᠨᠢ ᠬᠥᠮᠥᠨ᠎ᠤ ᠨᠡᠷ᠎ᠡ᠎ᠲᠠᠢ ᠣᠨᠴᠠᠭ᠋ᠠᠶ ᠬᠠᠷᠢᠴᠠᠭ᠎ᠠ ᠪᠠᠢ᠌ᠬᠤ ᠦᠭᠡᠢ᠎ᠨᠢ ᠡᠭᠦᠨ᠎ᠳᠤ ᠪᠠᠭᠲᠠᠬᠤ ᠦᠭᠡᠢ᠃
    ᠳᠥᠷᠪᠡᠳᠦᠭᠡᠷ ᠵᠦᠢ᠍ᠯ᠄ ᠡᠵᠤ ᠠᠬᠤᠢ᠌ᠯᠠᠯ᠎ᠤᠨ ᠨᠡᠷᠡᠢ᠌ᠳᠦᠯ ᠪᠤᠶᠤ ᠲᠠᠸᠠᠷ᠎ᠤᠨ ᠲᠡᠮᠳᠡᠭᠲᠦ ᠵᠢᠨ ᠨᠡᠷᠡᠢ᠌ᠳᠦᠯ ᠵᠶ᠋ᠡᠷ ᠭᠠᠵᠠᠷ᠎ᠤᠨ  ᠨᠡᠷᠡᠰ ᠪᠣᠯᠭ᠋ᠠᠬᠤ ᠦᠭᠡᠢ᠂ ᠭᠡᠪᠡᠴᠦ ᠭᠠᠵᠠᠷ᠎ᠤᠨ ᠨᠡᠷᠡᠢ᠌ᠳᠦᠯ᠎ᠢ ᠨᠡᠷᠡᠢ᠌ᠳᠬᠦ᠎ᠳᠤ ᠬᠡᠷᠡᠭᠯᠡᠬᠦ ᠦᠰᠦᠭ᠂ ᠦᠭᠡ᠎ᠨᠢ ᠠᠵᠤ ᠠᠬᠤᠢ᠌ᠯᠠᠯ᠎ᠤᠨ ᠨᠡᠷᠡᠢ᠌ᠳᠦᠯ ᠪᠤᠶᠤ ᠲᠠᠸᠠᠷ᠎ᠤᠨ ᠲᠡᠮᠳᠡᠭᠲᠦ ᠵᠢᠨ ᠨᠡᠷᠡᠢ᠌ᠳᠦᠯ᠎ᠯᠦᠭᠡ ᠣᠨᠴᠠ ᠲᠣᠭᠲᠠᠭᠰᠠᠨ ᠬᠠᠷᠢᠴᠠᠭ᠎ᠠ ᠦᠭᠡᠢ ᠪᠠᠢ᠌ᠪᠠᠯ ᠡᠭᠦᠨ᠎ᠳᠤ ᠪᠠᠭᠲᠠᠬᠤ ᠦᠭᠡᠢ᠃
   ᠲᠠᠪᠤᠳᠤᠭ᠋ᠠᠷ ᠵᠦᠢ᠍ᠯ᠄ ᠳᠦᠷᠢᠮ᠎ᠤᠨ ᠠᠷᠪᠠᠨ ᠨᠢᠭᠡᠳᠦᠭᠡᠷ ᠵᠦᠢ᠍ᠯ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠶᠡᠷᠦᠩᠬᠡᠢ᠌ᠯᠡᠨ ᠦᠨᠡᠯᠡᠭᠰᠡᠨ ᠮᠡᠳᠡᠭᠦᠯᠦᠯᠲᠡ᠎ᠳᠤ ᠭᠠᠵᠠᠷ᠎ᠤᠨ ᠨᠡᠷᠡᠰ᠎ᠢ  ᠨᠡᠷᠡᠢ᠌ᠳᠬᠦ᠂ ᠬᠠᠯᠠᠬᠤ ᠵᠢᠨ ᠬᠠᠤᠯᠢ ᠶᠣᠰᠣᠴᠢ ᠴᠢᠨᠠᠷ᠂ ᠪᠣᠯᠣᠮᠵᠢᠲᠤ ᠴᠢᠨᠠᠷ᠂ ᠡᠵᠡᠮᠳᠡᠵᠦ ᠪᠣᠯᠬᠤ ᠴᠢᠨᠠᠷ᠂ ᠡᠭᠦᠰᠴᠦ ᠮᠡᠳᠡᠬᠦ ᠨᠡᠢ᠌ᠭᠡᠮ᠎ᠤᠨ ᠨᠥᠯᠥᠭᠡ᠂ ᠲᠦᠭᠰᠢᠭᠦᠷᠢ ᠪᠠ ᠠᠷᠭ᠋ᠠᠴᠠᠭ᠋ᠠᠬᠤ  ᠠᠷᠭ᠎ᠠ ᠵᠡᠷᠭᠡ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠃ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠨ ᠮᠡᠳᠡᠭᠦᠯᠦᠯᠲᠡ᠎ᠳᠤ ᠭᠠᠵᠠᠷ᠎ᠤᠨ  ᠨᠡᠷᠡᠰ᠎ᠢ ᠨᠡᠷᠡᠢ᠌ᠳᠬᠦ᠂ ᠬᠠᠯᠠᠬᠤ ᠵᠢᠨ ᠴᠢᠬᠤᠯᠠ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠵᠦᠢ ᠵᠣᠬᠢᠰᠲᠠᠢ ᠴᠢᠨᠠᠷ᠂ ᠣᠷᠣᠰᠢᠵᠤ ᠮᠡᠳᠡᠬᠦ ᠲᠦᠭᠰᠢᠭᠦᠷᠢ᠂ ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠬᠤ ᠲᠥᠰᠥᠯ ᠪᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠰᠠᠨᠠᠯ ᠰᠠᠨᠠᠭᠤᠯᠭ᠎ᠠ ᠵᠡᠷᠭᠡ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠃ ᠰᠠᠨᠠᠯ ᠬᠤᠷᠢᠶᠠᠭᠰᠠᠨ ᠮᠡᠳᠡᠭᠦᠯᠦᠯᠲᠡ᠎ᠳᠤ ᠰᠠᠨᠠᠯ ᠬᠤᠷᠢᠶᠠᠭᠰᠠᠨ ᠶᠠᠪᠤᠴᠠ ᠪᠠ ᠬᠦᠷᠢᠶ᠎ᠡ ᠬᠡᠪᠴᠢᠶ᠎ᠡ᠂ ᠭᠣᠣᠯ ᠰᠠᠨᠠᠯ ᠰᠠᠨᠠᠭᠤᠯᠭ᠎ᠠ ᠪᠠ ᠰᠢᠢ᠍ᠳᠪᠦᠷᠢᠯᠡᠭᠰᠡᠨ ᠪᠠᠢ᠌ᠳᠠᠯ ᠵᠡᠷᠭᠡ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠃
ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠬᠤ ᠵᠢ ᠭᠠᠵᠠᠷ᠎ᠤᠨ ᠨᠡᠷᠡᠰ᠎ᠢ ᠵᠥᠪᠰᠢᠶᠡᠷᠡᠬᠦ ᠪᠠᠢ᠌ᠭᠤᠯᠭ᠎ᠠ᠎ᠠᠴᠠ ᠪᠤᠰᠤᠳ ᠵᠦᠢ᠍ᠯᠡᠰ᠎ᠢ ᠵᠥᠪᠰᠢᠶᠡᠷᠡᠬᠦ᠎ᠳᠤ᠎ᠪᠠᠨ ᠬᠠᠮᠲᠤ᠎ᠳᠤ᠎ᠨᠢ ᠵᠥᠪᠰᠢᠶᠡᠷᠡᠭᠰᠡᠨ ᠪᠤᠯ ᠬᠠᠮᠢᠶ᠎ᠠ ᠪᠦᠬᠦᠢ ᠵᠦᠢ᠍ᠯᠡᠰ᠎ᠤᠨ ᠭᠤᠶᠤᠴᠢᠯᠠᠯ᠎ᠤᠨ ᠮᠠᠲ᠋ᠧᠷᠢᠶᠠᠯ᠎ᠳᠤ ᠳᠦᠷᠢᠮ᠎ᠤᠨ ᠠᠷᠪᠠᠨ ᠨᠢᠭᠡᠳᠦᠭᠡᠷ ᠵᠦᠢ᠍ᠯ᠎ᠳᠤ ᠲᠣᠭᠲᠠᠭ᠋ᠠᠭᠰᠠᠨ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠃
    ᠵᠢᠷᠭᠤᠳᠤᠭ᠋ᠠᠷ ᠵᠦᠢ᠍ᠯ᠄ ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠵᠤ ᠳᠠᠩᠰᠠᠯᠠᠭᠤᠯᠬᠤ᠎ᠳᠤ ᠤᠯᠤᠰ᠎ᠤᠨ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ᠎ᠪᠠᠷ ᠳᠡᠮᠵᠢᠨ ᠳᠡᠩᠰᠡᠯᠡᠨ ᠲᠡᠮᠳᠡᠭᠯᠡᠬᠦ ᠬᠦᠰᠦᠨᠦᠭᠲᠦ ᠵᠢ ᠲᠠᠬᠠᠯᠬᠤ ᠵᠢᠨ ᠬᠠᠮᠲᠤ  ᠲᠠᠷᠠᠭ᠋ᠠᠬᠢ ᠮᠠᠲ᠋ᠧᠷᠢᠶᠠᠯ᠎ᠤᠨ ᠡᠯᠧᠺᠲᠷᠣᠨ ᠲᠣᠪᠬᠢᠮᠠᠯ᠎ᠢ ᠲᠤᠰᠢᠶᠠᠬᠤ ᠬᠡᠷᠡᠭᠲᠡᠢ᠄
   (ᠨᠢᠭᠡ) ᠳᠠᠩᠰᠠᠯᠠᠭᠤᠯᠤᠭᠰᠠᠨ ᠮᠡᠳᠡᠭᠦᠯᠦᠯᠲᠡ᠃
   (ᠬᠣᠶᠠᠷ) ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠬᠤ ᠵᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠃
   (ᠭᠤᠷᠪᠠ) ᠳᠦᠷᠢᠮ᠎ᠤᠨ ᠠᠷᠪᠠᠨ ᠨᠢᠭᠡᠳᠦᠭᠡᠷ ᠵᠦᠢ᠍ᠯ᠎ᠳᠤ ᠲᠣᠭᠲᠠᠭ᠋ᠠᠭᠰᠠᠨ ᠭᠤᠶᠤᠴᠢᠯᠠᠯ᠎ᠤᠨ ᠪᠢᠴᠢᠭ ᠪᠠ ᠬᠣᠯᠪᠣᠭᠳᠠᠯ ᠪᠦᠬᠦᠢ ᠮᠡᠳᠡᠭᠦᠯᠦᠯᠲᠡ᠃
  ᠳᠣᠯᠣᠳᠤᠭ᠋ᠠᠷ ᠵᠦᠢ᠍ᠯ᠄ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ  ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠳᠠᠩᠰᠠᠯᠠᠭᠤᠯᠬᠤ ᠮᠠᠲ᠋ᠧᠷᠢᠶᠠᠯ᠎ᠢ ᠣᠯᠣᠭᠰᠠᠨ᠎ᠤ ᠳᠠᠷᠠᠭ᠎ᠠ ᠳᠠᠩᠰᠠᠯᠠᠭᠤᠯᠬᠤ ᠪᠡᠶᠡᠴᠢ ᠴᠣᠭᠴᠠ ᠪᠠ ᠳᠠᠩᠰᠠᠯᠠᠭᠤᠯᠬᠤ ᠮᠠᠲ᠋ᠧᠷᠢᠶᠠᠯ᠎ᠢ ᠬᠢᠨᠠᠨ ᠪᠠᠢ᠌ᠴᠠᠭ᠋ᠠᠬᠤ ᠬᠡᠷᠡᠭᠲᠡᠢ᠃ ᠳᠠᠩᠰᠠᠯᠠᠭᠤᠯᠤᠭᠰᠠᠨ ᠪᠡᠶᠡᠴᠢ ᠴᠣᠭᠴᠠ᠎ᠨᠢ ᠲᠣᠭᠲᠠᠭ᠋ᠠᠯ᠎ᠳᠤ ᠨᠡᠢ᠌ᠴᠡᠬᠦ ᠦᠭᠡᠢ ᠪᠤᠯ ᠭᠠᠵᠠᠷ᠎ᠤᠨ ᠨᠡᠷᠡᠰ᠎ᠢ ᠵᠥᠪᠰᠢᠶᠡᠷᠡᠭᠰᠡᠨ ᠪᠠᠢ᠌ᠭᠤᠯᠭ᠎ᠠ ᠵᠢ ᠵᠢᠯᠤᠭᠣᠳᠴᠤ ᠪᠠᠢ᠌ᠭ᠋ᠠᠳ ᠲᠠᠬᠢᠨ ᠮᠡᠳᠡᠭᠦᠯᠦᠨ ᠬᠦᠷᠭᠡᠭᠦᠯᠬᠦ ᠬᠡᠷᠡᠭᠲᠡᠢ᠃ ᠳᠠᠩᠰᠠᠯᠠᠭᠤᠯᠤᠭᠰᠠᠨ ᠮᠠᠲ᠋ᠧᠷᠢᠶᠠᠯ᠎ᠨᠢ ᠪᠦᠷᠢᠨ ᠭᠦᠢ᠍ᠴᠡᠳ ᠦᠭᠡᠢ ᠪᠤᠶᠤ ᠲᠣᠭᠲᠠᠭ᠋ᠠᠯ᠎ᠳᠤ ᠨᠡᠢ᠌ᠴᠡᠬᠦ ᠦᠭᠡᠢ  ᠪᠤᠯ ᠭᠠᠵᠠᠷ᠎ᠤᠨ ᠨᠡᠷᠡᠰ᠎ᠢ ᠵᠥᠪᠰᠢᠶᠡᠷᠡᠭᠰᠡᠨ ᠪᠠᠢ᠌ᠭᠤᠯᠭ᠎ᠠ ᠵᠢ ᠵᠢᠯᠤᠭᠣᠳᠴᠤ ᠪᠠᠢ᠌ᠭ᠋ᠠᠳ ᠨᠥᠬᠥᠪᠦᠷᠢᠯᠡᠨ ᠵᠠᠯᠠᠷᠠᠭᠤᠯᠤᠭᠤᠯᠬᠤ ᠬᠡᠷᠡᠭᠲᠡᠢ᠃
   ᠨᠠᠢ᠍ᠮᠠᠳᠤᠭ᠋ᠠᠷ ᠵᠦᠢ᠍ᠯ᠄ ᠭᠠᠵᠠᠷ᠎ᠤᠨ ᠨᠡᠷᠡᠰ᠎ᠢ ᠨᠡᠷᠡᠢ᠌ᠳᠦᠭᠰᠡᠨ᠂ ᠬᠠᠯᠠᠭᠰᠠᠨ᠎ᠤ ᠲᠠᠷᠠᠭ᠎ᠠ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠳᠦᠷᠢᠮ᠎ᠤᠨ ᠠᠷᠪᠠᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠨᠡᠢ᠌ᠭᠡᠮ᠎ᠳᠤ ᠵᠠᠷᠯᠠᠨ ᠨᠡᠢ᠌ᠲᠡᠯᠡᠬᠦ ᠬᠡᠷᠡᠭᠲᠡᠢ᠃
   ᠳᠠᠩᠰᠠᠯᠠᠭᠤᠯᠬᠤ ᠪᠤᠶᠤ ᠳᠠᠩᠰᠠᠯᠠᠭᠤᠯᠬᠤ  ᠮᠠᠲᠸᠷᠢᠶᠠᠯ᠎ᠢ ᠨᠥᠬᠥᠵᠦ ᠵᠠᠯᠠᠷᠠᠭᠤᠯᠬᠤ ᠴᠢᠬᠤᠯᠠ᠎ᠲᠠᠢ ᠪᠣᠯ ᠠᠯᠪᠠᠨ ᠵᠠᠷ᠎ᠤᠨ ᠬᠤᠭᠤᠴᠠᠭ᠎ᠠ ᠵᠢ ᠳᠠᠩᠰᠠᠯᠠᠭᠤᠯᠬᠤ ᠪᠤᠶᠤ ᠳᠠᠩᠰᠠᠯᠠᠭᠤᠯᠬᠤ ᠵᠢ ᠨᠥᠬᠥᠵᠦ ᠵᠠᠯᠠᠷᠠᠭᠤᠯᠬᠤ ᠮᠠᠲᠸᠷᠢᠶᠠᠯ᠎ᠢ ᠣᠯᠵᠤ ᠠᠪᠤᠭᠰᠠᠨ ᠡᠳᠦᠷ᠎ᠠᠴᠠ ᠡᠬᠢᠯᠡᠵᠦ ᠪᠤᠳᠤᠨ᠎ᠠ᠃
