ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠲᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠶ᠎ᠠ
— ᠰᠢ ᠵᠢᠨ ᠫᠢᠩ ᠲᠡᠷᠢᠭᠦᠯᠡᠭᠴᠢ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠤ ᠲᠡᠭᠦᠰᠬᠦ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠥᠪᠥᠷ ᠮᠣᠩᠭᠣᠯ᠎ᠳᠤ ᠴᠢᠩᠭ᠎ᠠ ᠲᠤᠰᠬᠠᠯ ᠭᠠᠷᠪᠠ
ᠬᠠᠪᠤᠷ᠎ᠤᠨ ᠤᠷᠢᠨ ᠢᠷᠡᠵᠤ᠂ ᠤᠳᠠ ᠤᠯᠢᠶᠠᠰᠤ ᠬᠦᠯᠤᠬᠡᠯᠡᠪᠡ᠃ 3 ᠳ᠋ᠤᠭ᠋ᠠᠷ ᠰᠠᠷ᠎ᠠ ᠵᠢᠨ 13᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠤ ᠲᠡᠭᠦᠰᠬᠦ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠮᠠᠨ᠎ᠤ ᠣᠷᠣᠨ᠎ᠤ ᠺᠠᠳ᠋ᠷ ᠣᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠴᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠲᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ᠂ ᠭᠡᠷᠡᠯ ᠰᠠᠴᠤᠷᠠᠩᠭᠤᠢ ᠰᠢᠨ᠎ᠡ ᠡᠭᠦᠳᠦᠯᠲᠡ ᠵᠢ ᠲᠠᠬᠢᠨᠳᠠ ᠡᠭᠦᠳᠦᠨ᠎ᠡ ᠭᠡᠵᠦ ᠢᠯᠡᠳᠬᠡᠵᠡᠭᠡᠪᠡ᠃
ᠴᠢᠨᠠᠷᠯᠢᠭ ᠬᠥᠭᠵᠢᠯᠲᠡ ᠵᠢ ᠭᠤᠢ᠌ᠪᠢᠰᠢ ᠦᠭᠡᠢ ᠠᠬᠢᠭᠤᠯᠤᠶ᠎ᠠ
ᠰᠢ ᠵᠢᠨ ᠫᠢᠩ ᠲᠡᠷᠢᠭᠦᠯᠡᠭᠴᠢ ᠵᠢᠨ ᠴᠢᠬᠤᠯᠠ ᠶᠠᠷᠢᠶ᠎ᠠ ᠵᠢ ᠲᠤᠬᠠᠢ ᠵᠢᠨ ᠲᠠᠯᠠᠪᠠᠢ᠎ᠳᠤ ᠰᠣᠨᠣᠰᠤᠭ᠋ᠠᠳ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠪᠤᠭᠤᠲᠤ ᠵᠢᠨ ᠬᠣᠪᠣᠷ ᠰᠢᠷᠣᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠠᠩᠵᠧᠦ ᠵᠢᠨ ᠬᠤᠪᠢᠶᠠᠷᠢ ᠬᠦᠷᠢᠶᠡᠯᠡᠩ᠎ᠤᠨ ᠳᠡᠳ᠋ ᠳᠠᠷᠤᠭ᠎ᠠ ᠶᠠᠨ ᠸᠧᠢ ᠸᠧᠢ ᠲᠤᠢ᠌ᠯ ᠵᠶ᠋ᠠᠷ ᠤᠷᠮᠠᠰᠢᠨ ᠵᠣᠷᠢᠭᠵᠢᠪᠠ᠃ ᠶᠠᠡᠭ ᠶᠠᠨ ᠸᠸᠢ᠄ 《ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠲᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ ᠵᠠᠮ᠎ᠳᠤ ᠪᠢᠳᠡ ᠴᠢᠨᠠᠷᠯᠢᠭ ᠬᠥᠭᠵᠢᠯᠲᠡ ᠵᠢ ᠡᠷᠡᠰ ᠭᠤᠢ᠌ᠪᠢᠰᠢ ᠦᠭᠡᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠨ ᠪᠡᠶᠡᠯᠡᠭᠦᠯᠬᠦ ᠶᠤᠰᠤᠳᠠᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ ᠬᠠᠷᠢᠭᠤᠴᠠᠯᠭ᠎ᠠ ᠬᠦᠨᠳᠦ ᠭᠡᠳᠡᠭ᠎ᠢ ᠪᠢ ᠭᠦᠨ ᠣᠢ᠌ᠯᠠᠭ᠋ᠠᠵᠤ ᠪᠠᠢ᠌ᠨ᠎ᠠ᠃ ᠮᠠᠨ᠎ᠤ ᠤᠯᠤᠰ᠎ᠤᠨ ᠬᠣᠪᠣᠷ ᠰᠢᠷᠣᠢ ᠵᠢᠨ ᠠᠵᠤ ᠦᠢ᠍ᠯᠡᠰ᠎ᠤᠨ ᠬᠥᠭᠵᠢᠯᠲᠡ ᠬᠡᠳᠤᠢ᠎ᠪᠠᠷ ᠵᠣᠬᠢᠬᠤ ᠠᠮᠵᠢᠯᠲᠠ ᠵᠢ ᠣᠯᠣᠭᠰᠠᠨ ᠪᠣᠯᠪᠠᠴᠤ ᠰᠢᠨ᠎ᠡ ᠮᠠᠲ᠋ᠧᠷᠢᠶᠠᠯ᠎ᠢ ᠰᠤᠳᠤᠯᠤᠨ ᠨᠡᠭᠡᠭᠡᠬᠦ᠂ ᠰᠢᠨ᠎ᠡ ᠬᠡᠷᠡᠭᠯᠡᠭᠡ ᠵᠢ ᠥᠷᠭᠡᠳᠬᠡᠬᠦ ᠬᠦᠷᠢᠶᠡᠨ᠎ᠳᠤ ᠮᠥᠨ ᠬᠦ᠌ ᠯᠤᠲᠤ ᠶᠡᠬᠡ ᠬᠥᠭᠵᠢᠯᠲᠡ ᠵᠢᠨ ᠣᠷᠣᠨ ᠵᠠᠢᠲᠠᠢ ᠶᠤᠮ᠃ ᠪᠢᠳᠡ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠤᠭᠤᠮᠳᠠ ᠵᠢ ᠰᠢᠨ᠎ᠡ᠎ᠪᠠᠷ ᠡᠭᠦᠳᠦᠨ ᠰᠢᠢ᠍ᠳᠪᠦᠷᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠲᠤᠷᠰᠢᠯᠲᠠ ᠵᠢᠨ ᠲᠠᠰᠤᠭ᠎ᠤᠨ ᠰᠤᠳᠤᠯᠤᠨ ᠨᠡᠭᠡᠭᠡᠯᠲᠡ᠎ᠠᠴᠠ ᠠᠵᠤ ᠦᠶ᠋ᠢᠯᠡᠰᠵᠢᠭᠰᠡᠨ ᠦᠢ᠍ᠯᠡᠳᠪᠦᠷᠢᠯᠡᠯ ᠳᠠᠰᠢ ᠬᠤᠪᠢᠷᠠᠭᠤᠯᠬᠤ ᠵᠢ ᠬᠦᠴᠦᠯᠡᠨ ᠠᠬᠢᠭᠤᠯᠵᠤ᠂ ᠬᠣᠪᠣᠷ ᠰᠢᠷᠣᠢ ᠵᠢᠨ ᠪᠦᠲᠦᠭᠡᠭᠳᠡᠬᠦᠨ᠎ᠢ ᠨᠠᠩ ᠣᠯᠠᠨ ᠬᠦᠷᠢᠶ᠎ᠡ ᠴᠠᠷᠠᠭ᠋ᠠᠨ᠎ᠳᠤ ᠬᠡᠷᠡᠭᠯᠡᠬᠦ ᠵᠢᠨ ᠤᠯᠠᠮ᠎ᠠᠴᠠ ᠬᠣᠪᠣᠷ ᠰᠢᠷᠣᠢ ᠵᠢᠨ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠎ᠠ》 ᠭᠡᠵᠡᠢ᠃
《ᠰᠢ ᠵᠢᠨ ᠫᠢᠩ ᠶᠡᠷᠤᠡᠭᠭᠡᠢ ᠱᠦᠵᠢ ᠵᠢᠨ ᠴᠢᠬᠤᠯᠠ ᠶᠠᠷᠢᠶ᠎ᠠ ᠪᠣᠯᠣᠨ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠨᠢ ᠪᠢᠳᠡᠨ᠎ᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ᠎ᠢ ᠪᠠᠲᠤᠳᠬᠠᠵᠤ᠂ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠪᠢᠳᠡ ᠬᠦᠨᠳᠦ ᠶᠡᠬᠡ ᠠᠶᠤᠯ ᠲᠦᠭᠰᠢᠬᠦᠷᠢ ᠵᠢ ᠰᠡᠷᠭᠡᠢ᠌ᠯᠡᠨ ᠠᠷᠢᠯᠭ᠋ᠠᠬᠤ ᠡᠬᠦᠷᠬᠡ ᠬᠠᠷᠢᠭᠤᠴᠠᠯᠭ᠋ᠠᠲᠤ ᠰᠡᠳᠬᠢᠯᠭᠡ᠂ ᠲᠤᠯᠭ᠋ᠠᠮ ᠰᠡᠳᠬᠢᠯᠭᠡ᠎ᠪᠠᠨ ᠤᠯᠠᠮ ᠴᠢᠩᠭ᠋ᠠᠳᠬᠠᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠴᠢᠩᠭ᠎ᠠ ᠳᠠᠭ᠋ᠠᠵᠤ᠂ ᠠᠷᠠᠳ ᠣᠯᠠᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠲᠠᠢ ᠨᠢᠭᠲᠠ ᠤᠶᠠᠯᠳᠤᠭᠤᠯᠤᠨ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠠᠶᠤᠯ ᠦᠬᠡᠢ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠠᠶᠤᠯ ᠦᠬᠡᠢ ᠦᠢ᠍ᠯᠡᠳᠪᠦᠷᠢᠯᠡᠯ᠎ᠤᠨ ᠰᠠᠨᠠᠭ᠋ᠠᠴᠢᠯᠠᠭ᠋ᠠᠲᠤ ᠳᠠᠢ᠌ᠯᠠᠯᠳᠤᠭ᠋ᠠᠨ᠎ᠢ ᠰᠤᠯᠠᠷᠠᠭᠤᠯᠤᠯ ᠦᠭᠡᠢ ᠰᠠᠢ᠌ᠲᠤᠷ ᠬᠢᠵᠦ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠣᠳᠠᠲᠠᠢ ᠠᠳᠬᠤᠨ ᠨᠠᠢ᠌ᠳᠠᠪᠤᠷᠢᠵᠢᠭᠤᠯᠵᠤ᠂ ᠠᠮᠤᠷ ᠲᠦᠪᠰᠢᠨ᠎ᠤ ᠪᠣᠭᠣᠮᠲᠠ ᠨᠢᠬᠡ ᠪᠦᠷᠢ ᠵᠢ ᠴᠢᠩᠭ᠎ᠠ ᠨᠢᠮᠪᠠᠢ ᠰᠠᠢ᠌ᠲᠤᠷ ᠠᠳᠬᠤᠬᠤ ᠬᠡᠷᠡᠭᠲᠡᠢ》 ᠭᠡᠵᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠳᠠᠷᠤᠭ᠎ᠠ ᠵᠦ᠍ ᠯᠢ ᠺᠦᠨ ᠬᠡᠯᠡᠪᠡ᠃
ᠪᠤᠭᠤᠲᠤ ᠬᠤᠳᠠ ᠵᠢᠨ ᠬᠥᠨᠳᠡᠯᠡᠨ ᠲᠣᠭᠣᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠎ᠶᠢᠨ ᠳᠠᠷᠤᠭ᠎ᠠ ᠵᠠᠩ ᠵᠢᠶᠸ᠄ 《ᠰᠢ ᠵᠢᠨ ᠫᠢᠡᠭ ᠶᠡᠷᠤᠡᠭᠭᠡᠢ ᠱᠦᠵᠢ ᠵᠢᠨ ᠴᠢᠬᠤᠯᠠ ᠶᠠᠷᠢᠶ᠎ᠠ᠎ᠨᠢ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠬᠤ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠳᠠᠬᠢᠨᠲᠠ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠴᠢᠨᠠᠷ᠎ᠢ ᠲᠤᠪᠤᠢ᠍ᠢ᠍ᠯᠭ᠋ᠠᠪᠠ᠃ ᠳᠠᠷᠠᠭ᠋ᠠᠴᠢ᠎ᠪᠠᠷ ᠪᠢᠳᠡ ᠬᠦᠨᠳᠡᠯᠡᠨ ᠲᠣᠭᠣᠷᠢᠭ᠎ᠤᠨ 〈ᠨᠢᠭᠡ ᠴᠥᠮ᠎ᠡ ᠬᠣᠶᠠᠷ ᠬᠦᠷᠢᠶᠡᠯᠡᠩ᠂ ᠬᠣᠶᠠᠷ ᠬᠡᠯᠬᠢᠶ᠎ᠡ ᠲᠦᠷᠪᠡᠨ ᠪᠦᠯᠦᠭᠯᠡᠯ〉᠎ᠤᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠤᠨ ᠲᠣᠭᠣᠷᠢᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠲᠦᠷᠦ ᠵᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ ᠵᠢ ᠲᠠᠰᠤᠷᠠᠯᠳᠡ ᠦᠭᠡᠢ ᠴᠢᠩᠭ᠋ᠠᠳᠬᠠᠵᠤ᠂ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠪᠠᠢ᠌ᠭᠤᠯᠤᠯᠲᠠ ᠵᠢ ᠵᠣᠷᠢᠭᠵᠢᠭᠤᠯᠤᠨ ᠳᠡᠮᠵᠢᠵᠦ᠂ ᠣᠷᠣᠨ ᠨᠤᠲᠤᠭ᠎ᠤᠨ ᠠᠵᠤ ᠠᠬᠤᠢ ᠵᠢᠨ ᠴᠢᠨᠠᠷᠯᠢᠭ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ ᠬᠡᠯᠡᠪᠡ᠃
ᠠᠷᠠᠳ ᠲᠦᠮᠡᠨ᠎ᠢ ᠳᠡᠭᠡᠳᠦᠯᠡᠬᠦ ᠵᠢ ᠢᠮᠠᠭᠲᠠ ᠪᠠᠷᠢᠮᠲᠠᠯᠠᠬᠤ ᠬᠡᠷᠡᠭᠲᠡᠢ
ᠰᠢ ᠵᠢᠨ ᠫᠢᠩ ᠶᠡᠷᠤᠡᠭᠭᠡᠢ ᠱᠦᠵᠢ᠂ ᠪᠢᠳᠡ ᠠᠷᠠᠳ ᠲᠦᠮᠡᠨ᠎ᠢ ᠳᠡᠭᠡᠳᠦᠯᠡᠬᠦ ᠵᠢ ᠢᠮᠠᠭᠲᠠ ᠪᠠᠷᠢᠮᠲᠠᠯᠠᠬᠤ ᠬᠡᠷᠡᠭᠲᠡᠢ ᠭᠡᠵᠤ ᠵᠢᠭ᠋ᠠᠪᠤᠷᠢᠯᠠᠬᠰᠠᠨ ᠶᠤᠮ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ᠄ 《ᠬᠥᠮᠥᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠲᠠᠯ᠎ᠠ᠎ᠪᠠᠷ ᠨᠠᠮ᠎ᠤᠨ ᠰᠡᠳᠬᠢᠯ᠎ᠢ ᠬᠣᠯᠪᠣᠵᠤ᠂ ᠠᠷᠠᠳ᠎ᠤᠨ ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ᠎ᠬᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠰᠢᠨ᠎ᠡ ᠵᠢ ᠡᠭᠦᠳᠬᠦ ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠶᠠᠰᠤ ᠴᠢᠨᠠᠷ᠎ᠢ ᠳᠡᠭᠡᠭᠰᠢᠯᠡᠭᠦᠯᠬᠦ᠂ ᠠᠵᠢᠯ ᠣᠯᠭᠣᠯᠲᠠ ᠦᠢ᠍ᠯᠡᠰ ᠪᠤᠰᠬᠠᠬᠤ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠂ ᠨᠡᠢ᠌ᠭᠡᠮ᠎ᠤᠨ ᠪᠠᠲᠤᠯᠠᠭ᠎ᠠ ᠵᠢᠨ ᠥᠭᠡᠷᠡᠴᠢᠯᠡᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠬᠥᠮᠥᠵᠢᠭᠦᠯᠦᠨ ᠶᠠᠰᠤ ᠴᠢᠨᠠᠷ᠎ᠢ ᠳᠡᠭᠡᠭᠰᠢᠯᠡᠭᠦᠯᠬᠦ᠂ ᠬᠥᠳᠡᠯᠮᠦᠷᠢ ᠵᠢᠨ ᠬᠠᠷᠢᠴᠠᠭ᠎ᠠ ᠵᠢ ᠵᠠᠰᠠᠬᠤ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠯᠢᠳᠡᠭ᠎ᠢ ᠡᠭᠦᠳᠴᠦ ᠶᠠᠰᠤ ᠴᠢᠨᠠᠷ᠎ᠢ ᠳᠡᠭᠡᠭᠰᠢᠯᠡᠭᠦᠯᠬᠦ᠂ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠵᠦ ᠬᠠᠯᠬᠠᠪᠴᠢ ᠪᠠᠢ᠌ᠭᠤᠯᠵᠤ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ 7 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠪᠡ᠃ ᠠᠷᠭ᠎ᠠ ᠪᠦᠬᠦᠨ᠎ᠢ ᠰᠦᠪᠡᠭᠴᠢᠯᠡᠨ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠥᠷᠭᠡᠳᠬᠡᠵᠦ᠂ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠤᠯᠠᠮ ᠪᠦᠷᠢᠨᠰᠢᠭᠦᠯᠵᠦ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠵᠣᠪᠠᠭᠤᠷᠢ ᠵᠢ ᠠᠷᠢᠯᠭ᠋ᠠᠬᠤ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠲᠦᠷᠦ ᠵᠢᠨ ᠪᠣᠳᠣᠯᠭ᠎ᠠ ᠵᠢ ᠢᠯᠡᠭᠦᠬᠡᠨ ᠬᠡᠷᠡᠭᠵᠢᠭᠦᠯᠵᠦ᠂ ᠦᠨᠡᠨ ᠪᠣᠳᠠᠲᠠᠢ ᠠᠷᠭ᠎ᠠ ᠠᠵᠢᠯᠯᠠᠭ᠎ᠠ᠎ᠪᠠᠷ ᠵᠶ᠋ᠠᠨ ᠠᠷᠠᠳ ᠤᠯᠠᠨ᠎ᠤ 〈ᠲᠣᠭᠲᠠᠭᠤᠨ ᠵᠣᠯ ᠵᠢᠷᠭ᠋ᠠᠯ〉 ᠢ ᠪᠠᠲᠤᠯᠠᠬᠤ ᠬᠡᠷᠡᠭᠲᠡᠢ ᠶᠤᠮ》 ᠬᠡᠵᠡᠢ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ ᠪᠣᠯᠪᠠᠰᠤᠷᠠᠯ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠯᠢ ᠴᠢᠶᠠᠩ᠄ 《〈ᠬᠣᠶᠠᠷ᠎ᠢ ᠪᠠᠭ᠋ᠠᠰᠬᠠᠬᠤ〉 ᠪᠣᠯ ᠨᠠᠮ᠎ᠤᠨ ᠲᠥᠪ ᠬᠣᠷᠢᠶ᠎ᠠ ᠵᠢᠨ ᠪᠠᠢ᠌ᠷᠢᠯᠠᠭᠤᠯᠤᠭᠰᠠᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠮᠥᠨ᠂ ᠣᠯᠠᠨ ᠲᠦᠮᠡᠨ᠎ᠤ ᠪᠠᠴᠢᠮᠳᠠᠯ ᠬᠦᠴᠢᠷᠳᠡᠯ ᠵᠤᠪᠠᠨᠢᠯ᠎ᠢ ᠰᠢᠢ᠍ᠳᠪᠦᠷᠢᠯᠡᠬᠦ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠂ ᠶᠣᠰᠣ ᠮᠣᠷᠠᠯ᠎ᠢ ᠪᠣᠶ ᠪᠣᠯᠭ᠋ᠠᠵᠤ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠂ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ᠎ᠲᠠᠢ ᠬᠣᠯᠪᠣᠭᠳᠠᠵᠤ ᠪᠠᠢ᠌ᠳᠠᠭ᠃ ᠪᠢᠳᠡ ᠡᠷᠬᠡᠪᠰᠢ 〈ᠬᠣᠶᠠᠷ᠎ᠢ ᠪᠠᠭ᠋ᠠᠰᠬᠠᠬᠤ〉 ᠠᠵᠢᠯ᠎ᠤᠨ ᠲᠤᠢ᠌ᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠦᠵᠡᠯ ᠰᠠᠨᠠᠭ᠎ᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠲᠠᠢ ᠨᠢᠭᠡᠳᠬᠡᠵᠦ᠂ ᠶᠤᠰᠤᠴᠢᠯᠠᠨ ᠨᠠᠢ᠌ᠳᠠᠪᠤᠷᠢᠵᠢᠭᠤᠯᠤᠨ ᠰᠠᠢ᠌ᠲᠤᠷ ᠠᠳᠬᠤᠵᠤ᠂ ᠬᠠᠷᠠᠯᠲᠠ ᠡᠭᠦᠷᠭᠡ᠎ᠪᠠᠨ ᠲᠣᠭᠲᠠᠭ᠋ᠠᠵᠤ᠂ ᠰᠤᠷᠭ᠋ᠠᠭᠤᠯᠢ ᠵᠢᠨ ᠬᠥᠮᠥᠨ ᠬᠥᠮᠥᠵᠢᠭᠦᠯᠬᠦ ᠭᠣᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠦᠷᠭᠦᠯᠵᠢᠯᠡᠨ ᠴᠢᠩᠭ᠋ᠠᠳᠬᠠᠵᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠵᠠᠰᠠᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢ᠌ᠷᠡᠭᠦᠯᠵᠦ᠂ ᠰᠤᠷᠤᠭᠴᠢᠳ᠎ᠤᠨ ᠳᠠᠰᠬᠠᠯ᠎ᠤᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ᠂ ᠭᠡᠷ ᠪᠦᠯᠢ ᠵᠢᠨ ᠬᠥᠮᠦᠵᠢᠯ᠎ᠤᠨ ᠵᠠᠷᠤᠯᠭ᠎ᠠ ᠪᠠ ᠭᠡᠷ᠎ᠤᠨ ᠠᠬᠠᠮᠠᠳ᠎ᠤᠨ ᠬᠠᠷᠠᠭ᠋ᠠᠯᠵᠠᠭᠰᠠᠨ ᠤᠶᠤᠨ᠎ᠤ ᠳᠠᠷᠤᠭ᠋ᠠᠰᠤ ᠵᠢ ᠤᠯᠠᠮ ᠬᠥᠩᠭᠡᠷᠡᠭᠦᠯᠵᠦ᠂ ᠠᠷᠠᠳ ᠤᠯᠠᠨ᠎ᠤ ᠰᠤᠷᠭ᠋ᠠᠨ ᠬᠥᠮᠦᠵᠢᠯ᠎ᠤᠨ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ》 ᠬᠡᠵᠡᠢ᠃
ᠬᠢᠩᠭ᠋ᠠᠨ ᠠᠢ᠌ᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠪᠢ ᠬᠦᠢ ᠶᠤᠸᠠᠨ ᠨᠡᠢ᠌ᠭᠡᠮ ᠲᠣᠭᠣᠷᠢᠭ᠎ᠲᠤ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ ᠲᠣᠭᠣᠷᠢᠨ ᠰᠠᠭᠤᠵᠤ ᠰᠢ ᠵᠢᠨ ᠫᠢᠩ ᠲᠡᠷᠢᠭᠦᠯᠡᠭᠴᠢ ᠵᠢᠨ ᠴᠢᠬᠤᠯᠠ ᠶᠠᠷᠢᠶ᠎ᠠ ᠵᠢ ᠰᠣᠨᠣᠰᠪᠠ᠃ ᠪᠢ ᠬᠦᠢ ᠶᠤᠸᠠᠨ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠪᠦᠦ ᠶᠤᠸᠠᠨ ᠶᠤᠸᠠᠨ᠄ 《ᠰᠢ ᠵᠢᠨ ᠫᠢᠩ ᠶᠡᠷᠤᠡᠭᠭᠡᠢ ᠱᠦᠵᠢ ᠠᠷᠠᠳ ᠤᠯᠠᠨ᠎ᠤ ᠵᠣᠯ ᠵᠢᠷᠭ᠋ᠠᠯ᠎ᠤᠨ ᠲᠦᠯᠤᠬᠡ ᠢᠮᠠᠬᠳᠠ ᠰᠠᠨᠠᠭ᠋ᠠᠰᠢᠷᠠᠳᠠᠭ ᠪᠦᠬᠡᠳ ᠠᠷᠠᠳ᠎ᠤᠨ ᠠᠮᠢᠳᠤᠷᠠᠯ᠎ᠤᠨ ᠠᠰᠠᠭᠤᠳᠠᠯ ᠢᠮᠠᠭᠲᠠ ᠠᠩᠬᠠᠷᠤᠯ᠎ᠤᠨ ᠭᠣᠣᠯᠳᠠᠯᠭ᠎ᠠ᠎ᠨᠢ ᠪᠣᠯᠣᠭᠰᠠᠭ᠋ᠠᠷ ᠢᠷᠡᠵᠠᠢ᠃ ᠦᠨᠤ ᠵᠢᠯ ᠪᠢ ᠬᠦᠶ ᠶᠤᠸᠠᠨ ᠨᠡᠢ᠌ᠭᠡᠮ ᠲᠣᠭᠣᠷᠢᠭ᠎ᠤᠨ᠎ᠬᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ 〈ᠲᠠᠪᠤ᠎ᠳᠤ ᠦᠢ᠍ᠯᠡᠴᠢᠯᠡᠭᠡ᠎ᠲᠠᠢ᠂ ᠲᠠᠪᠤ᠎ᠳᠤ ᠨᠠᠰᠤᠵᠢᠯ᠎ᠤᠨ ᠠᠰᠠᠷᠠᠮᠵᠢ᠎ᠲᠠᠢ〉 ᠠᠵᠢᠯ᠎ᠤᠨ ᠵᠠᠭᠪᠤᠷ᠎ᠢ ᠦᠢ᠍ᠯᠡᠳᠦᠯᠭᠡᠵᠢᠭᠦᠯᠦᠨ᠂ ᠨᠠᠰᠤᠲᠠᠢ᠌ᠴᠤᠳ᠎ᠤᠨ ᠭᠡᠷ᠎ᠤᠨ ᠡᠭᠦᠳᠡᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ 〈ᠵᠢᠷᠭ᠋ᠠᠯᠳᠤ ᠲᠤᠭᠤᠷᠢᠭ〉᠎ᠢ ᠪᠣᠶ ᠪᠣᠯᠭ᠋ᠠᠵᠤ᠂ ᠬᠠᠷᠢᠶᠠᠲᠤ ᠣᠷᠣᠨ᠎ᠤ ᠨᠠᠰᠤᠲᠠᠢ᠌ᠴᠤᠳ᠎ᠲᠤ ᠨᠠᠩ ᠳᠥᠭᠥᠮ ᠳᠥᠲᠡ᠂ ᠪᠠᠶᠠᠷ ᠬᠥᠷ᠎ᠲᠠᠢ ᠦᠳᠡᠯᠤᠬᠡ ᠨᠠᠰᠤᠨ᠎ᠤ ᠠᠮᠢᠳᠤᠷᠠᠯ᠎ᠢ ᠡᠳ᠋ᠯᠡᠭᠦᠯᠪᠡ᠃
ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠪᠤᠤᠬᠢᠶ᠎ᠠ ᠵᠢ ᠲᠤᠰᠪᠠ
ᠰᠢ ᠵᠢᠨ ᠫᠢᠩ ᠶᠡᠷᠤᠡᠭᠭᠡᠢ ᠱᠦᠵᠢ ᠴᠢᠩ ᠰᠡᠳᠬᠢᠯ᠎ᠤᠨ ᠨᠠᠶ᠋ᠢᠳᠠᠯᠭ᠎ᠠ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠲᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠪᠤᠤᠬᠢᠶ᠎ᠠ ᠵᠢ ᠲᠡᠦᠬᠡᠨ ᠶᠣᠰᠣ᠎ᠪᠠᠷ ᠮᠠᠨ᠎ᠤ ᠦᠶ᠎ᠡ ᠵᠢᠨ᠎ᠬᠢᠨ᠎ᠤ ᠮᠦᠷ᠎ᠤᠨ ᠳᠡᠭᠡᠷ᠎ᠡ ᠲᠠᠯᠪᠢᠭᠳᠠᠯ᠎ᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠺᠠᠳ᠋ᠷ᠎ᠤᠨ ᠨᠢᠬᠡᠳᠤᠬᠡᠷ ᠭᠠᠵᠠᠷ᠎ᠤᠨ ᠺᠠᠳ᠋ᠷ ᠬᠠᠨ ᠰᠢᠶᠣᠣ᠄ 《ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠲᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠤᠭ᠎ᠠ ᠬᠠᠷᠠᠯᠲᠠ ᠵᠢ ᠪᠡᠶᠡᠯᠡᠭᠦᠯᠬᠦ᠎ᠳᠤ ᠮᠠᠨ᠎ᠤ ᠦᠶ᠎ᠡ ᠵᠢᠨ᠎ᠬᠢᠨ᠎ᠤ ᠴᠥᠬᠥᠷᠡᠰᠢ ᠦᠭᠡᠢ ᠴᠢᠷᠮᠠᠢ᠌ᠯᠭ᠎ᠠ ᠬᠡᠷᠡᠭᠲᠡᠢ᠃ ᠪᠢᠳᠡ 《ᠬᠣᠶᠠᠷ᠎ᠢ ᠲᠤᠬᠳᠠᠭ᠋ᠠᠬᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠢ ᠴᠢᠩᠭ᠋ᠠᠳᠬᠠᠵᠤ᠂ 《ᠲᠦᠷᠪᠡᠨ ᠢᠲᠡᠭᠡᠯ》 ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠠᠮ᠎ᠤᠨ ᠭᠡᠰᠢᠭᠦᠨ ᠺᠠᠳ᠋ᠷᠴᠤᠳ ᠪᠣᠯᠣᠨ ᠡᠯ᠎ᠡ ᠲᠠᠯ᠎ᠠ ᠵᠢᠨ ᠴᠢᠳᠠᠪᠤᠷᠢᠲᠠᠨ᠎ᠢ ᠪᠦᠲᠦᠮᠵᠢᠲᠡᠢ ᠵᠣᠬᠢᠶᠠᠨ ᠪᠠᠢ᠌ᠭᠤᠯᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠢ ᠥᠷᠭᠡᠨ ᠵᠶ᠋ᠡᠷ ᠨᠢᠭᠲᠠᠷᠠᠭᠤᠯᠵᠤ᠂ ᠦᠨᠳᠦᠰᠦᠨ ᠱᠠᠲᠤᠨ᠎ᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠺᠠᠳ᠋ᠷ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠷᠠᠯᠲᠠ ᠵᠦᠭ ᠤᠷᠤᠭᠰᠢᠯᠠᠨ ᠤᠷᠤᠭᠰᠢᠯᠠᠭᠤᠯᠬᠤ ᠶᠤᠰᠤᠳᠠᠢ》 ᠭᠡᠵᠤ ᠬᠡᠯᠡᠪᠡ᠃
