ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠡᠷᠢᠶᠡᠨ ᠬᠣᠲᠠ᠄ ᠲᠦᠷᠪᠡ ᠵᠢ ᠴᠢᠡᠭᠭ᠋ᠠᠳᠬᠠᠬᠤ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ
ᠨᠡᠶᠢᠲᠡᠯᠡᠭᠰᠡᠨ ᠴᠠᠭ᠄ 2023-11-16

    ᠡᠷᠢᠶᠡᠨ ᠬᠣᠲᠠ ᠵᠢᠨ᠎ᠬᠢᠨ ᠤᠷᠴᠢᠮ᠎ᠤᠨ ᠵᠢᠯ ᠨᠠᠮ᠎ᠤᠨ ᠪᠠᠢ᠌ᠭᠤᠯᠤᠯᠲᠠ ᠵᠢᠨ ᠵᠢᠯᠣᠭᠣᠳᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠎ᠬᠢ 《ᠰᠢᠨ᠎ᠡ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠂ ᠰᠢᠨ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠢᠨ᠎ᠡ ᠠᠵᠢᠯ ᠣᠯᠭᠣᠯᠲᠠ ᠵᠢᠨ ᠬᠠᠮᠲᠤᠯᠢᠭ᠎ᠤᠨ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ》 ᠲᠤᠬᠠᠢ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ ᠵᠢ ᠢᠳᠡᠪᠬᠢᠲᠡᠢ ᠵᠢᠯᠤᠭᠣᠳᠴᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ ᠪᠠ ᠵᠠᠰᠠᠭ᠎ᠤᠨ ᠣᠷᠳᠣᠨ᠎ᠤ ᠬᠥᠭᠥᠷᠭᠡ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠬᠤ ᠵᠢ ᠠᠬᠢᠭᠤᠯᠵᠤ᠂ ᠪᠦᠬᠦ ᠬᠤᠳᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠴᠢᠳᠠᠪᠤᠷᠢ ᠪᠠ ᠬᠥᠭᠵᠢᠯᠲᠡ ᠵᠢᠨ  ᠲᠦᠪᠰᠢᠨ᠎ᠢ ᠯᠠᠪᠳᠠᠭᠤᠨ ᠵᠶ᠋ᠠᠷ ᠲᠡᠭᠡᠭᠰᠢᠯᠡᠬᠦᠯᠪᠡ᠃ ᠣᠳᠣᠬᠠᠨ᠎ᠳᠤ ᠪᠥᠬᠥ ᠬᠣᠲᠠ᠎ᠳᠤ 78 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠲᠠᠡᠭᠰᠠᠯᠠᠵᠤ᠂ ᠠᠷᠠᠯᠵᠢᠶ᠎ᠠ ᠬᠤᠳᠠᠯᠳᠤᠭ᠎ᠠ᠂ ᠪᠠᠷᠢᠯᠭ᠎ᠠ ᠵᠢᠨ ᠮᠠᠲ᠋ᠧᠷᠢᠶᠠᠯ᠂ ᠢᠳᠡᠭᠡᠨ᠎ᠤ ᠵᠦᠢ᠍ᠯ᠂ ᠡᠮ᠎ᠤᠨ ᠵᠦᠢ᠍ᠯ ᠂ ᠡᠮᠴᠢᠯᠡᠭᠡᠨ᠎ᠤ ᠪᠠᠭ᠋ᠠᠵᠢ᠂ ᠡᠳ᠋ ᠪᠠᠷᠠᠭ᠋ᠠᠨ᠎ᠤ ᠭᠦᠢ᠍ᠯᠭᠡᠭᠡ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ᠂ ᠬᠤᠪᠴᠠᠰᠤ ᠬᠤᠨᠠᠷ ᠵᠡᠷᠭᠡ ᠣᠯᠠᠨ ᠠᠵᠢᠯ ᠲᠥᠷᠥᠯ᠎ᠳᠤ ᠬᠣᠯᠪᠣᠭᠳᠠᠨ᠂ 600 ᠭᠠᠷᠤᠢ ᠠᠵᠢᠯᠲᠠᠨ ᠠᠵᠢᠯᠯᠠᠵᠤ᠂ ᠲᠠᠰ ᠳᠠᠪᠬᠤᠷᠭ᠎ᠠ ᠲᠣᠳᠣᠷᠬᠠᠢ᠂ ᠬᠠᠮᠤᠷᠬᠤ ᠬᠡᠪᠴᠢᠶ᠎ᠡ ᠥᠷᠭᠡᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠪᠡ᠃
   ᠨᠢᠭᠡ᠎ᠳᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠪᠡ᠃ 《ᠡᠷᠢᠶᠡᠨ ᠬᠣᠲᠠ ᠵᠢᠨ 2023 ᠣᠨ᠎ᠤ ᠨᠡᠶ᠋ᠢᠲᠡ ᠵᠢᠨ ᠥᠮᠴᠢᠯᠡᠯ᠎ᠤᠨ ᠪᠤᠰᠤ ᠬᠦᠷᠢᠶ᠎ᠡ ᠴᠠᠷᠠᠭ᠋ᠠᠨ᠎ᠳᠤ᠎ᠬᠢ 〈ᠵᠠᠭᠤᠨ ᠡᠳᠦᠷ᠎ᠤᠨ ᠪᠤᠭᠤᠮᠳᠠ ᠰᠢᠪᠳᠤᠯᠤᠯᠳᠠ〉 ᠵᠢ ᠬᠠᠮᠤᠷᠤᠭᠰᠠᠨ ᠬᠣᠶᠠᠷ ᠠᠵᠢᠯᠯᠠᠭ᠋ᠠᠨ᠎ᠤ ᠲᠥᠰᠥᠯ》 ᠶᠣᠰᠣᠭ᠋ᠠᠷ ᠡᠷᠢᠶᠡᠨ ᠬᠣᠲᠠ ᠵᠢᠨ ᠣᠲᠣ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠭᠡᠰᠢᠭᠦᠨ᠎ᠤ ᠲᠣᠭ᠎ᠠ᠂ ᠠᠵᠢᠯᠯᠠᠵᠤ ᠪᠠᠢ᠌ᠭ᠎ᠠ ᠬᠥᠮᠥᠨ᠎ᠤ ᠲᠣᠭ᠎ᠠ᠂ ᠣᠲᠣ ᠵᠢᠨ ᠪᠠᠢ᠌ᠭ᠎ᠠ ᠨᠠᠮ᠎ᠤᠨ ᠭᠡᠰᠢᠭᠦᠨ᠎ᠤ ᠬᠠᠷᠢᠶᠠᠯᠠᠭᠳᠠᠬᠤ ᠨᠠᠮ᠎ᠤᠨ ᠡᠭᠦᠷ ᠵᠡᠷᠭᠡ ᠦᠨᠳᠦᠰᠦᠨ ᠮᠡᠳᠡᠭᠡ ᠵᠠᠩᠭᠢ ᠵᠢ ᠲᠠᠬᠢᠨᠳᠠ ᠵᠢᠭᠰᠠᠭ᠋ᠠᠨ ᠪᠠᠢ᠌ᠴᠠᠭ᠋ᠠᠵᠤ᠂ ᠪᠡᠶ᠎ᠡ᠎ᠪᠠᠨ ᠳᠠᠭ᠋ᠠᠭ᠋ᠠᠭᠰᠠᠨ ᠨᠠᠮ᠎ᠤᠨ ᠡᠭᠦᠷ ᠪᠠᠶ᠋ᠢᠭᠤᠯᠬᠤ ᠨᠥᠬᠥᠴᠡᠯ᠎ᠳᠤ ᠨᠡᠢ᠌ᠴᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠨᠠᠮ᠎ᠤᠨ ᠡᠭᠦᠷ ᠪᠠᠶ᠋ᠢᠭᠤᠯᠬᠤ ᠵᠢ ᠵᠢᠯᠤᠭᠤᠳᠪᠠ᠃ ᠤᠳᠤ ᠡᠷᠢᠶᠡᠨ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠠᠰ ᠵᠶ᠋ᠠᠷ ᠵᠶ᠋ᠠᠨ 9 ᠨᠠᠮ᠎ᠤᠨ ᠡᠭᠦᠷ᠂ 3 ᠬᠣᠯᠪᠣᠭ᠋ᠠᠲᠤ ᠨᠠᠮ᠎ᠤᠨ ᠡᠭᠦᠷ᠂ 50 ᠨᠠᠮ᠎ᠤᠨ ᠭᠡᠰᠢᠭᠦᠨ᠎ᠲᠠᠢ ᠪᠤᠯᠵᠤ᠂ ᠪᠠᠷᠢᠮᠵᠢᠶᠠᠵᠢᠭᠰᠠᠨ ᠨᠠᠮ ᠣᠯᠠᠨ ᠲᠦᠮᠡᠨ᠎ᠤ ᠬᠥᠳᠡᠯᠭᠡᠭᠡᠨ᠎ᠤ ᠲᠠᠰᠤᠭ 1 ᠵᠢ ᠪᠠᠢ᠌ᠭᠤᠯᠤᠬᠰᠠᠨ᠎ᠤ ᠬᠠᠮᠲᠤ ᠬᠤᠳᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠠᠴᠠ ᠨᠠᠮ᠎ᠤᠨ ᠭᠡᠰᠢᠭᠦᠨ ᠺᠠᠳ᠋ᠷ᠎ᠢ ᠰᠣᠩᠭᠣᠨ ᠲᠣᠮᠢᠯᠠᠵᠤ ᠡᠯ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠵᠣᠬᠢᠶᠠᠨ ᠪᠠᠢ᠌ᠭᠤᠯᠤᠯᠲᠠ᠎ᠳᠤ ᠣᠴᠢᠭᠤᠯᠤᠨ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠭᠴᠢ ᠪᠣᠯᠭ᠋ᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ  ᠴᠢᠷᠮᠠᠢ᠌ᠨ ᠲᠡᠭᠡᠭᠰᠢᠯᠡᠬᠦᠯᠪᠡ᠃
    ᠬᠣᠶᠠᠷ᠎ᠲᠤ᠂ ᠠᠵᠢᠯ᠎ᠤᠨ ᠶᠠᠪᠤᠴᠠ ᠵᠢ ᠴᠢᠩᠭ᠋ᠠᠳᠬᠠᠵᠤ᠂ ᠳᠡᠩᠰᠡᠯᠡᠨ ᠲᠡᠮᠳᠡᠭᠯᠡᠬᠦ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠠᠯ᠎ᠠ᠎ᠠᠴᠠ ᠪᠣᠳᠣᠯᠬᠢᠯᠠᠨ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠭᠦᠯᠦᠨ᠂ ᠲᠤᠬᠠᠢ᠌ᠯᠠᠭᠰᠠᠨ ᠠᠵᠢᠯ᠎ᠢ 《ᠨᠢᠭᠡ ᠵᠦᠢ᠍ᠯ᠎ᠤᠨ ᠠᠵᠢᠯ᠎ᠢ ᠢᠯᠭ᠋ᠠᠭ᠎ᠠ ᠦᠭᠡᠢ᠎ᠪᠠᠷ ᠬᠦᠯᠢᠶᠡᠨ ᠠᠪᠴᠤ ᠰᠢᠢ᠍ᠳᠪᠦᠷᠢᠯᠡᠬᠦ᠂ ᠨᠢᠭᠡ ᠲᠤᠤᠷᠵᠢᠯ᠎ᠤᠨ᠎ᠬᠢᠨ᠎ᠢ ᠰᠠᠭ᠋ᠠᠳ ᠦᠭᠡᠢ᠎ᠪᠠᠷ ᠨᠡᠢ᠌ᠳᠡᠮ ᠰᠢᠢ᠍ᠳᠪᠦᠷᠢᠯᠡᠬᠦ》 ᠵᠢ ᠪᠡᠶᠡᠯᠡᠬᠦᠯᠪᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠨ ᠰᠢᠢ᠍ᠳᠪᠦᠷᠢᠯᠡᠬᠦ ᠶᠠᠪᠤᠴᠨ ᠵᠢ ᠲᠣᠳᠣᠷᠬᠠᠢ᠌ᠯᠠᠵᠤ᠂ ᠡᠯ᠎ᠡ ᠲᠥᠷᠥᠯ᠎ᠤᠨ ᠬᠦᠰᠦᠨᠦᠭᠲᠦ ᠪᠠ ᠵᠢᠱ᠌ᠢᠶ᠎ᠡ ᠦᠵᠡᠭᠦᠯᠬᠦ ᠲᠣᠪᠬᠢᠮᠠᠯ᠎ᠢ ᠵᠢᠷᠤᠮᠵᠢᠭᠤᠯᠪᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠯᠲᠠ ᠵᠢ ᠨᠢᠭᠡ ᠤᠳᠠᠭ᠎ᠠ᠎ᠳᠤ ᠮᠡᠳᠡᠭᠳᠡᠬᠦ ᠳᠦᠷᠢᠮ ᠪᠠ ᠠᠮᠠᠯᠠᠯᠲᠠ ᠵᠢ ᠴᠠᠭ ᠬᠢᠵᠠᠭ᠋ᠠᠷᠯᠠᠨ ᠭᠦᠢ᠍ᠴᠡᠳᠬᠡᠵᠦ ᠳᠠᠭᠤᠰᠬᠠᠬᠤ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠬᠦᠯᠪᠡ᠃ 《ᠬᠣᠶᠠᠷ ᠰᠢᠯᠢᠳᠡᠭ》᠎ᠤᠨ ᠲᠤᠰᠬᠠᠢ ᠠᠵᠢᠯᠯᠠᠭ᠎ᠠ ᠵᠢ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠳᠡᠩᠰᠡᠯᠡᠵᠦ ᠬᠢᠨᠠᠨ ᠵᠥᠪᠰᠢᠶᠡᠷᠡᠬᠦ᠎ᠳᠤ 17  ᠮᠠᠲ᠋ᠧᠷᠢᠶᠠᠯ᠂ 20 ᠭᠣᠭᠴᠣᠭ᠎ᠠ ᠵᠢ ᠬᠠᠰᠤᠵᠤ᠂ ᠳᠡᠩᠰᠡᠯᠡᠵᠦ ᠲᠡᠮᠳᠡᠭᠯᠡᠬᠦ ᠦᠢ᠍ᠯᠡᠴᠢᠯᠡᠭᠡᠨ᠎ᠤ ᠶᠠᠰᠤ ᠴᠢᠨᠠᠷ ᠪᠠ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠪᠡ᠃ ᠬᠣᠲᠠ ᠵᠢᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠯᠦᠭᠡ ᠢᠳᠡᠪᠬᠢᠲᠡᠢ᠎ᠪᠠᠷ ᠵᠣᠬᠢᠴᠠᠭᠤᠯᠵᠤ᠂ ᠬᠣᠲᠠ ᠵᠢᠨ ᠲᠣᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠬᠤ ᠡᠭᠦᠷᠭᠡ ᠴᠢᠳᠠᠪᠤᠷᠢ ᠵᠢ ᠬᠤᠪᠢᠶᠠᠷᠢᠯᠠᠨ ᠰᠢᠯᠵᠢᠭᠦᠯᠬᠦ ᠠᠵᠢᠯ᠎ᠢ ᠵᠠᠪᠰᠠᠷ ᠦᠭᠡᠢ ᠵᠤᠯᠭ᠋ᠠᠭᠤᠯᠪᠠ᠃
    ᠭᠤᠷᠪᠠ᠎ᠳᠤ᠂ ᠤᠷᠮᠠᠰᠢᠭᠤᠯᠵᠤ ᠵᠢᠯᠤᠭᠣᠳᠬᠤ ᠲᠣᠭᠲᠠᠴᠠ ᠵᠢ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠪᠦᠲᠦᠮᠵᠢᠲᠡᠶ᠎ᠪᠠᠷ ᠪᠠᠳᠠᠷᠠᠭᠤᠯᠪᠠ᠃ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲᠸᠮ`᠎ᠤᠨ ᠪᠠᠢ᠌ᠭᠤᠯᠤᠯᠲᠠ᠎ᠳᠤ ᠦᠢ᠍ᠯᠡᠴᠢᠯᠡᠬᠦ ᠴᠢᠳᠠᠪᠤᠷᠢ ᠵᠢ ᠲᠠᠰᠤᠷᠠᠯᠲᠠ ᠦᠭᠡᠢ ᠴᠢᠩᠭ᠋ᠠᠷᠠᠭᠤᠯᠪᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ᠎ᠪᠠᠷ ᠳᠠᠶ᠋ᠢᠴᠢᠯᠠᠨ ᠣᠶᠤᠲᠠᠳ᠎ᠤᠨ ᠠᠵᠢᠯ ᠣᠯᠭᠣᠯᠲᠠ ᠵᠢ ᠳᠡᠮᠵᠢᠬᠦ ᠵᠡᠷᠭᠡ ᠠᠵᠢᠯᠯᠠᠭ᠎ᠠ᠎ᠳᠤ ᠣᠷᠣᠯᠴᠠᠭᠤᠯᠵᠤ᠂ ᠣᠶᠤᠲᠠᠳ᠎ᠲᠤ 25 ᠠᠵᠢᠯ᠎ᠤᠨ ᠪᠠᠢ᠌ᠷᠢ ᠪᠠ ᠳᠠᠳᠤᠯᠭ᠎ᠠ ᠵᠢᠨ ᠠᠵᠢᠯ᠎ᠤᠨ ᠪᠠᠢ᠌ᠷᠢ ᠬᠠᠩᠭ᠋ᠠᠵᠤ᠂ 5 ᠬᠥᠮᠥᠨ᠎ᠤ ᠠᠵᠢᠯ᠎ᠤᠨ ᠪᠠᠢ᠌ᠷᠢ᠎ᠳᠤ ᠭᠠᠷᠪᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ᠎ᠪᠠᠷ  