   ᠶᠢᠰᠦᠳᠦᠭᠡᠷ ᠵᠦᠢ᠍ᠯ᠄ ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠬᠤ ᠠᠯᠪᠠᠨ ᠵᠠᠷ᠎ᠲᠤ ᠪᠠᠷᠢᠮᠵᠢᠶᠠᠲᠤ ᠭᠠᠵᠠᠷ᠎ᠤᠨ ᠨᠡᠷᠡᠰ ᠪᠠ ᠷᠣᠮᠠ ᠴᠠᠭ᠋ᠠᠨ ᠲᠣᠯᠣᠭ᠋ᠠᠢ ᠵᠢ ᠠᠪᠢᠶᠠᠴᠢᠯᠠᠨ ᠪᠢᠴᠢᠬᠦ᠂ ᠬᠠᠷᠢᠶ᠎ᠠ ᠵᠠᠰᠠᠭ ᠵᠠᠬᠢᠷᠭ᠋ᠠᠨ᠎ᠤ ᠣᠷᠣᠨ᠂ ᠣᠷᠣᠨ ᠪᠠᠢ᠌ᠷᠢ ᠵᠢ ᠳᠦᠷᠰᠦᠯᠡᠨ ᠲᠣᠭ᠋ᠠᠴᠢᠬᠤ᠂ ᠵᠥᠪᠰᠢᠶᠡᠷᠡᠬᠦ ᠪᠠᠢ᠌ᠭᠤᠯᠭ᠎ᠠ᠂ ᠵᠥᠪᠰᠢᠶᠡᠷᠡᠬᠦ ᠴᠠᠭ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ᠃
     ᠭᠠᠵᠠᠷ᠎ᠤᠨ ᠨᠡᠷᠡᠰ᠎ᠢ ᠨᠡᠷᠡᠢ᠌ᠳᠬᠦ᠂ ᠬᠠᠯᠠᠬᠤ ᠠᠯᠪᠠᠨ ᠵᠠᠷ᠎ᠢ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠪᠠ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠠᠷᠭ᠎ᠠ᠎ᠪᠠᠷ ᠨᠡᠢ᠌ᠲᠡᠯᠡᠬᠦ ᠵᠢᠨ ᠬᠠᠮᠲᠤ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ᠎ᠳᠤ ᠨᠡᠢ᠌ᠲᠡᠯᠡᠨ᠎ᠡ᠃
   ᠠᠷᠪᠠᠳᠤᠭ᠋ᠠᠷ ᠵᠦᠢ᠍ᠯ᠄ ᠭᠠᠵᠠᠷ᠎ᠤᠨ ᠨᠡᠷᠡᠰ᠎ᠤᠨ ᠲᠤᠰᠬᠠᠢ ᠨᠡᠷ᠎ᠡ ᠪᠠ ᠨᠡᠶ᠋ᠢᠲᠡ ᠵᠢᠨ ᠨᠡᠷ᠎ᠡ ᠵᠢᠨ ᠷᠣᠮᠠ ᠦᠰᠦᠭ᠎ᠢ ᠠᠪᠢᠶᠠᠴᠢᠯᠠᠨ ᠪᠢᠴᠢᠬᠦ᠎ᠳᠤ 《ᠬᠢᠲᠠᠳ ᠬᠡᠯᠡᠨ᠎ᠤ ᠠᠪᠢᠶ᠎ᠠ ᠲᠡᠮᠳᠡᠭᠯᠡᠬᠦ ᠲᠥᠰᠥᠯ》 ᠵᠶ᠋ᠡᠷ ᠨᠢᠭᠡᠳᠦᠯᠲᠡᠢ ᠵᠢᠷᠤᠮᠵᠢᠯ ᠪᠣᠯᠭ᠋ᠠᠨ᠎ᠠ᠃
    ᠠᠷᠪᠠᠨ ᠨᠢᠭᠡᠳᠦᠭᠡᠷ ᠵᠦᠢ᠍ᠯ᠄ ᠨᠢᠭᠡ ᠭᠠᠵᠠᠷ᠎ᠲᠤ ᠤᠯᠠᠨ ᠵᠠᠷᠤᠬᠳᠠᠵᠤ ᠪᠠᠢ᠌ᠭ᠎ᠠ ᠭᠠᠵᠠᠷ᠎ᠤᠨ ᠨᠡᠷᠡᠰ᠎ᠢ ᠨᠢᠬᠡ ᠯᠨ ᠪᠠᠷᠢᠮᠵᠢᠶ᠎ᠠ᠎ᠪᠠᠷ ᠲᠤᠬᠳᠠᠭ᠋ᠠᠬᠤ ᠬᠡᠷᠡᠭᠲᠡᠢ᠂ ᠨᠢᠭᠡ ᠨᠡᠷ᠎ᠡ ᠵᠢ ᠤᠯᠠᠨ ᠶᠠᠡᠭᠵᠤ᠎ᠪᠠᠷ ᠪᠢᠴᠢᠬᠦ᠂ ᠤᠯᠠᠨ ᠲᠠᠭᠤᠳᠠᠯᠭ᠎ᠠ᠎ᠲᠠᠢ ᠦᠬᠡ᠎ᠪᠠᠷ ᠪᠢᠴᠢᠭᠰᠡᠨ ᠭᠠᠵᠠᠷ᠎ᠤᠨ ᠨᠡᠷᠡᠰ᠎ᠢ ᠨᠢᠬᠡᠳᠤᠯᠳᠡᠢ ᠦᠰᠦᠭ᠂ ᠨᠢᠬᠡᠳᠤᠯᠳᠡᠢ ᠲᠠᠭᠤᠳᠠᠯᠭ᠎ᠠ᠎ᠪᠠᠷ ᠨᠢᠬᠡᠳᠤᠯᠵᠢᠬᠦᠯᠬᠦ ᠬᠡᠷᠡᠭᠳᠡᠢ᠃ 
     ᠭᠠᠵᠠᠷ᠎ᠤᠨ ᠨᠠᠷᠡᠰ᠎ᠲᠤ᠎ᠬᠢ ᠣᠨᠳᠣᠣ ᠳᠠᠭᠤᠳᠠᠯᠭ᠎ᠠ ᠪᠠ ᠣᠨᠴᠠᠭ᠋ᠠᠶ ᠦᠰᠦᠭ᠎ᠢ ᠭᠠᠵᠠᠷ᠎ᠤᠨ ᠨᠠᠷᠡᠰ᠎ᠤᠨ ᠬᠡᠷᠡᠭᠯᠡᠭᠡᠨ᠎ᠤ ᠦᠰᠦᠭ᠎ᠤᠨ ᠳᠠᠭᠤᠳᠠᠯᠭ᠎ᠠ ᠵᠢ ᠬᠢᠨᠠᠨ ᠲᠣᠭᠲᠠᠭ᠋ᠠᠬᠤ ᠵᠢᠷᠤᠮᠵᠢᠯ ᠶᠣᠰᠣᠭ᠋ᠠᠷ ᠬᠢᠨᠠᠨ ᠲᠣᠭᠲᠠᠭ᠋ᠠᠬᠤ ᠬᠡᠷᠡᠭᠲᠡᠢ᠃ ᠭᠠᠵᠠᠷ᠎ᠤᠨ ᠨᠠᠷᠡᠰ ᠎ᠤᠨ ᠬᠡᠷᠡᠭᠯᠡᠭᠡᠨ᠎ᠤ ᠦᠰᠦᠭ᠎ᠤᠨ ᠳᠠᠭᠤᠳᠠᠯᠭ᠎ᠠ ᠵᠢ ᠬᠢᠨᠠᠨ ᠲᠣᠭᠲᠠᠭ᠋ᠠᠬᠤ ᠵᠢᠷᠤᠮᠵᠢᠯ᠎ᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ  ᠨᠠᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠦᠭᠡ ᠬᠡᠯᠨ ᠦᠰᠦᠭ ᠪᠢᠴᠢᠭ᠎ᠤᠨ ᠰᠠᠯᠠᠭ᠎ᠠ ᠮᠦᠴᠢᠷ᠎ᠤᠨ᠎ᠬᠢᠨ ᠲᠤᠬᠳᠠᠭ᠋ᠠᠨ᠎ᠠ᠃
