ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠱ᠌ᠢ᠎ᠲᠠᠢ ᠹᠸᠡᠭ ᠠᠬᠠᠨᠮᠠᠳ ᠨᠠᠮ᠎ᠤᠨ ᠬᠡᠰᠢᠬᠦᠨ ᠸᠠᠡᠭ ᠵᠠᠨ ᠪᠤᠯᠤᠨ ᠡᠤ ᠬᠠᠨ ᠳ᠋ᠢᠡᠭ᠎ᠢ ᠪᠤᠯᠭᠤᠭ᠋ᠠᠨ ᠦᠵᠡᠵᠤ ᠲᠤᠬᠤᠨᠢᠭᠤᠯᠪᠠ
ᠨᠡᠶᠢᠲᠡᠯᠡᠭᠰᠡᠨ ᠴᠠᠭ᠄ 2021-06-22


      ᠲᠤᠮᠳᠠᠳᠤ ᠤᠯᠤᠰ᠎ᠤᠨ ᠡᠪ ᠬᠠᠮᠳᠤ ᠨᠠᠮ ᠪᠠᠢ᠌ᠭᠤᠯᠤᠬᠳᠠᠬᠰᠠᠨ 100 ᠵᠢᠯ᠎ᠤᠨ ᠤᠢ ᠬᠦᠷᠴᠤ ᠢᠷᠡᠬᠦ ᠲᠠᠰᠢᠷᠠᠮ ᠵᠶ᠋ᠡᠷ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠤᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠸᠡᠭ ᠮᠤᠵᠢ ᠵᠢᠨ ᠲᠡᠰ᠎ᠤᠨ ᠠᠵᠢᠯ᠎ᠠᠴᠠ᠎ᠪᠠᠨ ᠠᠮᠠᠷᠠᠬᠰᠠᠨ ᠨᠠᠮ᠎ᠤᠨ ᠬᠡᠰᠢᠬᠦᠨ ᠺᠠᠳ᠋ᠷ ᠸᠠᠡᠭ ᠵᠠᠨ᠂ ᠪᠦᠬᠦ ᠤᠯᠤᠰ᠎ᠤᠨ ᠰᠢᠯᠢᠳᠡᠭ ᠨᠠᠮ᠎ᠤᠨ ᠬᠡᠰᠢᠬᠦᠨ ᠵᠶ᠋ᠡᠷ ᠬᠦᠬᠢᠬᠦᠯᠤᠨ ᠰᠠᠢ᠌ᠰᠢᠶᠠᠬᠤ᠎ᠪᠠᠷ ᠪᠠᠢ᠌ᠭ᠎ᠠ ᠡᠤ ᠬᠠᠨ ᠳ᠋ᠢᠡᠭ᠎ᠢ ᠪᠤᠯᠭᠤᠭ᠋ᠠᠨ ᠦᠵᠡᠵᠤ ᠲᠡᠳᠡᠨ᠎ᠳᠤ ᠲᠤᠳᠤᠨᠤ ᠮᠡᠨᠳᠤᠴᠢᠯᠡᠯ ᠪᠠ ᠡᠷᠬᠢᠮ ᠲᠡᠬᠡᠳᠤ ᠬᠦᠨᠳᠤᠳᠭᠡᠯ ᠲᠡᠪᠰᠢᠬᠦᠯᠦᠭᠰᠡᠨ ᠪᠠᠢ᠌ᠨ᠎ᠠ᠃
      80 ᠨᠠᠰᠤᠳᠠᠢ ᠸᠠᠡᠭ ᠵᠠᠨ ᠪᠤᠯ ᠨᠠᠮ᠎ᠳᠤ ᠤᠷᠤᠭ᠋ᠠᠳ 56 ᠵᠢᠯ ᠪᠤᠯᠵᠤ ᠪᠠᠢ᠌ᠭ᠎ᠠ ᠠᠬᠠᠮᠠᠳ ᠨᠠᠮ᠎ᠤᠨ ᠬᠡᠰᠢᠬᠦᠨ ᠪᠤᠯᠬᠤ ᠶᠤᠮ᠃ ᠦᠳᠡ ᠵᠢᠨ ᠡᠮᠤᠨᠡᠬᠢ 9 ᠴᠠᠭ᠎ᠤᠨ ᠦᠶ᠎ᠡ᠎ᠪᠠᠷ ᠱ᠌ᠢ᠎ᠲᠠᠢ ᠹᠸᠡᠭ᠂ ᠸᠠᠡᠭ ᠵᠠᠨ᠎ᠤ ᠬᠡᠷ᠎ᠲᠤ ᠬᠦᠷᠴᠤ ᠨᠠᠰᠤᠳᠠᠨ᠎ᠤ ᠴᠤᠭ ᠵᠢᠪᠬᠤᠭ᠎ᠠ ᠪᠠᠳᠠᠷᠠᠡᠭᠭᠤᠢ᠂ ᠯᠠᠬᠱ᠌ᠠᠨ ᠲᠡᠡᠭᠭᠡᠯᠡᠬᠦᠨ ᠪᠠᠢ᠌ᠬᠤ ᠵᠢ ᠦᠵᠡᠬᠡᠳ ᠮᠠᠰᠢ ᠪᠠᠶᠠᠷᠯᠠᠪᠠ᠃ ᠬᠡᠷ᠎ᠲᠤ᠎ᠨᠢ ᠤᠷᠤᠮᠠᠬ᠍ᠴᠨ ᠱ᠌ᠢ᠎ᠲᠠᠢ ᠹᠸᠡᠭ ᠸᠠᠡᠭ ᠵᠠᠨ᠎ᠳᠤ 《ᠨᠠᠮ᠎ᠳᠤ ᠤᠷᠤᠬᠰᠠᠨ ᠢᠷᠠᠭᠤ ᠠᠯᠳᠠᠷᠳᠠᠢ 50 ᠵᠢᠯ》᠎ᠤᠨ ᠲᠤᠷᠠᠰᠬᠠᠯ᠎ᠤᠨ ᠲᠡᠮᠳᠡᠭ᠎ᠢ ᠭᠠᠷᠳᠠᠭᠤᠯᠤᠯ᠎ᠠ᠃ ᠱ᠌ᠢ᠎ᠲᠠᠢ ᠹᠸᠡᠭ᠄ 《ᠮᠠᠨ᠎ᠤ ᠨᠠᠮ ᠪᠠᠢ᠌ᠭᠤᠯᠤᠬᠳᠠᠬᠰᠠᠨ 100 ᠵᠢᠯ᠎ᠤᠨ ᠲᠤᠷᠰᠢ ᠦᠶ᠎ᠡ ᠦᠶ᠎ᠡ ᠵᠢᠨ ᠡᠪ ᠬᠠᠮᠳᠤᠴᠤᠳ᠂ ᠨᠠᠮ ᠪᠤᠯᠤᠨ ᠠᠷᠠᠳ ᠲᠦᠮᠡᠨ᠎ᠤ ᠦᠢ᠍ᠯᠡᠰ᠎ᠤᠨ ᠲᠦᠯᠦᠬᠡ ᠡᠷᠡᠯᠭᠡᠭ ᠵᠶ᠋ᠡᠷ ᠲᠡᠮᠡᠴᠡᠵᠤ᠂ ᠴᠦᠬᠦᠷᠡᠰᠢ ᠦᠬᠡᠢ ᠵᠢᠳᠬᠦᠨ᠂ ᠬᠡᠷᠡᠯ ᠰᠠᠴᠤᠷᠠᠡᠭᠭᠤᠢ ᠠᠮᠵᠢᠯᠳᠠ ᠪᠦᠳᠦᠮᠵᠢ ᠵᠢ ᠤᠳᠠᠭ᠎ᠠ ᠲᠠᠷᠠᠭ᠋ᠠᠯᠠᠨ ᠡᠬᠦᠳᠦᠭᠰᠡᠨ ᠶᠤᠮ᠃ ᠲᠠ ᠤᠷᠳᠤ ᠬᠤᠭᠤᠴᠠᠭ᠋ᠠᠨ᠎ᠤ ᠲᠤᠷᠰᠢ ᠠᠳᠠᠯᠢ ᠪᠤᠰᠤ ᠠᠵᠢᠯ᠎ᠤᠨ ᠪᠠᠢ᠌ᠷᠢ ᠲᠡᠬᠡᠷ᠎ᠡ ᠨᠠᠮ᠎ᠤᠨ ᠲᠦᠯᠦᠬᠡ ᠰᠢᠷᠭ᠋ᠠᠭᠤ ᠬᠢᠴᠢᠶᠡᠡᠭᠭᠦᠢ ᠠᠵᠢᠯᠯᠠᠬᠰᠠᠨ᠎ᠨᠢ ᠮᠠᠨ᠎ᠤ ᠰᠤᠷᠤᠯᠴᠠᠬᠤ ᠲᠠᠭᠤᠷᠢᠶᠠᠯ ᠮᠥᠨ᠃ ᠨᠠᠮ ᠪᠠᠢ᠌ᠭᠤᠯᠤᠬᠳᠠᠬᠰᠠᠨ 100 ᠵᠢᠯ᠎ᠤᠨ ᠤᠢ ᠵᠢᠨ ᠤᠨᠴᠠᠭ᠋ᠠᠢ ᠴᠠᠭ ᠮᠦᠴᠨ᠎ᠳᠤ ᠨᠠᠮ᠎ᠤᠨ ᠲᠦᠪ ᠬᠤᠷᠢᠶ᠎ᠠ 〈ᠨᠠᠮ᠎ᠳᠤ ᠤᠷᠤᠬᠰᠠᠨ ᠢᠷᠠᠭᠤ ᠠᠯᠳᠠᠷᠳᠠᠢ 50 ᠵᠢᠯ〉᠎ᠤᠨ ᠲᠤᠷᠠᠰᠬᠠᠯ᠎ᠤᠨ ᠲᠡᠮᠳᠡᠭ᠎ᠢ ᠠᠡᠭᠬ᠎ᠠ ᠲᠠᠷᠬᠠᠭ᠋ᠠᠵᠤ ᠪᠠᠢ᠌ᠨ᠎ᠠ᠃ ᠡᠨᠡ ᠪᠤᠯ ᠰᠢ ᠵᠢᠨ ᠫᠢᠡᠭ ᠨᠦᠬᠦᠷ ᠵᠶ᠋ᠡᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶ᠎ᠠ ᠠᠬᠠᠮᠠᠳ ᠨᠠᠮ᠎ᠤᠨ ᠬᠡᠰᠢᠬᠦᠨ᠎ᠢ ᠲᠤᠳᠤᠨᠤ᠎ᠪᠠᠷ ᠬᠠᠯᠠᠮᠵᠢᠯᠠᠵᠤ ᠪᠠᠢ᠌ᠭ᠎ᠠ ᠪᠠ ᠬᠦᠨᠳᠤᠳᠬᠡᠨ ᠬᠠᠢ᠌ᠷᠠᠯᠠᠵᠤ ᠪᠠᠢ᠌ᠭ᠎ᠠ ᠶᠠᠪᠤᠳᠠᠯ ᠪᠤᠯᠬᠤ ᠶᠤᠮ᠃ ᠦᠨᠤᠳᠤᠷ ᠪᠢ ᠨᠠᠮ᠎ᠤᠨ ᠲᠦᠪ ᠬᠤᠷᠢᠶᠠᠨ᠎ᠤ ᠬᠠᠢ᠌ᠷ᠎ᠠ ᠬᠠᠯᠠᠮᠵᠢ ᠵᠢ ᠲᠠᠨ᠎ᠳᠤ ᠲᠤᠰᠬᠠᠢ᠌ᠯᠠᠨ ᠬᠦᠷᠬᠡᠵᠤ ᠪᠠᠢ᠌ᠬᠤ   ᠵᠢᠨ ᠬᠠᠮᠳᠤ ᠪᠢᠳᠡ ᠪᠦᠬᠦᠨ᠎ᠤ ᠲᠠᠨ᠎ᠢ ᠬᠦᠨᠳᠤᠳᠬᠡᠨ ᠪᠢᠰᠢᠷᠡᠵᠤ ᠪᠠᠢ᠌ᠭ᠎ᠠ ᠰᠡᠳᠬᠢᠯᠬᠡ᠎ᠪᠠᠨ ᠢᠯᠡᠳᠬᠡᠵᠤ ᠪᠠᠢ᠌ᠨ᠎ᠠ》 ᠭᠡᠵᠤ ᠰᠡᠳᠬᠢᠯᠬᠡ ᠬᠦᠨ ᠬᠡᠯᠡᠪᠡ᠃
      ᠱ᠌ᠢ᠎ᠲᠠᠢ ᠹᠸᠡᠭ᠎ᠤᠨ ᠲᠤᠰᠬᠠᠢ᠌ᠯᠠᠨ ᠪᠤᠯᠭᠤᠬᠠᠨ ᠦᠵᠡᠵᠤ ᠲᠤᠬᠤᠨᠢᠭᠤᠯᠤᠬᠰᠠᠨ᠎ᠳᠤ ᠸᠠᠡᠭ ᠵᠠᠨ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠨ᠄ 《ᠨᠠᠮ᠎ᠳᠤ ᠡᠯᠰᠡᠭᠳᠡᠬᠡᠳ 50 ᠵᠢᠯ ᠪᠤᠯᠵᠤ ᠪᠠᠢ᠌ᠭ᠎ᠠ ᠠᠬᠠᠮᠠᠳ ᠨᠠᠮ᠎ᠤᠨ ᠬᠡᠰᠢᠬᠦᠨ᠎ᠳᠤ ᠨᠠᠮ᠎ᠤᠨ ᠲᠦᠪ ᠬᠤᠷᠢᠶ᠎ᠠ᠎ᠠᠴᠠ ᠲᠤᠷᠠᠰᠬᠠᠯ᠎ᠤᠨ ᠲᠡᠮᠳᠡᠭ ᠤᠯᠭᠤᠬᠤ᠎ᠪᠠᠷ ᠲᠤᠬᠳᠠᠬᠰᠠᠨ᠎ᠨᠢ ᠤᠨᠴᠠᠭ᠋ᠠᠢ ᠤᠳᠬ᠎ᠠ ᠠᠭᠤᠯᠭ᠎ᠠ᠎ᠲᠠᠢ᠂ ᠠᠯᠤᠰ ᠬᠡᠳᠤ ᠵᠢᠨ ᠨᠦᠯᠦᠬᠡ᠎ᠲᠠᠢ ᠶᠤᠮ᠃ ᠡᠨᠡ ᠬᠦ᠌ ᠲᠤᠷᠠᠰᠬᠠᠯ᠎ᠤᠨ ᠲᠡᠮᠳᠡᠭ᠎ᠲᠤ ᠨᠠᠮ᠎ᠤᠨ ᠲᠦᠪ ᠬᠤᠷᠢᠶ᠎ᠠ᠎ᠠᠴᠠ ᠠᠬᠠᠮᠠᠳ ᠨᠠᠮ᠎ᠤᠨ ᠬᠡᠰᠢᠬᠦᠨ᠎ᠢ ᠬᠠᠯᠠᠮᠵᠢᠯᠠᠬᠤ ᠪᠠ ᠮᠠᠬᠳᠠᠨ ᠰᠠᠢ᠌ᠰᠢᠶᠠᠵᠤ ᠪᠠᠢ᠌ᠬᠤ ᠠᠭᠤᠯᠭ᠎ᠠ ᠠᠭᠤᠯᠤᠬᠳᠠᠵᠤ ᠪᠠᠢ᠌ᠬᠤ ᠪᠦᠬᠡᠳ ᠪᠠᠰᠨ ᠨᠠᠮ᠎ᠤᠨ ᠲᠦᠪ ᠬᠤᠷᠢᠶᠠᠨ᠎ᠤ ᠠᠬᠠᠮᠠᠳ ᠨᠦᠬᠦᠳ᠎ᠲᠤ ᠲᠠᠯᠪᠢᠬᠰᠠᠨ ᠬᠦᠰᠡᠯ ᠨᠠᠢ᠌ᠳᠠᠯᠭ᠎ᠠ ᠪᠠ ᠱᠠᠭ᠋ᠠᠷᠳᠠᠯᠭ᠎ᠠ ᠠᠭᠤᠯᠤᠬᠳᠠᠵᠤ ᠪᠤᠢ ᠶᠤᠮ᠂ ᠪᠢ ᠬᠤᠪᠢ ᠲᠠᠬᠢᠨ ᠨᠠᠨᠳᠢᠡᠭᠨᠠᠨ᠎ᠠ᠃ ᠮᠢᠨᠤ ᠬᠤᠪᠢ᠎ᠳᠤ ᠡᠨᠡ ᠪᠤᠯ ᠠᠷᠢᠭᠤᠨ ᠲᠠᠷᠬᠠᠨ᠂ ᠮᠠᠷᠳᠠᠬᠳᠠᠰᠢ ᠦᠬᠡᠢ᠂ ᠪᠠᠳᠤ ᠴᠡᠬᠡᠵᠢᠯᠡᠬᠦᠰᠢᠳᠠᠢ ᠴᠠᠭ ᠮᠦᠴᠨ ᠪᠤᠯᠤᠨ᠎ᠠ᠃ ᠰᠢ ᠵᠢᠨ ᠫᠢᠡᠭ ᠨᠦᠬᠦᠷ ᠵᠶ᠋ᠡᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶ᠎ᠠ ᠠᠬᠠᠮᠠᠳ ᠨᠠᠮ᠎ᠤᠨ ᠬᠡᠰᠢᠬᠦᠨ᠎ᠢ ᠬᠠᠢ᠌ᠷᠠᠯᠠᠨ ᠬᠠᠯᠠᠮᠵᠢᠯᠠᠵᠤ ᠪᠠᠢ᠌ᠬᠤ᠎ᠳᠤ ᠴᠢᠡᠭ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ》 ᠬᠡᠰᠡᠨ ᠪᠦᠬᠡᠳ 《ᠵᠠᠭᠤᠨ ᠵᠢᠯ᠎ᠤᠨ ᠡᠷᠢᠯ ᠬᠦᠬᠡᠬᠡᠴᠡᠯᠳᠤᠯ ᠠᠤᠭ᠎ᠠ ᠦᠢ᠍ᠯᠡᠰ᠎ᠢ ᠪᠦᠳᠦᠬᠡᠵᠤ᠂ ᠬᠤᠪᠢᠷᠠᠰᠢ ᠦᠬᠡᠢ ᠤᠭ ᠰᠠᠨᠠᠭ᠎ᠠ ᠪᠠᠳᠠᠷᠠᠯᠳᠤ ᠡᠷᠢᠨ᠎ᠤ ᠢᠷᠠᠭᠤ ᠬᠠᠭᠤᠳᠠᠰᠤ ᠵᠢ ᠪᠢᠴᠢᠭᠯᠡᠨᠡᠮ》 ᠭᠡᠵᠤ ᠨᠠᠮ ᠪᠠᠢ᠌ᠭᠤᠯᠤᠬᠳᠠᠬᠰᠠᠨ 100 ᠵᠢᠯ᠎ᠤᠨ ᠤᠢ᠎ᠳᠤ ᠵᠦᠡᠭᠨᠡᠯ ᠪᠡᠯᠬᠡᠳᠡᠯ ᠵᠶ᠋ᠡᠨ ᠲᠤᠬᠳᠤᠯᠤᠬᠰᠠᠨ ᠰᠡᠳᠬᠢᠯᠬᠡ᠎ᠪᠠᠨ ᠲᠡᠪᠰᠢᠬᠦᠯᠦᠭᠰᠡᠨ ᠶᠤᠮ᠃
        ᠡᠤ ᠬᠠᠨ ᠳ᠋ᠢᠡᠭ ᠪᠤᠯ ᠴᠢᠡᠭ ᠱᠦᠢ ᠾᠸ ᠰᠢᠶᠠᠨ᠎ᠤ ᠲᠡᠬᠡᠳᠤ ᠵᠡᠷᠬᠡ ᠵᠢᠨ ᠮᠠᠯ᠎ᠤᠨ ᠡᠮᠴᠢ ᠶᠤᠮ᠃ 60 ᠭᠠᠷᠤᠢ ᠵᠢᠯ᠎ᠤᠨ ᠲᠤᠷᠰᠢ ᠲᠡᠷᠨ ᠬᠦᠳᠡᠬᠡ ᠲᠤᠰᠬᠤᠨ᠎ᠳᠤ ᠦᠨᠳᠤᠰᠤ ᠬᠠᠳᠬᠤᠵᠤ᠂ ᠶᠠᠳᠠᠭᠤ ᠵᠢ ᠲᠡᠳᠬᠦᠬᠦ ᠡᠮᠦᠨ᠎ᠡ ᠹᠷᠤᠨᠲ᠎ᠲᠤ ᠵᠢᠳᠬᠦᠵᠤ᠂ ᠮᠠᠯ᠎ᠤᠨ ᠡᠮᠴᠢ ᠵᠢᠨ ᠲᠤᠰᠬᠠᠢ ᠮᠡᠷᠬᠡᠵᠢᠯ ᠪᠤᠯᠤᠨ ᠳ᠋ᠦᠡᠭᠨᠠᠵᠤ ᠭᠠᠷᠭ᠋ᠠᠬᠰᠠᠨ ᠶᠠᠳᠠᠭᠤ ᠵᠢ ᠲᠡᠳᠬᠦᠬᠦ ᠠᠵᠢᠯ᠎ᠤᠨ ᠠᠷᠭ᠎ᠠ᠎ᠪᠠᠷ ᠶᠠᠳᠠᠭᠤ ᠬᠦᠴᠢᠷᠳᠡᠯᠳᠡᠢ ᠤᠯᠠᠨ ᠲᠦᠮᠡᠨ᠎ᠢ ᠬᠠᠪᠰᠤᠷᠤᠨ ᠬᠦᠴᠢᠷᠳᠡᠯ᠎ᠠᠴᠠ ᠮᠤᠯᠳᠤᠷᠠᠭᠤᠯᠤᠨ᠂ ᠶᠠᠳᠠᠭᠤ᠎ᠠᠴᠠ ᠠᠡᠭᠭᠢᠵᠢᠷᠠᠭᠤᠯᠵᠤ᠂ ᠪᠤᠳᠠᠳᠤ ᠠᠵᠢᠯᠯᠠᠭ᠎ᠠ᠎ᠪᠠᠷ ᠵᠶ᠋ᠡᠨ ᠡᠪ ᠬᠠᠮᠳᠤᠴᠤᠳ᠎ᠤᠨ ᠤᠭ ᠰᠠᠨᠠᠭ᠎ᠠ ᠬᠠᠷᠢᠭᠤᠴᠠᠯᠭ᠎ᠠ ᠡᠬᠦᠷᠬᠡᠯᠡᠯ᠎ᠢ ᠲᠠᠢ᠌ᠯᠪᠤᠷᠢᠯᠠᠵᠠᠢ᠃ ᠱ᠌ᠢ᠎ᠲᠠᠢ ᠹᠸᠡᠭ᠂ ᠡᠤ ᠬᠠᠨ ᠳ᠋ᠢᠡᠭ᠎ᠤᠨ᠎ᠳᠤ ᠬᠦᠷᠴᠤ᠂ 89 ᠨᠠᠰᠤᠳᠠᠢ ᠠᠬᠠᠮᠠᠳ ᠨᠠᠮ᠎ᠤᠨ ᠬᠡᠰᠢᠬᠦᠨ᠎ᠤ ᠶᠠᠳᠠᠭᠤ ᠵᠢ ᠲᠡᠳᠬᠦᠭᠰᠡᠨ ᠦᠯᠢᠬᠡᠷ᠎ᠢ ᠨᠢᠮᠪᠠᠢ ᠰᠤᠨᠤᠰᠪᠠ᠃ ᠱ᠌ᠢ᠎ᠲᠠᠢ ᠹᠸᠡᠭ᠄ 《ᠲᠠ ᠦᠨᠳᠤᠰᠤᠨ ᠱᠠᠳᠤᠨ᠎ᠳᠤ ᠬᠡᠳᠤᠨ ᠡᠠᠷᠪᠠᠨ ᠵᠢᠯ ᠦᠨᠳᠤᠰᠤ ᠬᠠᠳᠬᠤᠵᠤ᠂ ᠶᠠᠳᠠᠭᠤ᠎ᠠᠴᠠ ᠠᠡᠭᠭᠢᠵᠢᠷᠠᠭᠤᠯᠬᠤ ᠡᠮᠦᠨ᠎ᠡ ᠹᠷᠤᠨᠲ᠎ᠲᠤ ᠡᠷᠡᠯᠭᠡᠭᠯᠡᠨ ᠲᠡᠮᠡᠴᠡᠬᠡᠳ ᠵᠤᠷᠢᠬᠳᠠᠢ᠎ᠪᠠᠷ ᠬᠠᠷᠢᠭᠤᠴᠠᠯᠭ᠎ᠠ ᠡᠬᠦᠷᠬᠡᠯᠡᠨ᠂ ᠬᠦᠴᠢᠷ᠎ᠢ ᠲᠤᠭᠤᠯᠤᠨ ᠪᠡᠷᠬᠡ ᠵᠢ ᠲᠠᠪᠠᠵᠤ᠂ ᠡᠪ ᠬᠠᠮᠳᠤᠴᠤᠳ᠎ᠤᠨ ᠠᠷᠠᠳ ᠲᠦᠮᠡᠨ᠎ᠤ ᠲᠦᠯᠦᠬᠡ ᠬᠡᠬᠦ ᠬᠠᠢ᠌ᠷ᠎ᠠ ᠰᠡᠳᠬᠢᠯᠬᠡ ᠵᠢ ᠬᠦᠢ᠍ᠴᠡᠳ ᠢᠯᠡᠷᠡᠬᠦᠯᠪᠡ᠃ ᠲᠠ ᠪᠤᠯ ᠪᠢᠳᠡᠨ᠎ᠤ ᠰᠤᠷᠤᠯᠴᠠᠬᠤ ᠲᠠᠭᠤᠷᠢᠶᠠᠯ ᠮᠥᠨ᠂ ᠪᠢ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠡᠮᠦᠨ᠎ᠡ᠎ᠠᠴᠠ ᠲᠠᠨ᠎ᠢ ᠲᠤᠬᠤᠨᠢᠭᠤᠯᠵᠤ ᠪᠠᠢ᠌ᠬᠤ᠎ᠪᠠᠨ ᠢᠯᠡᠳᠬᠡᠨ᠂ ᠲᠠᠨ᠎ᠳᠤ ᠡᠷᠬᠢᠮ ᠲᠡᠬᠡᠳᠤ ᠬᠦᠨᠳᠤᠳᠬᠡᠯ ᠲᠡᠪᠰᠢᠬᠦᠯᠵᠤ ᠪᠠᠢ᠌ᠨ᠎ᠠ》 ᠭᠡᠵᠤ ᠲᠠᠯᠠᠷᠬᠠᠨ ᠪᠢᠰᠢᠷᠡᠵᠤ ᠬᠡᠯᠡᠪᠡ᠃ ᠱ᠌ᠢ᠎ᠲᠠᠢ ᠹᠸᠡᠭ ᠨᠠᠰᠤᠳᠠᠨ᠎ᠤ ᠠᠮᠢᠳᠤᠷᠠᠯ᠂ ᠪᠡᠶ᠎ᠡ ᠵᠢᠨ ᠡᠷᠡᠬᠦᠯ ᠮᠡᠨᠳᠤ ᠵᠢᠨ ᠪᠠᠢ᠌ᠳᠠᠯ᠎ᠢ ᠬᠠᠯᠠᠮᠵᠢᠯᠠᠨ ᠠᠰᠠᠭᠤᠵᠤ᠂ ᠬᠡᠷ᠎ᠤᠨ ᠬᠦᠮᠦᠰ ᠪᠤᠯᠤᠨ ᠬᠤᠯᠪᠤᠬᠳᠠᠯ ᠪᠦᠬᠦᠢ ᠲᠠᠯ᠎ᠠ ᠵᠢᠨ᠎ᠬᠢᠨ᠎ᠳᠤ ᠨᠠᠰᠤᠳᠠᠨ᠎ᠤ ᠠᠮᠢᠳᠤᠷᠠᠯ᠎ᠢ ᠰᠠᠢ᠌ᠳᠤᠷ ᠬᠠᠷᠠᠭ᠋ᠠᠯᠵᠠᠬᠤ ᠵᠢ ᠵᠠᠬᠢᠵᠤ᠂ ᠨᠠᠰᠤᠳᠠᠨ᠎ᠤ ᠤᠷᠳᠤ ᠨᠠᠰᠤᠯᠠᠵᠤ ᠤᠳᠠᠭ᠋ᠠᠨ ᠵᠢᠷᠭ᠋ᠠᠬᠤ ᠵᠢ ᠵᠦᠡᠭᠨᠡᠪᠡ᠃
      ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠡᠰᠢᠬᠦᠨ᠂ ᠬᠦᠬᠡᠬᠤᠳᠠ ᠵᠢᠨ ᠨᠠᠮ᠎ᠤᠨ ᠬᠤᠷᠢᠶᠠᠨ᠎ᠤ ᠱᠦᠵᠢ ᠸᠠᠡᠭ ᠯᠢ ᠰᠢᠶᠠ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠡᠰᠢᠬᠦᠨ᠂ ᠨᠠᠷᠢᠨ ᠪᠢᠴᠢᠭ᠎ᠤᠨ ᠲᠠᠷᠤᠭ᠎ᠠ᠂ ᠦᠪᠡᠷᠳᠡᠬᠡᠨ ᠵᠠᠰᠠᠬᠤ ᠤᠷᠤᠨ᠎ᠤ ᠪᠠᠢ᠌ᠡᠭᠭᠤ ᠵᠢᠨ ᠲᠡᠳ᠋ ᠲᠡᠷᠢᠬᠦᠯᠡᠭᠴᠢ ᠵᠠᠡᠭ ᠱᠤᠤ ᠴᠦᠨ ᠪᠤᠯᠤᠨ ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠠᠵᠢᠯᠯᠠᠭ᠎ᠠ᠎ᠳᠤ ᠤᠷᠤᠯᠴᠠᠪᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦ᠋ ᠰᠢᠶᠤᠤ ᠯᠢᠨ ᠠᠬᠠᠮᠠᠳ ᠨᠠᠮ᠎ᠤᠨ ᠬᠡᠰᠢᠬᠦᠨ ᠶᠦᠨ ᠵᠤᠤ ᠭᠤᠸᠠᠡᠭ ᠪᠤᠯᠤᠨ ᠰᠢᠡᠭ ᠴᠢ ᠵᠢ ᠪᠤᠯᠭᠤᠭ᠋ᠠᠨ ᠦᠵᠡᠵᠤ ᠲᠤᠬᠤᠨᠢᠭᠤᠯᠪᠠ
