ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠪᠦ᠋ ᠰᠢᠶᠤᠤ ᠯᠢᠨ ᠠᠬᠠᠮᠠᠳ ᠨᠠᠮ᠎ᠤᠨ ᠬᠡᠰᠢᠬᠦᠨ ᠶᠦᠨ ᠵᠤᠤ ᠭᠤᠸᠠᠡᠭ ᠪᠤᠯᠤᠨ ᠰᠢᠡᠭ ᠴᠢ ᠵᠢ ᠪᠤᠯᠭᠤᠭ᠋ᠠᠨ ᠦᠵᠡᠵᠤ ᠲᠤᠬᠤᠨᠢᠭᠤᠯᠪᠠ
ᠨᠡᠶᠢᠲᠡᠯᠡᠭᠰᠡᠨ ᠴᠠᠭ᠄ 2021-06-23

      ᠲᠤᠮᠳᠠᠳᠤ ᠤᠯᠤᠰ᠎ᠤᠨ ᠡᠪ ᠬᠠᠮᠳᠤ ᠨᠠᠮ ᠪᠠᠢ᠌ᠭᠤᠯᠤᠬᠳᠠᠬᠰᠠᠨ 100 ᠵᠢᠯ᠎ᠤᠨ ᠤᠢ ᠬᠦᠷᠴᠤ ᠢᠷᠡᠬᠦ ᠲᠠᠰᠢᠷᠠᠮ ᠵᠶ᠋ᠡᠷ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ᠎ᠤ ᠲᠡᠷᠢᠬᠦᠯᠡᠭᠴᠢ ᠪᠦ᠋ ᠰᠢᠶᠤᠤ ᠯᠢᠨ ᠬᠦᠬᠡᠬᠤᠳᠠ᠎ᠳᠤ ᠮᠤᠵᠢ ᠵᠢᠨ ᠲᠡᠰ᠎ᠤᠨ ᠠᠵᠢᠯ᠎ᠠᠴᠠ᠎ᠪᠠᠨ ᠲᠠᠷᠬᠠᠯᠠᠬᠳᠠᠬᠰᠠᠨ ᠨᠠᠮ᠎ᠤᠨ ᠬᠡᠰᠢᠬᠦᠨ ᠺᠠᠳ᠋ᠷ ᠶᠦᠨ ᠵᠤᠤ ᠭᠤᠸᠠᠡᠭ ᠪᠤᠯᠤᠨ ᠨᠠᠮ᠎ᠤᠨ ᠲᠤᠳᠤᠭ᠋ᠠᠳᠤ ᠵᠢᠨ ᠭᠠᠪᠢᠶ᠎ᠠ ᠵᠢᠳᠬᠦᠯ᠎ᠤᠨ ᠢᠷᠡᠭᠤ ᠠᠯᠳᠠᠷ᠎ᠢ ᠬᠦᠷᠳᠡᠭᠰᠡᠨ ᠨᠠᠮ᠎ᠤᠨ ᠬᠡᠰᠢᠬᠦᠨ ᠰᠢᠡᠭ ᠴᠢ ᠵᠢ ᠪᠤᠯᠭᠤᠭ᠋ᠠᠨ ᠦᠵᠡᠵᠤ ᠲᠤᠬᠤᠨᠢᠭᠤᠯᠤᠨ᠂ ᠲᠡᠳᠡᠨ᠎ᠳᠤ ᠲᠤᠳᠤᠨᠤ ᠮᠡᠨᠳᠤᠴᠢᠯᠡᠯ ᠪᠠ ᠡᠷᠬᠢᠮ ᠲᠡᠬᠡᠳᠤ ᠬᠦᠨᠳᠤᠳᠬᠡᠯ ᠲᠡᠪᠰᠢᠬᠦᠯᠤᠯ᠎ᠡ᠃