    ᠠᠷᠪᠠᠨ ᠬᠣᠶᠠᠳᠤᠭ᠋ᠠᠷ ᠵᠦᠢ᠍ᠯ᠄ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠤᠨ ᠬᠢᠲᠠᠳ ᠦᠰᠦᠭ᠎ᠤᠨ ᠣᠷᠴᠢᠭᠤᠯᠭ᠎ᠠ ᠵᠢᠨ ᠨᠡᠷ᠎ᠡ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷ᠎ᠡ ᠵᠢᠨ ᠬᠢᠲᠠᠳ ᠤᠷᠴᠢᠭᠤᠯᠭ᠎ᠠ ᠵᠢᠨ ᠭᠠᠵᠠᠷ᠎ᠤᠨ ᠨᠡᠷᠡᠰ᠎ᠤᠨ ᠲᠦᠷᠢᠮ᠎ᠳᠤ ᠨᠡᠢ᠌ᠴᠡᠬᠦ ᠬᠡᠷᠡᠭᠳᠡᠢ᠃
   ᠠᠷᠪᠠᠨ ᠭᠤᠷᠪᠠᠳᠤᠭ᠋ᠠᠷ ᠵᠦᠢ᠍ᠯ᠄ ᠭᠠᠳᠠᠭ᠋ᠠᠳᠤ ᠬᠡᠯᠡᠨ᠎ᠤ ᠭᠠᠵᠠᠷ᠎ᠤᠨ ᠨᠡᠷᠡᠰ᠎ᠤᠨ ᠬᠢᠲᠠᠳ ᠦᠰᠦᠭ ᠵᠶ᠋ᠡᠷ ᠣᠷᠴᠢᠭᠤᠯᠤᠭᠰᠠᠨ ᠨᠡᠷ᠎ᠡ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠭᠠᠳᠠᠭ᠋ᠠᠳᠤ ᠬᠡᠯᠡᠨ᠎ᠤ ᠭᠠᠵᠠᠷ᠎ᠤᠨ ᠨᠡᠷᠡᠰ᠎ᠤᠨ ᠬᠢᠲᠠᠳ ᠦᠰᠦᠭ ᠵᠶ᠋ᠡᠷ ᠣᠷᠴᠢᠭᠤᠯᠤᠨ ᠪᠢᠴᠢᠬᠦ ᠵᠢᠷᠤᠮᠵᠢᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ᠎ᠤᠨ  ᠨᠡᠷᠡᠰ ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠬᠢᠨᠠᠨ ᠲᠣᠭᠲᠠᠭ᠋ᠠᠨ᠎ᠠ᠃
   ᠮᠠᠨ᠎ᠤ ᠤᠯᠤᠰ᠎ᠤᠨ ᠨᠤᠲᠤᠭ ᠳᠡᠪᠢᠰᠬᠡᠷ᠎ᠤᠨ ᠵᠣᠷᠢᠯᠲᠠ ᠪᠠ ᠡᠷᠬᠡ ᠮᠡᠳᠡᠯ᠎ᠤᠨ ᠡᠷᠬᠡ ᠠᠰᠢᠭ᠎ᠢ ᠬᠣᠬᠢᠷᠠᠭᠤᠯᠵᠤ ᠮᠡᠳᠡᠬᠦ ᠭᠠᠳᠠᠭ᠋ᠠᠳᠤ ᠬᠡᠯᠡᠨ᠎ᠤ ᠭᠠᠵᠠᠷ᠎ᠤᠨ  ᠨᠡᠷᠡᠰ ᠎ᠢ ᠰᠢᠭᠤᠳ ᠡᠰᠢᠯᠡᠨ ᠬᠡᠷᠡᠭᠯᠡᠬᠦ ᠪᠤᠶᠤ ᠳᠤᠷ᠎ᠠ᠎ᠪᠠᠷ ᠵᠶ᠋ᠠᠨ ᠰᠢᠯᠵᠢᠭᠦᠯᠦᠨ ᠣᠷᠴᠢᠭᠤᠯᠵᠤ ᠪᠣᠯᠬᠤ ᠦᠭᠡᠢ᠃




ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ (ᠲᠤᠤᠷᠠᠳᠤ)
 
            