ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
(ᠬᠤᠶᠠᠷ) ᠨᠠᠮ᠎ᠠᠴᠠ ᠠᠷᠠᠳ᠎ᠤᠨ ᠶᠠᠪᠤᠳᠠᠯ᠎ᠤᠨ ᠦᠢ᠍ᠯᠡᠰ᠎ᠢ ᠤᠳᠤᠷᠢᠳᠤᠭ᠋ᠠᠳ ᠣᠯᠤᠭᠰᠠᠨ ᠴᠢᠬᠤᠯᠠ ᠶᠡᠬᠡ ᠠᠮᠵᠢᠯᠲᠠ ᠪᠠ ᠬᠤᠷᠠᠮᠳᠤᠭᠤᠯᠤᠭᠰᠠᠨ ᠲᠡᠦᠬᠡᠨ ᠲᠤᠷᠰᠢᠯᠭ᠎ᠠ
ᠨᠡᠶᠢᠲᠡᠯᠡᠭᠰᠡᠨ ᠴᠠᠭ᠄ 2021-11-06

 
 
   ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂
                                             ᠶᠠᠮᠤᠨ᠎ᠤ ᠲᠠᠷᠤᠭ᠎ᠠ ᠯᠢ ᠵᠢᠶ ᠾᠧᠩ 


ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠬᠤᠷᠠᠮᠳᠤᠭᠤᠯᠤᠭᠰᠠᠨ ᠲᠡᠦᠬᠡᠨ ᠲᠤᠷᠰᠢᠯᠭ᠎ᠠ 

 

    ᠵᠠᠭᠤᠨ ᠵᠢᠯ᠎ᠤᠨ ᠲᠡᠦᠬᠡ ᠵᠢ ᠡᠷᠭᠢᠴᠡᠭᠦᠯᠬᠦᠶ᠎ᠡ᠂ ᠨᠠᠮ᠎ᠤᠨ ᠠᠭᠤᠤ ᠭᠠᠪᠢᠶ᠎ᠠ ᠠᠤᠭ᠎ᠠ ᠵᠢᠳᠬᠦᠯ ᠵᠶ᠋ᠡᠷ ᠭᠡᠷᠡᠯ ᠰᠠᠴᠤᠷᠠᠩᠭᠤᠢ ᠠᠮᠵᠢᠯᠲᠠ ᠵᠢ ᠲᠡᠮᠡᠴᠡᠨ ᠣᠯᠵᠤ᠂ ᠠᠷᠠᠳ᠎ᠤᠨ ᠶᠠᠪᠤᠳᠠᠯ᠎ᠤᠨ ᠬᠥᠭᠵᠢᠯᠲᠡ ᠲᠠᠪᠰᠢᠯᠳᠠ᠎ᠨᠢ ᠲᠤᠶ᠋ᠢᠯ᠎ᠤᠨ ᠬᠣᠪᠣᠷ ᠨᠠᠨᠳᠢᠨ ᠲᠡᠦᠬᠡ ᠵᠢᠨ ᠲᠤᠷᠰᠢᠯᠭ᠎ᠠ ᠵᠢ ᠬᠤᠷᠠᠮᠳᠤᠭᠤᠯᠵᠠᠢ᠃
  ᠠᠷᠠᠳ᠎ᠤᠨ ᠶᠠᠪᠤᠳᠠᠯ᠎ᠤᠨ ᠠᠵᠢᠯ᠎ᠳᠤ᠎ᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠡᠷᠬᠡᠪᠰᠢ ᠢᠮᠠᠭᠲᠠ ᠪᠠᠷᠢᠮᠲᠠᠯᠠᠨ ᠴᠢᠩᠭ᠋ᠠᠳᠬᠠᠬᠤ ᠬᠡᠷᠡᠭᠲᠡᠶ᠃ ᠨᠠᠮ ᠪᠣᠯ ᠡᠯ᠎ᠡ ᠵᠦᠢ᠍ᠯ᠎ᠤᠨ ᠦᠢ᠍ᠯᠡᠰ᠎ᠤᠨ ᠤᠳᠤᠷᠢᠳᠬᠤ ᠭᠣᠣᠯᠯᠠᠭᠴᠢ ᠮᠥᠨ᠂ ᠨᠠᠮ ᠢᠮᠠᠭᠲᠠ ᠠᠷᠠᠳ᠎ᠤᠨ ᠶᠠᠪᠤᠳᠠᠯ᠎ᠤᠨ ᠦᠢ᠍ᠯᠡᠰ᠎ᠢ ᠴᠢᠬᠤᠯᠠ ᠠᠵᠢᠯ᠎ᠤᠨ ᠨᠢᠬᠡ ᠪᠣᠯᠭ᠋ᠠᠵᠤ᠂ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠡᠷᠭᠡ ᠭᠣᠣᠯ ᠡᠭᠦᠷᠭᠡ᠎ᠲᠠᠢ ᠤᠶᠠᠯᠳᠤᠭᠤᠯᠤᠨ᠂ ᠠᠷᠠᠳ᠎ᠤᠨ ᠶᠠᠪᠤᠳᠠᠯ᠎ᠤᠨ ᠦᠢ᠍ᠯᠡᠰ᠎ᠲᠤ ᠤᠷᠤᠬᠰᠢᠯᠠᠬᠤ ᠴᠢᠭᠯᠡᠯ᠎ᠢ ᠵᠢᠭ᠋ᠠᠨ ᠥᠭᠴᠦ᠂ ᠴᠢᠬᠤᠯᠠ ᠶᠡᠬᠡ ᠪᠠᠶ᠋ᠢᠷᠢᠯᠠᠭᠤᠯᠤᠯᠲᠠ ᠬᠢᠵᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠷᠡᠭᠦᠯ ᠵᠶ᠋ᠠᠷ ᠬᠥᠭᠵᠢᠬᠦ ᠵᠢ ᠠᠬᠢᠭᠤᠯᠤᠭᠰᠠᠨ᠎ᠢ ᠵᠠᠭᠤᠨ ᠵᠢᠯ᠎ᠤᠨ ᠨᠠᠮ᠎ᠤᠨ ᠲᠡᠦᠬᠡ ᠭᠡᠷᠡᠴᠢᠯᠡᠭᠰᠡᠨ ᠪᠠᠶ᠋ᠢᠨ᠎ᠠ᠃ ᠦᠷᠭᠦᠯᠵᠢᠯᠡᠨ ᠤᠷᠤᠭᠰᠢᠯᠠᠬᠤ᠎ᠳᠤ᠂ ᠪᠢᠳᠡ ᠡᠷᠬᠡᠪᠰᠢ ᠨᠠᠮ᠎ᠤᠨ ᠠᠷᠠᠳ᠎ᠤᠨ ᠶᠠᠪᠤᠳᠠᠯ᠎ᠤᠨ ᠠᠵᠢᠯ᠎ᠳᠤ᠎ᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠎ᠪᠠᠷ ᠢᠮᠠᠭᠲᠠ ᠦᠨᠳᠦᠰᠦᠨ ᠱᠠᠭ᠋ᠠᠷᠳᠠᠯᠭ᠎ᠠ ᠪᠣᠯᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ 《ᠤᠯᠤᠰ᠎ᠤᠨ ᠲᠤᠮᠤ ᠶᠠᠪᠤᠳᠠᠯ》᠎ᠢ ᠪᠠᠲᠤ ᠴᠡᠭᠡᠵᠢᠯᠡᠵᠦ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠤᠯᠤᠰ ᠲᠦᠷᠦ ᠵᠢᠨ ᠵᠥᠪ ᠴᠢᠭᠯᠡᠯ᠎ᠢ ᠢᠮᠠᠭᠲᠠ ᠪᠠᠲᠤᠯᠠᠬᠤ ᠬᠡᠷᠡᠭᠲᠡᠢ᠃
ᠡᠷᠬᠡᠪᠰᠢ ᠮᠠᠷᠺᠰ᠎ᠤᠨ ᠦᠵᠡᠯ᠎ᠤᠨ ᠰᠢᠨᠵᠢᠯᠡᠬᠦ ᠤᠬᠠᠭ᠋ᠠᠨᠴᠢ ᠤᠨᠤᠯ ᠵᠶ᠋ᠠᠷ ᠠᠷᠠᠳ᠎ᠤᠨ ᠶᠠᠪᠤᠳᠠᠯ᠎ᠤᠨ ᠠᠵᠢᠯ᠎ᠢ ᠵᠢᠯᠣᠭᠣᠳᠣᠭᠤᠯᠬᠤ ᠵᠢ ᠢᠮᠠᠭᠲᠠ ᠪᠠᠷᠢᠮᠲᠠᠯᠠᠬᠤ ᠬᠡᠷᠡᠭᠲᠡᠶ᠃ ᠮᠠᠷᠺᠰ᠎ᠤᠨ ᠦᠵᠡᠯ ᠪᠣᠯ ᠮᠠᠨ᠎ᠤ ᠨᠠᠮ᠎ᠤᠨ ᠵᠣᠷᠢᠭ ᠰᠠᠨᠠᠭ᠋ᠠᠨ᠎ᠤ ᠲᠤᠬ ᠮᠥᠨ᠃ ᠵᠠᠭᠤᠨ ᠵᠢᠯ᠎ᠤᠨ ᠲᠤᠷᠰᠢ᠂ ᠦᠶ᠎ᠡ ᠦᠶ᠎ᠡ ᠵᠢᠨ ᠠᠷᠠᠳ᠎ᠤᠨ ᠶᠠᠪᠤᠳᠠᠯ᠎ᠤᠨ ᠬᠥᠮᠦᠰ ᠲᠠᠰᠤᠷᠠᠯᠲᠠ ᠦᠭᠡᠢ ᠨᠠᠮ᠎ᠤᠨ ᠰᠢᠨ᠎ᠡ ᠡᠭᠦᠳᠦᠯᠲᠡ ᠵᠢᠨ ᠤᠨᠤᠯ ᠵᠶ᠋ᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠣᠨᠴᠠᠯᠢᠭ ᠵᠢᠮ᠎ᠡ ᠶᠣᠰᠣ ᠵᠢ ᠢᠯᠡᠷᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠠᠢ᠃ ᠦᠷᠭᠦᠯᠵᠢᠯᠡᠨ ᠤᠷᠤᠭᠰᠢᠯᠠᠬᠤ᠎ᠳᠤ᠂ ᠪᠢᠳᠡ ᠡᠷᠬᠡᠪᠰᠢ ᠮᠠᠷᠺᠰ᠎ᠤᠨ ᠦᠵᠡᠯ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠰᠢ ᠵᠢᠨ ᠫᠢᠩ ᠶᠡᠷᠤᠡᠭᠭᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠤᠯᠤᠰ ᠲᠦᠷᠦᠴᠢ ᠴᠢᠨᠠᠷ᠂ ᠤᠯᠠᠨ ᠲᠦᠮᠡᠨᠴᠢ ᠴᠢᠨᠠᠷ᠂ ᠴᠠᠭ ᠦᠶᠡᠴᠢ ᠴᠢᠨᠠᠷ᠂ ᠬᠠᠮᠵᠢᠯᠴᠠᠬᠤ ᠴᠢᠨᠠᠷ᠎ᠢ ᠡᠵᠡᠮᠳᠡᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠬᠦᠳᠦᠯᠥᠨ ᠳᠠᠭ᠋ᠠᠭᠤᠯᠬᠤ ᠬᠡᠷᠡᠭᠲᠡᠢ᠃
  ᠡᠷᠬᠡᠪᠰᠢ ᠭᠣᠣᠯᠳᠠᠯᠭ᠎ᠠ᠎ᠲᠠᠢ᠎ᠪᠠᠨ ᠤᠶᠠᠯᠳᠤᠭᠤᠯᠤᠨ᠂ ᠶᠡᠬᠡ ᠲᠠᠯ᠎ᠠ᠎ᠳᠤ ᠦᠢ᠍ᠯᠡᠴᠢᠯᠡᠬᠦ ᠵᠢ ᠢᠮᠠᠭᠲᠠ ᠪᠠᠷᠢᠮᠲᠠᠯᠠᠬᠤ ᠬᠡᠷᠡᠭᠲᠡᠶ᠃ ᠵᠠᠭᠤᠨ ᠵᠢᠯ᠎ᠤᠨ ᠲᠤᠷᠰᠢ᠂ ᠪᠢᠳᠡ ᠤᠬᠠᠮᠰᠠᠷ᠎ᠠᠴᠠ᠎ᠪᠠᠨ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠪᠦᠬᠦ ᠲᠠᠯ᠎ᠠ᠎ᠠᠴᠠ ᠠᠷᠠᠳ᠎ᠤᠨ ᠶᠠᠪᠤᠳᠠᠯ᠎ᠤᠨ ᠠᠵᠢᠯ᠎ᠢ ᠲᠥᠯᠥᠪᠵᠢᠭᠦᠯᠦᠨ ᠠᠬᠢᠭᠤᠯᠵᠤ᠂ ᠠᠷᠠᠳ᠎ᠤᠨ ᠶᠠᠪᠤᠳᠠᠯ᠎ᠤᠨ ᠲᠡᠦᠬᠡᠨ ᠱᠠᠳᠤ ᠦᠶ᠎ᠡ ᠨᠢᠭᠡᠪᠦᠷᠢ ᠵᠢᠨ ᠡᠭᠦᠷᠭᠡ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠡᠵᠡᠮᠳᠡᠵᠦ᠂ ᠠᠵᠢᠯ᠎ᠤᠨ ᠭᠣᠣᠯᠳᠠᠯᠭ᠎ᠠ᠎ᠪᠠᠨ ᠴᠠᠭ ᠲᠤᠬᠠᠢ᠎ᠳᠤ᠎ᠨᠢ ᠳᠤᠬᠢᠷᠠᠭᠤᠯᠵᠤ᠂ ᠬᠦᠴᠦᠨ᠎ᠤ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠵᠦ᠂ ᠪᠠᠶ᠋ᠢᠭᠤᠯᠤᠮᠵᠢ ᠲᠣᠭᠲᠠᠴᠠ᠎ᠪᠠᠨ ᠲᠡᠭᠦᠯᠳᠡᠷᠵᠢᠭᠦᠯᠵᠦ᠂ ᠨᠠᠮ ᠪᠣᠯᠤᠨ ᠤᠯᠤᠰ᠎ᠤᠨ ᠭᠣᠣᠯ ᠡᠭᠦᠷᠭᠡ᠎ᠲᠠᠢ ᠵᠡᠷᠬᠡ᠎ᠪᠠᠷ ᠤᠷᠤᠭᠰᠢᠯᠠᠬᠤ ᠵᠢ ᠪᠠᠲᠤᠯᠠᠵᠠᠢ᠃ ᠦᠷᠭᠦᠯᠵᠢᠯᠡᠨ ᠤᠷᠤᠭᠰᠢᠯᠠᠬᠤ᠎ᠳᠤ᠂ ᠪᠢᠳᠡ ᠡᠷᠬᠡᠪᠰᠢ ᠢᠮᠠᠭᠲᠠ 《ᠤᠯᠤᠰ᠎ᠤᠨ ᠶᠡᠬᠡ ᠶᠠᠪᠤᠳᠠᠯ》᠎ᠢ ᠪᠣᠳᠣᠯᠬᠢᠯᠠᠵᠤ᠂ ᠨᠠᠮ ᠪᠣᠯᠤᠨ ᠤᠯᠤᠰ᠎ᠤᠨ ᠬᠡᠷᠡᠭᠴᠡᠭᠡ᠎ᠪᠠᠷ ᠠᠵᠢᠯ᠎ᠤᠨ ᠭᠣᠣᠯᠳᠠᠯᠭ᠎ᠠ᠎ᠪᠠᠨ ᠪᠣᠯᠭ᠋ᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠦᠢ᠍ᠯᠡᠴᠢᠯᠡᠵᠦ᠂ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂  ᠬᠠᠮᠳᠤ᠎ᠪᠠᠷ ᠴᠢᠨᠡᠭᠡᠯᠢᠭᠵᠢᠬᠦ ᠵᠢ ᠠᠬᠢᠭᠤᠯᠵᠤ᠂ ᠨᠠᠮ ᠪᠣᠯᠤᠨ ᠤᠯᠤᠰ᠎ᠤᠨ ᠶᠡᠬᠡ ᠲᠠᠯ᠎ᠠ᠎ᠳᠤ ᠨᠡᠩ ᠰᠠᠢ᠍ᠢ᠍ᠨ ᠦᠢ᠍ᠯᠡᠴᠢᠯᠡᠬᠦ ᠬᠡᠷᠡᠭᠲᠡᠢ᠃
   ᠡᠷᠬᠡᠪᠰᠢ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠠᠷᠠᠳ ᠲᠦᠮᠡᠨ᠎ᠤ ᠲᠥᠯᠥᠭᠡ ᠠᠷᠠᠳ᠎ᠤᠨ ᠶᠠᠪᠤᠳᠠᠯ᠎ᠤᠨ ᠢᠯᠡ ᠲᠣᠳᠣ ᠮᠥᠨ ᠴᠢᠨᠠᠷ ᠵᠶ᠋ᠠᠨ ᠡᠭᠦᠷᠢᠳᠡ ᠬᠠᠳᠠᠭ᠋ᠠᠯᠠᠬᠤ ᠬᠡᠷᠡᠭᠲᠡᠶ᠃ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠪᠣᠯ ᠨᠠᠮ᠎ᠤᠨ ᠦᠨᠳᠦᠰᠦᠨ ᠵᠣᠷᠢᠯᠲᠠ ᠮᠥᠨ᠂ ᠠᠷᠠᠳ ᠵᠶ᠋ᠠᠷ ᠦᠨᠳᠦᠰᠦ ᠪᠣᠯᠭ᠋ᠠᠬᠤ᠂ ᠠᠷᠠᠳ᠎ᠢ ᠠᠮᠤᠷᠵᠢᠭᠤᠯᠤᠨ ᠵᠠᠰᠠᠭ᠎ᠢ ᠪᠠᠶ᠋ᠢᠭᠤᠯᠬᠤ ᠪᠣᠯ ᠨᠠᠮ᠎ᠠᠴᠠ ᠠᠷᠠᠳ᠎ᠤᠨ ᠶᠠᠪᠤᠳᠠᠯ᠎ᠤᠨ ᠠᠵᠢᠯ᠎ᠢ ᠤᠳᠤᠷᠢᠳᠬᠤ ᠵᠢᠨ ᠢᠯᠡ ᠲᠣᠳᠣ ᠣᠨᠴᠠᠯᠢᠭ ᠮᠥᠨ᠃ ᠤᠷᠳᠤ ᠬᠤᠭᠤᠴᠠᠭ᠋ᠠᠨ᠎ᠤ ᠲᠤᠷᠰᠢ᠂ ᠪᠢᠳᠡ ᠠᠷᠠᠳ᠎ᠤᠨ ᠶᠠᠪᠤᠳᠠᠯ᠎ᠢ ᠠᠷᠠᠳ᠎ᠤᠨ ᠲᠥᠯᠥᠭᠡ ᠭᠡᠬᠦ ᠭᠣᠣᠯ ᠰᠡᠳᠦᠪ᠎ᠤᠨ ᠲᠣᠭᠣᠷᠢᠨ᠎ᠳᠤ 《ᠠᠷᠠᠳ ᠲᠦᠮᠡᠨ ᠵᠶ᠋ᠠᠷ ᠦᠨᠳᠦᠰᠦ ᠪᠣᠯᠭ᠋ᠠᠬᠤ᠂ ᠠᠷᠠᠳ᠎ᠤᠨ ᠲᠥᠯᠥᠭᠡ ᠬᠦᠴᠢᠷᠳᠡᠯ᠎ᠢ ᠰᠢᠢ᠍ᠳᠪᠤᠷᠢᠯᠡᠬᠦ᠂ ᠠᠷᠠᠳ ᠲᠦᠮᠡᠨ᠎ᠳᠤ ᠦᠢ᠍ᠯᠡᠴᠢᠯᠡᠬᠦ》 《ᠠᠷᠠᠳ᠎ᠤᠨ ᠶᠠᠪᠤᠳᠠᠯ᠎ᠢ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ᠎ᠢ ᠠᠷᠠᠳ ᠵᠶ᠋ᠠᠨ ᠬᠠᠶ᠋ᠢᠷᠠᠯᠠᠬᠤ》 ᠵᠡᠷᠭᠡ ᠣᠶ᠋ᠢᠯᠠᠭ᠋ᠠᠭᠳᠠᠬᠤᠨ᠎ᠢ ᠳᠤᠷᠠᠳᠤᠨ ᠭᠠᠷᠭ᠋ᠠᠵᠤ᠂ ᠡᠨᠡᠷᠢᠩᠭᠦᠶ ᠰᠡᠳᠬᠢᠯ ᠶᠡᠬᠡ ᠬᠠᠶ᠋ᠢᠷ᠎ᠠ᠎ᠪᠠᠷ ᠲᠣᠭ᠎ᠠ ᠲᠣᠮᠰᠢ ᠦᠭᠡᠢ ᠲᠡᠷᠢᠭᠦᠨ᠎ᠤ ᠬᠥᠮᠦᠰ ᠪᠠ ᠬᠥᠮᠦᠰ᠎ᠤᠨ ᠰᠡᠳᠬᠢᠯ᠎ᠢ ᠬᠥᠳᠡᠯᠭᠡᠮ᠎ᠡ ᠦᠢ᠍ᠯᠡ ᠠᠵᠢᠯᠯᠠᠭ᠎ᠠ ᠵᠢ ᠪᠤᠢ ᠪᠣᠯᠭ᠋ᠠᠵᠤ᠂ ᠨᠠᠮ᠎ᠤᠨ ᠦᠨᠳᠦᠰᠦᠨ ᠵᠣᠷᠢᠯᠲᠠ ᠵᠢ ᠠᠮᠢᠳᠤᠯᠢᠭ ᠵᠶ᠋ᠠᠷ ᠲᠠᠶ᠋ᠢᠯᠪᠤᠷᠢᠯᠠᠪᠠ᠃ ᠦᠷᠭᠦᠯᠵᠢᠯᠡᠨ ᠤᠷᠤᠭᠰᠢᠯᠠᠬᠤ᠎ᠳᠤ᠂ ᠪᠢᠳᠡ ᠡᠷᠬᠡᠪᠰᠢ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠪᠠᠷᠠᠯᠠᠨ ᠠᠷᠠᠳ᠎ᠤᠨ ᠶᠠᠪᠤᠳᠠᠯ᠎ᠤᠨ ᠦᠢ᠍ᠯᠡᠰ᠎ᠢ ᠠᠬᠢᠭᠤᠯᠵᠤ᠂ ᠡᠯ᠎ᠡ ᠵᠦᠢ᠍ᠯ᠎ᠤᠨ ᠠᠷᠠᠳ᠎ᠤᠨ ᠶᠠᠪᠤᠳᠠᠯ᠎ᠤᠨ ᠠᠵᠢᠯ᠎ᠳᠤ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠨᠡᠩ ᠰᠠᠶ᠋ᠢᠲᠤᠷ ᠢᠯᠡᠷᠡᠭᠦᠯᠵᠦ᠂ ᠨᠠᠮ ᠪᠣᠯᠤᠨ ᠵᠠᠰᠠᠭ᠎ᠤᠨ ᠣᠷᠳᠣᠨ᠎ᠤ ᠬᠠᠶ᠋ᠢᠷ᠎ᠠ ᠬᠠᠯᠠᠮᠵᠢ ᠵᠢ ᠳᠠᠮᠵᠢᠭᠤᠯᠵᠤ᠂ ᠲᠦᠷᠢᠮ᠎ᠤᠨ ᠳᠠᠪᠠᠭᠤᠯᠢᠭ᠎ᠢ ᠢᠯᠡᠷᠡᠭᠦᠯᠬᠦ ᠬᠡᠷᠡᠭᠲᠡᠢ᠃
  ᠡᠷᠬᠡᠪᠰᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠰᠢᠨ᠎ᠡ ᠵᠢ ᠡᠭᠦᠳᠬᠦ ᠵᠢ ᠢᠮᠠᠭᠲᠠ ᠪᠠᠷᠢᠮᠲᠠᠯᠠᠵᠤ᠂ ᠬᠥᠭᠵᠢᠯᠲᠡ ᠵᠢᠨ ᠪᠡᠷᠬᠡ ᠰᠡᠳᠦᠪ᠎ᠢ  ᠰᠢᠢ᠍ᠳᠪᠤᠷᠢᠯᠡᠬᠦ ᠬᠡᠷᠡᠭᠲᠡᠶ᠃ ᠥᠭᠡᠷᠡᠴᠢᠯᠡᠯᠲᠡ ᠨᠡᠭᠡᠭᠡᠯᠳᠡ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠬᠤᠪᠢ ᠵᠠᠶᠠᠭ᠎ᠠ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ ᠮᠥᠨ᠃ ᠠᠷᠠᠳ᠎ᠤᠨ ᠶᠠᠪᠤᠳᠠᠯ᠎ᠤᠨ ᠬᠤᠪᠢᠰᠬᠠᠯᠲᠤ ᠲᠡᠦᠬᠡ ᠪᠣᠯ ᠪᠠᠰᠠ ᠴᠤ᠌ ᠠᠷᠠᠳ᠎ᠤᠨ ᠶᠠᠪᠤᠳᠠᠯ᠎ᠤᠨ ᠰᠢᠨ᠎ᠡ ᠵᠢ ᠡᠭᠦᠳᠦᠭᠰᠡᠨ ᠬᠥᠭᠵᠢᠯᠲᠡ ᠵᠢᠨ ᠲᠡᠦᠬᠡ ᠪᠣᠯᠤᠨ᠎ᠠ᠃ ᠲᠠᠰᠤᠷᠠᠯᠲᠠ ᠦᠭᠡᠢ ᠬᠤᠪᠢᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠥᠷᠢᠰᠥᠯᠳᠦᠭᠡᠨ᠎ᠤ ᠡᠮᠦᠨ᠎ᠡ᠂ ᠨᠡᠶ᠋ᠢᠭᠡᠮ ᠠᠷᠠᠳ᠎ᠤᠨ ᠠᠮᠢᠳᠤᠷᠠᠯ᠎ᠤᠨ ᠬᠦᠷᠢᠶᠡᠨ᠎ᠤ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ᠎ᠪᠠᠷ ᠬᠤᠪᠢᠷᠠᠯᠲᠠ ᠵᠢ  ᠠᠷᠭ᠋ᠠᠴᠠᠭ᠋ᠠᠵᠤ᠂ ᠰᠢᠨ᠎ᠡ ᠵᠢ ᠡᠭᠦᠳᠬᠦ᠎ᠪᠠᠷ ᠥᠷᠢᠰᠥᠯᠳᠦᠭᠡᠨ᠎ᠳᠤ ᠬᠠᠷᠢᠭᠤᠯᠲᠠ ᠥᠭᠴᠦ᠂ ᠬᠠᠶ᠋ᠢᠨ ᠰᠦᠪᠡᠭᠴᠢᠯᠡᠯᠲᠡ᠎ᠪᠠᠷ ᠬᠥᠭᠵᠢᠯᠲᠡ ᠵᠢ ᠠᠬᠢᠭᠤᠯᠵᠤ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ᠂ ᠡᠷᠡᠰ ᠰᠢᠭᠤᠷᠬᠠᠢ ᠤᠷᠤᠭᠰᠢᠯᠠᠨ ᠲᠠᠪᠰᠢᠬᠰᠠᠨ ᠥᠭᠡᠷᠡᠴᠢᠯᠡᠯᠲᠡ ᠵᠢᠨ ᠤᠯᠠᠨ ᠲᠦᠮᠡᠨ᠎ᠤ ᠬᠦᠷᠦᠭ᠎ᠢ ᠳᠡᠯᠭᠡᠨ ᠦᠵᠡᠭᠦᠯᠵᠡᠢ᠃ ᠦᠷᠭᠦᠯᠵᠢᠯᠡᠨ ᠤᠷᠤᠭᠰᠢᠯᠠᠬᠤ᠎ᠳᠤ᠂ ᠪᠢᠳᠡ ᠡᠷᠬᠡᠪᠰᠢ ᠲᠡᠦᠬᠡ ᠵᠢᠨ ᠤᠷᠤᠰᠬᠠᠯ᠎ᠢ ᠳᠠᠭ᠋ᠠᠵᠤ᠂ ᠢᠳᠡᠪᠬᠢᠲᠡᠢ᠎ᠪᠠᠷ ᠬᠤᠪᠢᠷᠠᠯᠲᠠ ᠵᠢ  ᠠᠷᠭ᠋ᠠᠴᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠯᠲᠠ ᠵᠢ ᠡᠷᠢᠯᠬᠢᠯᠡᠵᠦ᠂ ᠲᠠᠰᠤᠷᠠᠯᠲᠠ ᠦᠭᠡᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠶᠠᠰᠤ ᠴᠢᠨᠠᠷ᠎ᠢ ᠳᠡᠭᠡᠭᠰᠢᠯᠡᠭᠦᠯᠵᠦ᠂ ᠠᠷᠠᠳ᠎ᠤᠨ ᠶᠠᠪᠤᠳᠠᠯ᠎ᠤᠨ ᠠᠵᠢᠯ᠎ᠢ ᠢᠮᠠᠭᠲᠠ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠳᠠᠪᠠᠯᠭ᠋ᠠᠨ᠎ᠢ ᠰᠦᠷᠦᠨ ᠤᠷᠤᠭᠰᠢᠯᠠᠭᠤᠯᠬᠤ ᠬᠡᠷᠡᠭᠲᠡᠢ᠃
  ᠡᠷᠬᠡᠪᠰᠢ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠬᠤ ᠵᠢ ᠢᠮᠠᠭᠲᠠ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠵᠣᠷᠢᠭ ᠰᠠᠨᠠᠭ᠋ᠠᠨ᠎ᠤ ᠬᠦᠴᠦᠨ᠎ᠢ ᠰᠢᠩᠭᠡᠭᠡᠨ ᠠᠪᠬᠤ ᠬᠡᠷᠡᠭᠲᠡᠶ᠃ ᠠᠭᠤᠤ ᠶᠡᠬᠡ ᠦᠢ᠍ᠯᠡᠰ ᠠᠭᠤᠤ ᠶᠡᠬᠡ ᠵᠣᠷᠢᠭ ᠰᠠᠨᠠᠭ᠎ᠠ ᠵᠢ ᠪᠣᠶ᠋ᠢᠵᠢᠭᠤᠯᠤᠨ᠎ᠠ᠃ ᠵᠠᠭᠤᠨ ᠵᠢᠯ᠎ᠤᠨ ᠲᠤᠷᠰᠢ᠂ ᠨᠠᠮ᠎ᠠᠴᠠ ᠪᠢᠳᠡᠨ᠎ᠢ ᠤᠳᠤᠷᠢᠳᠤᠨ ᠬᠤᠪᠢᠰᠬᠠᠯᠲᠤ ᠠᠷᠠᠳ᠎ᠤᠨ ᠶᠠᠪᠤᠳᠠᠯ᠎ᠤᠨ ᠰᠢᠯᠢᠳᠡᠭ ᠤᠯᠠᠮᠵᠢᠯᠠᠯ ᠪᠠ ᠤᠨᠴᠠᠯᠢᠬᠳᠤ ᠰᠣᠶᠣᠯ᠎ᠢ ᠡᠭᠦᠳᠴᠦ᠂ ᠢᠯᠠᠩᠭᠤᠶ᠎ᠠ ᠠᠷᠠᠳ᠎ᠤᠨ ᠶᠠᠪᠤᠳᠠᠯ᠎ᠤᠨ᠎ᠬᠢᠨ᠎ᠤ 《ᠠᠷᠠᠯ᠎ᠤᠨ ᠱᠠᠷ》 ᠎ᠤᠨ ᠵᠣᠷᠢᠭ ᠰᠠᠨᠠᠭ᠎ᠠ ᠦᠶ᠎ᠡ ᠵᠢᠨ ᠦᠶ᠎ᠡ᠎ᠳᠤ ᠤᠯᠠᠮᠵᠢᠯᠠᠵᠤ᠂ ᠠᠷᠠᠳ ᠵᠶ᠋ᠠᠷ ᠦᠨᠳᠦᠰᠦ ᠪᠣᠯᠭ᠋ᠠᠬᠤ᠂ ᠠᠷᠠᠳ ᠲᠦᠮᠡᠨ᠎ᠳᠤ ᠦᠢ᠍ᠯᠡᠴᠢᠯᠡᠬᠦ ᠵᠣᠷᠢᠯᠲᠠ ᠵᠢᠨ ᠣᠶ᠋ᠢᠯᠠᠭ᠋ᠠᠭᠳᠠᠬᠤᠨ᠂ ᠠᠵᠢᠯ᠎ᠤᠨ ᠪᠠᠶ᠋ᠢᠷᠢ᠎ᠪᠠᠨ ᠬᠠᠶ᠋ᠢᠷᠠᠯᠠᠵᠤ ᠦᠢ᠍ᠯᠡᠰ ᠵᠶ᠋ᠠᠨ ᠳᠡᠭᠡᠳᠦᠯᠡᠬᠦ᠂ ᠡᠭᠦᠷᠭᠡ ᠲᠤᠰᠢᠶᠠᠯ ᠵᠶ᠋ᠠᠨ ᠰᠢᠳᠤᠷᠭᠤ᠎ᠪᠠᠷ ᠬᠦᠢ᠍ᠴᠡᠳᠬᠡᠬᠦ ᠬᠠᠷᠠᠮ ᠥᠬᠡᠶ ᠵᠣᠷᠢᠭᠤᠯᠬᠤ ᠵᠠᠩ ᠰᠤᠷᠲᠠᠯ᠂ ᠬᠦᠴᠢᠷ᠎ᠢ ᠰᠦᠷᠦᠨ ᠤᠷᠤᠭᠰᠢᠯᠠᠬᠤ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ ᠤᠷᠤᠭᠰᠢᠯᠠᠨ ᠳᠠᠪᠰᠢᠬᠤ ᠵᠣᠷᠢᠭ ᠰᠠᠨᠠᠭ᠎ᠠ᠂ ᠴᠠᠭ ᠦᠶ᠎ᠡ᠎ᠲᠠᠢ ᠵᠡᠷᠬᠡ᠎ᠪᠠᠷ ᠤᠷᠤᠭᠰᠢᠯᠠᠬᠤ᠂ ᠵᠣᠷᠢᠭᠲᠠᠶ᠎ᠪᠠᠷ ᠲᠦᠷᠤᠬᠦᠯᠡᠨ ᠰᠢᠨ᠎ᠡ ᠵᠢ ᠡᠭᠦᠳᠬᠦ ᠤᠬᠠᠮᠰᠠᠷ᠂ ᠯᠠᠪᠳᠠᠭᠤᠨ ᠪᠠᠲᠤᠲᠠᠶ᠂ ᠦᠨᠡᠨ ᠠᠳᠬᠤᠵᠤ ᠪᠣᠳᠠᠲᠠᠶ ᠠᠵᠢᠯᠯᠠᠬᠤ ᠪᠣᠳᠠᠲᠠᠶ ᠵᠢ ᠡᠷᠬᠢᠮᠯᠡᠬᠦ ᠰᠤᠷᠲᠠᠯ᠂ ᠨᠡᠷ᠎ᠡ ᠠᠰᠢᠭ᠎ᠢ ᠥᠯᠥ ᠬᠥᠭᠡᠭᠡᠴᠡᠯᠳᠦᠬᠦ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠠᠯᠪᠠᠨ ᠵᠠᠷᠤᠴᠠ ᠵᠢᠨ ᠮᠥᠨ ᠴᠢᠨᠠᠷ᠎ᠢ ᠲᠥᠪᠯᠡᠷᠡᠭᠦᠯᠦᠨ ᠢᠯᠡᠷᠡᠬᠦᠯᠬᠦ ᠬᠡᠷᠡᠭᠳᠡᠢ᠃ ᠦᠷᠭᠦᠯᠵᠢᠯᠡᠨ ᠤᠷᠤᠭᠰᠢᠯᠠᠬᠤ᠎ᠳᠤ᠂ ᠪᠢᠳᠡ ᠡᠷᠬᠡᠪᠰᠢ ᠤᠬᠠᠮᠰᠠᠷ᠎ᠠᠴᠠ᠎ᠪᠠᠨ ᠨᠠᠮ᠎ᠤᠨ ᠬᠤᠪᠢᠰᠬᠠᠯ᠎ᠤᠨ ᠤᠳᠤᠮᠯᠠᠯ ᠪᠠ ᠠᠭᠤᠤ ᠶᠡᠬᠡ ᠵᠣᠷᠢᠭ ᠰᠠᠨᠠᠭ᠋ᠠᠨ᠎ᠤ ᠰᠢᠳᠤᠷᠭᠤ ᠤᠯᠠᠮᠵᠢᠯᠠᠭᠴᠢ ᠪᠤᠯᠵᠤ᠂ ᠠᠷᠠᠳ᠎ᠤᠨ ᠶᠠᠪᠤᠳᠠᠯ᠎ᠤᠨ ᠰᠢᠯᠢᠳᠡᠭ ᠤᠯᠠᠮᠵᠢᠯᠠᠯ᠎ᠢ ᠠᠭᠤᠳᠠᠯᠤᠨ ᠪᠠᠳᠠᠷᠠᠭᠤᠯᠵᠤ᠂ ᠠᠷᠠᠳ᠎ᠤᠨ ᠶᠠᠪᠤᠳᠠᠯ᠎ᠤᠨ ᠰᠣᠶᠣᠯ᠎ᠢ ᠵᠤᠵᠠᠭ᠋ᠠᠳᠬᠠᠵᠤ᠂ ᠡᠷᠬᠢᠮ ᠨᠠᠨᠳᠢᠨ ᠤᠶᠤᠨ ᠰᠠᠨᠠᠭ᠋ᠠᠨ᠎ᠤ ᠡᠳ᠋ ᠪᠠᠶᠠᠯᠢᠭ᠎ᠠᠴᠠ ᠲᠠᠰᠤᠷᠠᠯᠳᠠ ᠦᠭᠡᠢ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠤᠶᠤᠨ ᠤᠬᠠᠭ᠋ᠠᠨ ᠬᠦᠴᠦᠨ ᠴᠢᠳᠠᠯ᠎ᠢ ᠰᠢᠩᠭᠡᠭᠡᠨ ᠠᠪᠴᠤ᠂ ᠨᠠᠮ ᠪᠠ ᠠᠷᠠᠳ ᠲᠦᠮᠡᠨ᠎ᠳᠤ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ᠎ᠪᠠᠷ ᠴᠢᠷᠮᠠᠶ᠋ᠢᠬᠤ ᠬᠡᠷᠡᠭᠲᠡᠢ᠃
  ᠡᠷᠬᠡᠪᠰᠢ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠢᠮᠠᠭᠲᠠ ᠪᠠᠷᠢᠮᠲᠠᠯᠠᠬᠤ ᠬᠡᠷᠡᠭᠲᠡᠢ᠃ ᠵᠠᠭᠤᠨ ᠵᠢᠯ᠎ᠤᠨ ᠲᠤᠷᠰᠢ᠂ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠢ ᠭᠦᠢ᠍ᠴᠡᠳᠬᠡᠬᠦ ᠵᠢᠨ ᠲᠣᠭᠣᠷᠢᠨ᠎ᠳᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠤᠬᠠᠮᠰᠠᠷ᠎ᠠᠴᠠ᠎ᠪᠠᠨ ᠪᠡᠯᠡ ᠣᠷᠣᠭᠤᠯᠤᠯᠲᠠ ᠵᠢ ᠰᠢᠯᠢᠳᠡᠭᠵᠢᠭᠦᠯᠵᠦ᠂ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠵᠦ᠂ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠵᠢ ᠥᠷᠭᠡᠳᠬᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠡᠦᠬᠡᠲᠦ ᠡᠭᠦᠷᠭᠡ ᠵᠢ ᠪᠡᠶᠡᠯᠡᠭᠦᠯᠬᠦ ᠵᠢ ᠪᠦᠲᠦᠮᠵᠢᠲᠡᠢ ᠲᠤᠯᠭ᠋ᠠᠭᠤᠷᠢᠯᠠᠭᠰᠠᠨ ᠪᠠᠶ᠋ᠢᠨ᠎ᠠ᠃ ᠦᠷᠭᠦᠯᠵᠢᠯᠡᠨ ᠤᠷᠤᠭᠰᠢᠯᠠᠬᠤ᠎ᠳᠤ᠂ ᠪᠢᠳᠡ ᠡᠷᠬᠡᠪᠰᠢ ᠰᠠᠭᠤᠷᠢ᠎ᠪᠠᠨ ᠪᠠᠲᠤᠳᠬᠠᠬᠤ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠬᠠᠤᠯᠢ ᠴᠠᠭ᠋ᠠᠵᠠ ᠵᠢᠨ ᠲᠦᠷᠢᠮ᠂ ᠣᠷᠣᠭᠤᠯᠤᠯᠲᠠ ᠵᠢᠨ ᠪᠠᠲᠤᠯᠠᠪᠤᠷᠢ ᠵᠢᠨ ᠲᠣᠭᠲᠠᠴᠠ᠂ ᠦᠢ᠍ᠯᠡᠴᠢᠯᠡᠭᠡᠨ᠎ᠤ ᠲᠥᠬᠥᠭᠡᠷᠦᠮᠵᠢ᠂ ᠺᠠᠳ᠋ᠷ ᠴᠢᠳᠠᠪᠤᠷᠢᠲᠠᠨ᠂ ᠮᠡᠳᠡᠭᠡ ᠵᠠᠩᠭᠢ ᠵᠢᠨ ᠤᠶᠤᠨ ᠴᠢᠳᠠᠪᠤᠷᠢ᠂ ᠦᠨᠳᠦᠰᠦᠨ ᠱᠠᠲᠤᠨ᠎ᠤ ᠴᠢᠳᠠᠪᠤᠷᠢ ᠵᠡᠷᠭᠡ ᠲᠠᠯ᠎ᠠ ᠵᠢᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠵᠤ᠂ ᠠᠷᠠᠳ᠎ᠤᠨ ᠶᠠᠪᠤᠳᠠᠯ᠎ᠤᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠵᠤ᠂ ᠨᠠᠮ ᠪᠣᠯᠤᠨ ᠠᠷᠠᠳ ᠲᠦᠮᠡᠨ᠎ᠠᠴᠠ ᠳᠠᠭ᠋ᠠᠭ᠋ᠠᠯᠭ᠋ᠠᠭᠰᠠᠨ ᠲᠠᠷᠬᠠᠨ ᠡᠭᠦᠷᠭᠡ ᠵᠢ ᠨᠡᠩ ᠰᠠᠶ᠋ᠢᠲᠤᠷ ᠡᠭᠦᠷᠭᠡᠯᠡᠬᠦ ᠬᠡᠷᠡᠭᠲᠡᠢ᠃
  ᠰᠠᠯᠠᠭ᠎ᠠ ᠮᠥᠴᠢᠷ᠎ᠤᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠡᠷᠬᠡᠪᠰᠢ ᠢᠮᠠᠭᠲᠠ ᠪᠠᠷᠢᠮᠲᠠᠯᠠᠬᠤ ᠬᠡᠷᠡᠭᠲᠡᠶ᠃ ᠨᠠᠮ᠎ᠨᠢ ᠨᠠᠮ ᠵᠶ᠋ᠠᠨ ᠬᠠᠮᠢᠶᠠᠷᠬᠤ᠂ ᠨᠠᠮ᠎ᠢ ᠴᠢᠩᠭ᠎ᠠ ᠵᠠᠰᠠᠬᠤ ᠪᠣᠯ ᠮᠠᠨ᠎ᠤ ᠨᠠᠮ᠎ᠤᠨ ᠠᠮᠵᠢᠯᠲᠠ ᠣᠯᠤᠭᠰᠠᠨ᠎ᠤ ᠴᠢᠬᠤᠯᠠ ᠰᠢᠯᠲᠠᠭ᠋ᠠᠨ ᠮᠥᠨ᠃ ᠵᠠᠭᠤᠨ ᠵᠢᠯ᠎ᠤᠨ ᠲᠤᠷᠰᠢ᠂ ᠪᠢᠳᠡ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠢᠮᠠᠭᠲᠠ ᠠᠷᠠᠳ᠎ᠤᠨ ᠶᠠᠪᠤᠳᠠᠯ᠎ᠤᠨ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠤᠷᠢᠲᠠᠯ ᠪᠣᠯᠭ᠋ᠠᠵᠤ᠂ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ᠂ ᠦᠵᠡᠯ ᠰᠠᠨᠠᠭ᠋ᠠᠨ᠎ᠤ ᠪᠠᠶ᠋ᠢᠭᠤᠯᠤᠯᠲᠠ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ᠂ ᠰᠤᠷᠲᠠᠯ᠎ᠤᠨ ᠪᠠᠶ᠋ᠢᠭᠤᠯᠤᠯᠲᠠ᠂ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠠᠬᠢᠭᠤᠯᠵᠤ᠂  ᠪᠦᠷᠢᠨ ᠲᠡᠭᠦᠯᠳᠡᠷ ᠨᠠᠮ᠎ᠤᠨ ᠪᠠᠶ᠋ᠢᠭᠤᠯᠤᠯᠲᠠ ᠵᠢᠨ ᠲᠦᠷᠢᠮ᠎ᠤᠨ ᠰᠢᠰᠲ᠋ᠧᠮ᠎ᠢ ᠪᠠᠶ᠋ᠢᠭᠤᠯᠵᠤ᠂ ᠠᠷᠠᠳ᠎ᠤᠨ ᠶᠠᠪᠤᠳᠠᠯ᠎ᠤᠨ  ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢ ᠮᠠᠰᠢ ᠰᠠᠶ᠋ᠢᠨ ᠬᠥᠲᠥᠯᠦᠨ ᠳᠠᠭ᠋ᠠᠭᠤᠯᠵᠤ ᠪᠠᠲᠤᠯᠠᠭᠰᠠᠨ ᠪᠠᠶ᠋ᠢᠨ᠎ᠠ᠃ ᠦᠷᠭᠦᠯᠵᠢᠯᠡᠨ ᠤᠷᠤᠭᠰᠢᠯᠠᠬᠤ᠎ᠳᠤ᠂ ᠪᠢᠳᠡ ᠡᠷᠬᠡᠪᠰᠢ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠠᠮ᠎ᠤᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠰᠢᠨᠲᠠᠷᠠᠰᠢ ᠦᠭᠡᠢ ᠳᠡᠭᠡᠭᠰᠢᠯᠡᠭᠦᠯᠵᠦ᠂ ᠤᠯᠤᠰ ᠲᠦᠷᠦ ᠵᠢ ᠡᠷᠬᠢᠮᠯᠡᠬᠦ᠂ ᠰᠠᠬᠢᠯᠭ᠎ᠠ ᠪᠠᠲᠤ ᠵᠢ ᠰᠠᠬᠢᠬᠤ᠂ ᠬᠠᠷᠢᠭᠤᠴᠠᠯᠭ᠎ᠠ᠎ᠲᠠᠢ᠂ ᠦᠷ᠎ᠡ ᠪᠦᠲᠦᠮᠵᠢ᠎ᠲᠠᠢ ᠵᠢᠱ᠌ᠢᠶᠡᠴᠢ ᠪᠠᠶ᠋ᠢᠭᠤᠯᠤᠯᠭ᠎ᠠ ᠵᠢ ᠴᠢᠷᠮᠠᠶ᠋ᠢᠨ ᠪᠠᠶ᠋ᠢᠭᠤᠯᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠯᠠᠪᠳᠠᠭᠤᠨ ᠵᠶ᠋ᠠᠷ ᠬᠤᠯᠠ ᠠᠶᠠᠯᠠᠵᠤ᠂ ᠲᠠᠬᠢᠨ ᠰᠢᠨ᠎ᠡ ᠭᠠᠪᠢᠶ᠎ᠠ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃
 






 

ᠢᠷᠡᠯᠲᠡ᠄ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
(ᠲᠠᠪᠤ) ᠲᠤᠮᠳᠠᠳᠤ ᠵᠢᠨ ᠦᠨᠳᠤᠰᠤᠳᠡᠨ᠎ᠤ ᠦᠷᠡᠭᠳᠡᠭᠰᠡᠨ ᠪᠠᠭ᠋ᠠᠳᠤᠷᠴᠤᠳ᠎ᠤᠨ ᠦᠯᠢᠬᠡᠷ᠎ᠤᠨ ᠴᠤᠬᠯᠠᠭ᠋ᠠᠨ — 《ᠶᠠᠡᠭ ᠵᠢᠡᠭ ᠢᠤᠢ》
(ᠵᠢᠷᠭᠤᠭ᠎ᠠ) ᠲᠤᠮᠳᠠᠳᠤ ᠵᠢᠨ ᠦᠨᠳᠤᠰᠤᠳᠡᠨ᠎ᠤ ᠦᠷᠡᠭᠳᠡᠭᠰᠡᠨ ᠪᠠᠭ᠋ᠠᠳᠤᠷᠴᠤᠳ᠎ᠤᠨ ᠦᠯᠢᠬᠡᠷ᠎ᠤᠨ ᠴᠤᠬᠯᠠᠭ᠋ᠠᠨ — 《ᠶᠠᠡᠭ ᠵᠢᠡᠭ ᠢᠤᠢ》
ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠨ᠎ᠡ ᠴᠠᠭ ᠦᠶ᠎ᠡ ᠵᠢᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠢ ᠰᠠᠢ᠌ᠳᠤᠷ ᠬᠢᠰᠦᠭᠡᠢ
ᠮᠠᠨ᠎ᠤ ᠣᠷᠣᠨ ᠨᠠᠮ ᠪᠠᠢ᠌ᠭᠤᠯᠤᠬᠳᠠᠬᠰᠠᠨ ᠡᠳᠤᠷ᠎ᠢ ᠪᠡᠯᠬᠡᠯᠡᠬᠦ ᠪᠠᠶᠠᠯᠢᠭ ᠠᠭᠤᠯᠭ᠎ᠠ᠎ᠲᠠᠢ ᠠᠵᠢᠯᠯᠠᠭ᠎ᠠ᠎ᠨᠤᠭᠤᠳ᠎ᠢ ᠦᠷᠨᠢᠬᠦᠯᠪᠡ
《ᠰᠤᠷᠤᠯᠴᠠᠯᠭ᠎ᠠ ᠵᠢᠨ ᠴᠠᠭ ᠰᠣᠨᠢᠨ》᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠸᠡᠭ᠎ᠤᠨ 《ᠨᠡᠢ᠌ᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠬᠡᠨ ᠪᠠᠢ᠌ᠭᠤᠯᠬᠤ ᠰᠢᠨ᠎ᠡ ᠠᠶᠠᠨ᠎ᠳᠤ ᠦᠪᠤᠷ ᠮᠤᠡᠭᠭᠤᠯ᠎ᠤᠨ ᠬᠦᠭᠵᠢᠯᠳᠡ ᠵᠢᠨ ᠰᠢᠨ᠎ᠡ ᠬᠠᠭᠤᠳᠠᠰᠤ ᠵᠢ ᠪᠢᠴᠢᠭᠯᠡᠰᠤᠬᠡᠢ》 ᠬᠡᠬᠦ ᠵᠣᠬᠢᠶᠠᠯ᠎ᠢ ᠨᠡᠢ᠌ᠲᠡᠯᠡᠪᠡ
 
            