ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠠᠵᠢᠯ᠎ᠠᠴᠠ᠎ᠪᠠᠨ ᠲᠠᠷᠬᠠᠯᠠᠬᠳᠠᠬᠰᠠᠳ᠎ᠤᠨ ᠠᠵᠢᠯ᠎ᠤᠨ ᠭᠠᠵᠠᠷ (ᠠᠵᠢᠯᠲᠠᠨ᠎ᠤ ᠶᠠᠪᠤᠳᠠᠯ᠎ᠤᠨ ᠭᠠᠵᠠᠷ)᠎ᠤᠨ ᠨᠠᠮ᠎ᠤᠨ ᠡᠭᠦᠷ᠎ᠤᠨ᠎ᠬᠢᠨ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠰᠡᠳᠬᠢᠯ᠎ᠤᠨ ᠲᠠᠭᠤᠨ᠎ᠢ ᠰᠣᠨᠣᠰᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2022-11-16

ba9c45d98eb3b71bd0b80db03929109.jpg 
     ᠠᠵᠢᠯ᠎ᠠᠴᠠ᠎ᠪᠠᠨ ᠲᠠᠷᠬᠠᠯᠠᠬᠳᠠᠬᠰᠠᠳ᠎ᠤᠨ ᠠᠵᠢᠯ᠎ᠤᠨ ᠭᠠᠵᠠᠷ (ᠠᠵᠢᠯᠲᠠᠨ᠎ᠤ ᠶᠠᠪᠤᠳᠠᠯ᠎ᠤᠨ ᠭᠠᠵᠠᠷ)᠎ᠤᠨ ᠨᠠᠮ᠎ᠤᠨ ᠡᠭᠦᠷ᠎ᠤᠨ᠎ᠬᠢᠨ 11 ᠳ᠋ᠤᠬᠡᠷ ᠰᠠᠷ᠎ᠠ ᠵᠢᠨ 11᠎ᠤ ᠡᠳᠦᠷ ᠬᠤᠷᠠᠯᠳᠤᠬᠰᠠᠨ 2022 ᠣᠨ᠎ᠤ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠥᠭᠡᠷᠡᠴᠢᠯᠡᠯᠲᠡ ᠬᠦᠭᠵᠢᠬᠦᠯᠤᠯᠳᠡ ᠵᠢᠨ ᠬᠤᠷᠠᠯ ᠰᠦᠯᠵᠢᠶᠡᠨ ᠳᠡᠭᠡᠷ᠎ᠡ ᠬᠤᠷᠠᠯᠳᠤᠬᠤ ᠲᠤᠬᠢᠶᠠᠯ᠎ᠢ ᠠᠰᠢᠬᠯᠠᠨ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠰᠡᠳᠬᠢᠯ᠎ᠤᠨ ᠲᠠᠭᠤᠨ᠎ᠢ ᠰᠣᠨᠣᠰᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ᠃
     ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠳ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠪᠢᠴᠢᠵᠤ ᠨᠠᠢ᠌ᠷᠠᠭᠤᠯᠬᠤ ᠠᠵᠢᠯ ᠬᠢᠵᠦ ᠪᠠᠢ᠌ᠭ᠎ᠠ ᠨᠥᠬᠥᠳ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠶᠠᠪᠤᠴᠠ᠎ᠳᠤ ᠲᠦᠷᠦᠭᠳᠡᠭᠰᠡᠨ ᠪᠤᠳᠤᠯ᠎ᠢ ᠬᠢᠨᠠᠮᠠᠭ᠋ᠠᠢ ᠰᠤᠨᠤᠰᠪᠠ᠃ ᠡᠭᠦᠨ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠂ ᠡᠯᠪᠡᠭ ᠪᠠᠶᠠᠯᠢᠭ ᠠᠭᠤᠯᠤᠭᠳᠠᠬᠤᠨ᠎ᠤ ᠲᠤᠬᠠᠢ ᠲᠠᠨᠢᠯᠲᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ᠎ᠬᠢᠨ᠎ᠤ ᠠᠵᠢᠯ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ ᠰᠢᠨ᠎ᠡ ᠡᠭᠦᠷᠭᠡ ᠵᠢᠨ ᠲᠤᠬᠠᠢ ᠣᠢ᠌ᠯᠠᠭ᠋ᠠᠯᠲᠠ ᠪᠠᠢ᠌ᠬᠤ ᠪᠦᠬᠡᠳ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠦᠭᠵᠢᠮᠡᠯ ᠴᠡᠭ᠎ᠲᠤ ᠵᠠᠳᠠᠯᠤᠯᠲᠠ ᠬᠢᠵᠦ᠂ ᠣᠳᠣᠬᠠᠨ᠎ᠤ ᠪᠠ 2023 ᠣᠨ᠎ᠤ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ᠎ᠬᠢᠨ᠎ᠤ ᠠᠵᠢᠯ᠎ᠢ ᠰᠠᠢ᠌ᠲᠤᠷ ᠬᠢᠬᠦ ᠲᠥᠯᠥᠪᠯᠡᠭᠡ᠂ ᠢᠯᠠᠩᠭᠤᠶ᠎ᠠ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠬᠤ᠂ ᠦᠨᠳᠦᠰᠦᠨ ᠱᠠᠲᠤᠨ᠎ᠤ ᠺᠠᠳ᠋ᠷᠴᠤᠳ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠪᠠ ᠶᠡᠷᠦᠩᠬᠡᠢ᠌ᠯᠡᠭᠰᠡᠨ ᠬᠡᠪ ᠴᠢᠨᠠᠷ᠎ᠢ ᠳᠡᠭᠡᠭᠰᠢᠯᠡᠭᠦᠯᠬᠦ᠂ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠢ ᠤᠷᠮᠠᠰᠢᠭᠤᠯᠬᠤ ᠪᠠᠲᠤᠯᠠᠭ᠎ᠠ ᠵᠢ ᠲᠦᠷᠦᠭᠦᠯᠡᠨ ᠰᠠᠢ᠌ᠲᠤᠷ ᠬᠢᠬᠦ ᠵᠡᠷᠭᠡ ᠲᠠᠯ᠎ᠠ ᠵᠢᠨ ᠰᠠᠨᠠᠭᠤᠯᠭ᠎ᠠ ᠵᠢ ᠬᠢᠨᠠᠮᠠᠭ᠋ᠠᠢ ᠰᠣᠨᠣᠰᠪᠠ᠃
     ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠯᠦᠭᠡ ᠨᠡᠪᠳᠡᠷᠡᠯᠴᠡᠬᠡ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ ᠵᠢᠨ ᠲᠤᠰᠬᠠᠢ ᠮᠡᠷᠭᠡᠵᠢᠯᠲᠡᠨ᠎ᠤ ᠠᠵᠢᠯᠯᠠᠬᠤ ᠲᠠᠰᠤᠭ ᠪᠠᠶ᠋ᠢᠭᠤᠯᠬᠤ ᠵᠢ ᠠᠬᠢᠭᠤᠯᠵᠤ᠂ ᠡᠷᠡᠬᠦᠯᠵᠢᠯ᠎ᠳᠤ ᠲᠤᠰᠠᠯᠠᠬᠤ ᠪᠠᠭ᠋ᠠᠵᠢ ᠦᠢᠯᠡᠳᠬᠦ ᠵᠡᠷᠭᠡ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ᠎ᠪᠠᠷ ᠨᠡᠯᠢᠶᠡᠳ ᠴᠢᠩᠭ᠎ᠠ ᠬᠦᠷᠢᠶ᠎ᠡ ᠴᠠᠷᠠᠭ᠎ᠠ᠎ᠳᠤ ᠲᠤᠰᠬᠠᠢ ᠮᠡᠷᠭᠡᠵᠢᠯᠲᠡᠨ᠎ᠤ ᠤᠷ᠎ᠠ ᠴᠢᠳᠠᠪᠤᠷᠢ ᠵᠢᠨ ᠠᠵᠢᠯᠯᠠᠬᠤ ᠲᠠᠰᠤᠭ᠎ᠤᠨ ᠪᠡᠯᠡ ᠮᠥᠩᠭᠥ᠂ ᠲᠦᠷᠤ ᠵᠢᠨ ᠪᠤᠳᠤᠯᠭ᠎ᠠ ᠵᠢ ᠭᠤᠶᠤᠴᠢᠯᠠᠨ᠎ᠠ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠤᠪᠢᠯᠠᠯᠲᠠ᠂ ᠥᠨᠥᠴᠢᠨ ᠵᠡᠮᠳᠡᠭ ᠬᠡᠦᠬᠡᠳ᠎ᠤᠨ ᠰᠤᠪᠢᠯᠠᠯᠲᠠ ᠵᠡᠷᠭᠡ ᠠᠵᠢᠯ᠎ᠤᠨ ᠪᠠᠢ᠌ᠷᠢ ᠵᠢᠨ ᠰᠤᠷᠭ᠋ᠠᠭᠤᠯᠢᠯᠠᠯ ᠪᠠ ᠮᠥᠷᠥᠢ᠌ᠴᠡᠭᠡᠨ᠎ᠢ ᠰᠠᠢ᠌ᠲᠤᠷ ᠵᠣᠬᠢᠶᠠᠨ ᠪᠠᠢ᠌ᠭᠤᠯᠤᠨ ᠥᠷᠨᠢᠭᠦᠯᠵᠦ᠂ ᠠᠷᠠᠳ᠎ᠤᠨ ᠶᠠᠪᠤᠳᠠᠯ᠎ᠤᠨ ᠳᠠᠭ᠋ᠠᠭᠤᠯᠤᠭᠴᠢ ᠴᠢᠳᠠᠪᠤᠷᠢᠲᠠᠨ᠎ᠢ ᠰᠣᠩᠭᠣᠨ ᠳᠡᠪᠰᠢᠭᠦᠯᠵᠦ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠴᠢᠳᠠᠪᠤᠷᠢᠲᠠᠨ᠎ᠤ ᠲᠤᠰᠬᠠᠢ᠌ᠵᠢᠯᠲᠠ᠂ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠭ᠎ᠠ ᠬᠡᠮᠵᠢᠶ᠎ᠡ ᠠᠪᠴᠤ ᠪᠠᠢ᠌ᠭ᠋ᠠᠳ ᠠᠷᠠᠳ᠎ᠤᠨ ᠶᠠᠪᠤᠳᠠᠯ᠎ᠤᠨ᠎ᠬᠢᠨ᠎ᠤ ᠬᠦᠷᠢᠶ᠎ᠡ ᠴᠠᠷᠠᠭ᠎ᠠ᠎ᠠᠴᠠ ᠬᠠᠷᠢᠭᠤᠴᠠᠯᠭ᠎ᠠ ᠡᠬᠦᠷᠭᠡᠯᠡᠭᠰᠡᠨ ᠰᠠᠢ᠌ᠨ ᠺᠠᠳ᠋ᠷ᠎ᠢ ᠨᠡᠡᠭ ᠤᠯᠠᠨ ᠴᠣᠯᠭᠣᠷᠠᠭᠤᠯᠵᠤ᠂ ᠠᠷᠠᠳ᠎ᠤᠨ ᠶᠠᠪᠤᠳᠠᠯ᠎ᠤᠨ ᠺᠠᠳ᠋ᠷ᠎ᠤᠨ ᠳᠦᠷᠢ ᠲᠥᠷᠬᠦ ᠵᠢ ᠲᠤᠭ ᠲᠡᠮᠳᠡᠭ ᠲᠣᠳᠣᠷᠬᠠᠢ᠎ᠪᠠᠷ ᠪᠤᠢ ᠪᠣᠯᠭ᠋ᠠᠵᠤ᠂ ᠡᠷᠳᠡᠮᠲᠡᠨ ᠮᠡᠷᠭᠡᠳ᠎ᠠᠴᠠ᠎ᠲᠠᠭᠠᠨ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠪᠤᠯᠤᠨ᠎ᠠ᠃


 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
 
            