ᠤᠯᠠᠭ᠋ᠠᠨᠴᠠᠪ ᠬᠣᠲᠠ ᠵᠢᠨ᠎ᠬᠢᠨ ᠦᠨᠤ ᠵᠢᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠲᠣᠭᠲᠠᠭᠤᠨ ᠵᠶ᠋ᠠᠷ ᠬᠥᠭᠵᠢᠬᠦ ᠵᠢ ᠯᠠᠪᠳᠠᠭᠤᠨ ᠠᠬᠢᠭᠤᠯᠵᠤ᠂ 《ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ᠂ ᠪᠦᠲᠦᠮᠵᠢᠲᠡᠶ ᠰᠢᠢ᠍ᠳᠪᠦᠷᠢᠯᠡᠬᠦ᠂ ᠲᠥᠷᠥ ᠵᠢᠨ ᠪᠣᠳᠣᠯᠭ᠎ᠠ ᠵᠢ ᠤᠬᠠᠭᠤᠯᠬᠤ᠂ ᠬᠥᠳᠡᠯᠦᠩᠭᠦᠢ᠎ᠪᠠᠷ ᠬᠠᠮᠢᠶᠠᠷᠬᠤ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》 ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ ᠳᠤ ᠬᠦᠴᠦᠲᠡᠢ ᠪᠠᠲᠤᠯᠠᠭ᠎ᠠ ᠬᠠᠡᠭᠭ᠋ᠠᠪᠠ᠃
ᠨᠢᠭᠡ᠎ᠳᠤ᠂ 《ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》 ᠵᠢ ᠪᠣᠳᠠᠲᠤ ᠪᠠᠢ᠌ᠳᠠᠯ᠎ᠲᠠᠢ ᠤᠶᠠᠯᠳᠤᠭᠤᠯᠬᠤ ᠵᠢ ᠪᠠᠷᠢᠮᠲᠠᠯᠠᠪᠠ᠃ ᠦᠨᠤ ᠵᠢᠯ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠪᠦᠬᠦ ᠲᠠᠯ᠎ᠠ ᠪᠠᠷ ᠠᠬᠢᠭᠤᠯᠵᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠦᠮᠦᠰ ᠂ ᠦᠳᠡᠬᠦᠰ᠂ ᠣᠷᠣᠯᠭ᠎ᠠ ᠪᠠᠭ᠋ᠠᠲᠠᠢ ᠨᠠᠰᠤᠲᠠᠢ᠌ᠴᠤᠳ᠎ᠢ ᠡᠪᠡᠳᠴᠢᠨ ᠬᠠᠭᠤᠴᠢᠨ ᠪᠠ ᠡᠨᠳᠡᠯ᠎ᠠᠴᠠ ᠪᠤᠯᠬᠤ ᠵᠠᠢ᠌ᠯᠠᠰᠢ ᠦᠭᠡᠢ ᠵᠠᠷᠤᠯᠭ᠎ᠠ ᠨᠡᠯᠢᠶᠡᠳ ᠶᠡᠬᠡ ᠪᠤᠶᠤ ᠣᠷᠣᠯᠭ᠎ᠠ᠎ᠨᠢ ᠪᠠᠭ᠋ᠠᠰᠤᠬᠰᠠᠨᠠᠴᠠ ᠪᠣᠯᠵᠤ ᠦᠨᠳᠦᠰᠦᠨ ᠠᠮᠢᠳᠤᠷᠠᠯ᠎ᠨᠢ ᠬᠦᠴᠢᠷᠳᠡᠯ᠎ᠲᠠᠢ ᠪᠣᠯᠤᠭᠰᠠᠨ ᠵᠡᠷᠭᠡ ᠣᠷᠣᠯᠭ᠎ᠠ ᠪᠠᠭ᠎ᠠ ᠬᠦᠮᠦᠰ᠂ ᠢᠯᠠᠩᠭᠤᠶ᠎ᠠ ᠠᠬᠠᠰᠢᠷᠠᠭ᠎ᠠ᠂ ᠵᠡᠮᠳᠡᠭ᠂ ᠪᠡᠶ᠎ᠡ᠎ᠳᠤ᠎ᠪᠠᠨ ᠵᠦᠪ ᠦᠬᠡᠢ᠂ ᠬᠦᠨᠳᠦ ᠶᠡᠬᠡ ᠡᠪᠡᠳᠴᠢᠨ᠎ᠲᠠᠢ ᠨᠥᠬᠥᠴᠡᠯ᠎ᠳᠤ ᠨᠡᠢ᠌ᠴᠡᠬᠦ ᠬᠦᠴᠢᠷᠳᠡᠯᠲᠡᠢ ᠣᠯᠠᠨ ᠲᠦᠮᠡᠨ᠎ᠢ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠪᠠᠲᠤᠯᠠᠭ᠎ᠠ ᠵᠢᠨ ᠬᠡᠪᠴᠢᠶᠡᠨ᠎ᠳᠤ ᠴᠠᠭ ᠲᠤᠬᠠᠢᠳᠤᠨᠢ ᠣᠷᠣᠭᠤᠯᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ ᠰᠠᠢ᠌ᠲᠤᠷ ᠪᠠᠳᠤᠯᠠᠪᠠ᠃ 2023 ᠣᠨ᠎ᠤ 10 ᠰᠠᠷ᠎ᠠ ᠵᠢᠨ ᠰᠡᠭᠦᠯᠴᠢ ᠪᠣᠯᠲᠠᠯ᠎ᠠ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠪᠠᠷ 42.5 ᠲᠦᠮᠡᠨ ᠬᠥᠮᠥᠨ᠎ᠢ ᠪᠠᠳᠤᠯᠠᠬᠰᠠᠨ ᠪᠤᠯ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶᠡᠨ᠎ᠳᠤ 9397 ᠬᠥᠮᠥᠨ᠎ᠢ ᠰᠢᠨ᠎ᠡ᠎ᠪᠠᠷ ᠣᠷᠣᠭᠤᠯᠵᠠᠢ᠃
ᠬᠣᠶᠠᠷ᠎ᠲᠤ᠂ 《ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》 ᠵᠢ ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠪᠠ᠃ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠠᠬᠢᠭᠤᠯᠵᠤ᠂ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠬᠦᠯᠤᠨ᠂ ᠣᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ᠵᠣᠯ ᠵᠢᠷᠭ᠋ᠠᠯ᠎ᠤᠨ ᠲᠦᠷᠦᠭᠳᠡᠯ᠎ᠢ ᠲᠠᠰᠤᠷᠠᠯᠲᠠ ᠦᠭᠡᠢ ᠲᠡᠭᠡᠭᠰᠢᠯᠡᠬᠦᠯᠬᠦ ᠵᠢᠨ ᠲᠦᠯᠤᠬᠡ ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ 《ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》 ᠪᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠬᠠᠷᠢᠯᠴᠠᠨ ᠤᠶᠠᠯᠳᠤᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠂ ᠨᠠᠩ ᠤᠬᠠᠮᠰᠠᠷ᠎ᠲᠠᠢ᠂ ᠨᠠᠩ ᠬᠠᠷᠢᠭᠤᠴᠠᠯᠭ᠎ᠠ᠎ᠲᠠᠢ᠂ ᠨᠠᠩ ᠴᠢᠩᠭ᠎ᠠ ᠬᠡᠷᠡᠭᠵᠢᠭᠦᠯᠬᠦ ᠴᠢᠳᠠᠪᠤᠷᠢ᠎ᠪᠠᠷ ᠨᠡᠢ᠌ᠭᠡᠮ᠎ᠤᠨ ᠲᠤᠰᠠᠯᠠᠮᠵᠢ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠡᠯ᠎ᠡ ᠵᠦᠢ᠍ᠯ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃
ᠭᠤᠷᠪᠠ᠎ᠳᠤ᠂ 《ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》 ᠬᠢᠭᠡᠳ ᠦᠢ᠍ᠯᠡᠴᠢᠯᠡᠭᠡᠨ᠎ᠤ ᠴᠢᠳᠠᠪᠤᠷᠢ ᠵᠢ ᠬᠠᠷᠢᠯᠴᠠᠨ ᠤᠶᠠᠯᠳᠤᠭᠤᠯᠪᠠ᠃ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠣᠲᠠ ᠵᠢᠨ ᠨᠠᠮ᠎ᠤᠨ ᠬᠣᠷᠢᠶ᠎ᠠ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠢᠯ᠎ᠤᠨ ᠠᠯᠪᠠᠨ ᠭᠡᠷ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠲᠤᠯᠠᠭ᠎ᠠ ᠵᠢᠨ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠵᠤ᠂ ᠪᠠᠲᠤᠯᠠᠭ᠎ᠠ ᠬᠦᠷᠳᠡᠭᠰᠡᠳ᠎ᠤᠨ ᠣᠷᠣᠯᠭ᠎ᠠ ᠵᠢ ᠪᠤᠳᠤᠬᠤ 《ᠪᠠᠷᠢᠮᠵᠢᠶ᠎ᠠ》 ᠵᠢ ᠵᠤᠬᠢᠰᠳᠠᠢ ᠪᠠᠭᠤᠷᠠᠭᠤᠯᠵᠤ᠂ ᠨᠠᠭ᠋ᠠᠲᠤ ᠵᠠᠬ᠎ᠠ ᠵᠢᠨ ᠪᠠᠳᠤᠯᠠᠭ᠎ᠠ ᠬᠦᠷᠳᠡᠬᠦ ᠭᠡᠷ ᠪᠦᠯᠢ ᠵᠢᠨ ᠡᠳ᠋ ᠬᠥᠷᠥᠩᠭᠡ ᠵᠢᠨ ᠪᠠᠷᠢᠮᠵᠢᠶ᠎ᠠ᠎ᠳᠤ ᠵᠣᠬᠢᠰᠲᠠᠢ ᠲᠤᠬᠢᠷᠠᠭᠤᠯᠤᠨ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠤᠷᠤᠭᠰᠢᠲᠠᠢ ᠠᠬᠢᠭᠤᠯᠬᠤ᠎ᠳᠤ ᠰᠠᠭᠤᠷᠢ ᠲᠠᠯᠪᠢᠪᠠ᠃ 《ᠭᠠᠭᠴᠠ ᠬᠥᠮᠥᠨ᠎ᠲᠠᠢ ᠡᠷᠦᠬᠡ》 《ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠎ᠠᠴᠠ ᠢᠳᠡᠭ ᠢᠳᠡᠭ ᠵᠶ᠋ᠡᠷ ᠭᠠᠷᠭ᠋ᠠᠬᠤ》 《ᠠᠵᠢᠯ ᠣᠯᠭᠣᠯᠲᠠ ᠵᠢᠨ ᠥᠪᠡᠷ᠎ᠤᠨ ᠥᠷᠲᠡᠭ᠎ᠢ ᠬᠠᠰᠤᠬᠤ》 《ᠡᠷᠦᠬᠡ᠎ᠪᠠᠷ ᠪᠠᠲᠤᠯᠠᠭ᠎ᠠ ᠣᠯᠭᠣᠬᠤ》 《ᠨᠠᠰᠤᠨ᠎ᠳᠤ ᠬᠦᠷᠦᠭᠰᠡᠨ ᠠᠵᠢᠯ ᠦᠭᠡᠢ ᠨᠤᠴᠢᠳᠠᠢ ᠵᠡᠮᠳᠡᠭᠴᠦᠳ᠎ᠢ ᠭᠠᠭᠴᠠ ᠬᠥᠮᠥᠨ᠎ᠲᠠᠢ ᠡᠷᠦᠬᠡ᠎ᠪᠠᠷ ᠭᠤᠶᠤᠴᠢᠯᠠᠬᠤ》 ᠵᠡᠷᠭᠡ ᠠᠷᠭ᠎ᠠ ᠵᠢ ᠨᠢᠭᠡᠳᠦᠯᠲᠡᠢ ᠲᠥᠯᠥᠪᠯᠡᠨ ᠰᠠᠢ᠌ᠲᠤᠷ ᠨᠠᠢ᠌ᠳᠠᠪᠤᠷᠢᠵᠢᠭᠤᠯᠵᠤ᠂ ᠨᠥᠬᠥᠴᠡᠯ᠎ᠳᠤ ᠨᠡᠢ᠌ᠴᠡᠬᠦ ᠨᠠᠩ ᠣᠯᠠᠨ ᠬᠦᠮᠦᠰ᠎ᠢ ᠪᠠᠲᠤᠯᠠᠭ᠎ᠠ ᠵᠢᠨ ᠬᠡᠪᠴᠢᠶᠡᠨ᠎ᠳᠤ ᠤᠷᠤᠭᠤᠯᠪᠠ᠃ ᠲᠦᠷ ᠴᠠᠭ᠎ᠤᠨ ᠲᠤᠰᠠᠯᠠᠮᠵᠢ ᠵᠢᠨ ᠳᠦᠷᠢᠮ᠎ᠢ ᠲᠡᠭᠦᠯᠳᠡᠷᠵᠢᠭᠦᠯᠵᠦ᠂ ᠪᠠᠴᠢᠮ ᠪᠡᠷᠬᠡ ᠲᠤᠯᠭ᠋ᠠᠷᠠᠬᠰᠠᠳᠢ ᠲᠤᠰᠠᠯᠠᠬᠤ ᠴᠢᠳᠠᠮᠵᠢ ᠵᠢ ᠬᠦᠴᠦᠯᠡᠨ ᠴᠢᠡᠭᠭ᠋ᠠᠳᠬᠠᠬᠰᠠᠨ ᠪᠠᠢ᠌ᠨ᠎ᠠ᠃
ᠳᠥᠷᠪᠡ᠎ᠳᠤ᠂ 《ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》 ᠪᠠ ᠴᠢᠳᠠᠪᠤᠷᠢ ᠵᠢ ᠴᠢᠩᠭ᠋ᠠᠷᠠᠭᠤᠯᠬᠤ ᠵᠢ ᠤᠶᠠᠯᠳᠤᠭᠤᠯᠪᠠ᠃ ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠤᠯᠠᠭ᠋ᠠᠨᠴᠠᠪ ᠬᠣᠲᠠ ᠵᠢᠨ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢᠨ ᠬᠠᠮᠢᠶᠠᠷᠤᠯᠲᠠ ᠵᠢᠨ ᠠᠷᠭ᠎ᠠ》 ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠭᠠᠴᠠᠭ᠎ᠠ ᠲᠣᠰᠬᠣᠨ᠎ᠤ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢ 1539 ᠰᠣᠩᠭᠣᠨ ᠲᠣᠮᠢᠯᠠᠵᠤ᠂ ᠠᠵᠢᠯ᠎ᠤᠨ ᠪᠠᠢ᠌ᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ ᠵᠶ᠋ᠠᠷ ᠲᠠᠮᠵᠢᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ᠂ ᠲᠥᠷᠥ ᠵᠢᠨ ᠪᠣᠳᠣᠯᠭ᠎ᠠ ᠵᠢ ᠤᠬᠠᠭᠤᠯᠬᠤ᠂ ᠲᠤᠰᠠᠯᠠᠮᠵᠢ ᠵᠢᠨ ᠦᠢ᠍ᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠵᠢ ᠬᠢᠨᠠᠮᠠᠭ᠋ᠠᠢ ᠭᠦᠢ᠍ᠴᠡᠳᠬᠡᠵᠦ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠨ᠂ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠪᠡ᠃ ᠨᠡᠢ᠌ᠭᠡᠮ᠎ᠤᠨ ᠲᠤᠰᠠᠯᠠᠮᠵᠢ ᠵᠢᠨ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠤᠯᠠᠮ ᠴᠢᠩᠭ᠋ᠠᠳᠬᠠᠵᠤ᠂ ᠲᠤᠬᠠᠢ᠌ᠯᠠᠭᠰᠠᠨ ᠠᠵᠢᠯ᠎ᠤᠨ ᠬᠡᠪ ᠴᠢᠨᠠᠷ᠎ᠢ ᠳᠡᠭᠡᠭᠰᠢᠯᠡᠭᠦᠯᠦᠨ᠂ ᠠᠷᠠᠳ ᠲᠦᠮᠡᠨ᠎ᠳᠤ ᠦᠢ᠍ᠯᠡᠴᠢᠯᠡᠬᠦ ᠴᠢᠳᠠᠪᠤᠷᠢ ᠵᠢ ᠨᠡᠮᠡᠭᠳᠡᠭᠦᠯᠵᠦ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠭᠠᠷᠲᠠᠨ ᠭᠦᠢ᠍ᠴᠡᠳᠬᠡᠬᠦ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠲᠦᠪᠰᠢᠨ ᠪᠠ ᠦᠢ᠍ᠯᠡᠴᠢᠯᠡᠭᠡᠨ᠎ᠤ ᠴᠢᠳᠠᠪᠤᠷᠢ ᠵᠢ ᠦᠨᠡᠨ ᠬᠦ᠌ ᠲᠡᠭᠡᠭᠰᠢᠯᠡᠬᠦᠯᠵᠤ ᠴᠢᠳᠠᠬᠰᠠᠨ ᠪᠠᠢ᠌ᠨ᠎ᠠ᠃
ᠲᠠᠪᠤ᠎ᠳᠤ᠂ 《ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》 ᠪᠠ ᠠᠷᠭ᠎ᠠ ᠵᠢᠨ ᠰᠢᠨ᠎ᠡ ᠵᠢ ᠡᠭᠦᠳᠬᠦ᠎ᠲᠠᠢ ᠤᠶᠠᠯᠳᠤᠭᠤᠯᠬᠤ ᠵᠢ ᠪᠠᠷᠢᠮᠳᠠᠯᠠᠪᠠ᠃ ᠤᠯᠠᠭ᠋ᠠᠨᠴᠠᠪ ᠬᠣᠲᠠ ᠵᠢᠨ ᠨᠡᠢ᠌ᠭᠡᠮ᠎ᠤᠨ ᠲᠤᠰᠠᠯᠠᠮᠵᠢ ᠵᠢᠨ ᠬᠡᠷᠡᠭᠴᠡᠬᠡ ᠱᠠᠭ᠋ᠠᠷᠳᠠᠯᠭ᠎ᠠ᠎ᠲᠠᠢ ᠬᠦᠮᠦᠰ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢ ᠤᠯᠠᠮ ᠲᠡᠭᠦᠯᠳᠡᠷᠵᠢᠭᠦᠯᠵᠦ᠂ ᠬᠣᠰᠢᠭᠤ ᠰᠢᠶᠠᠨ ᠬᠣᠲᠠ ᠲᠣᠭᠣᠷᠢᠭ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤᠨ᠎ᠬᠢᠨ 《ᠭᠤᠷᠪᠠᠨ ᠱᠠᠲᠤ᠎ᠪᠠᠷ ᠬᠣᠯᠪᠤᠭ᠋ᠠᠯᠠᠨ ᠬᠥᠳᠡᠯᠦᠯᠴᠡᠬᠦ》 ᠨᠡᠢ᠌ᠭᠡᠮ᠎ᠤᠨ ᠲᠤᠰᠠᠯᠠᠮᠵᠢ ᠵᠢᠨ᠎ᠬᠢᠨ᠎ᠤ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢ ᠪᠠᠢ᠌ᠭᠤᠯᠵᠤ᠂ ᠨᠡᠢ᠌ᠭᠡᠮ᠎ᠤᠨ ᠲᠤᠰᠠᠯᠠᠮᠵᠢ ᠵᠢ ᠬᠢᠨᠠᠨ ᠬᠡᠮᠵᠢᠬᠦ ᠠᠵᠢᠯ᠎ᠢ ᠲᠣᠥᠷᠵᠢᠭᠤᠯᠤᠭᠰᠠᠨ ᠬᠠᠮᠢᠶᠠᠷᠤᠯᠲᠠ᠎ᠳᠤ ᠤᠷᠤᠭᠤᠯᠪᠠ᠃ 《ᠬᠥᠮᠥᠨ᠎ᠨᠢ ᠲᠥᠷᠥ ᠵᠢᠨ ᠪᠣᠳᠣᠯᠭ᠎ᠠ ᠡᠷᠢᠳᠡᠭ》 ᠪᠠᠢ᠌ᠬᠰᠠᠨ᠎ᠠᠴᠠ 《ᠲᠥᠷᠥ ᠵᠢᠨ ᠪᠣᠳᠣᠯᠭ᠎ᠠ᠎ᠨᠢ ᠬᠥᠮᠥᠨ ᠡᠷᠢᠬᠦ》 ᠪᠤᠯᠭ᠋ᠠᠬᠤ ᠠᠵᠢᠯ᠎ᠢ ᠠᠬᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠲᠤᠰᠠᠯᠠᠬᠤ ᠪᠠᠢ᠌ᠷᠢ ᠲᠣᠭᠲᠠᠭ᠋ᠠᠯᠲᠠ ᠵᠢ ᠲᠤᠰᠠᠯᠠᠮᠵᠢ ᠭᠤᠶᠤᠴᠢᠯᠠᠬᠤ ᠵᠢᠨ ᠴᠢᠬᠤᠯᠠ ᠨᠥᠬᠥᠪᠦᠷᠢ ᠪᠣᠯᠭ᠋ᠠᠵᠤ᠂ ᠲᠤᠰᠠᠯᠠᠮᠵᠢ ᠭᠤᠶᠤᠴᠢᠯᠠᠬᠤ ᠬᠦᠰᠡᠯ᠎ᠲᠠᠢ ᠪᠣᠯᠪᠠᠴᠤ ᠭᠤᠶᠤᠴᠢᠯᠠᠬᠤ ᠴᠢᠳᠠᠪᠤᠷᠢ᠎ᠪᠠᠷ ᠬᠦᠷᠦᠯᠴᠡᠬᠦ ᠦᠭᠡᠢ᠂ ᠭᠤᠶᠤᠴᠢᠯᠠᠬᠤ ᠶᠠᠪᠤᠴᠠ ᠵᠢ ᠮᠡᠳᠡᠬᠦ ᠦᠭᠡᠢ ᠬᠦᠴᠢᠷᠳᠡᠯᠲᠡᠢ ᠣᠯᠠᠨ ᠲᠦᠮᠡᠨ᠎ᠢ ᠬᠠᠪᠰᠤᠷᠤᠨ ᠴᠠᠭ ᠲᠤᠬᠠᠢᠳᠤᠨᠢ ᠲᠤᠰᠠᠯᠠᠮᠵᠢ ᠭᠤᠶᠤᠴᠢᠯᠠᠭᠤᠯᠵᠤ᠂ 《ᠨᠢᠭᠡ ᠡᠷᠦᠬᠡ ᠵᠢ ᠴᠦ᠍ ᠣᠷᠬᠢᠭᠳᠠᠭᠤᠯᠬᠤ ᠦᠭᠡᠢ᠂ ᠨᠢᠭᠡ ᠬᠥᠮᠥᠨ᠎ᠢ ᠴᠦ᠍ ᠣᠷᠬᠢᠭᠳᠠᠭᠤᠯᠬᠤ ᠦᠭᠡᠢ》 ᠪᠠᠢ᠌ᠬᠤ ᠵᠢ ᠪᠠᠳᠤᠯᠠᠪᠠ᠃
