ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠣᠷᠳᠣᠰ ᠬᠤᠳᠠ ᠵᠢᠨ ᠤᠳᠤᠭ᠎ᠤᠨ ᠡᠮᠦᠨᠡᠲᠦ ᠬᠣᠰᠢᠭᠤ᠄ ᠤᠷᠤᠭ ᠵᠠᠩᠰᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠤᠷᠤᠭ ᠬᠤᠷᠢᠮ᠎ᠤᠨ ᠲᠠᠷᠤᠭ᠋ᠠᠰᠤ ᠵᠢ ᠬᠦᠡᠭᠭᠡᠷᠡᠬᠦᠯᠵᠤ ᠪᠠᠢ᠌ᠨ᠎ᠠ
ᠨᠡᠶᠢᠲᠡᠯᠡᠭᠰᠡᠨ ᠴᠠᠭ᠄ 2023-10-24

    ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ ᠶᠡᠷᠦᠩᠬᠡᠢ ᠱᠦᠵᠢ ᠵᠢᠨ ᠤᠷᠤᠭ ᠭᠡᠷ ᠪᠦᠯᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠤᠳᠤᠭ᠎ᠤᠨ ᠡᠮᠦᠨᠡᠳᠤ ᠬᠤᠰᠢᠭᠤᠨ᠎ᠤ᠎ᠬᠢᠨ ᠳᠡᠭᠡᠳᠦ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠪᠠᠢ᠌ᠳᠠᠯ ᠡᠭᠦᠷᠭᠡ ᠱᠠᠭ᠋ᠠᠷᠳᠠᠯᠭ᠎ᠠ ᠵᠢ ᠪᠠᠲᠤ ᠡᠵᠡᠮᠰᠢᠵᠦ᠂ ᠪᠥᠬᠥ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠣᠭ ᠲᠠᠡᠭᠰᠠᠯᠠᠬᠤ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠣᠷᠣᠭ᠎ᠤᠨ ᠵᠠᠡᠭᠰᠢᠯ᠎ᠢ ᠥᠭᠡᠷᠡᠴᠢᠯᠡᠬᠦ ᠠᠵᠢᠯ᠎ᠢ ᠶᠡᠬᠡ᠎ᠪᠠᠷ ᠠᠬᠢᠭᠤᠯᠵᠤ᠂ ᠪᠣᠯᠪᠠᠰᠤᠨ ᠥᠭᠡᠳᠡᠷᠬᠡᠭ ᠣᠷᠣᠭ᠎ᠤᠨ ᠵᠠᠡᠭᠰᠢᠯ᠎ᠤᠨ ᠰᠣᠶᠣᠯ᠎ᠢ ᠪᠣᠢ᠌ᠵᠢᠭᠤᠯᠤᠨ᠂ ᠣᠷᠣᠭ᠎ᠤᠨ ᠵᠠᠩ ᠳᠠᠳᠬᠠᠯ᠎ᠤᠨ ᠥᠭᠡᠷᠡᠴᠢᠯᠡᠯᠲᠡ ᠵᠢᠨ ᠠᠵᠢᠯ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠵᠤ᠂ ᠤᠳᠤᠭ᠎ᠤᠨ ᠡᠮᠦᠨᠡᠲᠦ ᠬᠣᠰᠢᠭᠤᠨ᠎ᠤ ᠣᠨᠴᠠᠯᠢᠭ᠎ᠲᠠᠢ ᠪᠦᠲᠦᠮᠵᠢᠲᠡᠶ ᠠᠷᠭ᠎ᠠ ᠪᠠᠷᠢᠯ ᠪᠠ ᠠᠮᠵᠢᠯᠲᠠ᠎ᠲᠠᠢ ᠲᠤᠷᠰᠢᠯᠭ᠎ᠠ ᠵᠢ ᠬᠦᠴᠦᠯᠡᠨ ᠰᠦᠪᠡᠭᠴᠢᠯᠡᠵᠤ ᠪᠠᠢ᠌ᠨ᠎ᠠ᠃