ᠵᠢᠯᠤᠭᠣᠳᠴᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠢ᠌ᠨ ᠳᠤᠷ᠎ᠠ ᠵᠢᠨ ᠦᠢ᠍ᠯᠡᠴᠢᠯᠡᠭᠡ ᠪᠣᠯᠣᠨ ᠨᠡᠢ᠌ᠭᠡᠮ ᠲᠣᠭᠣᠷᠢᠭ᠎ᠤᠨ 《ᠪᠢ ᠲᠠᠨ᠎ᠢ  ᠬᠠᠪᠰᠤᠷᠤᠶ᠎ᠠ》 ᠬᠡᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂  6300 ᠭᠠᠷᠤᠢ ᠤᠳᠠᠭ᠎ᠠ᠎ᠳᠤ ᠠᠰᠢᠭ ᠬᠦᠷᠳᠡᠬᠡᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠠᠢ᠌ᠨ ᠰᠠᠢ᠌ᠬᠠᠨ ᠳᠦᠷᠢ ᠲᠥᠷᠬᠦ ᠪᠣᠯᠣᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃
   ᠳᠥᠷᠪᠡ᠎ᠳᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ ᠵᠢ ᠪᠦᠲᠦᠮᠵᠢᠲᠡᠶ ᠵᠢᠷᠤᠮᠵᠢᠭᠤᠯᠪᠠ᠃ 《ᠰᠦᠯᠵᠢᠶᠡᠨ ᠳᠡᠭᠡᠷᠡᠬᠢ ᠣᠨ᠎ᠤ ᠪᠠᠢ᠌ᠴᠠᠭ᠋ᠠᠯᠲᠠ ᠵᠢᠨ ᠣᠨ᠎ᠤ ᠮᠡᠳᠡᠭᠦᠯᠦᠯᠲᠡ》 ᠵᠢ ᠪᠦᠬᠦ ᠲᠠᠯ᠎ᠠ ᠎ᠪᠠᠷ ᠬᠡᠷᠡᠭᠵᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠤᠨ ᠲᠣᠪᠴᠢᠶ᠎ᠠ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠨᠠᠢ᠌ᠳᠠᠪᠤᠷᠢᠵᠢᠭᠤᠯᠵᠤ᠂  ᠬᠢᠨᠠᠵᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠢ᠌ᠭᠤᠯᠵᠤ᠂  ᠢᠯᠡᠴᠢᠯᠡᠵᠤ ᠵᠠᠭ᠋ᠠᠯᠳᠤᠬᠤ ᠲᠣᠭᠲᠠᠴᠠ ᠵᠢ ᠲᠡᠭᠦᠯᠳᠡᠷᠵᠢᠭᠦᠯᠦᠨ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠢᠯᠡᠴᠢᠯᠡᠵᠤ ᠵᠠᠭ᠋ᠠᠯᠳᠤᠬᠤ ᠠᠷᠭ᠎ᠠ ᠵᠢ ᠠᠯᠪᠠᠨ ᠵᠠᠷ ᠵᠶ᠋ᠡᠷ ᠢᠯᠡᠵᠢᠬᠦᠯᠵᠤ᠂ ᠢᠯᠡᠴᠢᠯᠡᠬᠦ ᠳ᠋ᠢᠶᠠᠩᠬᠤᠸᠠ ᠂ ᠰᠢᠤᠳᠠᠨ᠎ᠤ ᠬᠠᠢ᠌ᠷᠴᠠᠭ ᠭᠠᠷᠭ᠋ᠠᠵᠤ᠂ 《ᠢᠨᠲ᠋ᠧᠷ ᠰᠦᠯᠵᠢᠶ᠎ᠡ +》 ᠵᠡᠷᠭᠡ ᠮᠡᠳᠡᠭᠡ ᠵᠠᠩᠭᠢ ᠵᠢᠨ ᠠᠷᠭ᠎ᠠ ᠎ᠪᠠᠷ ᠨᠢᠭᠡᠳᠦᠯᠲᠡᠢ ᠳᠠᠩᠰᠠᠯᠠᠬᠤ᠂ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂ ᠵᠣᠬᠢᠴᠠᠭᠤᠯᠤᠨ ᠬᠠᠮᠵᠢᠯᠴᠠᠬᠤ᠂ ᠬᠠᠤᠯᠢ ᠶᠣᠰᠣᠭ᠋ᠠᠷ ᠬᠢᠨᠠᠨ ᠬᠠᠮᠢᠶᠠᠷᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠡᠷᠦᠩᠬᠡᠢ᠌ᠯᠡᠭᠰᠡᠨ ᠬᠢᠨᠠᠨ ᠬᠠᠮᠢᠶᠠᠷᠤᠯᠲᠠ ᠵᠢᠨ ᠬᠠᠮ ᠬᠦᠴᠦᠨ ᠪᠠ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠠᠩᠬ᠎ᠠ ᠠᠯᠬᠤᠮ ᠪᠦᠷᠢᠯᠳᠤᠬᠦᠯᠵᠡᠢ᠃   




 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ᠄ ᠬᠠᠮ ᠠᠷᠭ᠎ᠠ᠎ᠪᠠᠷ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠦᠷᠬᠡᠳᠬᠡᠵᠤ ᠦᠷ᠎ᠡ ᠪᠦᠳᠤᠮᠵᠢ ᠵᠢ ᠲᠡᠭᠡᠭᠰᠢᠯᠡᠬᠦᠯᠬᠦ ᠰᠠᠭᠤᠷᠢ ᠵᠢ ᠲᠠᠯᠪᠢᠵᠤ ᠪᠠᠢ᠌ᠨ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠰᠤᠵᠢᠯ᠎ᠤᠨ ᠠᠰᠠᠷᠠᠮᠵᠢ ᠵᠢᠨ ᠭᠠᠵᠠᠷ᠎ᠤᠨ ᠨᠠᠮ᠎ᠤᠨ ᠡᠭᠦᠷ᠂ ᠨᠡᠢ᠌ᠭᠡᠮ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ 《ᠨᠠᠰᠤᠲᠠᠢ᠌ᠴᠤᠳ᠎ᠤᠨ ᠡᠷᠡᠬᠦᠯ ᠮᠡᠨᠳᠤ᠎ᠳᠤ ᠦᠢ᠍ᠯᠡᠴᠢᠯᠡᠵᠤ ᠨᠠᠰᠤᠲᠠᠢ᠌ᠴᠤᠳ᠎ᠤᠨ ᠰᠡᠳᠬᠢᠯ᠎ᠢ ᠬᠠᠢ᠌ᠷ᠎ᠠ᠎ᠪᠠᠷ ᠳᠤᠯᠠᠭ᠋ᠠᠴᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ (ᠨᠢᠭᠡ )
ᠰᠢ ᠵᠢᠨ ᠫᠢᠡᠭ ᠶᠡᠷᠤᠡᠭᠭᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠨ ᠦᠬᠦᠯᠡᠯᠳᠡ (ᠬᠤᠶᠠᠷ)
《ᠨᠠᠮ᠎ᠤᠨ ᠰᠠᠬᠢᠯᠭ᠎ᠠ ᠪᠠᠳᠤ ᠵᠢᠨ ᠰᠤᠷᠤᠯᠴᠠᠯᠭ᠎ᠠ ᠬᠦᠮᠤᠵᠢᠯ》 ᠨᠠᠮ᠎ᠤᠨ ᠭᠡᠰᠢᠭᠦᠨ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ᠎ᠤ ᠳᠠᠷᠠᠭ᠎ᠠ ᠨᠠᠮ᠎ᠤᠨ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠵᠢ ᠬᠡᠷᠬᠢᠨ ᠨᠡᠬᠡᠮᠵᠢᠯᠡᠬᠦ ᠪᠤᠶ?
 
            