ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
(ᠨᠢᠬᠡ) ᠨᠠᠮ᠎ᠠᠴᠠ ᠠᠷᠠᠳ᠎ᠤᠨ ᠶᠠᠪᠤᠳᠠᠯ᠎ᠤᠨ ᠦᠢ᠍ᠯᠡᠰ᠎ᠢ ᠤᠳᠤᠷᠢᠳᠤᠭ᠋ᠠᠳ ᠣᠯᠤᠭᠰᠠᠨ ᠴᠢᠬᠤᠯᠠ ᠶᠡᠬᠡ ᠠᠮᠵᠢᠯᠲᠠ ᠪᠠ ᠬᠤᠷᠠᠮᠳᠤᠭᠤᠯᠤᠭᠰᠠᠨ ᠲᠡᠦᠬᠡᠨ ᠲᠤᠷᠰᠢᠯᠭ᠎ᠠ
ᠨᠡᠶᠢᠲᠡᠯᠡᠭᠰᠡᠨ ᠴᠠᠭ᠄ 2021-11-04

 
 
   ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂
                                             ᠶᠠᠮᠤᠨ᠎ᠤ ᠲᠠᠷᠤᠭ᠎ᠠ ᠯᠢ ᠵᠢᠶ ᠾᠧᠩ
   
    ᠵᠠᠭᠤᠨ ᠵᠢᠯ᠎ᠤᠨ ᠲᠤᠷᠰᠢ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠲᠦᠷᠤ ᠬᠦᠷᠤᠨ  ᠪᠤᠰᠬᠠᠬᠰᠠᠨ ᠬᠤᠪᠢᠰᠬᠠᠯ᠎ᠤᠨ ᠲᠡᠦᠬᠡ᠂ ᠲᠩᠷᠢ ᠭᠠᠵᠠᠷ᠎ᠢ ᠬᠤᠪᠢᠷᠠᠭᠤᠯᠤᠭᠰᠠᠨ ᠪᠦᠳᠦᠭᠡᠨ ᠪᠠᠶ᠋ᠢᠭᠤᠯᠤᠯᠲᠠ ᠵᠢᠨ ᠲᠡᠦᠬᠡ᠂ ᠲᠩᠷᠢ ᠭᠠᠵᠠᠷ᠎ᠢ ᠳᠣᠩᠰᠣᠯᠭ᠋ᠠᠮ᠎ᠠ ᠥᠭᠡᠷᠡᠴᠢᠯᠡᠯᠲᠡ ᠵᠢᠨ ᠲᠡᠦᠬᠡ᠂ ᠲᠩᠷᠢ ᠭᠠᠵᠠᠷ᠎ᠢ ᠳᠣᠩᠰᠣᠯᠭ᠋ᠠᠮ᠎ᠠ ᠬᠥᠭᠵᠢᠯᠲᠡ ᠵᠢᠨ ᠲᠡᠦᠬᠡ ᠵᠢ ᠪᠢᠴᠢᠭᠯᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠭᠡᠭᠡᠨ ᠰᠠᠷᠠᠭᠤᠯ ᠢᠷᠡᠭᠡᠳᠦᠶ ᠵᠢ ᠡᠭᠦᠳᠦᠨ ᠨᠡᠭᠡᠭᠡᠵᠡᠶ᠃ ᠵᠠᠭᠤᠨ ᠵᠢᠯ᠎ᠤᠨ ᠲᠡᠦᠬᠡᠨ ᠶᠠᠪᠤᠴᠠ᠎ᠳᠤ᠂ ᠠᠷᠠᠳ᠎ᠤᠨ ᠶᠠᠪᠤᠳᠠᠯ᠎ᠨᠢ ᠨᠠᠮ᠎ᠤᠨ ᠤᠳᠤᠷᠢᠳᠤᠯᠭ᠎ᠠ ᠳᠣᠣᠷ᠎ᠠ᠂ ᠬᠠᠷᠰᠢ ᠰᠠᠭ᠋ᠠᠳ᠎ᠢ ᠢᠯᠠᠨ ᠳᠠᠪᠠᠵᠤ᠂ ᠡᠷᠡᠮᠡᠬᠡᠶ᠋ᠢᠯᠡᠨ ᠤᠷᠤᠭᠰᠢᠯᠠᠵᠤ᠂ ᠠᠯᠢ ᠤᠯᠠᠨ ᠴᠢᠬᠤᠯᠠ ᠶᠡᠬᠡ ᠠᠮᠵᠢᠯᠲᠠ ᠣᠯᠵᠤ᠂ ᠡᠷᠬᠢᠮ ᠨᠠᠨᠳᠢᠨ ᠲᠡᠦᠬᠡ ᠵᠢᠨ ᠲᠤᠷᠰᠢᠯᠭ᠎ᠠ ᠵᠢ ᠬᠤᠷᠠᠮᠳᠤᠭᠤᠯᠵᠤ᠂ ᠬᠥᠮᠦᠰ᠎ᠲᠤ ᠭᠦᠨᠵᠡᠭᠡᠢ ᠰᠡᠩᠬᠡᠷᠡᠭᠦᠯᠦᠯ ᠥᠭᠴᠡᠢ᠃
   
    ᠨᠠᠮ᠎ᠠᠴᠠ ᠠᠷᠠᠳ᠎ᠤᠨ ᠶᠠᠪᠤᠳᠠᠯ᠎ᠢ ᠤᠳᠤᠷᠢᠳᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ
   
     ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠡᠷᠭᠡ ᠠᠳᠠᠯᠢ ᠪᠤᠰᠤ ᠴᠠᠭ ᠦᠶ᠎ᠡ ᠵᠢᠨ ᠭᠣᠣᠯ ᠡᠭᠦᠷᠭᠡ ᠵᠢᠨ ᠲᠣᠭᠣᠷᠢᠨ᠎ᠳᠤ᠂ ᠦᠶ᠎ᠡ ᠦᠶ᠎ᠡ ᠵᠢᠨ ᠠᠷᠠᠳ᠎ᠤᠨ ᠶᠠᠪᠤᠳᠠᠯ᠎ᠤᠨ ᠠᠵᠢᠯᠲᠠᠳ ᠰᠢᠨ᠎ᠡ ᠵᠢ ᠡᠭᠦᠳᠦᠨ ᠪᠦᠲᠦᠭᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠴᠢᠬᠤᠯᠠ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠭᠦᠯᠪᠡ᠃
    1921 ᠣᠨ᠎ᠳᠤ ᠨᠠᠮ ᠪᠠᠶ᠋ᠢᠭᠤᠯᠤᠭᠳᠠᠭᠰᠠᠨ᠎ᠤ ᠳᠠᠷᠠᠭ᠎ᠠ᠂ ᠵᠡᠪᠰᠡᠭᠲᠦ ᠬᠦᠴᠦᠨ ᠵᠶ᠋ᠠᠷ ᠵᠠᠰᠠᠭ᠎ᠤᠨ ᠡᠷᠬᠡ ᠵᠢ ᠪᠤᠯᠢᠶᠠᠨ ᠠᠪᠬᠤ ᠵᠢᠨ ᠲᠥᠯᠥᠭᠡ᠂ ᠤᠷᠢᠳ ᠬᠣᠵᠢᠳ ᠬᠤᠪᠢᠰᠬᠠᠯ᠎ᠤᠨ ᠰᠠᠭᠤᠷᠢᠨ ᠭᠠᠵᠠᠷ ᠪᠠ ᠴᠢᠯᠥᠭᠡᠯᠡᠭᠳᠡᠭᠰᠡᠨ ᠣᠷᠣᠨ᠎ᠳᠤ ᠵᠠᠰᠠᠭ᠎ᠤᠨ ᠵᠣᠬᠢᠶᠠᠨ ᠪᠠᠶ᠋ᠢᠭᠤᠯᠤᠯᠲᠠ ᠵᠢ ᠥᠷᠭᠡᠨ ᠵᠶ᠋ᠠᠷ ᠪᠠᠶ᠋ᠢᠭᠤᠯᠵᠤ᠂ ᠭᠠᠵᠠᠷ ᠰᠢᠷᠣᠶ ᠵᠢᠨ ᠬᠤᠪᠢᠰᠬᠠᠯ᠎ᠢ ᠡᠭᠦᠰᠭᠡᠨ᠂ ᠠᠵᠤ ᠠᠬᠤᠶ᠂ ᠰᠣᠶᠣᠯ᠂ ᠨᠡᠶ᠋ᠢᠭᠡᠮ ᠵᠡᠷᠭᠡ ᠵᠢᠨ ᠪᠦᠲᠦᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠪᠠ᠃ ᠵᠥᠪᠯᠡᠯ᠎ᠤᠨ ᠵᠠᠰᠠᠭᠲᠤ ᠪᠥᠬᠥᠳᠡ ᠨᠠᠶ᠋ᠢᠷᠠᠮᠳᠠᠬᠤ ᠳᠤᠮᠳᠠᠳᠤ ᠤᠯᠤᠰ᠎ᠤᠨ ᠲᠦᠷ ᠴᠠᠭ᠎ᠤᠨ ᠲᠥᠪ ᠵᠠᠰᠠᠭ᠎ᠤᠨ ᠣᠷᠳᠣᠨ ᠪᠠᠶ᠋ᠢᠭᠤᠯᠤᠭᠳᠠᠮᠠᠭᠴᠠ ᠳᠣᠲᠣᠭ᠋ᠠᠳᠤ ᠶᠠᠪᠤᠳᠠᠯ᠎ᠤᠨ ᠠᠷᠠᠳ᠎ᠤᠨ ᠭᠡᠰᠢᠭᠦᠳ᠎ᠤᠨ ᠬᠡᠯᠲᠡᠰ᠎ᠢ ᠪᠠᠶ᠋ᠢᠭᠤᠯᠵᠤ᠂ ᠲᠡᠭᠦᠨ᠎ᠠᠴᠠ ᠬᠣᠶ᠋ᠢᠰᠢ ᠬᠤᠪᠢᠰᠬᠠᠯ᠎ᠤᠨ ᠭᠣᠣᠯ ᠰᠠᠭᠤᠷᠢᠨ ᠭᠠᠵᠠᠷ᠎ᠤᠳ᠎ᠲᠤ ᠴᠥᠮ ᠠᠷᠠᠳ᠎ᠤᠨ ᠶᠠᠪᠤᠳᠠᠯ᠎ᠤᠨ ᠪᠠᠶ᠋ᠢᠭᠤᠯᠤᠮᠵᠢ ᠵᠢ ᠪᠠᠶ᠋ᠢᠭᠤᠯᠵᠤ᠂ ᠵᠠᠰᠠᠭ᠎ᠤᠨ ᠪᠠᠶ᠋ᠢᠭᠤᠯᠤᠯᠲᠠ᠂ ᠺᠠᠳ᠋ᠷ᠎ᠤᠨ ᠬᠠᠮᠢᠶᠠᠷᠤᠯᠲᠠ᠂ ᠡᠷᠦᠭᠡ ᠠᠮᠠ ᠵᠢᠨ ᠲᠠᠨᠭ᠌ᠰᠠ᠂ ᠭᠠᠵᠠᠷ ᠣᠷᠣᠨ᠎ᠤ ᠵᠠᠰᠠᠭ᠂ ᠡᠷᠡᠭᠦᠯ ᠬᠠᠮᠠᠭ᠋ᠠᠯᠠᠯ᠂ ᠠᠰᠠᠷᠠᠨ ᠬᠠᠷᠠᠭ᠋ᠠᠯᠵᠠᠬᠤ᠂ ᠲᠡᠳᠬᠦᠬᠦ᠂ ᠤᠷᠤᠬ ᠬᠤᠷᠢᠮ᠂ ᠬᠤᠳᠠ ᠵᠢᠨ ᠵᠠᠬᠢᠷᠭ᠎ᠠ᠂ ᠱᠠᠰᠢᠨ ᠰᠤᠷᠲᠠᠬᠤᠨ᠂ ᠦᠨᠳᠦᠰᠦᠲᠡᠨ᠂ ᠶᠣᠰᠣ ᠵᠠᠩᠰᠢᠯ ᠵᠡᠷᠭᠡ ᠠᠵᠢᠯ᠎ᠢ ᠬᠠᠷᠢᠭᠤᠴᠠᠭᠤᠯᠵᠠᠶ᠃ ᠢᠯᠠᠩᠭᠤᠶ᠎ᠠ ᠭᠠᠵᠠᠷ ᠲᠠᠷᠢᠶᠠᠨ᠎ᠤ ᠬᠤᠪᠢᠰᠬᠠᠯ᠎ᠤᠨ ᠮᠠᠰᠢ ᠤᠯᠠᠨ ᠪᠣᠳᠠᠲᠠᠶ ᠡᠭᠦᠷᠭᠡ ᠵᠢ ᠳᠠᠭ᠋ᠠᠭ᠋ᠠᠵᠤ ᠠᠪᠤᠭᠰᠠᠨ ᠵᠶ᠋ᠠᠷ 《ᠭᠠᠵᠠᠷ ᠲᠠᠷᠢᠶᠠᠨ᠎ᠤ ᠥᠭᠡᠷᠡᠴᠢᠯᠡᠯᠲᠡ》 ᠵᠢᠨ ᠤᠷᠤᠭᠰᠢᠲᠠᠶ ᠶᠠᠪᠤᠭᠳᠠᠬᠤ ᠵᠢ ᠠᠬᠢᠭᠤᠯᠪᠠ᠃ ᠴᠡᠷᠢᠭ ᠪᠠ ᠴᠡᠷᠢᠭ᠎ᠤᠨ ᠭᠡᠷ ᠪᠦᠯᠢ ᠵᠢ ᠬᠠᠷᠠᠭ᠋ᠠᠯᠵᠠᠬᠤ ᠠᠰᠠᠷᠠᠮᠵᠢ ᠵᠢᠨ ᠠᠷᠭ᠎ᠠ ᠵᠢ ᠲᠣᠭᠲᠠᠭ᠋ᠠᠵᠤ᠂ ᠴᠡᠷᠢᠭ ᠵᠶ᠋ᠠᠨ ᠬᠦᠷᠢᠶᠡᠯᠡᠨ ᠴᠡᠷᠢᠭ᠎ᠤᠨ ᠭᠡᠷ ᠪᠦᠯᠢ ᠵᠢ ᠬᠠᠷᠠᠭ᠋ᠠᠯᠵᠠᠬᠤ ᠠᠵᠢᠯ᠎ᠢ ᠶᠡᠬᠡ᠎ᠪᠠᠷ ᠰᠠᠶ᠋ᠢᠲᠤᠷ ᠬᠢᠵᠦ᠂ ᠬᠣᠶᠠᠷ᠎ᠢ ᠬᠦᠷᠢᠶᠡᠯᠡᠬᠦ ᠤᠯᠠᠮᠵᠢᠯᠠᠯ᠎ᠢ ᠪᠤᠢ ᠪᠣᠯᠭ᠋ᠠᠪᠠ᠃ ᠦᠨᠳᠦᠰᠦᠨ ᠱᠠᠲᠤᠨ᠎ᠤ ᠠᠷᠠᠳᠴᠢᠯᠠᠯ᠎ᠤᠨ ᠲᠦᠷᠢᠮ᠎ᠢ ᠰᠦᠪᠡᠭᠴᠢᠯᠡᠨ ᠪᠠᠶ᠋ᠢᠭᠤᠯᠵᠤ᠂ 《ᠪᠤᠷᠴᠠᠭ ᠵᠶ᠋ᠡᠷ ᠰᠣᠩᠭᠣᠬᠤ ᠠᠷᠭ᠎ᠠ》 ᠵᠡᠷᠭᠡ ᠤᠯᠠᠨ ᠵᠦᠢ᠍ᠯ᠎ᠤᠨ ᠰᠣᠩᠭᠣᠭᠤᠯᠢ ᠵᠢᠨ ᠬᠡᠯᠪᠡᠷᠢ ᠵᠢ ᠡᠭᠦᠳᠴᠦ᠂ ᠰᠠᠭᠤᠷᠢᠨ ᠭᠠᠵᠠᠷ᠎ᠤᠨ ᠠᠷᠠᠳ ᠲᠦᠮᠡᠨ᠎ᠤ ᠠᠷᠠᠳᠴᠢᠯᠠᠯ᠎ᠤᠨ ᠡᠷᠬᠡ ᠠᠰᠢᠭ᠎ᠢ ᠪᠠᠲᠤᠯᠠᠪᠠ᠃ ᠰᠢᠨ᠎ᠡ ᠮᠠᠶᠢᠭ᠎ᠤᠨ ᠤᠷᠤᠬ᠎ᠤᠨ ᠲᠦᠷᠢᠮ᠎ᠢ ᠶᠠᠪᠤᠭᠤᠯᠵᠤ᠂ ᠲᠣᠯᠣᠭ᠋ᠠᠶ ᠮᠡᠳᠡᠬᠦ᠂ ᠠᠯᠪᠠᠳᠠᠬᠤ᠂ ᠬᠤᠳᠠᠯᠳᠤᠭ᠋ᠠᠯᠠᠬᠤ ᠤᠷᠤᠬ᠎ᠤᠨ ᠲᠦᠷᠢᠮ᠎ᠢ ᠬᠦᠴᠦᠨ ᠦᠭᠡᠢ ᠪᠣᠯᠭ᠋ᠠᠵᠤ᠂ ᠬᠤᠪᠢᠰᠬᠠᠯ᠎ᠤᠨ ᠰᠠᠭᠤᠷᠢᠨ ᠭᠠᠵᠠᠷ᠎ᠤᠨ ᠡᠮᠡᠭᠲᠡᠶ᠋ᠢᠴᠦᠳ᠎ᠢ ᠬᠠᠪᠰᠤᠷᠴᠤ ᠡᠷᠬᠡ ᠴᠢᠯᠥᠭᠡ ᠪᠠ ᠴᠢᠯᠥᠭᠡᠯᠡᠯᠲᠡ ᠵᠢ ᠤᠯᠭᠤᠪᠠ᠃ ᠲᠤᠶ᠋ᠢᠯ᠎ᠤᠨ ᠬᠦᠴᠢᠷ ᠪᠡᠷᠬᠡᠰᠢᠶᠡᠯ᠎ᠲᠠᠢ ᠨᠥᠬᠥᠴᠡᠯ᠎ᠤᠨ ᠳᠣᠣᠷ᠎ᠠ ᠭᠠᠮᠰᠢᠭ᠎ᠠᠴᠠ ᠠᠪᠤᠷᠠᠨ ᠲᠡᠳᠬᠦᠬᠦ ᠠᠵᠢᠯ᠎ᠢ ᠥᠷᠭᠡᠨ ᠵᠶ᠋ᠠᠷ ᠥᠷᠨᠢᠭᠦᠯᠵᠦ᠂ ᠭᠠᠮᠰᠢᠭᠳᠠᠭᠰᠠᠨ ᠠᠷᠠᠳ᠎ᠢ ᠵᠣᠬᠢᠶᠠᠨ ᠪᠠᠶ᠋ᠢᠭᠤᠯᠤᠨ ᠥᠪᠡᠷ᠎ᠢ᠎ᠪᠠᠨ ᠠᠪᠤᠷᠠᠵᠤ᠂ ᠤᠯᠠᠨ ᠲᠦᠮᠡᠨ᠎ᠢ ᠬᠠᠪᠰᠤᠷᠤᠨ ᠪᠡᠷᠬᠡ ᠪᠣᠭᠣᠮᠲᠠ ᠵᠢ ᠲᠤᠭᠤᠯᠤᠬᠰᠠᠨ ᠪᠠᠢ᠌ᠨ᠎ᠠ᠃ ᠡᠳᠡᠭᠡᠷ ᠠᠵᠢᠯ᠎ᠨᠢ ᠨᠠᠮ᠎ᠤᠨ ᠲᠠᠷᠢᠶᠠᠴᠢᠳ᠎ᠤᠨ ᠳᠡᠮᠵᠢᠯᠭᠡ ᠵᠢ ᠤᠯᠬᠤ᠂ ᠬᠤᠪᠢᠰᠬᠠᠯ᠎ᠤᠨ ᠰᠠᠭᠤᠷᠢᠨ ᠭᠠᠵᠠᠷ᠎ᠢ ᠪᠡᠬᠢᠵᠢᠭᠦᠯᠦᠨ ᠥᠷᠭᠡᠳᠬᠡᠬᠦ᠂ ᠠᠷᠠᠳ᠎ᠤᠨ ᠵᠡᠪᠰᠡᠭᠲᠦ ᠬᠦᠴᠦᠨ᠎ᠢ ᠬᠥᠭᠵᠢᠭᠦᠯᠦᠨ ᠪᠤᠵᠠᠭ᠋ᠠᠶ᠋ᠢᠷᠠᠭᠤᠯᠬᠤ᠂ ᠬᠤᠪᠢᠰᠬᠠᠯ᠎ᠤᠨ ᠪᠦᠬᠦ ᠲᠠᠯ᠎ᠠ ᠵᠢᠨ ᠢᠯᠠᠯᠲᠠ ᠵᠢ ᠲᠡᠮᠡᠴᠡᠨ ᠤᠯᠬᠤ᠎ᠳᠤ ᠴᠢᠬᠤᠯᠠ ᠦᠢ᠍ᠯᠡᠳᠦᠯ ᠦᠵᠡᠭᠦᠯᠵᠡᠶ᠃
     ᠰᠢᠨ᠎ᠡ ᠳᠤᠮᠳᠠᠳᠤ ᠤᠯᠤᠰ᠎ᠤᠨ ᠪᠠᠶ᠋ᠢᠭᠤᠯᠤᠭᠳᠠᠭᠰᠠᠨ᠎ᠨᠢ ᠠᠷᠠᠳ᠎ᠤᠨ ᠶᠠᠪᠤᠳᠠᠯ᠎ᠤᠨ ᠲᠡᠦᠬᠡ ᠵᠢᠨ ᠰᠢᠨ᠎ᠡ ᠬᠠᠭᠤᠳᠠᠰᠤ ᠵᠢ ᠰᠡᠬᠦᠭᠰᠡᠨ ᠪᠠᠶ᠋ᠢᠨ᠎ᠠ᠃ ᠬᠠᠭᠤᠴᠢᠨ ᠨᠡᠶ᠋ᠢᠭᠡᠮ᠎ᠢ ᠥᠭᠡᠷᠡᠴᠢᠯᠡᠬᠦ ᠪᠠ ᠰᠢᠨ᠎ᠡ ᠨᠡᠶ᠋ᠢᠭᠡᠮ᠎ᠢ ᠪᠠᠶ᠋ᠢᠭᠤᠯᠬᠤ ᠬᠦᠨᠳᠦ ᠡᠭᠦᠷᠭᠡ᠎ᠨᠢ ᠠᠷᠠᠳ᠎ᠤᠨ ᠶᠠᠪᠤᠳᠠᠯ᠎ᠤᠨ ᠠᠵᠢᠯ᠎ᠳᠤ ᠲᠤᠯᠭ᠋ᠠᠮ ᠱᠠᠭ᠋ᠠᠷᠳᠠᠯᠭ᠎ᠠ ᠲᠠᠯᠪᠢᠵᠠᠶ᠃ ᠡᠨᠡ ᠪᠣᠯ ᠥᠩᠭᠡᠷᠡᠭᠰᠡᠨ᠎ᠤ ᠬᠤᠪᠢᠰᠬᠠᠯ᠎ᠤᠨ ᠰᠠᠭᠤᠷᠢᠨ ᠭᠠᠵᠠᠷ᠂ ᠴᠢᠯᠥᠭᠡᠯᠡᠭᠳᠡᠭᠰᠡᠨ ᠣᠷᠣᠨ᠎ᠤ ᠠᠷᠠᠳ᠎ᠤᠨ ᠶᠠᠪᠤᠳᠠᠯ᠎ᠤᠨ ᠲᠦᠷᠦ ᠵᠢᠨ ᠪᠤᠳᠤᠯᠭ᠎ᠠ ᠵᠢᠨ ᠣᠶ᠋ᠢᠯᠠᠭ᠋ᠠᠭᠳᠠᠬᠤᠨ᠎ᠢ ᠪᠦᠬᠦ ᠤᠯᠤᠰ᠎ᠲᠤ ᠳᠡᠯᠭᠡᠷᠡᠭᠦᠯᠬᠦ ᠴᠠᠭ ᠦᠶ᠎ᠡ ᠮᠥᠨ᠂ ᠠᠷᠠᠳ᠎ᠤᠨ ᠶᠠᠪᠤᠳᠠᠯ᠎ᠤᠨ ᠠᠵᠢᠯ᠎ᠤᠨ ᠪᠦᠬᠦ ᠲᠠᠯ᠎ᠠ ᠵᠢᠨ ᠪᠠᠶ᠋ᠢᠭᠤᠯᠤᠮᠵᠢ ᠵᠢᠨ ᠲᠦᠷᠢᠮ᠎ᠢ ᠪᠡᠶᠡᠯᠡᠭᠦᠯᠵᠦ᠂ ᠠᠷᠠᠳ᠎ᠤᠨ ᠶᠠᠪᠤᠳᠠᠯ᠎ᠤᠨ ᠡᠭᠦᠷᠭᠡ ᠬᠠᠷᠢᠭᠤᠴᠠᠯᠭ᠎ᠠ ᠵᠢ ᠴᠤ᠌ ᠠᠯᠬᠤᠮ ᠠᠯᠬᠤᠮ ᠵᠶ᠋ᠠᠷ ᠠᠰᠠᠷᠠᠨ ᠬᠠᠷᠠᠭ᠋ᠠᠯᠵᠠᠬᠤ᠂ ᠴᠡᠷᠢᠭ᠎ᠠᠴᠠ ᠬᠠᠯᠠᠭᠳᠠᠭᠰᠠᠳ᠎ᠢ ᠲᠥᠪᠬᠢᠨᠡᠭᠦᠯᠬᠦ᠂ ᠭᠠᠮᠰᠢᠭ᠎ᠠᠴᠠ ᠠᠪᠤᠷᠠᠬᠤ᠂ ᠨᠡᠶ᠋ᠢᠭᠡᠮ᠎ᠤᠨ ᠲᠡᠳᠬᠦᠮᠵᠢ ᠦᠵᠡᠭᠦᠯᠬᠦ ᠵᠡᠷᠭᠡ ᠲᠠᠯ᠎ᠠ᠎ᠳᠤ ᠲᠥᠪᠯᠡᠷᠡᠭᠦᠯᠵᠦ᠂ ᠨᠡᠶ᠋ᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶ᠋ᠢᠭᠤᠯᠤᠯᠲᠠ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠶᠤᠮ᠃ ᠨᠢᠭᠡ᠎ᠳᠤ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ ᠡᠬᠢᠨ᠎ᠤ ᠦᠶ᠎ᠡ᠎ᠳᠤ᠂ ᠨᠠᠮ᠎ᠤᠨ ᠲᠥᠪ ᠬᠣᠷᠢᠶᠠᠨ᠎ᠤ ᠵᠢᠭ᠋ᠠᠪᠤᠷᠢ ᠵᠢ ᠵᠢᠷᠤᠮᠯᠠᠨ᠂ ᠠᠷᠠᠳᠴᠢᠯᠠᠯ ᠵᠶ᠋ᠠᠷ ᠵᠠᠰᠠᠭ ᠪᠠᠶ᠋ᠢᠭᠤᠯᠬᠤ ᠠᠵᠢᠯ᠎ᠢ ᠢᠳᠡᠪᠬᠢᠲᠡᠶ ᠲᠦᠯᠬᠢᠨ ᠠᠬᠢᠭᠤᠯᠵᠤ᠂ ᠮᠤᠵᠢ ᠵᠢᠨ ᠱᠠᠲᠤᠨ᠎ᠠᠴᠠ ᠬᠣᠲᠠ ᠰᠢᠶᠠᠨ ᠰᠢᠶᠠᠩ᠂ ᠰᠠᠭᠤᠭ᠋ᠠᠯᠢ ᠠᠷᠠᠳ᠎ᠤᠨ ᠵᠥᠪᠯᠡᠯ ᠬᠦᠷᠲᠡᠯᠡᠬᠢ ᠤᠯᠠᠨ ᠵᠣᠬᠢᠶᠠᠨ ᠪᠠᠶ᠋ᠢᠭᠤᠯᠤᠯᠲᠠ ᠵᠢᠨ ᠬᠠᠤᠯᠢ ᠲᠣᠭᠲᠠᠭ᠋ᠠᠯ᠎ᠢ ᠨᠡᠶ᠋ᠢᠲᠡᠯᠡᠵᠦ᠂ ᠣᠷᠣᠨ ᠨᠤᠲᠤᠭ᠎ᠤᠨ ᠵᠠᠰᠠᠭ᠎ᠤᠨ ᠡᠷᠬᠡ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠰᠢᠨ᠎ᠡ ᠳᠤᠮᠳᠠᠳᠤ ᠤᠯᠤᠰ᠎ᠤᠨ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠪᠦᠲᠦᠴᠡ ᠵᠢ ᠲᠣᠭᠲᠠᠭ᠋ᠠᠵᠠᠶ᠃ ᠬᠣᠶᠠᠷ᠎ᠲᠤ᠂ ᠪᠦᠬᠦ ᠤᠯᠤᠰ᠎ᠤᠨ ᠨᠢᠭᠡᠳᠦᠯᠲᠡᠶ ᠬᠠᠷᠠᠭ᠋ᠠᠯᠵᠠᠨ ᠲᠥᠪᠬᠢᠨᠡᠭᠦᠯᠬᠦ ᠳᠦᠷᠢᠮ᠎ᠢ ᠪᠠᠶ᠋ᠢᠭᠤᠯᠵᠤ᠂ ᠠᠰᠠᠷᠠᠮᠵᠢ ᠨᠥᠬᠥᠪᠥᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠴᠡᠷᠢᠭ᠎ᠠᠴᠠ ᠬᠠᠯᠠᠬᠳᠠᠬᠰᠠᠳ᠎ᠤᠨ ᠬᠦᠴᠢᠷ ᠵᠣᠪᠠᠭᠤᠷᠢ ᠵᠢ  ᠰᠢᠢ᠍ᠳᠪᠤᠷᠢᠯᠡᠨ ᠥᠭᠴᠦ᠂ ᠬᠠᠷᠠᠭ᠋ᠠᠯᠵᠠᠨ ᠠᠰᠠᠷᠠᠬᠤ ᠡᠲᠡᠭᠡᠳ᠎ᠢ ᠵᠣᠬᠢᠶᠠᠨ ᠪᠠᠶ᠋ᠢᠭᠤᠯᠵᠤ ᠬᠥᠲᠥᠯᠥᠨ ᠵᠢᠯᠣᠭᠣᠳᠴᠤ ᠪᠠᠶ᠋ᠢᠭ᠋ᠠᠳ ᠡᠯ᠎ᠡ ᠹᠷᠣᠨᠲ᠎ᠲᠤ ᠭᠣᠣᠯᠯᠠᠭᠴᠢ ᠬᠦᠴᠦᠨ᠎ᠤ ᠦᠢ᠍ᠯᠡᠳᠦᠯ᠎ᠢ᠎ᠨᠢ ᠦᠷᠭᠦᠯᠵᠢᠯᠡᠨ ᠪᠠᠳᠠᠷᠠᠭᠤᠯᠪᠠ᠃ ᠭᠤᠷᠪᠠ᠎ᠳᠤ᠂ ᠲᠤᠬᠠᠶ ᠵᠢᠨ ᠦᠶ᠎ᠡ ᠵᠢᠨ ᠤᠯᠤᠰ᠎ᠤᠨ ᠪᠠᠶ᠋ᠢᠳᠠᠯ᠎ᠳᠤ ᠳᠣᠭᠢᠷᠬᠠᠰᠠᠨ ᠥᠪᠡᠷ᠎ᠢ᠎ᠪᠠᠨ ᠠᠪᠤᠷᠠᠵᠤ ᠬᠠᠷᠢᠯᠴᠠᠨ ᠲᠤᠰᠠᠯᠠᠯᠴᠠᠬᠤ ᠪᠠ ᠭᠠᠮᠰᠢᠭ᠎ᠠᠴᠠ ᠠᠪᠤᠷᠠᠨ ᠲᠤᠰᠠᠯᠠᠬᠤ ᠵᠢ ᠤᠶᠠᠯᠳᠤᠭᠤᠯᠤᠭᠰᠠᠨ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠲᠦᠷᠢᠮ᠎ᠢ ᠪᠠᠶ᠋ᠢᠭᠤᠯᠵᠤ᠂ ᠭᠠᠮᠰᠢᠭᠳᠠᠭᠰᠠᠨ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠵᠤ᠂ ᠦᠢ᠍ᠯᠡᠳᠪᠦᠷᠢᠯᠡᠯ᠎ᠤᠨ ᠰᠡᠷᠭᠦᠯᠲᠡ ᠪᠠ ᠨᠡᠶ᠋ᠢᠭᠡᠮ᠎ᠤᠨ ᠠᠮᠤᠷ ᠲᠦᠪᠰᠢᠨ᠎ᠢ ᠠᠬᠢᠭᠤᠯᠪᠠ᠃ ᠲᠦᠷᠪᠡ᠎ᠳᠤ᠂ ᠬᠠᠭᠤᠴᠢᠨ ᠨᠡᠶ᠋ᠢᠭᠡᠮ᠎ᠠᠴᠠ ᠦᠯᠡᠳᠡᠭᠳᠡᠵᠦ ᠢᠷᠡᠭᠰᠡᠨ ᠶᠡᠬᠡ ᠬᠡᠮᠵᠢᠶᠡᠨ᠎ᠤ ᠠᠵᠢᠯ ᠠᠯᠳᠠᠭᠰᠠᠨ ᠬᠥᠮᠦᠨ ᠠᠮᠠ ᠪᠠ ᠶᠠᠳᠠᠭᠤ ᠵᠦᠳᠡᠭᠦᠦ ᠠᠷᠠᠳ ᠲᠦᠮᠡᠨ᠎ᠳᠤ ᠴᠢᠭᠯᠡᠭᠦᠯᠦᠨ᠂ ᠠᠷᠠᠳ ᠲᠦᠮᠡᠨ᠎ᠤ ᠥᠪᠡᠷ᠎ᠢ᠎ᠪᠠᠨ ᠠᠪᠤᠷᠠᠵᠤ ᠥᠪᠡᠷ᠎ᠢ᠎ᠪᠠᠨ ᠲᠤᠰᠠᠯᠠᠬᠤ᠎ᠪᠠᠷ ᠰᠠᠭᠤᠷᠢ ᠪᠣᠯᠭ᠋ᠠᠭᠰᠠᠨ ᠠᠷᠠᠳ ᠤᠯᠠᠨ᠎ᠳᠤ ᠵᠣᠷᠢᠭᠤᠯᠤᠭᠰᠠᠨ ᠪᠠᠶ᠋ᠢᠩᠭᠤᠵᠢᠭᠤᠯᠬᠤ᠂ ᠳᠦᠷᠢᠮᠵᠢᠭᠦᠯᠬᠦ ᠲᠡᠳᠬᠦᠮᠵᠢ ᠠᠰᠠᠷᠠᠮᠵᠢ ᠵᠢᠨ ᠦᠢ᠍ᠯᠡᠰ᠎ᠢ  ᠶᠡᠬᠡ᠎ᠪᠠᠷ ᠬᠥᠭᠵᠢᠭᠦᠯᠬᠦ ᠵᠢᠨ ᠬᠠᠮᠲᠤ ᠬᠥᠳᠡᠭᠡ ᠲᠣᠰᠬᠣᠨ᠎ᠤ 《ᠲᠠᠪᠤᠨ ᠪᠠᠲᠤᠯᠠᠭ᠎ᠠ》 ᠵᠢᠨ ᠠᠰᠠᠷᠠᠨ ᠲᠡᠵᠢᠭᠡᠬᠦ ᠲᠦᠷᠢᠮ᠎ᠢ ᠠᠯᠬᠤᠮ ᠠᠯᠬᠤᠮ ᠵᠶ᠋ᠠᠷ ᠪᠠᠶ᠋ᠢᠭᠤᠯᠪᠠ᠃ ᠲᠠᠪᠤ᠎ᠳᠤ᠂ ᠲᠡᠷᠰᠯᠡᠭᠦᠦ ᠪᠦᠯᠬᠦᠮ᠎ᠢ ᠴᠠᠭ᠋ᠠᠵᠠᠯᠠᠵᠤ᠂ ᠨᠡᠶ᠋ᠢᠭᠡᠮ᠎ᠤᠨ ᠬᠡᠷᠡᠭᠴᠡᠭᠡ᠎ᠳᠤ ᠳᠣᠭᠢᠷᠬᠠᠰᠠᠨ ᠨᠡᠶ᠋ᠢᠭᠡᠮ᠎ᠤᠨ ᠪᠦᠯᠬᠦᠮ᠎ᠢ ᠪᠦᠷᠢᠳᠬᠡᠵᠦ᠂ ᠤᠷᠤᠬ ᠭᠡᠷ ᠪᠦᠯᠢ ᠵᠢᠨ ᠲᠦᠷᠢᠮ ᠪᠠ ᠵᠠᠩ ᠳᠠᠳᠬᠠᠯ᠎ᠢ ᠰᠢᠨᠡᠴᠢᠯᠡᠨ᠂ ᠭᠣᠮᠢᠨᠳᠠᠩ᠎ᠤᠨ ᠪᠤᠳᠠᠷᠠᠨ ᠰᠠᠷᠨᠢᠭᠰᠠᠨ ᠴᠡᠷᠢᠭ᠎ᠢ ᠨᠤᠳᠤᠭ᠎ᠲᠤ᠎ᠨᠢ ᠬᠦᠷᠭᠡᠵᠦ᠂ ᠬᠠᠷ᠎ᠠ ᠲᠠᠮᠠᠬᠢ ᠵᠢ ᠴᠠᠭ᠋ᠠᠵᠠᠯᠠᠨ᠂ ᠶᠠᠡᠭᠬᠠᠯᠠᠬᠤ ᠵᠢ ᠵᠤᠬᠰᠤᠭ᠋ᠠᠵᠤ᠂ ᠲᠡᠨᠦᠭᠦᠯ ᠠᠷᠠᠳ᠎ᠢ ᠥᠭᠡᠷᠡᠴᠢᠯᠡᠵᠦ᠂ ᠬᠠᠭᠤᠴᠢᠨ ᠨᠡᠶ᠋ᠢᠭᠡᠮ᠎ᠤᠨ ᠪᠤᠵᠠᠷ ᠪᠤᠷᠲᠠᠭ᠎ᠢ ᠠᠷᠢᠯᠭ᠋ᠠᠵᠠᠶ᠃
      ᠨᠠᠮ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠨᠠᠮ ᠪᠠ ᠲᠦᠷᠦ ᠵᠢᠨ ᠠᠵᠢᠯ᠎ᠤᠨ ᠭᠣᠣᠯᠳᠠᠯᠭ᠎ᠠ ᠵᠢ ᠨᠡᠶ᠋ᠢᠭᠡᠮ ᠵᠢᠷᠤᠮ᠎ᠤᠨ ᠤᠳᠤᠬᠢᠴᠢᠯᠠᠬᠰᠠᠨ ᠪᠦᠳᠦᠭᠡᠨ ᠪᠠᠶ᠋ᠢᠭᠤᠯᠤᠯᠲᠠ ᠳᠡᠭᠡᠷ᠎ᠡ ᠰᠢᠯᠵᠢᠭᠦᠯᠬᠦ᠂ ᠥᠭᠡᠷᠡᠴᠢᠯᠡᠯᠲᠡ ᠨᠡᠭᠡᠭᠡᠯᠳᠡ ᠵᠢ ᠬᠡᠷᠡᠭᠵᠢᠭᠦᠯᠬᠦ ᠲᠡᠦᠬᠡᠲᠦ ᠴᠢᠨᠠᠷᠲᠠᠶ ᠰᠢᠢ᠍ᠳᠪᠤᠷᠢᠳᠤ ᠪᠤᠳᠤᠯᠭ᠎ᠠ ᠵᠢ ᠲᠣᠭᠲᠠᠭ᠋ᠠᠵᠤ᠂ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠴᠠᠭ ᠦᠶ᠎ᠡ ᠵᠢ ᠨᠡᠭᠡᠭᠡᠭᠰᠡᠨ ᠪᠠᠶ᠋ᠢᠨ᠎ᠠ᠃ ᠥᠭᠡᠷᠡᠴᠢᠯᠡᠯᠲᠡ ᠨᠡᠭᠡᠭᠡᠯᠳᠡ ᠵᠢᠨ 《ᠡᠪᠡᠷᠰᠢᠶᠡᠯ》᠎ᠢ ᠪᠠᠭ᠋ᠠᠰᠬᠠᠬᠤ᠂ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠨᠥᠬᠥᠴᠡᠯ ᠳᠣᠣᠷᠠᠬᠢ ᠨᠡᠶ᠋ᠢᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠠᠬᠢᠭᠤᠯᠬᠤ᠎ᠪᠠᠷ ᠭᠣᠣᠯᠯᠠᠭᠤᠯᠤᠨ᠂ ᠨᠠᠮ᠎ᠠᠴᠠ ᠪᠢᠳᠡᠨ᠎ᠢ ᠤᠳᠤᠷᠢᠳᠤᠨ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠯᠤᠭ᠎ᠠ ᠵᠣᠬᠢᠴᠠᠯᠳᠤᠭᠰᠠᠨ ᠠᠷᠠᠳ᠎ᠤᠨ ᠶᠠᠪᠤᠳᠠᠯ᠎ᠤᠨ ᠲᠦᠷᠢᠮ᠎ᠤᠨ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠠᠵᠤ ᠠᠬᠤᠶ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠳᠡᠮᠵᠢᠬᠦ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ᠂ ᠠᠷᠠᠳ ᠲᠦᠮᠡᠨ᠎ᠤ ᠡᠷᠬᠡ ᠠᠰᠢᠭ᠎ᠢ ᠬᠠᠮᠠᠭ᠋ᠠᠯᠠᠬᠤ᠂ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠪᠠ᠃ ᠨᠢᠭᠡ᠎ᠳᠤ᠂ ᠥᠭᠡᠷᠡᠴᠢᠯᠡᠯᠲᠡ ᠨᠡᠭᠡᠭᠡᠯᠳᠡ ᠬᠢᠭᠰᠡᠨ᠎ᠤ ᠲᠠᠷᠠᠭ᠎ᠠ᠂ ᠬᠤᠳᠠ ᠵᠢᠨ ᠠᠵᠢᠯᠴᠢᠨ ᠬᠡᠷᠡᠭᠯᠡᠬᠦ ᠵᠢ ᠵᠠᠬ᠎ᠠ ᠳᠡᠯᠭᠡᠭᠦᠷᠴᠢᠯᠡᠬᠦ ᠪᠠ ᠬᠥᠳᠡᠭᠡ ᠲᠣᠰᠬᠣᠨ᠎ᠤ ᠤᠯᠠᠮᠵᠢᠯᠠᠯᠲᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠰᠤᠯᠠᠷᠠᠭᠰᠠᠨ᠂ ᠬᠡᠰᠡᠭ ᠭᠡᠷ ᠪᠦᠯᠢ ᠵᠢᠨ ᠣᠷᠣᠯᠭ᠎ᠠ ᠲᠤᠬᠳᠠᠪᠤᠷᠢ ᠦᠬᠡᠢ᠂ ᠠᠮᠢᠳᠤᠷᠠᠯ᠎ᠨᠢ ᠬᠦᠴᠢᠷᠳᠡᠯ᠎ᠲᠠᠢ ᠪᠣᠯᠤᠭᠰᠠᠨ ᠵᠡᠷᠭᠡ ᠪᠠᠶ᠋ᠢᠳᠠᠯ᠎ᠳᠤ ᠴᠢᠭᠯᠡᠭᠦᠯᠦᠨ᠂ 1999 ᠣᠨ ᠪᠠ 2007 ᠣᠨ᠎ᠳᠤ ᠪᠦᠬᠦ ᠤᠯᠤᠰ᠎ᠲᠤ ᠬᠤᠳᠠ ᠵᠢᠨ ᠨᠠᠭ᠋ᠠᠳᠤ ᠵᠠᠬ᠎ᠠ ᠵᠢᠨ ᠪᠠᠲᠤᠯᠠᠭ᠎ᠠ ᠪᠠ ᠬᠥᠳᠡᠭᠡ ᠲᠣᠰᠬᠣᠨ᠎ᠤ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠲᠦᠷᠢᠮ᠎ᠢ ᠪᠠᠶ᠋ᠢᠭᠤᠯᠪᠠ᠃ ᠬᠦᠴᠢᠷᠳᠡᠯ᠎ᠲᠠᠢ ᠤᠯᠠᠨ ᠲᠦᠮᠡᠨ᠎ᠤ ᠠᠮᠢᠳᠤᠷᠠᠯ᠎ᠢ ᠨᠢᠭᠡᠴᠢ ᠵᠢᠨ ᠪᠠᠲᠤᠯᠠᠭ᠎ᠠ᠎ᠠᠴᠠ ᠨᠡᠶ᠋ᠢᠭᠡᠮ᠎ᠤᠨ ᠪᠠᠲᠤᠯᠠᠭ᠎ᠠ ᠲᠡᠢ᠌ᠰᠢ ᠬᠤᠪᠢᠷᠠᠭᠤᠯᠬᠤ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠪᠠᠲᠤᠯᠠᠭ᠎ᠠ᠎ᠠᠴᠠ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠪᠠᠲᠤᠯᠠᠭ᠎ᠠ ᠲᠡᠢ᠌ᠰᠢ ᠬᠣᠶᠠᠷ᠎ᠲᠤ ᠬᠠᠷᠠᠭ᠋ᠠᠯᠵᠠᠨ ᠲᠥᠪᠬᠢᠨᠡᠭᠦᠯᠬᠦ ᠲᠦᠷᠢᠮ᠎ᠤᠨ ᠰᠢᠨ᠎ᠡ ᠵᠢ ᠡᠭᠦᠳᠴᠦ᠂ ᠴᠡᠷᠢᠭ᠎ᠠᠴᠠ ᠬᠠᠯᠠᠬᠳᠠᠬᠰᠠᠳ᠎ᠢ ᠵᠠᠰᠠᠭ᠎ᠤᠨ ᠣᠷᠳᠣᠨ᠎ᠤ ᠵᠢᠭ᠋ᠠᠪᠤᠷᠢ ᠵᠢᠨ ᠴᠢᠨᠠᠷᠲᠠᠶ᠎ᠪᠠᠷ ᠲᠥᠪᠬᠢᠨᠡᠭᠦᠯᠵᠦ ᠪᠠᠶ᠋ᠢᠭᠰᠠᠨ᠎ᠠᠴᠠ᠎ᠨᠢ ᠬᠣᠲᠠ ᠬᠥᠳᠡᠭᠡ ᠵᠢ ᠨᠢᠭᠡ ᠴᠤᠭᠴᠠᠵᠢᠭᠤᠯᠤᠭᠰᠠᠨ᠂ ᠠᠵᠢᠯ ᠣᠯᠭᠣᠬᠤ ᠵᠢ ᠲᠡᠳᠬᠦᠬᠦ᠎ᠪᠠᠷ ᠭᠣᠤᠯ ᠪᠣᠯᠭ᠋ᠠᠭᠰᠠᠨ᠂ ᠪᠡᠶ᠎ᠡ᠎ᠪᠠᠨ ᠳᠠᠭ᠋ᠠᠭ᠋ᠠᠵᠤ ᠠᠵᠢᠯ ᠤᠯᠬᠤ᠂ ᠠᠵᠢᠯ ᠳᠣᠭᠢᠷᠠᠭᠤᠯᠬᠤ᠂ ᠠᠵᠢᠯ᠎ᠠᠴᠠ᠎ᠪᠠᠨ ᠠᠮᠠᠷᠠᠬᠤ᠂ ᠠᠰᠠᠷᠠᠨ ᠲᠡᠵᠢᠭᠡᠬᠦ ᠵᠡᠷᠭᠡ ᠣᠯᠠᠨ ᠵᠦᠶᠯ᠎ᠤᠨ ᠠᠷᠭ᠎ᠠ  ᠵᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠬᠡᠯᠪᠡᠷᠢ ᠵᠢᠨ ᠲᠥᠪᠬᠢᠨᠡᠭᠦᠯᠬᠦ ᠲᠦᠷᠢᠮ ᠪᠣᠯᠭ᠋ᠠᠨ ᠬᠤᠪᠢᠷᠠᠭᠤᠯᠵᠠᠢ᠃ ᠭᠤᠷᠪᠠ᠎ᠳᠤ᠂ ᠪᠠᠶ᠋ᠢᠭ᠋ᠠᠯᠢ ᠵᠢᠨ ᠭᠠᠶ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠰᠠᠯᠠᠮᠵᠢ ᠵᠢᠨ ᠳᠦᠷᠢᠮ᠎ᠤᠨ ᠲᠣᠭᠲᠠᠴᠠ ᠵᠢ ᠲᠡᠭᠦᠯᠳᠡᠷᠵᠢᠭᠦᠯᠵᠦ᠂ 1998 ᠣᠨ᠎ᠤ ᠣᠨᠴᠠ ᠶᠡᠬᠡ ᠦᠶᠡᠷ᠂ 2008 ᠣᠨ᠎ᠤ ᠸᠸᠨᠴᠤᠸᠠᠨ᠎ᠤ ᠣᠨᠴᠠ ᠶᠡᠬᠡ ᠭᠠᠵᠠᠷ ᠬᠥᠳᠡᠯᠦᠯᠲᠡ ᠵᠡᠷᠭᠡ ᠣᠨᠴᠠ ᠶᠡᠬᠡ ᠪᠠᠶ᠋ᠢᠭ᠋ᠠᠯᠢ ᠵᠢᠨ ᠭᠠᠶ ᠭᠠᠮᠰᠢᠭ᠎ᠢ ᠡᠷᠴᠢᠮᠳᠡᠢ ᠠᠷᠭ᠋ᠠᠴᠠᠭ᠋ᠠᠵᠤ᠂ ᠭᠠᠮᠰᠢᠭᠳᠠᠭᠰᠠᠨ ᠣᠷᠣᠨ᠎ᠤ ᠨᠡᠶ᠋ᠢᠭᠡᠮ᠎ᠤᠨ ᠲᠣᠭᠲᠠᠭᠤᠨ᠂ ᠠᠷᠠᠳ᠎ᠤᠨ ᠰᠡᠳᠬᠢᠯ᠎ᠤᠨ ᠲᠣᠭᠲᠠᠭᠤᠨ᠎ᠢ ᠪᠠᠳᠤᠯᠠᠪᠠ᠃ ᠳᠥᠷᠪᠡ᠎ᠳᠤ᠂ ᠨᠡᠶ᠋ᠢᠭᠡᠮ᠎ᠤᠨ ᠨᠠᠰᠤᠵᠢᠯ᠎ᠤᠨ ᠦᠢ᠍ᠯᠡᠴᠢᠯᠡᠬᠡᠨ᠎ᠤ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠵᠤ᠂ ᠣᠨᠴᠠᠭ᠋ᠠᠶ ᠬᠦᠴᠢᠷᠳᠡᠯ᠎ᠲᠠᠢ ᠨᠠᠰᠤᠲᠠᠶ᠋ᠢᠴᠤᠳ᠎ᠤᠨ ᠦᠨᠳᠦᠰᠦᠨ  ᠵᠦᠢ᠍ᠯ᠎ᠢ ᠪᠠᠲᠤᠯᠠᠬᠤ ᠵᠢᠨ ᠬᠠᠮᠲᠤ ᠨᠠᠩ ᠣᠯᠠᠨ ᠬᠡᠷᠡᠭᠴᠡᠭᠡ ᠱᠠᠭ᠋ᠠᠷᠳᠠᠯᠭ᠎ᠠ᠎ᠲᠠᠢ ᠨᠠᠰᠤᠲᠠᠶ᠋ᠢᠴᠤᠳ᠎ᠲᠤ  ᠦᠢ᠍ᠯᠡᠴᠢᠯᠡᠵᠤ᠂ ᠨᠠᠰᠤᠲᠠᠶ᠋ᠢᠴᠤᠳ᠎ᠲᠤ ᠬᠠᠷᠠᠭ᠋ᠠᠯᠵᠠᠯ ᠦᠵᠡᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠬᠦᠯᠤᠯ᠎ᠡ᠃ ᠲᠠᠪᠤ᠎ᠳᠤ᠂ ᠲᠡᠨᠦᠭᠦᠴᠢᠯᠡᠨ ᠭᠤᠶ᠋ᠢᠷᠠᠨᠴᠢᠯᠠᠵᠤ ᠪᠠᠶ᠋ᠢᠭ᠎ᠠ ᠬᠥᠮᠦᠰ᠎ᠢ ᠬᠤᠷᠢᠶᠠᠮᠵᠢᠯᠠᠨ ᠬᠦᠷᠭᠡᠬᠦ ᠲᠦᠷᠢᠮ᠎ᠢ ᠴᠠᠭ ᠲᠤᠬᠠᠶ᠎ᠳᠤ᠎ᠨᠢ ᠬᠦᠴᠦᠨ ᠥᠬᠡᠶ ᠪᠣᠯᠭ᠋ᠠᠵᠤ᠂ ᠰᠠᠶ᠋ᠢᠨ ᠳᠤᠷ᠎ᠠ᠎ᠠᠴᠠ᠎ᠪᠠᠨ ᠲᠤᠰᠠᠯᠠᠮᠵᠢ ᠭᠥᠷᠳᠡᠬᠦ᠂ ᠦᠨ᠎ᠡ ᠲᠥᠯᠥᠪᠦᠷᠢ ᠥᠬᠡᠶ ᠲᠤᠰᠠᠯᠠᠬᠤ᠎ᠪᠠᠷ ᠭᠣᠤᠯ ᠪᠣᠯᠭ᠋ᠠᠭᠰᠠᠨ ᠬᠠᠯᠠᠮᠵᠢᠯᠠᠨ ᠬᠠᠶ᠋ᠢᠷᠠᠯᠠᠬᠤ ᠴᠢᠨᠠᠷᠲᠠᠶ ᠲᠤᠰᠠᠯᠠᠮᠵᠢ ᠵᠢᠨ ᠬᠠᠮᠢᠶᠠᠷᠤᠯᠲᠠ ᠵᠢᠨ ᠲᠦᠷᠢᠮ᠎ᠢ ᠪᠠᠢ᠌ᠭᠤᠯᠪᠠ᠃ ᠵᠢᠷᠭᠤᠭ᠎ᠠ᠎ᠳᠤ᠂ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠲᠦᠷᠢᠮ᠎ᠢ ᠲᠡᠭᠦᠯᠳᠡᠷᠵᠢᠭᠦᠯᠵᠦ᠂ ᠪᠦᠬᠦ ᠤᠯᠤᠰ᠎ᠤᠨ ᠬᠥᠳᠡᠭᠡ ᠲᠣᠰᠬᠣᠨ᠎ᠳᠤ ᠭᠠᠴᠠᠭ᠋ᠠᠨ᠎ᠤ ᠠᠷᠠᠳ᠎ᠤᠨ ᠵᠥᠪᠯᠡᠯ᠎ᠢ ᠨᠡᠶ᠋ᠢᠳᠡᠮ ᠪᠠᠶ᠋ᠢᠭᠤᠯᠵᠤ᠂ ᠬᠤᠳᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠪᠦᠳᠦᠭᠡᠨ ᠪᠠᠶ᠋ᠢᠭᠤᠯᠤᠯᠲᠠ ᠪᠠ ᠵᠠᠰᠠᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠶᠠᠪᠤᠳᠠᠯ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠤ ᠠᠷᠠᠳᠴᠢᠯᠠᠯ᠎ᠤᠨ ᠡᠷᠬᠡ ᠠᠰᠢᠭ᠎ᠢ ᠪᠦᠲᠦᠮᠵᠢᠲᠡᠶ᠎ᠪᠠᠷ ᠪᠠᠲᠤᠯᠠᠪᠠ᠃ ᠡᠭᠦᠨ᠎ᠤ ᠬᠠᠮᠲᠤ᠂ ᠮᠤᠵᠢ ᠵᠢᠨ ᠱᠠᠲᠤᠨ᠎ᠤ ᠡᠭᠡ ᠬᠠᠭᠤᠷᠠᠶ ᠵᠢᠨ ᠵᠠᠭ᠋ᠠᠭ ᠱᠤᠭᠤᠮ᠎ᠢ ᠬᠠᠶ᠋ᠢᠨ ᠰᠢᠨᠵᠢᠯᠡᠬᠦ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠮᠠᠨ᠎ᠤ ᠤᠯᠤᠰ᠎ᠤᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠢ ᠲᠣᠭᠲᠠᠭ᠋ᠠᠬᠤ ᠵᠢᠨ ᠠᠷᠭ᠎ᠠ ᠦᠭᠡᠢ ᠪᠠᠶ᠋ᠢᠭᠰᠠᠨ ᠲᠡᠦᠬᠡ ᠵᠢ ᠲᠤᠶ᠋ᠢᠯᠪᠤᠷᠢᠲᠠᠶ ᠡᠴᠦᠰᠯᠡᠭᠦᠯᠵᠡᠶ᠃
       ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ  ᠬᠤᠷᠢᠶ᠎ᠠ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢ᠍ᠯᠡᠰ᠂ ᠠᠭᠤᠤ ᠶᠡᠬᠡ ᠬᠦᠰᠡᠯ ᠵᠡᠭᠦᠳᠦ ᠵᠢ ᠶᠡᠷᠦᠩᠬᠡᠶ᠋ᠢᠯᠡᠨ ᠵᠢᠯᠣᠭᠣᠳᠴᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠡᠭᠦᠳᠴᠦ᠂ ᠨᠠᠮ ᠪᠣᠯᠤᠨ ᠤᠯᠤᠰ᠎ᠤᠨ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠪᠠ᠃ ᠮᠠᠨ᠎ᠤ ᠤᠯᠤᠰ᠎ᠤᠨ ᠶᠡᠷᠦᠩᠬᠡᠶ᠋ᠢᠯᠡᠭᠰᠡᠨ ᠤᠯᠤᠰ᠎ᠤᠨ ᠬᠦᠴᠦᠨ ᠢᠯᠡᠳᠲᠡ ᠴᠢᠩᠭ᠋ᠠᠷᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠬᠡᠢ᠌ᠯᠡᠨ ᠡᠵᠡᠮᠳᠡᠬᠦ ᠲᠡᠮᠡᠴᠡᠯ᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠦᠷ᠎ᠡ ᠪᠦᠲᠦᠭᠡᠯ᠎ᠢ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠤᠷᠤᠭᠰᠢᠲᠠᠢ ᠡᠬᠢᠯᠡᠭᠦᠯᠪᠡ᠃  ᠡᠨᠡ ᠬᠦ᠌ ᠲᠡᠦᠬᠡᠨ ᠶᠠᠪᠤᠴᠠ᠎ᠳᠤ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ 2019 ᠣᠨ᠎ᠳᠤ ᠲᠤᠰᠬᠠᠶ᠋ᠢᠯᠠᠨ ᠴᠢᠬᠤᠯᠠ ᠵᠢᠭ᠋ᠠᠪᠤᠷᠢ ᠥᠭᠴᠦ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠬᠥᠭᠵᠢᠯᠲᠡ᠎ᠳᠤ ᠦᠨᠳᠦᠰᠦᠨ ᠵᠢᠷᠤᠮᠯᠠᠯ ᠬᠠᠩᠭ᠋ᠠᠵᠠᠢ᠃ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶ᠋ᠢᠭᠡᠮ᠎ᠤᠨ ᠪᠠᠶ᠋ᠢᠭᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ᠂ ᠰᠠᠭᠤᠷᠢᠯᠠᠬᠤ ᠴᠢᠨᠠᠷᠲᠠᠢ ᠦᠢ᠍ᠯᠡᠳᠦᠯ᠎ᠢ ᠪᠠᠳᠠᠷᠠᠭᠤᠯᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ᠂ ᠦᠨᠳᠦᠰᠦᠨ ᠨᠡᠶ᠋ᠢᠭᠡᠮ᠎ᠤᠨ ᠦᠢ᠍ᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ᠎ᠪᠠᠨ ᠪᠦᠬᠦ ᠲᠠᠯ᠎ᠠ᠎ᠪᠠᠷ ᠭᠦᠢ᠍ᠴᠡᠳᠬᠡᠵᠦ᠂ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠶᠡᠬᠡ ᠲᠠᠯ᠎ᠠ᠎ᠳᠤ ᠬᠦᠴᠦᠲᠡᠢ ᠦᠢ᠍ᠯᠡᠴᠢᠯᠡᠪᠡ᠃
     ᠠᠷᠠᠳ᠎ᠤᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠣᠨᠴᠠᠭ᠋ᠠᠶ ᠬᠦᠴᠢᠷᠳᠡᠯ᠎ᠲᠠᠢ ᠤᠯᠠᠨ ᠲᠦᠮᠡᠨ᠎ᠢ ᠬᠠᠪᠰᠤᠷᠴᠤ ᠪᠠᠶ᠋ᠢᠭ᠋ᠠᠳ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠦᠨ᠎ᠡ᠃ ᠬᠥᠳᠡᠭᠡ ᠲᠣᠰᠬᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠴᠢᠭᠯᠡᠭᠦᠯᠦᠨ᠂ ᠬᠥᠳᠡᠭᠡ ᠲᠣᠰᠬᠣᠨ᠎ᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠲᠦᠷᠢᠮ ᠬᠢᠭᠡᠳ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠲᠣᠭᠲᠠᠴᠠ ᠵᠢ ᠢᠳᠡᠪᠬᠢᠲᠡᠶ ᠪᠦᠷᠢᠨᠰᠢᠬᠦᠯᠵᠦ᠂ 2017 ᠣᠨ᠎ᠤ ᠡᠴᠦᠰ᠎ᠲᠤ ᠪᠥᠬᠥ ᠤᠯᠤᠰ᠎ᠤᠨ ᠪᠣᠶ ᠪᠥᠬᠥᠶ ᠰᠢᠶᠠᠨ (ᠬᠣᠲᠠ᠂ ᠲᠣᠭᠣᠷᠢᠭ᠂ ᠬᠣᠰᠢᠭᠤ)᠎ᠤ ᠬᠥᠳᠡᠭᠡ ᠲᠣᠰᠬᠣᠨ᠎ᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠤᠯᠤᠰ᠎ᠤᠨ ᠶᠠᠳᠠᠭᠤ ᠵᠢ ᠲᠡᠳᠬᠦᠬᠦ ᠪᠠᠷᠢᠮᠵᠢᠶ᠎ᠠ᠎ᠳᠤ ᠬᠦᠷᠦᠭᠦᠯᠦᠭᠰᠡᠨ ᠪᠤᠶᠤ ᠬᠥᠳᠡᠯᠦᠩᠭᠦᠶ᠎ᠪᠠᠷ ᠳᠠᠪᠠᠭᠤᠯᠵᠤ᠂ 2020 ᠣᠨ᠎ᠤ ᠡᠴᠦᠰ ᠪᠣᠯᠲᠠᠯ᠎ᠠ᠂ ᠨᠡᠶ᠋ᠢᠲᠡ 1936 ᠲᠦᠮᠡᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠵᠢ ᠪᠠᠲᠤᠯᠠᠬᠤ ᠵᠢᠨ ᠬᠠᠮᠲᠤ ᠪᠠᠶ᠋ᠢᠩᠭᠤ ᠵᠢᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠳᠠᠬᠢᠨ ᠶᠠᠳᠠᠭᠤᠷᠠᠬᠤ᠎ᠠᠴᠠ ᠰᠡᠷᠭᠡᠶ᠋ᠢᠯᠡᠬᠦ ᠬᠣᠷᠢᠭ᠎ᠠ ᠱᠤᠭᠤᠮ᠎ᠢ ᠪᠠᠲᠤ ᠰᠠᠬᠢᠵᠠᠢ᠃ ᠦᠨᠳᠦᠰᠦᠨ ᠠᠮᠢᠳᠤᠷᠠᠯ᠎ᠨᠢ ᠬᠦᠴᠢᠷᠳᠡᠯᠲᠡᠶ ᠣᠯᠠᠨ ᠲᠦᠮᠡᠨ᠎ᠳᠤ ᠴᠢᠭᠯᠡᠭᠦᠯᠦᠨ᠂ ᠬᠣᠲᠠ ᠬᠥᠳᠡᠭᠡ ᠵᠢ ᠬᠠᠮᠤᠷᠤᠭᠰᠠᠨ᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶ᠋ᠢᠭᠡᠮ᠎ᠤᠨ  ᠲᠤᠰᠠᠯᠠᠮᠵᠢ ᠵᠢᠨ ᠰᠢᠰᠲᠸᠮ᠎ᠢ ᠪᠦᠷᠢᠨᠰᠢᠬᠦᠯᠵᠦ᠂ 2020 ᠣᠨ᠎ᠤ ᠡᠴᠦᠰ ᠪᠣᠯᠲᠠᠯ᠎ᠠ᠂ 4425.9 ᠲᠦᠮᠡᠨ ᠬᠥᠮᠦᠨ᠎ᠢ ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠵᠤ᠂ ᠳᠤᠮᠳᠠᠴᠢ ᠪᠠᠲᠤᠯᠠᠭ᠎ᠠ ᠵᠢᠨ ᠪᠠᠷᠢᠮᠵᠢᠶ᠎ᠠ ᠵᠢ 2012 ᠣᠨ᠎ᠤ ᠡᠴᠦᠰ᠎ᠤᠨ᠎ᠬᠢ᠎ᠠᠴᠠ ᠲᠣᠰ ᠲᠣᠰ 105.3%᠂ 188.3%᠎ᠪᠠᠷ ᠨᠡᠮᠡᠭᠳᠡᠬᠦᠯᠪᠡ᠃ 477.4 ᠲᠦᠮᠡᠨ ᠬᠥᠮᠦᠨ᠎ᠢ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠳᠬᠦᠬᠦ᠎ᠳᠤ ᠣᠷᠣᠭᠤᠯᠪᠠ᠃ ᠥᠨᠥᠴᠢᠨ ᠬᠡᠤᠬᠡᠳ᠂ ᠵᠡᠮᠳᠡᠭᠴᠦᠳ᠂ ᠬᠥᠳᠡᠭᠡ ᠲᠣᠰᠬᠣᠨ᠎ᠤ ᠬᠡᠷ᠎ᠲᠤ᠎ᠪᠠᠨ ᠬᠣᠴᠣᠷᠤᠭᠰᠠᠨ ᠬᠥᠮᠦᠰ ᠵᠡᠷᠭᠡ ᠣᠨᠴᠠᠭ᠋ᠠᠶ ᠬᠠᠮᠲᠤᠯᠢᠭ᠎ᠲᠤ ᠴᠢᠭᠯᠡᠭᠦᠯᠦᠨ᠂ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠢ ᠲᠥᠷᠥᠯ ᠬᠤᠪᠢᠶᠠᠨ ᠪᠠᠲᠤᠯᠠᠬᠤ ᠲᠦᠷᠢᠮ᠎ᠢ ᠪᠥᠬᠥ ᠲᠠᠯ᠎ᠠ᠎ᠪᠠᠷ ᠪᠠᠶ᠋ᠢᠭᠤᠯᠵᠤ᠂ ᠪᠣᠳᠠᠲᠠᠶ ᠠᠰᠠᠷᠠᠨ ᠲᠡᠳᠬᠦᠬᠦ ᠬᠥᠮᠦᠨ ᠥᠬᠡᠶ ᠬᠡᠤᠬᠡᠳ᠎ᠢ ᠤᠯᠤᠰ᠎ᠤᠨ ᠪᠠᠲᠤᠯᠠᠭ᠎ᠠ᠎ᠳᠤ ᠣᠷᠣᠭᠤᠯᠵᠤ᠂ 2020 ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠤᠨ ᠥᠨᠥᠴᠢᠨ ᠬᠡᠤᠬᠡᠳ᠎ᠢ ᠲᠥᠪᠯᠡᠷᠡᠭᠦᠯᠦᠨ ᠠᠰᠠᠷᠠᠨ ᠬᠥᠮᠦᠵᠢᠭᠦᠯᠬᠦ ᠪᠠ ᠰᠠᠯᠭ᠋ᠠᠨ ᠠᠰᠠᠷᠠᠨ ᠲᠡᠵᠢᠭᠡᠬᠦ ᠳᠤᠮᠳᠠᠴᠢ ᠪᠠᠲᠤᠯᠠᠭ᠎ᠠ ᠵᠢᠨ ᠪᠠᠷᠢᠮᠵᠢᠶ᠎ᠠ ᠵᠢ 2012 ᠣᠨ᠎ᠤ᠎ᠬᠢ᠎ᠠᠴᠠ ᠲᠣᠰ ᠲᠣᠰ 65.77%᠂ 68.46%᠎ᠪᠠᠷ ᠨᠡᠮᠡᠭᠳᠡᠬᠦᠯᠪᠡ᠃ 2016 ᠣᠨ᠎ᠳᠤ ᠬᠦᠴᠢᠷᠳᠡᠯᠲᠡᠶ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠥᠷᠢ ᠪᠠ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠥᠷᠢ ᠵᠢᠨ ᠲᠦᠷᠢᠮ᠎ᠢ ᠪᠥᠬᠥ ᠲᠠᠯ᠎ᠠ᠎ᠪᠠᠷ ᠪᠠᠶ᠋ᠢᠭᠤᠯᠵᠤ᠂ 2020 ᠣᠨ᠎ᠤ ᠡᠴᠦᠰ ᠪᠣᠯᠲᠠᠯ᠎ᠠ᠂ ᠲᠣᠰ ᠲᠣᠰ 1214 ᠲᠦᠮᠡᠨ ᠬᠥᠮᠦᠨ ᠪᠠ 1475.1 ᠲᠦᠮᠡᠨ ᠬᠥᠮᠦᠨ᠎ᠳᠤ ᠠᠰᠢᠭ ᠬᠦᠷᠲᠡᠭᠡᠪᠡ᠃ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠡᠮᠡᠭᠲᠡᠶ᠋ᠢᠴᠦᠳ ᠪᠠ ᠨᠠᠰᠤᠲᠠᠶ᠋ᠢᠴᠤᠳ᠎ᠢ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠨᠡᠶ᠋ᠢᠳᠡᠮ ᠪᠠᠢ᠌ᠭᠤᠯᠪᠠ᠃ ᠭᠠᠮᠰᠢᠭ ᠬᠢᠵᠢᠭ᠎ᠤᠨ ᠬᠠᠷᠠᠭ᠎ᠠ᠎ᠪᠠᠷ ᠠᠮᠢᠳᠤᠷᠠᠯ᠎ᠨᠢ ᠬᠦᠴᠢᠷᠳᠡᠯ᠎ᠲᠠᠢ  ᠪᠤᠯᠤᠬᠰᠠᠨ ᠤᠯᠠᠨ ᠲᠦᠮᠡᠨ᠎ᠢ ᠲᠤᠰᠠᠯᠠᠬᠤ ᠠᠵᠢᠯ᠎ᠢ ᠶᠡᠬᠡ᠎ᠪᠠᠷ ᠰᠠᠶ᠋ᠢᠲᠤᠷ ᠠᠳᠬᠤᠵᠤ᠂ ᠲᠡᠳᠡᠨ᠎ᠢ ᠬᠠᠪᠰᠤᠷᠤᠨ ᠪᠡᠷᠬᠡ ᠪᠣᠭᠣᠮᠲᠠ ᠵᠢ ᠲᠤᠭᠤᠯᠤᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠤᠷᠤᠭᠰᠢᠲᠠᠶ ᠪᠡᠶᠡᠯᠡᠬᠦᠯᠬᠦ᠎ᠳᠤ ᠰᠠᠭᠤᠷᠢ ᠲᠠᠯᠪᠢᠪᠠ᠃ ᠨᠢᠭᠦᠯᠡᠰᠦᠩᠭᠦᠶ ᠵᠢᠨ ᠬᠠᠤᠯᠢ ᠵᠢ ᠨᠡᠶ᠋ᠢᠲᠡᠯᠡᠨ ᠬᠡᠷᠡᠭᠵᠢᠭᠦᠯᠵᠦ᠂ ᠨᠢᠭᠦᠯᠡᠰᠦᠩᠭᠦᠶ ᠵᠢᠨ ᠦᠢ᠍ᠯᠡᠰ᠎ᠢ ᠲᠦᠷᠭᠡᠪᠴᠢᠯᠡᠨ ᠬᠥᠭᠵᠢᠭᠦᠯᠵᠦ᠂ ᠬᠣᠯᠪᠣᠭᠳᠠᠯ ᠪᠦᠬᠦᠢ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠪᠡᠯᠡ ᠮᠥᠩᠭᠥ ᠵᠢ 396.27 ᠳ᠋ᠦᠩᠰᠢᠭᠤᠷ ᠲᠥᠭᠥᠷᠢᠭ᠂ ᠡᠳ᠋ ᠪᠣᠳᠠᠰ᠎ᠢ 10.9 ᠳ᠋ᠦᠩᠰᠢᠭᠤᠷ ᠬᠤᠪᠢ ᠴᠤᠭᠯᠠᠭᠤᠯᠪᠠ᠃
     ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠠᠷᠠᠳ ᠤᠯᠠᠨ᠎ᠤ  ᠬᠠᠮᠳᠤ᠎ᠪᠠᠷ ᠪᠠᠶ᠋ᠢᠭᠤᠯᠬᠤ  ᠬᠠᠮᠳᠤ᠎ᠪᠠᠷ ᠵᠠᠰᠠᠬᠤ  ᠬᠠᠮᠳᠤ᠎ᠪᠠᠷ ᠡᠳ᠋ᠯᠡᠬᠦ ᠵᠢ ᠠᠬᠢᠭᠤᠯᠤᠯ᠎ᠠ᠃ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠲᠦᠷᠢᠮ᠎ᠢ ᠲᠡᠭᠦᠯᠳᠡᠷᠵᠢᠭᠦᠯᠵᠦ᠂ ᠲᠣᠰᠬᠣᠨ᠎ᠤ ᠬᠣᠶᠠᠷ ᠵᠥᠪᠯᠡᠯ᠎ᠤᠨ 《ᠨᠢᠭᠡ ᠯᠨ ᠬᠦᠮᠦᠨ ᠡᠭᠦᠷᠭᠡᠯᠡᠬᠦ》 ᠬᠠᠷᠢᠴᠠᠯ᠎ᠢ ᠶᠡᠬᠡ᠎ᠪᠠᠷ ᠳᠡᠭᠡᠭᠰᠢᠯᠡᠭᠦᠯᠵᠦ᠂ ᠺᠠᠳ᠋ᠷ᠎ᠤᠨ ᠡᠩᠨᠡᠭᠡᠨ᠎ᠤ ᠪᠦᠲᠦᠴᠡ ᠵᠢ ᠢᠯᠡᠳᠲᠡ ᠰᠢᠯᠢᠳᠡᠭᠵᠢᠭᠦᠯᠪᠡ᠃ ᠭᠠᠴᠠᠭ᠋ᠠᠨ᠎ᠤ ᠲᠣᠭᠲᠠᠭ᠋ᠠᠯ ᠠᠷᠠᠳ᠎ᠤᠨ ᠭᠡᠷ᠎ᠡ᠂ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ ᠵᠢ ᠨᠡᠶ᠋ᠢᠳᠡᠮ ᠲᠣᠭᠲᠠᠭ᠋ᠠᠵᠤ᠂ ᠭᠠᠴᠠᠭ᠎ᠠ (ᠰᠠᠭᠤᠭ᠋ᠠᠯᠢ ᠠᠷᠠᠳ᠎ᠤᠨ ᠵᠦᠪᠯᠡᠯ) ᠵᠢᠨ ᠶᠠᠪᠤᠳᠠᠯ᠎ᠢ ᠢᠯᠡ ᠪᠣᠯᠭ᠋ᠠᠬᠤ ᠪᠠ ᠬᠡᠷᠡᠭ ᠵᠥᠪᠯᠡᠵᠦ ᠵᠥᠪᠳᠡᠯᠴᠡᠬᠦ ᠵᠢ ᠥᠷᠭᠡᠨ ᠵᠶ᠋ᠠᠷ ᠬᠡᠷᠡᠭᠵᠢᠭᠦᠯᠪᠡ᠃ ᠭᠠᠴᠠᠭ᠋ᠠᠨ᠎ᠤ (ᠰᠠᠭᠤᠭ᠋ᠠᠯᠢ ᠠᠷᠠᠳ᠎ᠤᠨ ᠵᠥᠪᠯᠡᠯ)᠎ᠤᠨ ᠵᠥᠪᠯᠡᠯ᠎ᠤᠨ ᠣᠨᠴᠠᠭ᠋ᠠᠶ ᠬᠠᠤᠯᠢ ᠵᠢᠨ ᠡᠷᠬᠡᠳᠡᠨ᠎ᠤ ᠬᠢᠷᠢ ᠬᠡᠮ᠎ᠢ ᠲᠤᠳᠤᠷᠬᠠᠢ᠌ᠯᠠᠪᠠ᠃ 《ᠨᠡᠶ᠋ᠢᠭᠡᠮ ᠲᠣᠭᠣᠷᠢᠭ᠎ᠤᠨ ᠲᠡᠭᠦᠰ ᠴᠢᠳᠠᠪᠤᠷᠢᠲᠤ ᠲᠡᠮᠳᠡᠭ》᠎ᠢ ᠵᠠᠰᠠᠬᠤ ᠠᠵᠢᠯ᠎ᠢ ᠥᠷᠨᠢᠭᠦᠯᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠯᠡᠨ ᠦᠷ᠎ᠡ ᠠᠰᠢᠭ᠎ᠢ ᠨᠡᠮᠡᠭᠳᠡᠬᠦᠯᠵᠡᠢ᠃ ᠲᠣᠰᠬᠣᠨ (ᠰᠠᠭᠤᠭ᠋ᠠᠯᠢ ᠠᠷᠠᠳ᠎ᠤᠨ ᠵᠦᠪᠯᠡᠯ)᠎ᠤ ᠠᠷᠠᠳ᠎ᠤᠨ ᠥᠪᠡᠷᠲᠡᠭᠡᠨ ᠵᠠᠰᠠᠬᠤ ᠳᠤᠮᠳᠠᠬᠢ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠠᠰᠠᠭᠤᠳᠠᠯ᠎ᠢ ᠴᠡᠭᠴᠡᠯᠡᠨ ᠵᠠᠰᠠᠪᠠ᠃ ᠨᠡᠶ᠋ᠢᠭᠡᠮ ᠲᠣᠭᠣᠷᠢᠭ᠎ᠤᠨ  ᠦᠢ᠍ᠯᠡᠴᠢᠯᠡᠬᠡᠨ᠎ᠤ ᠬᠢᠷᠢ ᠬᠡᠮᠵᠢᠶ᠎ᠡ ᠵᠢ  ᠶᠡᠬᠡ᠎ᠪᠠᠷ ᠳᠡᠭᠡᠭᠰᠢᠯᠡᠭᠦᠯᠵᠦ᠂ ᠬᠣᠲᠠ᠂ ᠰᠢᠶᠠᠩ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ  ᠦᠢ᠍ᠯᠡᠴᠢᠯᠡᠬᠡᠨ᠎ᠤ ᠪᠡᠯᠡᠳᠬᠡᠯ ᠲᠦᠬᠦᠬᠡᠷᠤᠮᠵᠢ ᠵᠢᠨ ᠪᠦᠷᠬᠦᠴᠡ ᠵᠢᠨ ᠨᠣᠷᠮ᠎ᠠ ᠵᠢ ᠲᠣᠰ ᠲᠣᠰ 100%᠂ 65.7%᠎ᠳᠤ ᠬᠦᠷᠦᠭᠦᠯᠵᠦ᠂ ᠶᠡᠷᠦᠩᠬᠡᠶ ᠲᠣᠭ᠎ᠠ ᠵᠢ 51.1 ᠲᠦᠮᠡ᠎ᠳᠤ ᠬᠦᠷᠤᠬᠦᠯᠵᠡᠢ᠃ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠥᠷᠭᠡᠨ ᠵᠶ᠋ᠠᠷ ᠬᠡᠷᠡᠭᠯᠡᠵᠦ᠂ ᠦᠢ᠍ᠯᠡᠴᠢᠯᠡᠭᠡᠨ᠎ᠤ ᠠᠴᠢᠶᠠᠯᠠᠪᠤᠷᠢ ᠵᠢ ᠲᠠᠰᠤᠷᠠᠯᠳᠠ ᠦᠭᠡᠢ ᠰᠢᠨ᠎ᠡ᠎ᠪᠠᠷ ᠡᠭᠦᠳᠴᠦ᠂ ᠨᠡᠶ᠋ᠢᠭᠡᠮ ᠲᠣᠭᠣᠷᠢᠭ᠎ᠤᠨ ᠤᠯᠠᠨ ᠨᠡᠶ᠋ᠢᠲᠡ ᠵᠢᠨ ᠠᠵᠢᠯ ᠦᠢ᠍ᠯᠡᠰ᠎ᠤᠨ ᠦᠢ᠍ᠯᠡᠴᠢᠯᠡᠭᠡ᠂ ᠠᠷᠠᠳ᠎ᠲᠤ ᠲᠦᠬᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠬᠤᠳᠠᠯᠳᠤᠭ᠋ᠠᠨ᠎ᠤ ᠦᠢ᠍ᠯᠡᠴᠢᠯᠡᠭᠡ ᠵᠢ ᠨᠡᠩ ᠳᠥᠭᠥᠮ ᠳᠥᠲᠡ ᠪᠣᠯᠭ᠋ᠠᠪᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠲᠡᠮᠡᠴᠡᠯ ᠳᠤᠮᠳᠠ᠂ 400 ᠭᠠᠷᠤᠢ ᠲᠦᠮᠡᠨ ᠨᠡᠶ᠋ᠢᠭᠡᠮ ᠲᠣᠭᠣᠷᠢᠭ᠎ᠤᠨ ᠠᠵᠢᠯᠲᠠᠳ ᠡᠳᠦᠷ ᠰᠥᠨᠢ ᠦᠭᠡᠢ ᠪᠠᠲᠤ ᠰᠠᠬᠢᠵᠤ᠂ ᠨᠡᠶ᠋ᠢᠭᠡᠮ ᠲᠣᠭᠣᠷᠢᠭ᠎ᠤᠨ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠪᠡ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠬᠠᠤᠯᠢ ᠪᠤᠰᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠡᠷᠭᠡ ᠲᠤᠰᠬᠠᠶ ᠵᠦᠢ᠍ᠯ᠎ᠤᠨ ᠵᠠᠰᠠᠯᠲᠠ ᠵᠢ ᠥᠷᠨᠢᠭᠦᠯᠵᠦ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠲᠤᠰ ᠪᠡᠶ᠎ᠡ ᠵᠢᠨ ᠪᠠᠶ᠋ᠢᠭᠤᠯᠤᠯᠲᠠ ᠵᠢ ᠠᠬᠢᠭᠤᠯᠵᠠᠢ᠃ ᠥᠷᠭᠡᠨ ᠤᠯᠠᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠶᠠᠳᠠᠭᠤ ᠵᠢ ᠲᠡᠳᠬᠦᠬᠦ ᠵᠦᠢ᠍ᠯᠡᠰ᠎ᠢ 9 ᠲᠦᠮᠡ ᠭᠠᠷᠤᠶ ᠬᠡᠷᠡᠭᠵᠢᠭᠦᠯᠵᠦ᠂ ᠡᠯ᠎ᠡ ᠲᠦᠷᠦᠯ᠎ᠤᠨ ᠪᠡᠯᠡ ᠮᠥᠩᠭᠥ ᠵᠢ 1245 ᠳ᠋ᠦᠩᠰᠢᠭᠤᠷ ᠲᠥᠭᠥᠷᠢᠭ ᠣᠷᠣᠭᠤᠯᠵᠠᠶ᠃ ᠲᠥᠪ᠎ᠤᠨ ᠡᠳ᠋᠎ᠤᠨ ᠵᠠᠰᠠᠭ᠎ᠠᠴᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠡᠶ᠋ᠢᠭᠡᠮ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠥᠷᠨᠢᠭᠦᠯᠬᠦ ᠵᠢ ᠵᠢᠯ ᠳᠠᠷᠠᠭ᠋ᠠᠯᠠᠨ ᠳᠡᠮᠵᠢᠵᠦ᠂ 1300 ᠭᠠᠷᠤᠶ ᠲᠦᠮᠡᠨ ᠬᠥᠮᠦᠨ ᠤᠳᠠᠭ᠎ᠠ᠎ᠳᠤ ᠰᠢᠭᠤᠳ ᠠᠰᠢᠭ ᠬᠦᠷᠲᠡᠭᠡᠪᠡ᠃ 2012 ᠣᠨ᠎ᠠᠴᠠ 2020 ᠣᠨ ᠪᠣᠯᠲᠠᠯ᠎ᠠ᠂ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ ᠨᠡᠢ᠍ᠢ᠍ᠳᠡ 5000 ᠰᠢᠬᠠᠮ ᠳ᠋ᠦᠩᠰᠢᠭᠤᠷ ᠲᠥᠭᠥᠷᠢᠭ ᠴᠤᠭᠯᠠᠭᠤᠯᠪᠠ᠃ ᠨᠡᠶ᠋ᠢᠭᠡᠮ᠎ᠤᠨ ᠠᠵᠢᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠪᠥᠬᠥ ᠲᠣᠭ᠎ᠠ 157 ᠲᠦᠮᠡ᠎ᠳᠤ ᠬᠥᠷᠪᠡ᠃ ᠳᠠᠩᠰᠠᠯᠠᠭᠤᠯᠤᠭᠰᠠᠨ ᠰᠠᠶ᠋ᠢᠨ ᠳᠤᠷ᠎ᠠ ᠵᠢᠨ ᠠᠵᠢᠯᠯᠠᠭᠴᠢ 2 ᠳ᠋ᠦᠩᠰᠢᠭᠤᠷ᠎ᠢ ᠳᠠᠪᠠᠵᠤ᠂ 2012 ᠣᠨ᠎ᠤ᠎ᠬᠢ᠎ᠠᠴᠠ 10 ᠳᠠᠬᠢᠨ ᠰᠢᠬᠠᠮ ᠨᠡᠮᠡᠭᠳᠡᠵᠡᠶ᠃
       ᠨᠡᠶ᠋ᠢᠭᠡᠮ᠎ᠤᠨ ᠦᠨᠳᠦᠰᠦᠨ ᠦᠢ᠍ᠯᠡᠴᠢᠯᠡᠭᠡ ᠵᠢ ᠥᠷᠭᠡᠳᠬᠡᠨ ᠳᠡᠭᠡᠭᠰᠢᠯᠡᠭᠦᠯᠵᠦ᠂ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠡᠭᠭ᠋ᠠᠪᠠ᠃ ᠨᠠᠰᠤᠵᠢᠯ᠎ᠤᠨ ᠦᠢ᠍ᠯᠡᠴᠢᠯᠡᠭᠡᠨ᠎ᠤ ᠲᠠᠯ᠎ᠠ᠎ᠪᠠᠷ᠂ 2012 — 2020 ᠣᠨ ᠪᠣᠯᠲᠠᠯ᠎ᠠ᠂ ᠲᠥᠪ᠎ᠤᠨ ᠡᠳ᠋᠎ᠤᠨ ᠵᠠᠰᠠᠭ᠎ᠠᠴᠠ ᠨᠠᠰᠤᠵᠢᠯ᠎ᠤᠨ ᠦᠢ᠍ᠯᠡᠴᠢᠯᠡᠭᠡᠨ᠎ᠤ ᠲᠥᠬᠥᠭᠡᠷᠦᠮᠵᠢ᠂ ᠬᠥᠳᠡᠭᠡ ᠲᠣᠰᠬᠣᠨ᠎ᠤ ᠵᠣᠯ ᠵᠢᠷᠭ᠋ᠠᠯᠳᠤ ᠬᠦᠷᠢᠶᠡᠯᠡᠩ᠎ᠤᠨ ᠪᠦᠳᠦᠭᠡᠨ ᠪᠠᠶ᠋ᠢᠭᠤᠯᠤᠯᠲᠠ ᠵᠢᠴᠢ ᠭᠡᠷ᠎ᠲᠤ᠎ᠬᠢ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠭᠡᠷᠡᠴᠢᠯᠡᠯᠲᠡ ᠵᠢᠨ ᠲᠤᠷᠰᠢᠯᠲᠠ ᠵᠡᠷᠭᠡ ᠠᠵᠢᠯ᠎ᠢ ᠳᠡᠮᠵᠢᠬᠦ᠎ᠳᠤ ᠨᠡᠢ᠍ᠢ᠍ᠳᠡ 466 ᠳ᠋ᠦᠩᠰᠢᠭᠤᠷ ᠲᠥᠭᠥᠷᠢᠭ ᠣᠷᠣᠭᠤᠯᠪᠠ᠃ 2020 ᠣᠨ᠎ᠤ ᠡᠴᠦᠰ ᠪᠣᠯᠲᠠᠯ᠎ᠠ᠂ ᠡᠯ᠎ᠡ ᠲᠥᠷᠥᠯ᠎ᠤᠨ ᠨᠠᠰᠤᠵᠢᠯ᠎ᠤᠨ ᠪᠠᠶ᠋ᠢᠭᠤᠯᠤᠮᠵᠢ ᠪᠠ ᠲᠥᠬᠥᠭᠡᠷᠦᠮᠵᠢ 32.9 ᠲᠦᠮᠡ᠂ ᠣᠷᠣ 821 ᠲᠦᠮᠡ ᠬᠦᠷᠴᠦ᠂ ᠣᠷᠣ ᠵᠢᠨ ᠲᠣᠭ᠎ᠠ 2012 ᠣᠨ᠎ᠤ᠎ᠬᠢ᠎ᠠᠴᠠ 97%᠎ᠪᠠᠷ ᠨᠡᠮᠡᠭᠳᠡᠪᠡ᠃ ᠨᠠᠰᠤᠲᠠᠶ᠋ᠢᠴᠤᠳ᠎ᠤᠨ ᠥᠨᠳᠥᠷ ᠨᠠᠰᠤᠨ᠎ᠤ ᠨᠦᠬᠦᠪᠤᠷᠢ᠂ ᠨᠠᠰᠤᠵᠢᠯ᠎ᠤᠨ  ᠦᠢ᠍ᠯᠡᠴᠢᠯᠡᠬᠡᠨ᠎ᠤ ᠨᠥᠬᠥᠪᠥᠷᠢ᠂ ᠪᠡᠶ᠎ᠡ᠎ᠳᠤ᠎ᠪᠠᠨ ᠵᠦᠪ ᠦᠬᠡᠢ ᠨᠠᠰᠤᠲᠠᠶ᠋ᠢᠴᠤᠳ᠎ᠤᠨ ᠰᠤᠪᠢᠯᠠᠯᠲᠠ ᠵᠢᠨ ᠨᠥᠬᠥᠪᠥᠷᠢ᠎ᠨᠢ ᠲᠣᠰ ᠲᠣᠰ 3104.4 ᠲᠦᠮᠡ᠂ 535 ᠲᠦᠮᠡ᠂ 81.3 ᠲᠦᠮᠡᠨ ᠨᠠᠰᠤᠲᠠᠶ᠋ᠢᠴᠤᠳ᠎ᠲᠤ ᠠᠰᠢᠭ ᠬᠦᠷᠲᠡᠭᠡᠪᠡ᠃ ᠬᠡᠷ᠎ᠲᠤ᠎ᠬᠢ ᠪᠠ ᠨᠡᠶ᠋ᠢᠭᠡᠮ ᠲᠣᠭᠣᠷᠢᠭ᠎ᠤᠨ ᠪᠠᠶ᠋ᠢᠭᠤᠯᠤᠮᠵᠢ ᠵᠢ ᠬᠠᠷᠢᠯᠴᠠᠨ ᠵᠣᠬᠢᠴᠠᠭᠤᠯᠤᠭᠰᠠᠨ᠂ ᠡᠮᠨᠡᠨ ᠰᠤᠪᠢᠯᠠᠬᠤ ᠪᠠ ᠡᠷᠡᠭᠦᠯᠵᠢᠭᠦᠯᠬᠦ ᠰᠤᠪᠢᠯᠠᠯᠳᠠ ᠵᠢ ᠤᠶᠠᠯᠳᠤᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠠᠩᠬ᠎ᠠ ᠠᠯᠬᠤᠮ ᠪᠠᠢ᠌ᠭᠤᠯᠪᠠ᠃ ᠣᠷᠣᠭ᠎ᠤᠨ ᠬᠠᠮᠢᠶᠠᠷᠤᠯᠲᠠ ᠵᠢᠨ ᠦᠢ᠍ᠯᠡᠴᠢᠯᠡᠬᠡᠨ᠎ᠤ ᠲᠠᠯ᠎ᠠ᠎ᠪᠠᠷ᠂ ᠣᠷᠣᠭ᠎ᠤᠨ ᠳᠡᠩᠰᠡᠯᠡᠯᠲᠡ ᠵᠢᠨ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠲᠤᠷᠰᠢᠯᠲᠠ ᠵᠢ ᠥᠷᠨᠢᠭᠦᠯᠵᠦ᠂ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢ ᠬᠡᠷᠡᠭᠵᠢᠭᠦᠯᠦᠨ᠂ ᠣᠷᠣᠭ ᠬᠡᠷ ᠪᠦᠯᠢ ᠵᠢᠨ ᠬᠠᠪᠰᠤᠷᠤᠨ ᠵᠢᠯᠣᠭᠣᠳᠬᠤ  ᠦᠢ᠍ᠯᠡᠴᠢᠯᠡᠬᠡ ᠵᠢ  ᠴᠢᠡᠭᠭ᠋ᠠᠳᠬᠠᠪᠠ᠃ ᠣᠷᠣᠰᠢᠭᠤᠯᠭ᠎ᠠ ᠵᠢᠨ ᠦᠢ᠍ᠯᠡᠴᠢᠯᠡᠬᠡᠨ᠎ᠤ ᠲᠠᠯ᠎ᠠ᠎ᠪᠠᠷ᠂ ᠠᠷᠠᠳ᠎ᠲᠤ ᠠᠰᠢᠭ ᠬᠦᠷᠲᠡᠭᠡᠬᠦ ᠣᠷᠣᠰᠢᠭᠤᠯᠭ᠎ᠠ ᠵᠢᠨ ᠲᠥᠷᠥ ᠵᠢᠨ ᠪᠣᠳᠣᠯᠭ᠎ᠠ ᠵᠢ ᠬᠦᠴᠢᠷᠳᠡᠯᠳᠡᠢ ᠬᠦᠮᠦᠰ᠎ᠲᠤ ᠨᠡᠶ᠋ᠢᠳᠡᠮ ᠬᠡᠷᠡᠭᠵᠢᠭᠦᠯᠵᠦ᠂ ᠣᠷᠣᠰᠢᠭᠤᠯᠭ᠎ᠠ ᠵᠢᠨ ᠦᠢ᠍ᠢ᠍ᠯᠡᠴᠢᠯᠡᠬᠡᠨ᠎ᠤ ᠲᠥᠬᠥᠭᠡᠷᠦᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠭᠠᠵᠠᠷ ᠠᠷᠪᠢᠯᠠᠬᠤ ᠠᠮᠢ ᠠᠬᠤᠶ ᠵᠢᠨ ᠣᠷᠣᠰᠢᠭᠤᠯᠭ᠎ᠠ ᠵᠢ ᠥᠷᠭᠡᠨ ᠵᠶ᠋ᠠᠷ ᠳᠡᠯᠭᠡᠷᠡᠭᠦᠯᠪᠡ᠃ ᠣᠷᠣᠨ᠎ᠤ ᠬᠤᠪᠢᠶᠠᠷᠢᠯᠠᠯ᠎ᠤᠨ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠲᠠᠯ᠎ᠠ᠎ᠪᠠᠷ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠳᠤ ᠲᠣᠬᠢᠷᠠᠭᠤᠯᠤᠯᠲᠠ ᠬᠢᠬᠦ ᠵᠦᠢ᠍ᠯᠡᠰ᠎ᠢ ᠪᠣᠯᠭᠣᠮᠵᠢᠲᠠᠶ ᠯᠠᠪᠳᠠᠭᠤᠨ ᠵᠶ᠋ᠠᠷ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠵᠦ᠂ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠭᠠᠵᠠᠷ᠎ᠤᠨ ᠨᠡᠷ᠎ᠡ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠪᠡᠶᠡᠯᠡᠭᠦᠯᠵᠦ᠂ ᠳᠤᠮᠳᠠᠳᠤ ᠤᠯᠤᠰ · ᠤᠯᠤᠰ᠎ᠤᠨ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠬᠥᠮᠥᠷᠭᠡ ᠵᠢ ᠪᠠᠶ᠋ᠢᠭᠤᠯᠤᠨ ᠪᠦᠲᠦᠭᠡᠵᠦ᠂ ᠭᠠᠵᠠᠷ᠎ᠤᠨ ᠨᠡᠷ᠎ᠡ ᠵᠢᠨ ᠣᠯᠠᠨ ᠨᠡᠶ᠋ᠢᠲᠡ ᠵᠢᠨ  ᠦᠢ᠍ᠯᠡᠴᠢᠯᠡᠬᠡ ᠵᠢ ᠨᠠᠩ ᠰᠢᠯᠢᠳᠡᠭᠵᠢᠬᠦᠯᠦᠭᠰᠡᠨ ᠪᠠᠢ᠌ᠨ᠎ᠠ᠃
     2018 ᠣᠨ᠎ᠤ ᠨᠠᠮ ᠪᠣᠯᠤᠨ ᠲᠦᠷᠦ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ᠎ᠨᠢ ᠬᠠᠷᠠᠭ᠋ᠠᠯᠵᠠᠨ ᠲᠥᠪᠬᠢᠨᠡᠭᠦᠯᠬᠦ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ᠂ ᠡᠮ ᠡᠮᠨᠡᠯᠭᠡ ᠵᠢᠨ ᠠᠪᠤᠷᠠᠨ ᠲᠤᠰᠠᠯᠠᠬᠤ᠂ ᠪᠦᠬᠦ ᠤᠯᠤᠰ᠎ᠤᠨ ᠨᠠᠰᠤᠲᠠᠶ᠋ᠢᠴᠤᠳ᠎ᠤᠨ ᠠᠵᠢᠯ᠎ᠤᠨ ᠠᠯᠪᠠᠨ ᠭᠡᠷ᠎ᠤᠨ ᠣᠷᠣᠯᠠᠨ ᠬᠠᠮᠢᠶᠠᠷᠬᠤ ᠵᠡᠷᠭᠡ ᠡᠭᠦᠷᠭᠡ ᠬᠠᠷᠢᠭᠤᠴᠠᠯᠭ᠎ᠠ ᠵᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠠᠷᠢᠶᠠᠯᠠᠭᠤᠯᠵᠤ᠂ ᠠᠷᠠᠳ᠎ᠤᠨ ᠶᠠᠪᠤᠳᠠᠯ᠎ᠤᠨ ᠭᠣᠣᠯ ᠬᠠᠷᠢᠭᠤᠴᠠᠯᠭ᠎ᠠ ᠵᠢ ᠨᠡᠩ ᠢᠯᠡᠭᠦᠦ ᠲᠥᠪᠯᠡᠷᠡᠭᠦᠯᠵᠦ᠂ ᠲᠤᠬᠠᠶ᠋ᠢᠯᠠᠭᠰᠠᠨ ᠠᠵᠢᠯ᠎ᠤᠨ ᠪᠠᠶ᠋ᠢᠷᠢᠯᠠᠭᠤᠯᠤᠯᠲᠠ ᠵᠢ ᠨᠡᠩ ᠢᠯᠡᠭᠦᠦ ᠰᠢᠯᠢᠳᠡᠭᠵᠢᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠰᠢᠨ᠎ᠡ ᠬᠠᠭᠤᠳᠠᠰᠤ ᠵᠢ ᠰᠡᠬᠦᠭᠰᠡᠨ ᠪᠠᠶ᠋ᠢᠨ᠎ᠠ᠃ 

     (ᠦᠷᠬᠦᠯᠵᠢᠯᠡᠯ ᠪᠤᠢ)
   

 

ᠢᠷᠡᠯᠲᠡ᠄ ᠠᠷᠠᠳ᠎ᠤᠨ ᠶᠠᠪᠤᠳᠠᠯ᠎ᠤᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
(ᠬᠤᠶᠠᠷ) ᠨᠠᠮ᠎ᠠᠴᠠ ᠠᠷᠠᠳ᠎ᠤᠨ ᠶᠠᠪᠤᠳᠠᠯ᠎ᠤᠨ ᠦᠢ᠍ᠯᠡᠰ᠎ᠢ ᠤᠳᠤᠷᠢᠳᠤᠭ᠋ᠠᠳ ᠣᠯᠤᠭᠰᠠᠨ ᠴᠢᠬᠤᠯᠠ ᠶᠡᠬᠡ ᠠᠮᠵᠢᠯᠲᠠ ᠪᠠ ᠬᠤᠷᠠᠮᠳᠤᠭᠤᠯᠤᠭᠰᠠᠨ ᠲᠡᠦᠬᠡᠨ ᠲᠤᠷᠰᠢᠯᠭ᠎ᠠ
(ᠲᠠᠪᠤ) ᠲᠤᠮᠳᠠᠳᠤ ᠵᠢᠨ ᠦᠨᠳᠤᠰᠤᠳᠡᠨ᠎ᠤ ᠦᠷᠡᠭᠳᠡᠭᠰᠡᠨ ᠪᠠᠭ᠋ᠠᠳᠤᠷᠴᠤᠳ᠎ᠤᠨ ᠦᠯᠢᠬᠡᠷ᠎ᠤᠨ ᠴᠤᠬᠯᠠᠭ᠋ᠠᠨ — 《ᠶᠠᠡᠭ ᠵᠢᠡᠭ ᠢᠤᠢ》
(ᠵᠢᠷᠭᠤᠭ᠎ᠠ) ᠲᠤᠮᠳᠠᠳᠤ ᠵᠢᠨ ᠦᠨᠳᠤᠰᠤᠳᠡᠨ᠎ᠤ ᠦᠷᠡᠭᠳᠡᠭᠰᠡᠨ ᠪᠠᠭ᠋ᠠᠳᠤᠷᠴᠤᠳ᠎ᠤᠨ ᠦᠯᠢᠬᠡᠷ᠎ᠤᠨ ᠴᠤᠬᠯᠠᠭ᠋ᠠᠨ — 《ᠶᠠᠡᠭ ᠵᠢᠡᠭ ᠢᠤᠢ》
ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠨ᠎ᠡ ᠴᠠᠭ ᠦᠶ᠎ᠡ ᠵᠢᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠢ ᠰᠠᠢ᠌ᠳᠤᠷ ᠬᠢᠰᠦᠭᠡᠢ
ᠮᠠᠨ᠎ᠤ ᠣᠷᠣᠨ ᠨᠠᠮ ᠪᠠᠢ᠌ᠭᠤᠯᠤᠬᠳᠠᠬᠰᠠᠨ ᠡᠳᠤᠷ᠎ᠢ ᠪᠡᠯᠬᠡᠯᠡᠬᠦ ᠪᠠᠶᠠᠯᠢᠭ ᠠᠭᠤᠯᠭ᠎ᠠ᠎ᠲᠠᠢ ᠠᠵᠢᠯᠯᠠᠭ᠎ᠠ᠎ᠨᠤᠭᠤᠳ᠎ᠢ ᠦᠷᠨᠢᠬᠦᠯᠪᠡ
 
            