ᠰᠢ ᠵᠢᠨ ᠫᠢᠩ ᠶᠡᠷᠤᠡᠭᠭᠡᠢ ᠱᠦᠵᠢ ᠵᠢᠨ ᠴᠢᠬᠤᠯᠠ ᠶᠠᠷᠢᠶ᠎ᠠ ᠵᠢ ᠬᠢᠨᠠᠮᠠᠭ᠋ᠠᠢ ᠰᠣᠨᠣᠰᠤᠭᠰᠠᠨ᠎ᠤ ᠳᠠᠷᠠᠭ᠎ᠠ᠂ ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ᠎ᠤ ᠬᠠᠡᠭᠭ᠋ᠠᠯᠭ᠎ᠠ ᠵᠢᠨ ᠬᠣᠷᠰᠢᠶᠠᠨ᠎ᠤ ᠠᠵᠢᠯᠳᠠᠨ᠂ ᠲᠦᠴᠢᠦᠸᠠᠨ ᠰᠢᠶᠠᠨ᠎ᠤ ᠵᠢᠤ ᠯᠦᠡᠭ ᠰᠢᠶᠠᠩ᠎ᠤᠨ ᠵᠢᠤ ᠳ᠋ᠢᠡᠭ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠰᠦᠩ ᠴᠦᠨ ᠬᠤᠤ ᠰᠡᠳᠬᠢᠯ ᠲᠤᠬᠳᠤᠯᠬᠤᠳᠤᠪᠠᠨ᠄ 《ᠲᠣᠰᠬᠣᠨ᠎ᠳᠤ ᠰᠠᠭᠤᠭᠰᠠᠨ 7 ᠵᠢᠯ᠎ᠤᠨ ᠬᠤᠭᠤᠴᠠᠭ᠋ᠠᠨ᠎ᠳᠤ᠂ ᠪᠢ ᠲᠣᠰᠬᠣᠨ᠎ᠤ ᠠᠷᠠᠳ᠎ᠤᠨ ᠭᠡᠷ᠂ ᠲᠠᠷᠢᠶᠠᠨ ᠵᠠᠬ᠎ᠠ᠎ᠪᠠᠷ ᠬᠦᠷᠴᠦ᠂ ᠠᠷᠠᠳ᠎ᠤᠨ ᠳᠠᠭᠤᠨ ᠠᠷᠠᠳ᠎ᠤᠨ ᠰᠠᠨᠠᠭ᠎ᠠ ᠵᠢ ᠰᠣᠨᠣᠰᠬᠤ ᠳᠤᠮᠳᠠ ᠠᠷᠠᠳ ᠲᠦᠮᠡᠨ᠎ᠳᠤ ᠦᠢ᠍ᠯᠡᠴᠢᠯᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ᠎ᠤ ᠲᠤᠯᠭ᠋ᠠᠮ ᠬᠦᠴᠢᠷ ᠵᠤᠪᠠᠭᠤᠷᠢ ᠵᠢ ᠴᠠᠭ ᠲᠤᠬᠠᠢᠳᠤᠨᠢ ᠰᠢᠢ᠍ᠳᠪᠦᠷᠢᠯᠡᠵᠦ᠂ ᠵᠠᠯᠠᠭᠤ ᠨᠠᠰᠤᠨ᠎ᠤ ᠬᠦᠴᠤ ᠬᠥᠯᠥᠰᠦ᠎ᠪᠠᠨ ᠨᠤᠲᠤᠭ᠎ᠤᠨ ᠰᠢᠷᠤᠢ ᠲᠡᠬᠡᠷ᠎ᠡ᠎ᠪᠠᠨ ᠤᠷᠤᠰᠬᠠᠬᠰᠠᠨ᠃ ᠤᠳᠤ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠢ ᠬᠡᠳᠡᠭ᠎ᠢ ᠨᠡᠩ ᠮᠡᠳᠡᠪᠡ᠃ ᠵᠠᠯᠠᠭᠤ ᠺᠠᠳ᠋ᠷ᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ᠎ᠤ ᠬᠤᠪᠢ᠎ᠳᠤ ᠦᠷᠭᠦᠯᠵᠢᠯᠡᠨ ᠴᠢᠷᠮᠠᠢ᠌ᠨ ᠤᠷᠤᠭᠰᠢᠯᠠᠵᠤ᠂ ᠬᠠᠩᠭ᠋ᠠᠨ ᠪᠣᠷᠣᠯᠠᠭᠤᠯᠤᠭᠴᠢ ᠵᠢᠨ ᠤᠭ ᠰᠠᠨᠠᠭ᠎ᠠ ᠵᠢ ᠦᠯᠦ ᠮᠠᠷᠲᠠᠵᠤ᠂ 〈ᠮᠠᠯ ᠲᠠᠷᠢᠶᠠᠯᠠᠡᠭ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ〉᠎ᠳᠤ ᠴᠢᠷᠮᠠᠢ᠌ᠨ ᠦᠢ᠍ᠯᠡᠴᠢᠯᠡᠵᠦ᠂ 〈ᠬᠠᠩᠭ᠋ᠠᠨ ᠪᠣᠷᠣᠯᠠᠭᠤᠯᠤᠭᠴᠢ〉 ᠵᠢᠨ ᠴᠠᠭ ᠦᠶ᠎ᠡ ᠵᠢᠨ ᠬᠠᠷᠢᠭᠤᠴᠠᠯᠭ᠎ᠠ ᠵᠢ ᠪᠣᠳᠠᠲᠠᠢ ᠠᠵᠢᠯᠯᠠᠭ᠎ᠠ᠎ᠪᠠᠷ ᠵᠶ᠋ᠠᠨ ᠪᠢᠴᠢᠭᠯᠡᠨ᠎ᠡ》 ᠭᠡᠵᠦ ᠬᠡᠯᠡᠪᠡ᠃