    ᠦᠢ᠍ᠯᠡᠴᠢᠯᠡᠭᠡᠨ᠎ᠤ ᠰᠢᠨ᠎ᠡ ᠵᠢ ᠡᠬᠦᠳᠪᠡ᠃ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠷᠣᠭ᠎ᠤᠨ ᠵᠢᠭᠰᠠᠭ᠋ᠠᠯ᠎ᠤᠨ ᠭᠠᠵᠠᠷ ᠵᠶ᠋ᠠᠨ ᠦᠷᠭᠦᠯᠵᠢᠯᠡᠨ ᠲᠡᠭᠦᠯᠳᠡᠷᠵᠢᠭᠦᠯᠵᠦ᠂ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠰᠢᠰᠲ᠋ᠧᠮ ᠵᠶ᠋ᠡᠨ ᠳᠡᠭᠡᠭᠰᠢᠯᠡᠭᠦᠯᠦᠨ᠂ 《ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ》 ᠣᠷᠣᠭ ᠲᠠᠡᠭᠰᠠᠯᠠᠬᠤ ᠠᠵᠢᠯ᠎ᠳᠤ ᠪᠠᠲᠤ ᠪᠡᠬᠢ ᠰᠠᠭᠤᠷᠢ ᠲᠠᠯᠪᠢᠪᠠ᠃ 
    ᠠᠵᠢᠯ᠎ᠤᠨ ᠬᠠᠮᠵᠢᠯᠴᠠᠭ᠎ᠠ ᠵᠢ ᠴᠢᠡᠭᠭ᠋ᠠᠳᠬᠠᠪᠠ᠃ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠬᠦᠴᠦᠨ᠎ᠢ ᠣᠷᠣᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠦᠢ᠍ᠯᠡᠴᠢᠯᠡᠭᠡᠨ᠎ᠳᠤ ᠬᠠᠮᠳᠤ᠎ᠪᠠᠷ ᠣᠷᠣᠯᠴᠠᠭᠤᠯᠵᠤ᠂ ᠣᠷᠣᠭ ᠭᠡᠷ ᠪᠦᠯᠢ ᠵᠢᠨ ᠬᠠᠪᠰᠤᠷᠤᠨ ᠵᠢᠯᠣᠭᠣᠳᠤᠭᠴᠢ ᠵᠢ ᠤᠷᠢᠵᠤ ᠣᠷᠣᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠲᠠᠰᠤᠭ᠎ᠲᠤ ᠠᠵᠢᠯᠯᠠᠭᠤᠯᠤᠨ᠂ ᠭᠡᠷ ᠪᠦᠯᠢ ᠵᠢᠨ ᠬᠥᠮᠦᠵᠢᠯ᠎ᠤᠨ ᠤᠬᠠᠭᠤᠯᠭ᠎ᠠ᠂ ᠣᠷᠣᠭ ᠭᠡᠷ ᠪᠦᠯᠢ ᠵᠢᠨ ᠬᠠᠪᠰᠤᠷᠤᠨ ᠵᠢᠯᠤᠭᠣᠳᠬᠤ᠂ ᠵᠥᠷᠢᠴᠡᠯ ᠵᠠᠭᠤᠷᠠᠯᠳᠤᠭ᠋ᠠᠨ᠎ᠢ ᠡᠶᠡᠳᠡᠭᠦᠯᠬᠦ ᠵᠡᠷᠭᠡ ᠠᠵᠢᠯ᠎ᠢ ᠪᠥᠬᠥ ᠲᠠᠯ᠎ᠠ᠎ᠪᠠᠷ ᠥᠷᠨᠢᠭᠦᠯᠦᠨ᠎ᠡ᠃ ᠣᠲᠣ ᠪᠣᠯᠲᠠᠯ᠎ᠠ᠂ ᠣᠷᠣᠭ ᠰᠠᠯᠬᠤ ᠳᠠᠩᠰᠠᠯᠠᠯᠲᠠ ᠬᠢᠯᠭᠡᠬᠦ᠎ᠪᠠᠷ ᠭᠤᠶᠤᠴᠢᠯᠠᠭᠰᠠᠨ 193 ᠬᠣᠣᠰ᠎ᠤᠨ 111᠎ᠢ ᠢᠳᠬᠠᠵᠤ ᠡᠶᠡᠳᠡᠬᠦᠯᠪᠡ᠃
   ᠦᠨᠢᠷ ᠦᠳᠬᠡᠨ ᠠᠭᠤᠷ ᠠᠮᠢᠰᠬᠤᠯ᠎ᠢ ᠪᠤᠢ ᠪᠣᠯᠭ᠋ᠠᠬᠤ ᠵᠢ ᠴᠢᠡᠭᠭ᠋ᠠᠳᠬᠠᠪᠠ᠃ ᠤᠷᠤᠭᠯᠠᠬᠤ᠎ᠠᠴᠠ ᠡᠮᠦᠨᠡᠬᠢ ᠬᠠᠪᠰᠤᠷᠤᠨ ᠵᠢᠯᠤᠭᠣᠳᠬᠤ ᠲᠥᠪ ᠭᠠᠷᠭ᠋ᠠᠵᠤ᠂ ᠤᠷᠤᠭᠯᠠᠬᠤ᠎ᠠᠴᠠ ᠡᠮᠦᠨᠡᠬᠢ ᠬᠠᠪᠰᠤᠷᠤᠨ ᠵᠢᠯᠤᠭᠣᠳᠬᠤ ᠠᠵᠢᠯ᠎ᠢ ᠭᠦᠨᠵᠡᠭᠡᠢ ᠦᠷᠨᠢᠬᠦᠯᠪᠡ᠃ ᠸᠢᠴᠠᠲ ᠵᠶ᠋ᠡᠷ ᠪᠠ ᠰᠦᠯᠵᠢᠶᠡᠨ ᠭᠠᠳᠠᠨᠠᠬᠢ ᠠᠵᠢᠯᠯᠠᠭ᠎ᠠ ᠵᠢ ᠠᠰᠢᠭᠯᠠᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠤᠬᠠᠭᠤᠯᠭ᠎ᠠ ᠵᠢ ᠥᠷᠭᠡᠨ ᠵᠶ᠋ᠡᠷ ᠥᠷᠨᠢᠭᠦᠯᠬᠦ ᠵᠢᠨ ᠬᠠᠮᠳᠤ 《ᠥᠪᠥᠷ ᠮᠣᠩᠭᠣᠯ᠎ᠤᠨ ᠠᠷᠠᠳ᠎ᠤᠨ ᠶᠠᠪᠤᠳᠠᠯ》 ᠵᠡᠷᠭᠡ ᠭᠣᠣᠯ ᠰᠡᠳᠬᠦᠯ᠎ᠳᠤ ᠰᠣᠨᠢᠨ ᠮᠡᠳᠡᠭᠡ ᠨᠡᠢ᠌ᠲᠡᠯᠡᠵᠦ᠂ ᠣᠷᠣᠭ᠎ᠤᠨ ᠵᠠᠡᠭᠰᠢᠯ᠎ᠤᠨ ᠥᠭᠡᠷᠡᠴᠢᠯᠡᠯᠲᠡ ᠵᠢ ᠬᠦᠮᠦᠰ᠎ᠲᠤ ᠤᠢ᠌ᠯᠠᠭ᠋ᠠᠭᠤᠯᠬᠤ ᠵᠢᠨ ᠬᠠᠮᠳᠤ ᠲᠡᠮᠵᠢᠵᠤ᠂ ᠤᠷᠤᠯᠴᠠᠬᠤ ᠵᠢ ᠳᠠᠶ᠋ᠢᠴᠢᠯᠠᠪᠠ᠃
   ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠲᠦᠷᠬᠡᠳᠬᠡᠪᠡ᠃ ᠬᠡᠷᠡᠭᠵᠢᠭᠦᠯᠵᠦ ᠪᠣᠯᠬᠤᠢ᠌ᠴᠠ᠂ ᠲᠡᠯᠬᠡᠷᠡᠬᠦᠯᠵᠤ ᠲᠡᠢ᠌ᠯᠬᠦᠢ᠌ᠴᠨ ᠲᠤᠷᠰᠢᠯᠭ᠎ᠠ ᠵᠢ ᠴᠠᠭ ᠲᠤᠬᠠᠢ᠎ᠳᠤ᠎ᠨᠢ ᠳ᠋ᠦᠩᠨᠡᠨ ᠰᠦᠪᠡᠭᠴᠢᠯᠡᠬᠦ ᠵᠢᠨ ᠬᠠᠮᠲᠤ᠂ ᠲᠡᠬᠦᠨ᠎ᠢ ᠲᠥᠷᠥ ᠵᠢᠨ ᠪᠣᠳᠣᠯᠭ᠎ᠠ ᠪᠠ ᠣᠯᠠᠨ ᠲᠦᠮᠡᠨ᠎ᠳᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠵᠢᠷᠤᠮᠵᠢᠯ  ᠪᠤᠯᠭ᠋ᠠᠪᠠ᠃ ᠣᠷᠣᠭ ᠲᠠᠡᠭᠰᠠᠯᠠᠬᠤ ᠠᠵᠢᠯ᠎ᠤᠨ ᠮᠡᠳᠡᠭᠡ ᠵᠠᠩᠭᠢᠵᠢᠯᠲᠠ᠂ ᠣᠶᠤᠨᠴᠢᠯᠠᠯᠲᠠ ᠵᠢᠨ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠵᠦ᠂ ᠰᠢᠨ᠎ᠡ ᠬᠤᠤᠰ᠎ᠲᠤ ᠣᠷᠣᠭ᠎ᠤᠨ ᠳᠠᠩᠰᠠᠯᠠᠯᠲᠠ᠂ ᠦᠨᠡᠮᠯᠡᠯ ᠣᠯᠭᠣᠬᠤ᠂ ᠣᠷᠣᠭ᠎ᠤᠨ ᠵᠠᠡᠭᠰᠢᠯ᠎ᠤᠨ ᠰᠣᠶᠣᠯ᠎ᠢ ᠤᠯᠠᠮᠵᠢᠯᠠᠬᠤ ᠪᠠ ᠳᠡᠯᠭᠡᠷᠡᠭᠦᠯᠬᠦ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠴᠢᠨᠠᠷᠲᠠᠢ ᠦᠢ᠍ᠯᠡᠴᠢᠯᠡᠭᠡ ᠵᠢ ᠡᠳ᠋ᠯᠡᠬᠦᠯᠪᠡ᠃
 







ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠡᠷᠢᠶᠡᠨ ᠬᠣᠲᠠ᠄ ᠲᠦᠷᠪᠡ ᠵᠢ ᠴᠢᠡᠭᠭ᠋ᠠᠳᠬᠠᠬᠤ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ
ᠤᠯᠠᠭ᠋ᠠᠨᠴᠠᠪ ᠬᠣᠲᠠ᠄ ᠬᠠᠮ ᠠᠷᠭ᠎ᠠ᠎ᠪᠠᠷ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠦᠷᠬᠡᠳᠬᠡᠵᠤ ᠦᠷ᠎ᠡ ᠪᠦᠳᠤᠮᠵᠢ ᠵᠢ ᠲᠡᠭᠡᠭᠰᠢᠯᠡᠬᠦᠯᠬᠦ ᠰᠠᠭᠤᠷᠢ ᠵᠢ ᠲᠠᠯᠪᠢᠵᠤ ᠪᠠᠢ᠌ᠨ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠰᠤᠵᠢᠯ᠎ᠤᠨ ᠠᠰᠠᠷᠠᠮᠵᠢ ᠵᠢᠨ ᠭᠠᠵᠠᠷ᠎ᠤᠨ ᠨᠠᠮ᠎ᠤᠨ ᠡᠭᠦᠷ᠂ ᠨᠡᠢ᠌ᠭᠡᠮ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ 《ᠨᠠᠰᠤᠲᠠᠢ᠌ᠴᠤᠳ᠎ᠤᠨ ᠡᠷᠡᠬᠦᠯ ᠮᠡᠨᠳᠤ᠎ᠳᠤ ᠦᠢ᠍ᠯᠡᠴᠢᠯᠡᠵᠤ ᠨᠠᠰᠤᠲᠠᠢ᠌ᠴᠤᠳ᠎ᠤᠨ ᠰᠡᠳᠬᠢᠯ᠎ᠢ ᠬᠠᠢ᠌ᠷ᠎ᠠ᠎ᠪᠠᠷ ᠳᠤᠯᠠᠭ᠋ᠠᠴᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ (ᠨᠢᠭᠡ )
ᠰᠢ ᠵᠢᠨ ᠫᠢᠡᠭ ᠶᠡᠷᠤᠡᠭᠭᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠨ ᠦᠬᠦᠯᠡᠯᠳᠡ (ᠬᠤᠶᠠᠷ)
 
            