      ᠦᠨᠤ   ᠵᠢᠯ 92 ᠨᠠᠰᠤᠳᠠᠢ ᠶᠦᠨ ᠵᠤᠤ ᠭᠤᠸᠠᠡᠭ ᠨᠠᠰᠤᠳᠠᠨ ᠪᠤᠯ ᠨᠠᠮ᠎ᠳᠤ ᠤᠷᠤᠭ᠋ᠠᠳ 76 ᠵᠢᠯ ᠪᠤᠯᠵᠤ ᠪᠠᠢ᠌ᠭ᠎ᠠ ᠠᠬᠠᠮᠠᠳ ᠨᠠᠮ᠎ᠤᠨ ᠬᠡᠰᠢᠬᠦᠨ ᠪᠤᠯᠬᠤ ᠶᠤᠮ᠃ ᠪᠦ᠋ ᠰᠢᠶᠤᠤ ᠯᠢᠨ᠂ ᠶᠦᠨ ᠵᠤᠤ ᠭᠤᠸᠠᠡᠭ ᠨᠠᠰᠤᠳᠠᠨ᠎ᠤ ᠬᠡᠷ᠎ᠲᠤ ᠬᠦᠷᠴᠤ ᠴᠢᠡᠭ ᠰᠡᠳᠬᠢᠯ᠎ᠤᠨ ᠮᠡᠨᠳᠤᠴᠢᠯᠡᠯ ᠬᠦᠷᠬᠡᠭᠰᠡᠨ᠎ᠤ ᠬᠠᠮᠳᠤ ᠨᠠᠰᠤᠳᠠᠨ᠎ᠳᠤ 《ᠨᠠᠮ᠎ᠳᠤ ᠤᠷᠤᠬᠰᠠᠨ ᠢᠷᠠᠭᠤ ᠠᠯᠳᠠᠷᠳᠠᠢ 50 ᠵᠢᠯ》᠎ᠤᠨ ᠲᠤᠷᠠᠰᠬᠠᠯ᠎ᠤᠨ ᠲᠡᠮᠳᠡᠭ ᠭᠠᠷᠳᠠᠭᠤᠯᠬᠤ ᠵᠢᠨ ᠵᠡᠷᠬᠡ᠎ᠪᠠᠷ ᠵᠡᠬᠦᠯᠬᠡᠵᠤ ᠦᠭᠭᠦᠬᠡᠳ ᠨᠠᠰᠤᠳᠠᠨ᠎ᠲᠠᠢ ᠲᠤᠳᠤᠨᠤ᠎ᠪᠠᠷ ᠶᠠᠷᠢᠯᠴᠠᠪᠠ᠃  
      ᠶᠦᠨ ᠵᠤᠤ ᠭᠤᠸᠠᠡᠭ ᠨᠠᠰᠤᠳᠠᠨ ᠨᠠᠮ᠎ᠤᠨ ᠲᠦᠪ ᠬᠤᠷᠢᠶ᠎ᠠ᠂ ᠰᠢ ᠵᠢᠨ ᠫᠢᠡᠭ ᠶᠡᠷᠤᠡᠭᠭᠡᠢ ᠱᠦᠵᠢ᠎ᠳᠤ ᠲᠠᠯᠠᠷᠬᠠᠵᠤ ᠪᠠᠢ᠌ᠭ᠎ᠠ ᠰᠡᠳᠬᠢᠯᠬᠡ᠎ᠪᠠᠨ ᠰᠡᠳᠬᠢᠯ ᠲᠤᠬᠳᠤᠯᠤᠨ ᠢᠯᠡᠳᠬᠡᠪᠡ᠃ ᠲᠡᠷᠨ ᠬᠡᠪᠯᠡᠬᠦᠯᠦᠭᠰᠡᠨ ᠨᠤᠮ ᠵᠶ᠋ᠡᠨ ᠭᠠᠷᠭ᠋ᠠᠵᠤ᠂ ᠦᠡᠭᠭᠡᠷᠡᠭᠰᠡᠨ᠎ᠤ ᠭᠠᠢ᠌ᠬᠠᠮᠰᠢᠬᠳᠤ ᠤᠨ ᠰᠠᠷ᠎ᠠ ᠪᠤᠯᠤᠨ ᠬᠤᠪᠢᠰᠬᠠᠯ᠎ᠤᠨ ᠦᠡᠭᠭᠡᠷᠡᠯᠳᠡ᠎ᠪᠠᠨ ᠰᠡᠳᠬᠢᠯᠬᠡ ᠬᠦᠨ ᠡᠷᠬᠢᠴᠡᠬᠦᠯᠪᠡ᠃ ᠪᠦ᠋ ᠰᠢᠶᠤᠤ ᠯᠢᠨ ᠨᠠᠰᠤᠳᠠᠨ᠎ᠤ ᠶᠠᠷᠢᠬᠤ ᠵᠢ ᠨᠢᠮᠪᠠᠢ ᠰᠤᠨᠤᠰᠬᠤ ᠵᠢᠨ ᠲᠠᠭ᠋ᠠᠤ ᠪᠠᠢ᠌ᠨ ᠪᠠᠢ᠌ᠨ ᠰᠠᠨᠠᠯ ᠵᠶ᠋ᠡᠨ ᠰᠤᠯᠢᠯᠴᠠᠵᠤ ᠪᠠᠢ᠌ᠯ᠎ᠠ᠃ ᠪᠦ᠋ ᠰᠢᠶᠤᠤ ᠯᠢᠨ᠄ 《 〈ᠨᠠᠮ᠎ᠳᠤ ᠤᠷᠤᠬᠰᠠᠨ ᠢᠷᠠᠭᠤ ᠠᠯᠳᠠᠷᠳᠠᠢ 50 ᠵᠢᠯ〉᠎ᠤᠨ ᠲᠤᠷᠠᠰᠬᠠᠯ᠎ᠤᠨ ᠲᠡᠮᠳᠡᠭ᠎ᠢ ᠲᠠᠷᠬᠠᠭ᠋ᠠᠬᠰᠠᠨ᠎ᠨᠢ ᠰᠢ ᠵᠢᠨ ᠫᠢᠡᠭ ᠨᠦᠬᠦᠷ ᠵᠶ᠋ᠡᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶ᠎ᠠ ᠠᠬᠠᠮᠠᠳ ᠨᠠᠮ᠎ᠤᠨ ᠬᠡᠰᠢᠬᠦᠨ᠎ᠢ ᠲᠤᠳᠤᠨᠤ᠎ᠪᠠᠷ ᠬᠠᠯᠠᠮᠵᠢᠯᠠᠵᠤ ᠪᠠᠢ᠌ᠬᠤ ᠪᠠ ᠬᠦᠨᠳᠤᠳᠬᠡᠨ ᠬᠠᠢ᠌ᠷᠠᠯᠠᠵᠤ ᠪᠠᠢ᠌ᠬᠤ ᠵᠢ ᠬᠦᠢ᠍ᠴᠡᠳ ᠢᠯᠡᠷᠡᠬᠦᠯᠪᠡ᠃ ᠲᠠ ᠬᠤᠪᠢᠰᠬᠠᠯ᠂ ᠪᠦᠳᠦᠬᠡᠨ ᠪᠠᠢ᠌ᠭᠤᠯᠤᠯᠳᠠ᠂ ᠦᠬᠡᠷᠡᠴᠢᠯᠡᠯᠳᠡ ᠵᠢᠨ ᠡᠯ᠎ᠡ ᠲᠡᠤᠬᠡᠨ ᠴᠠᠭ ᠦᠶ᠎ᠡ ᠵᠢ ᠦᠡᠭᠭᠡᠷᠡᠬᠦᠯᠤᠯ᠎ᠡ᠂ ᠲᠠ ᠪᠤᠯ ᠮᠠᠨ᠎ᠤ ᠨᠠᠮ᠎ᠤᠨ ᠬᠡᠷᠡᠯ ᠰᠠᠴᠤᠷᠠᠡᠭᠭᠤᠢ ᠲᠡᠤᠬᠡᠨ ᠦᠡᠭᠭᠡᠷᠡᠯᠳᠡ ᠵᠢᠨ ᠤᠷᠤᠯᠴᠠᠬ᠍ᠴᠢ᠂ ᠲᠡᠮᠡᠴᠡᠭᠴᠢ᠂ ᠬᠡᠷᠡᠴᠢᠯᠡᠭᠴᠢ ᠮᠥᠨ᠂ ᠨᠠᠮ ᠪᠤᠯᠤᠨ ᠤᠯᠤᠰ᠎ᠤᠨ ᠡᠷᠬᠢᠮ ᠨᠠᠨᠳᠢᠨ ᠦᠪ ᠬᠦᠷᠤᠡᠭᠭᠡ ᠮᠥᠨ᠃ ᠲᠠ ᠪᠡᠶ᠎ᠡ᠎ᠪᠠᠨ ᠰᠠᠢ᠌ᠳᠤᠷ ᠪᠤᠯᠭᠤᠮᠵᠢᠯᠠᠨ ᠠᠡᠭᠬᠠᠷᠴᠤ᠂ ᠦᠪᠡᠷᠳᠡᠬᠡᠨ ᠵᠠᠰᠠᠬᠤ ᠤᠷᠤᠨ᠎ᠤ ᠠᠵᠤ ᠠᠬᠤᠢ ᠨᠡᠢ᠌ᠬᠡᠮ᠎ᠤᠨ ᠬᠦᠭᠵᠢᠯᠳᠡ ᠵᠢ ᠦᠡᠭᠬᠡᠷᠡᠭᠰᠡᠨ᠎ᠤ᠎ᠬᠢ᠎ᠲᠠᠢ᠎ᠪᠠᠨ ᠠᠳᠠᠯᠢ᠎ᠪᠠᠷ ᠬᠠᠯᠠᠮᠵᠢᠯᠠᠨ ᠲᠡᠮᠵᠢᠵᠤ ᠪᠢᠳᠠᠨ᠎ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠲᠤᠷᠠᠳᠬᠤ ᠵᠢ ᠬᠦᠰᠡᠵᠤ ᠪᠠᠢ᠌ᠨ᠎ᠠ》 ᠬᠡᠪᠡ᠃ ᠪᠦ᠋ ᠰᠢᠶᠤᠤ ᠯᠢᠨ ᠴᠢᠬᠤᠯᠠᠴᠢᠯᠠᠬᠰᠠᠨ᠎ᠨᠢ᠂ ᠪᠢᠳᠡ ᠠᠬᠠᠮᠠᠳ ᠨᠠᠮ᠎ᠤᠨ ᠬᠡᠰᠢᠬᠦᠨ᠂ ᠠᠬᠠᠮᠠᠳ ᠺᠠᠳ᠋ᠷᠴᠤᠳ᠎ᠤᠨ ᠲᠤᠬᠠᠢ ᠦᠢ᠍ᠯᠡᠴᠢᠯᠡᠬᠡ ᠪᠠ ᠪᠠᠳᠤᠯᠠᠭ᠎ᠠ ᠵᠢᠨ ᠠᠵᠢᠯ᠎ᠢ ᠦᠨᠡᠨ ᠰᠡᠳᠬᠢᠯ᠎ᠠᠴᠠ᠎ᠪᠠᠨ ᠰᠠᠢ᠌ᠳᠤᠷ ᠬᠢᠵᠤ᠂ ᠲᠡᠳᠡᠨ᠎ᠤ ᠠᠮᠢᠳᠤᠷᠠᠯ᠎ᠢ᠎ᠨᠢ ᠰᠠᠢ᠌ᠳᠤᠷ ᠬᠠᠯᠠᠮᠵᠢᠯᠠᠨ ᠬᠠᠷᠠᠭ᠋ᠠᠯᠵᠠᠵᠤ᠂ ᠲᠡᠳᠡᠨ᠎ᠤ ᠦᠳᠡᠯᠤᠬᠡ ᠨᠠᠰᠤᠨ᠎ᠤ ᠬᠤᠪᠢ ᠨᠡᠮᠡᠷᠢ᠎ᠪᠠᠨ ᠦᠵᠡᠬᠦᠯᠬᠦ᠎ᠳᠤ ᠨᠦᠬᠦᠴᠡᠯ ᠪᠦᠷᠢᠯᠳᠤᠬᠦᠯᠵᠤ ᠦᠭᠭᠦ᠎ᠪᠠᠷ ᠴᠢᠷᠮᠠᠢ᠌ᠬᠤ ᠬᠡᠷᠡᠭᠳᠡᠢ᠃ ᠪᠢᠳᠡ ᠠᠬᠠᠮᠠᠳ ᠨᠠᠮ᠎ᠤᠨ ᠬᠡᠰᠢᠬᠦᠨ᠂ ᠠᠬᠠᠮᠠᠳ ᠺᠠᠳ᠋ᠷᠴᠤᠳ᠎ᠤᠨ ᠰᠢᠷᠭ᠋ᠠᠭᠤ ᠴᠢᠷᠮᠠᠢ᠌ᠯᠭ᠎ᠠ ᠪᠤᠯᠤᠨ ᠲᠡᠤᠬᠡᠨ ᠭᠠᠪᠢᠶ᠎ᠠ ᠵᠢᠳᠬᠦᠯ᠎ᠢ ᠡᠬᠦᠷᠢᠳᠡ ᠪᠠᠳᠤ ᠴᠡᠬᠡᠵᠢᠯᠡᠨ᠂ ᠲᠡᠳᠡᠨ᠎ᠤ ᠰᠢᠯᠢᠳᠡᠭ ᠰᠤᠷᠳᠠᠯ ᠪᠤᠯᠤᠨ ᠬᠤᠪᠢᠰᠬᠠᠯᠳᠤ ᠤᠯᠠᠮᠵᠢᠯᠠᠯ᠎ᠢ ᠵᠠᠯᠭ᠋ᠠᠮᠵᠢᠯᠠᠨ ᠪᠠᠳᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠡᠡᠭ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ᠃
      ᠰᠢᠡᠭ ᠴᠢ ᠲᠠᠯ᠎ᠠ ᠨᠤᠳᠤᠭ᠎ᠤᠨ ᠮᠠᠯ ᠠᠵᠤ ᠠᠬᠤᠢ ᠵᠢᠨ ᠰᠢᠨᠵᠢᠯᠡᠬᠦ ᠮᠡᠷᠬᠡᠵᠢᠯ᠎ᠤᠨ ᠰᠤᠳᠤᠯᠭ᠋ᠠᠨ ᠪᠤᠯᠤᠨ ᠲᠦᠷᠤᠯ ᠵᠦᠢ᠍ᠢ᠍ᠯ᠎ᠢ ᠲᠡᠯᠬᠡᠷᠡᠬᠦᠯᠬᠦ ᠠᠵᠢᠯ᠎ᠳᠤ 40 ᠭᠠᠷᠤᠢ ᠵᠢᠯ ᠵᠢᠳᠬᠦᠵᠤ᠂ ᠰᠢᠯᠢᠳᠡᠭ ᠪᠡᠯᠴᠢᠬᠡᠷ ᠡᠪᠡᠰᠤ ᠵᠢ ᠤᠷᠤᠭᠤᠯᠤᠨ ᠲᠠᠷᠢᠵᠤ ᠪᠤᠢ᠌ᠵᠢᠭᠤᠯᠤᠭ᠋ᠠᠳ᠂ ᠲᠠᠴᠢᠷᠳᠠᠬᠰᠨᠨ ᠨᠤᠳᠤᠭ ᠪᠡᠯᠴᠢᠬᠡᠷ᠎ᠢ ᠵᠠᠰᠠᠬᠤ᠂ ᠨᠤᠳᠤᠭ ᠪᠡᠯᠴᠢᠬᠡᠷ᠎ᠤᠨ ᠢᠨᠵᠸᠨ᠋ᠸᠷᠢᠡᠭ᠎ᠤᠨ ᠲᠦᠯᠦᠪᠵᠢᠬᠦᠯᠬᠡ ᠲᠦᠯᠤᠪᠯᠡᠬᠡ ᠵᠡᠷᠬᠡ ᠲᠠᠯ᠎ᠠ᠎ᠪᠠᠷ ᠤᠯᠠᠨ ᠵᠦᠢ᠍ᠢ᠍ᠯ᠎ᠤᠨ ᠰᠢᠨ᠎ᠡ ᠵᠢ ᠡᠬᠦᠳᠦᠭᠰᠡᠨ ᠮᠡᠷᠬᠡᠵᠢᠯ᠎ᠤᠨ ᠦᠷ᠎ᠡ ᠪᠦᠳᠦᠮᠵᠢ ᠤᠯᠵᠤ᠂ ᠪᠦᠬᠦ ᠤᠯᠤᠰ᠎ᠤᠨ ᠲᠡᠷᠢᠬᠦᠨ᠎ᠤ ᠠᠵᠢᠯᠳᠠᠨ᠂ ᠪᠦᠬᠦ ᠤᠯᠤᠰ᠎ᠤᠨ 《3 · 8》 ᠵᠢᠨ ᠤᠯᠠᠭ᠋ᠠᠨ ᠲᠤᠬ᠍ᠴᠢ᠂ ᠰᠢᠨ᠎ᠠ ᠲᠤᠮᠳᠠᠳᠤ ᠤᠯᠤᠰ ᠪᠠᠢ᠌ᠭᠤᠯᠤᠬᠳᠠᠬᠰᠠᠨ 60 ᠵᠢᠯ᠎ᠤᠨ ᠤᠢ ᠵᠢᠨ 《ᠬᠦᠳᠡᠬᠡ ᠠᠬᠤ ᠠᠬᠤᠢ ᠬᠦᠳᠡᠬᠡ ᠲᠤᠰᠬᠤᠨ ᠲᠠᠷᠢᠶᠠᠴᠢᠨ》᠎ᠤ ᠵᠢᠱ᠌ᠢᠶᠡᠴᠢ ᠵᠡᠷᠬᠡ ᠢᠷᠠᠭᠤ ᠠᠯᠳᠠᠷ᠎ᠢ ᠬᠦᠷᠳᠡᠪᠡ᠃ ᠪᠦ᠋ ᠰᠢᠶᠤᠤ ᠯᠢᠨ᠂ ᠰᠢᠡᠭ ᠴᠢ ᠵᠢᠨ ᠬᠡᠷ᠎ᠲᠤ ᠬᠦᠷᠴᠤ ᠪᠤᠯᠭᠤᠭ᠋ᠠᠨ ᠦᠵᠡᠵᠤ ᠲᠤᠬᠤᠨᠢᠭᠤᠯᠤᠨ᠂ ᠲᠡᠬᠦᠨ᠎ᠤ ᠨᠤᠳᠤᠭ ᠪᠡᠯᠴᠢᠬᠡᠷ ᠠᠮᠢ ᠠᠬᠤᠢ ᠵᠢᠨ ᠬᠠᠮᠠᠭ᠋ᠠᠯᠠᠯᠳᠠ᠂ ᠮᠠᠯ ᠠᠵᠤ ᠠᠬᠤᠢ ᠵᠢᠨ ᠬᠦᠭᠵᠢᠯᠳᠡ ᠵᠡᠷᠬᠡ ᠲᠠᠯ᠎ᠠ᠎ᠳᠤ ᠦᠵᠡᠬᠦᠯᠦᠭᠰᠡᠨ ᠬᠤᠪᠢ ᠨᠡᠮᠡᠷᠢ᠎ᠳᠤ ᠲᠠᠯᠠᠷᠬᠠᠵᠤ ᠪᠠᠢ᠌ᠬᠤ᠎ᠪᠠᠨ ᠢᠯᠡᠳᠭᠡᠭᠰᠡᠨ᠎ᠤ ᠬᠠᠮᠳᠤ ᠡᠷᠳᠡᠮ ᠰᠢᠨᠵᠢᠯᠡᠬᠡᠨ᠎ᠤ ᠰᠤᠳᠤᠯᠭ᠋ᠠᠨ᠂ ᠡᠳᠤᠷ ᠲᠤᠳᠤᠮ᠎ᠤᠨ ᠠᠮᠢᠳᠤᠷᠠᠯ ᠵᠡᠷᠬᠡ ᠪᠠᠢ᠌ᠳᠠᠯ᠎ᠢ᠎ᠨᠢ ᠨᠠᠷᠢᠨ ᠤᠢ᠌ᠯᠠᠭ᠋ᠠᠵᠤ᠂ ᠦᠪᠡᠷᠳᠡᠬᠡᠨ ᠵᠠᠰᠠᠬᠤ ᠤᠷᠤᠨ᠎ᠤ ᠠᠮᠢ ᠠᠬᠤᠢ ᠵᠢᠨ ᠬᠠᠮᠠᠭ᠋ᠠᠯᠠᠯᠳᠠ᠂ ᠡᠪᠡᠰᠤᠨ᠎ᠤ ᠦᠢ᠍ᠯᠡᠰ᠎ᠤᠨ ᠬᠦᠭᠵᠢᠯᠳᠡ ᠵᠡᠷᠬᠡ ᠵᠢᠨ ᠲᠠᠯ᠎ᠠ᠎ᠪᠠᠷ᠎ᠬᠢ ᠲᠡᠬᠦᠨ᠎ᠤ ᠦᠵᠡᠯᠳᠡ ᠪᠠ ᠰᠠᠨᠠᠯ᠎ᠢ᠎ᠨᠢ ᠰᠤᠨᠤᠰᠴᠤ᠂ ᠰᠤᠳᠤᠯᠭ᠋ᠠᠨ᠎ᠤ ᠲᠠᠯ᠎ᠠ᠎ᠪᠠᠷ ᠨᠡᠡᠭ ᠤᠯᠠᠨ ᠠᠮᠵᠢᠯᠳᠠ ᠪᠦᠳᠦᠬᠡᠯ ᠤᠯᠬᠤ ᠵᠢ᠎ᠨᠢ ᠵᠦᠡᠭᠨᠡᠵᠤ᠂ ᠨᠤᠳᠤᠭ ᠪᠡᠯᠴᠢᠬᠡᠷ᠎ᠤᠨ ᠠᠮᠢ ᠠᠬᠤᠢ ᠵᠢ ᠬᠠᠮᠠᠭ᠋ᠠᠯᠠᠬᠤ᠎ᠳᠤ ᠬᠦᠴᠤᠨ ᠴᠢᠳᠠᠯ ᠵᠶ᠋ᠡᠨ ᠦᠷᠬᠦᠯᠵᠢᠯᠡᠨ ᠡᠷᠬᠦᠬᠦ ᠵᠢ᠎ᠨᠢ ᠬᠦᠰᠡᠪᠡ᠃ ᠦᠪᠡᠷᠳᠡᠬᠡᠨ ᠵᠠᠰᠠᠬᠤ ᠤᠷᠤᠨ᠎ᠤ ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠨ   ᠬᠠᠷᠢᠭᠤᠴᠠᠯᠭ᠋ᠠᠳᠠᠳ ᠠᠵᠢᠯᠯᠠᠭ᠎ᠠ᠎ᠳᠤ ᠤᠷᠤᠯᠴᠠᠵᠠᠢ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢᠨ ᠱᠤᠤ ᠴᠦᠨ ᠬᠦᠬᠡᠬᠤᠳᠠ᠎ᠳᠤ ᠨᠠᠮ᠎ᠤᠨ ᠬᠡᠰᠢᠬᠦᠳ᠎ᠢ ᠪᠤᠯᠭᠤᠭ᠋ᠠᠨ ᠲᠤᠬᠤᠨᠢᠭᠤᠯᠬᠤ᠎ᠳᠤ᠎ᠪᠠᠨ ᠴᠢᠬᠤᠯᠠᠴᠢᠯᠠᠬᠰᠠᠨ᠎ᠨᠢ᠂ ᠠᠬᠠᠮᠠᠳ ᠨᠠᠮ᠎ᠤᠨ ᠬᠡᠰᠢᠬᠦᠨ᠂ ᠰᠢᠯᠢᠳᠡᠭ ᠨᠠᠮ᠎ᠤᠨ ᠬᠡᠰᠢᠬᠦᠨ᠎ᠠᠴᠠ ᠰᠤᠷᠤᠯᠴᠠᠵᠤ ᠬᠦᠨᠳᠤᠳᠬᠡᠵᠤ ᠬᠠᠯᠠᠮᠵᠢᠯᠠᠨ᠂ ᠨᠠᠮ᠎ᠤᠨ ᠦᠡᠭᠭᠡ ᠬᠡᠷᠡᠯᠳᠤ ᠤᠳᠤᠮᠰᠢᠯ ᠪᠠ ᠵᠤᠷᠢᠭ ᠰᠠᠨᠠᠭ᠋ᠠᠨ᠎ᠤ ᠴᠠᠳᠢᠭ᠎ᠢ ᠤᠯᠠᠮᠵᠢᠯᠠᠨ ᠪᠠᠳᠠᠷᠠᠭᠤᠯᠬᠤ ᠬᠡᠷᠡᠭᠳᠡᠢ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ ᠨᠠᠮ᠎ᠤᠨ ᠤᠳᠤᠷᠢᠳᠬᠤ ᠲᠤᠭᠤᠢ᠌ᠯᠠᠡᠭ᠎ᠤᠨ ᠤᠨᠤᠯ᠎ᠤᠨ ᠰᠤᠷᠤᠯᠴᠠᠯᠭ᠎ᠠ ᠵᠢᠨ ᠲᠦᠪ᠎ᠤᠨ 2021 ᠤᠨ᠎ᠤ ᠲᠤᠯᠤᠳᠠᠬᠢ ᠤᠳᠠᠭ᠋ᠠᠨ᠎ᠤ ᠬᠠᠮᠳᠤ ᠵᠢᠨ ᠰᠤᠷᠤᠯᠴᠠᠯᠭ᠎ᠠ ᠵᠢᠨ ᠬᠤᠷᠠᠯ ᠪᠤᠯᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠤᠵᠢᠯ᠎ᠤᠨ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
(ᠨᠢᠬᠡ) ᠲᠤᠮᠳᠠᠳᠤ ᠵᠢᠨ ᠦᠨᠳᠤᠰᠤᠳᠡᠨ᠎ᠤ ᠦᠷᠡᠭᠳᠡᠭᠰᠡᠨ ᠪᠠᠭ᠋ᠠᠳᠤᠷᠴᠤᠳ᠎ᠤᠨ ᠦᠯᠢᠬᠡᠷ᠎ᠤᠨ ᠴᠤᠬᠯᠠᠭ᠋ᠠᠨ — 《ᠶᠠᠡᠭ ᠵᠢᠡᠭ ᠢᠤᠢ》
ᠨᠢᠬᠡᠨ ᠰᠢᠷᠭᠡᠭ ᠤᠯᠠᠭ᠋ᠠᠨ ᠤᠳᠠᠰᠤ ᠭᠤᠷᠪᠠᠨ ᠦᠶ᠎ᠡ ᠵᠢᠨ᠎ᠬᠢᠨ᠎ᠢ ᠰᠢᠵᠢᠮᠯᠡᠵᠤ᠂ ᠨᠢᠬᠡ ᠵᠦᠢ᠍ᠯ᠎ᠤᠨ ᠬᠡᠷ᠎ᠤᠨ ᠰᠤᠷᠳᠠᠯ ᠤᠭ ᠰᠠᠨᠠᠭ᠎ᠠ ᠵᠢ ᠤᠯᠠᠮᠵᠢᠯᠠᠨᠠᠮ
ᠯᠢ ᠵᠢᠢ ᠾᠸᠡᠭ 《ᠭᠤᠸᠠᠡᠭᠮᠢᠡᠭ ᠡᠳᠤᠷ᠎ᠤᠨ ᠰᠤᠨᠢᠨ》 ᠲᠡᠬᠡᠷ᠎ᠡ 《ᠨᠠᠮ᠎ᠤᠨ ᠲᠡᠤᠬᠡ᠎ᠠᠴᠠ ᠤᠢ ᠤᠬᠠᠭ᠋ᠠᠨ ᠰᠢᠡᠭᠭᠡᠭᠡᠵᠤ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠳᠡ ᠵᠢᠨ ᠰᠢᠨ᠎ᠡ ᠬᠠᠭᠤᠳᠠᠰᠤ ᠵᠢ ᠪᠢᠴᠢᠭᠯᠡᠰᠤᠬᠡᠢ》 ᠬᠡᠰᠡᠨ ᠨᠡᠷ᠎ᠡ᠎ᠪᠠᠨ ᠬᠠᠳᠠᠬᠰᠠᠨ ᠵᠤᠬᠢᠶᠠᠯ ᠨᠡᠢ᠌ᠳᠡᠯᠡᠪᠡ
 
            