ᠵᠢᠷᠭᠤᠭ᠎ᠠ᠎ᠳᠤ᠂ 《ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》ᠪᠣᠯᠣᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠤᠶᠠᠯᠳᠤᠭᠤᠯᠬᠤ ᠵᠢ ᠪᠠᠷᠢᠮᠳᠠᠯᠠᠪᠠ᠃ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠵᠢᠯ᠎ᠤᠨ ᠬᠦᠴᠦᠨ ᠵᠶ᠋ᠡᠨ ᠳᠠᠶ᠋ᠢᠴᠢᠯᠠᠵᠤ᠂ ᠢᠳᠡᠪᠬᠢᠲᠡᠢ᠎ᠪᠠᠷ ᠮᠥᠷᠳᠡᠨ ᠪᠠᠢ᠌ᠴᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠵᠦ᠂ 《ᠭᠦᠨᠵᠡᠭᠡᠢ᠌ᠷᠡᠬᠦ》᠂ 《ᠴᠡᠭ᠎ᠲᠤ ᠰᠠᠭᠤᠬᠤ》 ᠮᠠᠶᠢᠭ᠎ᠤᠨ ᠪᠠᠢ᠌ᠴᠠᠭ᠋ᠠᠨ ᠰᠤᠳᠤᠯᠤᠯᠲᠠ ᠬᠢᠵᠦ ᠬᠢᠨᠠᠨ ᠵᠢᠯᠤᠭᠣᠳᠬᠤ ᠠᠵᠢᠯ᠎ᠢ ᠥᠷᠨᠢᠭᠦᠯᠵᠦ᠂ ᠬᠦᠴᠢᠷᠳᠡᠯ᠎ᠲᠠᠢ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠬᠦ ᠵᠢᠨ ᠬᠠᠮᠲᠤ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠣᠨ᠎ᠤ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢᠨ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠬᠦᠷᠢᠶ᠎ᠡ ᠬᠡᠪᠴᠢᠶᠡᠨ᠎ᠳᠤ ᠤᠷᠤᠭᠤᠯᠤᠬᠰᠠᠨ ᠪᠦᠬᠡᠳ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠲᠤ ᠬᠣᠲᠠ ᠵᠢᠨ ᠲᠣᠰ ᠱᠠᠲᠤᠨ᠎ᠤ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠵᠦ ᠱᠠᠩᠨᠠᠵᠤ ᠲᠤᠰᠠᠯᠠᠬᠤ ᠪᠡᠯᠡ ᠮᠥᠩᠭᠥ ᠪᠠᠭᠤᠯᠭ᠋ᠠᠬᠤ ᠦᠨᠳᠦᠰᠦᠯᠡᠯ ᠪᠣᠯᠭ᠋ᠠᠵᠤ᠂ ᠬᠣᠰᠢᠭᠤ ᠰᠢᠶᠠᠨ ᠬᠣᠲᠠ ᠲᠣᠭᠣᠷᠢᠭᠤᠨᠬᠢᠨᠢ ᠵᠣᠷᠢᠭᠵᠢᠭᠤᠯᠤᠨ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠲᠤᠯᠠᠭ᠎ᠠ ᠵᠢᠨ ᠲᠣᠣᠷ᠎ᠢ ᠪᠠᠲᠤ ᠪᠡᠬᠢ ᠪᠠᠢ᠌ᠭᠤᠯᠵᠤ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ᠃