ᠯᠢᠨ ᠱᠤᠤ ᠴᠦᠨ ᠬᠦᠬᠡᠬᠤᠳᠠ᠎ᠳᠤ ᠨᠠᠮ᠎ᠤᠨ ᠬᠡᠰᠢᠬᠦᠳ᠎ᠢ ᠪᠤᠯᠭᠤᠭ᠋ᠠᠨ ᠲᠤᠬᠤᠨᠢᠭᠤᠯᠬᠤ᠎ᠳᠤ᠎ᠪᠠᠨ ᠴᠢᠬᠤᠯᠠᠴᠢᠯᠠᠬᠰᠠᠨ᠎ᠨᠢ᠂ ᠠᠬᠠᠮᠠᠳ ᠨᠠᠮ᠎ᠤᠨ ᠬᠡᠰᠢᠬᠦᠨ᠂ ᠰᠢᠯᠢᠳᠡᠭ ᠨᠠᠮ᠎ᠤᠨ ᠬᠡᠰᠢᠬᠦᠨ᠎ᠠᠴᠠ ᠰᠤᠷᠤᠯᠴᠠᠵᠤ ᠬᠦᠨᠳᠤᠳᠬᠡᠵᠤ ᠬᠠᠯᠠᠮᠵᠢᠯᠠᠨ᠂ ᠨᠠᠮ᠎ᠤᠨ ᠦᠡᠭᠭᠡ ᠬᠡᠷᠡᠯᠳᠤ ᠤᠳᠤᠮᠰᠢᠯ ᠪᠠ ᠵᠤᠷᠢᠭ ᠰᠠᠨᠠᠭ᠋ᠠᠨ᠎ᠤ ᠴᠠᠳᠢᠭ᠎ᠢ ᠤᠯᠠᠮᠵᠢᠯᠠᠨ ᠪᠠᠳᠠᠷᠠᠭᠤᠯᠬᠤ ᠬᠡᠷᠡᠭᠳᠡᠢ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ ᠨᠠᠮ᠎ᠤᠨ ᠤᠳᠤᠷᠢᠳᠬᠤ ᠲᠤᠭᠤᠢ᠌ᠯᠠᠡᠭ᠎ᠤᠨ ᠤᠨᠤᠯ᠎ᠤᠨ ᠰᠤᠷᠤᠯᠴᠠᠯᠭ᠎ᠠ ᠵᠢᠨ ᠲᠦᠪ᠎ᠤᠨ 2021 ᠤᠨ᠎ᠤ ᠲᠤᠯᠤᠳᠠᠬᠢ ᠤᠳᠠᠭ᠋ᠠᠨ᠎ᠤ ᠬᠠᠮᠳᠤ ᠵᠢᠨ ᠰᠤᠷᠤᠯᠴᠠᠯᠭ᠎ᠠ ᠵᠢᠨ ᠬᠤᠷᠠᠯ ᠪᠤᠯᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠤᠵᠢᠯ᠎ᠤᠨ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
(ᠨᠢᠬᠡ) ᠲᠤᠮᠳᠠᠳᠤ ᠵᠢᠨ ᠦᠨᠳᠤᠰᠤᠳᠡᠨ᠎ᠤ ᠦᠷᠡᠭᠳᠡᠭᠰᠡᠨ ᠪᠠᠭ᠋ᠠᠳᠤᠷᠴᠤᠳ᠎ᠤᠨ ᠦᠯᠢᠬᠡᠷ᠎ᠤᠨ ᠴᠤᠬᠯᠠᠭ᠋ᠠᠨ — 《ᠶᠠᠡᠭ ᠵᠢᠡᠭ ᠢᠤᠢ》
ᠨᠢᠬᠡᠨ ᠰᠢᠷᠭᠡᠭ ᠤᠯᠠᠭ᠋ᠠᠨ ᠤᠳᠠᠰᠤ ᠭᠤᠷᠪᠠᠨ ᠦᠶ᠎ᠡ ᠵᠢᠨ᠎ᠬᠢᠨ᠎ᠢ ᠰᠢᠵᠢᠮᠯᠡᠵᠤ᠂ ᠨᠢᠬᠡ ᠵᠦᠢ᠍ᠯ᠎ᠤᠨ ᠬᠡᠷ᠎ᠤᠨ ᠰᠤᠷᠳᠠᠯ ᠤᠭ ᠰᠠᠨᠠᠭ᠎ᠠ ᠵᠢ ᠤᠯᠠᠮᠵᠢᠯᠠᠨᠠᠮ
 
            